ᠨᠢᠭᠡ ᠬᠠᠭᠤᠳᠠᠰᠤ ᠵᠢᠷᠤᠭ ᠠᠴᠠ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢᠨ ᠲᠠᠪᠤᠨ ᠵᠢᠯ ᠤᠨ ᠠᠵᠢᠯᠯᠠᠭᠠᠨ ᠤ | ᠲᠥᠯᠥᠪᠯᠡᠭᠡ᠂ 4 ᠵᠦᠢᠯ ᠤᠨ ᠴᠢᠬᠤᠯᠠ ᠶᠡᠭᠡ ᠠᠵᠢᠯᠯᠠᠭ᠎ᠠ᠂ 19 ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠣᠶᠢᠯᠠᠭᠠᠬᠤᠢ︕ | ᠲᠥᠷᠥ ᠶᠢᠨ ᠶᠠᠪᠤᠳᠠᠯ ᠤᠨ ᠬᠤᠷᠢᠶ᠎ᠠ ︽ᠬᠥᠮᠦᠨ ᠢᠶᠠᠷ ᠦᠨᠳᠦᠰᠦ ᠪᠣᠯᠭᠠᠭᠰᠠᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢ | ᠭᠦᠨᠵᠡᠭᠡᠶ ᠬᠡᠷᠡᠭᠵᠢᠭᠦᠯᠬᠦ ᠲᠠᠪᠤᠨ ᠵᠢᠯ ᠤᠨ ᠠᠵᠢᠯᠯᠠᠭᠠᠨ ᠤ ᠲᠥᠯᠥᠪᠯᠡᠭᠡ︾ ᠶᠢ ᠳᠠᠷᠤᠮᠠᠯᠯᠠᠨ ᠲᠠᠷᠬᠠᠭᠠᠵᠤ᠂ ᠲᠠᠷᠢᠶᠠᠯᠠᠩ ᠠᠴᠠ ᠰᠢᠯᠵᠢᠭᠰᠡᠨ ᠬᠥᠮᠦᠨ ᠠᠮᠠ ᠶᠢ | ᠬᠤᠲᠠ ᠶᠢᠨ ᠠᠷᠠᠳ ᠪᠣᠯᠭᠠᠬᠤ ᠶᠢ ᠠᠬᠢᠭᠤᠯᠬᠤ ᠠᠵᠢᠯ ᠢ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠲᠡᠷᠢᠭᠦᠨ ᠴᠢᠬᠤᠯᠠ ᠡᠭᠦᠷᠭᠡ ᠪᠠᠨ ᠪᠣᠯᠭᠠᠵᠤ᠂ | ᠠᠷᠠᠳ ᠲᠦᠮᠡᠨ ᠤ ᠬᠤᠲᠠ ᠶᠢ ᠠᠷᠠᠳ ᠲᠦᠮᠡᠨ ᠥᠪᠡᠷᠲᠡᠭᠡᠨ ᠪᠠᠶᠢᠭᠤᠯᠬᠤ᠂ ᠠᠷᠠᠳ ᠲᠦᠮᠡᠨ ᠤ ᠬᠤᠲᠠ ᠨᠢ ᠠᠷᠠᠳ ᠲᠦᠮᠡᠨ ᠳᠤ ᠪᠠᠨ ᠦᠢᠯᠡᠴᠢᠯᠡᠬᠦ ᠶᠢ | ᠪᠠᠷᠢᠮᠲᠠᠯᠠᠨ᠎ᠠ᠃ ︽ᠠᠵᠢᠯᠯᠠᠭᠠᠨ ᠤ ᠲᠥᠯᠥᠪᠯᠡᠭᠡ︾ ᠳᠤ 4 ᠵᠦᠢᠯ ᠤᠨ ᠴᠢᠬᠤᠯᠠ ᠶᠡᠭᠡ ᠠᠵᠢᠯᠯᠠᠭ᠎ᠠ᠂ 19 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠳᠤᠷᠠᠳᠤᠨ | ᠭᠠᠷᠭᠠᠪᠠ᠃ | 1. ᠰᠢᠨ᠎ᠡ ᠨᠢᠭᠡ ᠡᠭᠡᠯᠵᠢ ᠶᠢᠨ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠬᠤᠲᠠ ᠶᠢᠨ ᠠᠷᠠᠳ ᠪᠣᠯᠭᠠᠬᠤ ᠠᠵᠢᠯᠯᠠᠭ᠎ᠠ ᠶᠢ ᠬᠡᠷᠡᠭᠵᠢᠭᠦᠯᠦᠨ᠎ᠡ | ᠬᠦᠭᠵᠢᠯᠲᠡ ᠶᠢᠨ ᠴᠢᠭᠯᠡᠯ | ᠭᠤᠣᠯᠳᠠᠯᠭ᠎ᠠ ᠲᠠᠢ ᠬᠥᠮᠦᠰ᠄ ᠬᠤᠲᠠ ᠳᠤ ᠣᠷᠣᠭᠰᠠᠨ ᠬᠦᠴᠦ ᠶᠠᠪᠤᠭᠰᠠᠳ ᠵᠢᠴᠢ ᠳᠠᠭᠠᠵᠤ ᠨᠡᠭᠦᠭᠰᠡᠨ ᠭᠡᠷ ᠪᠦᠯᠢ ᠶᠢᠨ ᠬᠢᠨ ︵ᠬᠤᠲᠠ ᠶᠢᠨ ᠬᠤᠭᠤᠷᠣᠨᠳᠣᠬᠢ | ᠨᠡᠭᠦᠳᠡᠯ ᠬᠥᠮᠦᠨ ᠠᠮᠠ ᠶᠢ ᠬᠠᠮᠲᠤ ᠳᠤ ᠨᠢ ᠬᠠᠷᠠᠭᠠᠯᠵᠠᠨ᠎ᠠ︶ | ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠬᠤᠲᠠ ᠳᠤ ᠲᠦᠷᠭᠡᠨ ᠠᠭᠤᠰᠤᠯᠴᠠᠭᠤᠯᠬᠤ ᠶᠢ ᠠᠬᠢᠭᠤᠯᠤᠨ᠎ᠠ᠄ | ︵1︶ ᠬᠤᠲᠠ ᠪᠠᠯᠭᠠᠰᠤᠨ ᠳᠤ ᠡᠷᠦᠬᠡ ᠠᠮᠠ ᠣᠷᠣᠭᠤᠯᠬᠤ ᠠᠷᠭ᠎ᠠ ᠵᠠᠮ ᠢ ᠤᠯᠠᠮ ᠨᠢᠭᠡ ᠠᠯᠬᠤᠮ ᠦᠷᠭᠡᠳᠭᠡᠨ᠎ᠡ | ︵2︶ ᠪᠠᠶᠢᠩᠭᠤ ᠰᠠᠭᠤᠭ᠎ᠠ ᠭᠠᠵᠠᠷ ᠤᠨ ᠡᠷᠦᠬᠡ ᠠᠮᠠ ᠶᠢᠨ ᠳᠠᠩᠰᠠᠯᠠᠯ ᠤᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠳᠦᠷᠢᠮ ᠢ | ᠬᠡᠷᠡᠭᠵᠢᠭᠦᠯᠦᠨ᠎ᠡ | ︵3︶ ᠨᠦᠬᠦᠴᠡᠯ ᠳᠤ ᠨᠡᠶᠢᠴᠡᠬᠦ᠋ᠢᠴᠡ ᠲᠠᠷᠢᠶᠠᠯᠠᠩ ᠠᠴᠠ ᠰᠢᠯᠵᠢᠭᠰᠡᠨ ᠬᠦᠮᠦᠨ ᠠᠮᠠ ᠶᠢᠨ ᠨᠡᠶᠢᠭᠡᠮ ᠤᠨ ᠳᠠᠭᠠᠳᠬᠠᠯ᠂ ᠣᠷᠣᠨ ᠰᠠᠭᠤᠴᠠ ᠶᠢᠨ ᠪᠠᠲᠤᠯᠠᠭ᠎ᠠ᠂ | ᠳᠠᠭᠠᠵᠤ ᠨᠡᠭᠦᠭᠰᠡᠨ ᠬᠡᠦᠭᠡᠳ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠵᠡᠷᠭᠡ ᠨᠢ ᠨᠡᠭᠦᠵᠦ ᠤᠷᠤᠭᠰᠠᠨ ᠭᠠᠵᠠᠷ ᠤᠨ ᠪᠠᠶᠢᠩᠭᠤ ᠰᠠᠭᠤᠭ᠎ᠠ ᠡᠷᠦᠬᠡ ᠠᠮᠠ ᠶᠢᠨ | ᠳᠠᠩᠰᠠ ᠲᠠᠢ ᠬᠦᠮᠦᠨ ᠠᠮᠠ ᠲᠠᠢ ᠠᠳᠠᠯᠢ ᠲᠡᠭᠰᠢ ᠡᠷᠬᠡ ᠲᠠᠢ ᠪᠠᠶᠢᠬᠤ ᠶᠢ ᠠᠬᠢᠭᠤᠯᠤᠨ᠎ᠠ | ︵4︶ ᠡᠷᠦᠬᠡ ᠠᠮᠠ ᠣᠷᠤᠭᠠᠳᠤᠢ ᠪᠠᠶᠢᠩᠭᠤ ᠰᠠᠭᠤᠭ᠎ᠠ ᠬᠦᠮᠦᠨ ᠠᠮᠠ ᠳᠤ ᠠᠯᠬᠤᠮ ᠠᠯᠬᠤᠮ ᠢᠶᠠᠷ ᠬᠤᠳᠠ ᠪᠠᠯᠭᠠᠰᠤ ᠶᠢᠨ ᠤᠯᠠᠨ ᠨᠡᠶᠢᠳᠡ ᠶᠢᠨ ᠦᠨᠳᠦᠰᠦᠨ | ᠦᠢᠯᠡᠴᠢᠯᠡᠭᠡ ᠶᠢ ᠡᠳ᠋ᠯᠡᠭᠦᠯᠦᠨ᠎ᠡ | 6 ᠵᠦᠢᠯ ᠤᠨ ᠭᠤᠣᠯᠳᠠᠯᠭ᠎ᠠ ᠲᠠᠢ ᠡᠭᠦᠷᠭᠡ | ︵1︶ ᠡᠷᠦᠬᠡ ᠠᠮᠠ ᠶᠢᠨ ᠳᠦᠷᠢᠮ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠎ᠡ | ︵2︶ ᠪᠠᠶᠢᠩᠭᠤ ᠰᠠᠭᠤᠭ᠎ᠠ ᠭᠠᠵᠠᠷ ᠲᠤ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠳᠦᠷᠢᠮ ᠢ ᠪᠦᠷᠢᠨᠰᠢᠭᠦᠯᠦᠨ᠎ᠡ | ︵3︶ ᠲᠠᠷᠢᠶᠠᠯᠠᠩ ᠠᠴᠠ ᠰᠢᠯᠵᠢᠭᠰᠡᠨ ᠬᠥᠮᠦᠨ ᠠᠮᠠ ᠶᠢᠨ ᠬᠤᠲᠠ ᠪᠠᠯᠭᠠᠰᠤᠨ ᠳᠤ ᠲᠣᠭᠲᠠᠪᠤᠷᠢᠲᠠᠶ ᠠᠵᠢᠯ ᠣᠯᠬᠤ ᠶᠢ ᠠᠬᠢᠭᠤᠯᠤᠨ᠎ᠠ | ︵4︶ ᠳᠠᠭᠠᠵᠤ ᠨᠡᠭᠦᠭᠰᠡᠨ ᠬᠡᠤᠬᠡᠳ ᠤᠨ ᠨᠡᠭᠦᠵᠦ ᠣᠷᠤᠭᠰᠠᠨ ᠭᠠᠵᠠᠷ ᠲᠤ ᠰᠤᠷᠭᠠᠨ ᠬᠦᠮᠦᠵᠢᠯ ᠬᠦᠷᠲᠡᠬᠦ ᠡᠷᠬᠡ ᠶᠢ ᠪᠠᠲᠤᠯᠠᠨ᠎ᠠ | ︵5︶ ᠲᠠᠷᠢᠶᠠᠯᠠᠩ ᠠᠴᠠ ᠰᠢᠯᠵᠢᠭᠰᠡᠨ ᠬᠦᠮᠦᠨ ᠠᠮᠠ ᠶᠢᠨ ᠣᠯᠠᠨ ᠡᠰᠢᠵᠢᠭᠰᠡᠨ ᠣᠷᠣᠨ ᠰᠠᠭᠤᠴᠠ ᠶᠢᠨ ᠪᠠᠲᠤᠯᠠᠭ᠎ᠠ ᠶᠢᠨ ᠲᠣᠭᠲᠠᠯᠴᠠᠭ᠎ᠠ ᠶᠢ | ᠲᠡᠭᠦᠯᠳᠡᠷᠵᠢᠭᠦᠯᠦᠨ᠎ᠡ | ︵6︶ ᠲᠠᠷᠢᠶᠠᠯᠠᠩ ᠠᠴᠠ ᠰᠢᠯᠵᠢᠭᠰᠡᠨ ᠬᠦᠮᠦᠨ ᠠᠮᠠ ᠶᠢᠨ ᠨᠡᠶᠢᠭᠡᠮ ᠤᠨ ᠪᠠᠲᠤᠯᠠᠭ᠎ᠠ ᠶᠢᠨ ᠬᠠᠮᠤᠷᠬᠤ ᠬᠡᠪᠴᠢᠶ᠎ᠡ ᠶᠢ ᠦᠷᠭᠡᠳᠭᠡᠨ᠎ᠡ | 2. ᠳᠠᠯᠳᠠ ᠬᠦᠴᠦᠨ ᠲᠠᠢ ᠭᠠᠵᠠᠷ ᠣᠷᠣᠨ ᠤ ᠬᠤᠲᠠ ᠪᠠᠯᠭᠠᠰᠤᠵᠢᠯᠲᠠ ᠶᠢᠨ ᠲᠦᠪᠰᠢᠨ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ | ᠬᠦᠭᠵᠢᠯᠲᠡ ᠶᠢᠨ ᠴᠢᠭᠯᠡᠯ | ᠭᠤᠣᠯᠳᠠᠯᠭ᠎ᠠ ᠲᠠᠢ ᠬᠡᠰᠡᠭ᠄ ᠡᠾᠧᠪᠸᠢ ᠶᠢᠨ ᠲᠣᠮᠳᠠ ᠡᠮᠦᠨ᠎ᠡ ᠬᠡᠰᠡᠭ᠂ ᠠᠨᠾᠦ᠋ᠢ ᠶᠢᠨ ᠬᠤᠶᠢᠨ᠎ᠠ ᠬᠡᠰᠡᠭ᠂ ᠱᠠᠨᠳᠦ᠋ᠩ ᠤᠨ ᠪᠠᠷᠠᠭᠤᠨ ᠡᠮᠦᠨ᠎ᠡ ᠬᠡᠰᠡᠭ᠂ | ᠡᠾᠧᠨᠠᠨ ᠤ ᠵᠡᠭᠦᠨ ᠡᠮᠦᠨ᠎ᠡ ᠬᠡᠰᠡᠭ᠂ ᠬᠤᠨᠠᠨ ᠤ ᠪᠠᠷᠠᠭᠤᠨ ᠡᠮᠦᠨ᠎ᠡ ᠬᠡᠰᠡᠭ᠂ ᠭᠤᠸᠠᠩᠳᠦ᠋ᠩ ᠤᠨ ᠪᠠᠷᠠᠭᠤᠨ ᠬᠡᠰᠡᠭ᠂ ᠰᠧᠴᠤᠸᠠᠨ ᠤ ᠵᠡᠭᠦᠨ ᠬᠡᠰᠡᠭ ᠵᠡᠷᠭᠡ ᠬᠤᠳᠠ | ᠪᠠᠯᠭᠠᠰᠤᠵᠢᠯᠳᠠ ᠶᠢᠨ ᠲᠠᠯᠳᠠ ᠬᠦᠴᠦᠨ ᠨᠡᠯᠢᠶᠡᠳ ᠶᠡᠭᠡ ᠲᠦᠪᠯᠡᠷᠡᠭᠰᠡᠨ ᠵᠠᠯᠭᠠᠯᠳᠤᠭᠰᠠᠨ ᠬᠡᠰᠡᠭ᠂ ᠬᠤᠳᠠ ᠪᠠᠯᠭᠠᠰᠤᠵᠢᠯᠳᠠ ᠶᠢᠨ ᠨᠤᠷᠮ᠎ᠠ ᠲᠤᠤᠷ᠎ᠠ ᠮᠦᠷᠳᠡᠭᠡᠨ | ᠬᠦᠮᠦᠨ ᠠᠮᠠ ᠶᠢᠨ ᠬᠡᠪᠴᠢᠶ᠎ᠡ ᠪᠠᠷ ᠶᠡᠭᠡ ᠪᠤᠰᠣᠳ ᠰᠢᠶᠠᠨ ︵ᠬᠤᠳᠠ᠂ ᠲᠤᠭᠤᠷᠢᠭ︶ ᠢ ᠬᠠᠮᠲᠤ ᠳᠤ ᠨᠢ ᠬᠠᠷᠠᠭᠠᠯᠵᠠᠨ᠎ᠠ | ᠴᠢᠭᠯᠡᠯ᠄ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠳᠠ ᠬᠤᠳᠠ ᠪᠠᠯᠭᠠᠰᠤᠵᠢᠯᠳᠠ ᠶᠢᠨ ᠲᠠᠯ᠎ᠠ ᠪᠠᠷ ᠵᠤᠬᠢᠴᠠᠭᠤᠯᠤᠨ ᠠᠬᠢᠭᠤᠯᠤᠨ᠎ᠠ | ᠰᠢᠪᠲᠤᠯᠤᠯᠲᠠ ᠬᠢᠬᠦ ᠶᠢ ᠲᠦᠷᠭᠡᠳᠬᠡᠨ᠂ ᠠᠵᠤ ᠦᠢᠯᠡᠰ ᠤᠨ ᠱᠠᠲᠤᠯᠢᠭ ᠪᠠᠶᠢᠷᠢᠯᠠᠭᠤᠯᠤᠯᠲᠠ᠂ ᠬᠥᠮᠦᠨ ᠠᠮᠠ ᠶᠢᠨ ᠣᠶᠢᠷ᠎ᠠ ᠬᠠᠪᠢ ᠳᠤ ᠪᠠᠨ ᠠᠵᠢᠯ ᠣᠯᠬᠤ᠂ | ᠶᠡᠭᠡ ᠳᠤᠮᠳᠠ ᠪᠠᠭ᠎ᠠ ᠬᠤᠲᠠ ᠵᠣᠬᠢᠴᠠᠩᠭᠤᠶ ᠪᠠᠷ ᠬᠥᠭᠵᠢᠭᠰᠡᠨ ᠰᠠᠶᠢᠨ ᠲᠠᠯ᠎ᠠ ᠶᠢᠨ ᠬᠥᠳᠡᠯᠦᠯᠴᠡᠬᠦ ᠪᠠᠶᠢᠷᠢᠰᠢᠯ ᠢ ᠴᠣᠭᠴᠠᠯᠠᠨ ᠪᠠᠶᠢᠭᠤᠯᠤᠨ᠎ᠠ᠃ | 4 ᠵᠦᠢᠯ ᠤᠨ ᠭᠤᠣᠯᠳᠠᠯᠭ᠎ᠠ ᠲᠠᠢ ᠡᠭᠦᠷᠭᠡ | ︵1︶ ᠣᠨᠴᠠᠯᠢᠭᠲᠤ ᠳᠠᠪᠠᠭᠤᠯᠢᠭ ᠠᠵᠤ ᠦᠢᠯᠡᠰ ᠤᠨ ᠪᠦᠯᠦᠭᠵᠢᠯ ᠢ ᠪᠤᠶᠢᠵᠢᠭᠤᠯᠤᠨ᠎ᠠ | ︵2︶ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠳᠡᠰ ᠳᠡᠪᠰᠢᠭᠦᠯᠦᠨ ᠴᠢᠳᠠᠮᠵᠢ ᠶᠢ ᠨᠢ ᠥᠷᠭᠡᠳᠬᠡᠬᠦ ᠶᠢ ᠠᠬᠢᠭᠤᠯᠤᠨ᠎ᠠ | ︵3︶ ᠠᠵᠤ ᠦᠢᠯᠡᠰ ᠤᠨ ᠬᠥᠭᠵᠢᠯᠲᠡ ᠶᠢᠨ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠷᠠᠭᠤᠯᠤᠨ᠎ᠠ | ︵4︶ ᠬᠤᠲᠠ ᠪᠠᠯᠭᠠᠰᠤ ᠶᠢᠨ ᠶᠡᠷᠦᠩᠬᠡᠶᠢᠯᠡᠭᠰᠡᠨ ᠳᠠᠭᠠᠭᠠᠴᠠ ᠶᠢᠨ ᠴᠢᠳᠠᠪᠤᠷᠢ ᠶᠢ ᠨᠢ ᠴᠢᠩᠭᠠᠳᠬᠠᠨ᠎ᠠ | 3. ᠣᠳᠣᠬᠢᠴᠢᠯᠠᠭᠰᠠᠨ ᠬᠤᠲᠠ ᠶᠢᠨ ᠲᠣᠭᠤᠷᠢᠭ ᠢ ᠪᠤᠶᠢᠵᠢᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ | ᠬᠦᠭᠵᠢᠯᠲᠡ ᠶᠢᠨ ᠴᠢᠭᠯᠡᠯ | ︵1︶ ᠬᠡᠲᠦ ᠶᠡᠭᠡ ᠣᠨᠴᠠ ᠶᠡᠭᠡ ᠬᠤᠲᠠ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠳᠦᠷᠭᠡᠳᠭᠡᠨ ᠬᠤᠪᠢᠷᠠᠭᠤᠯᠤᠨ᠎ᠠ | ︵2︶ ᠲᠥᠪ ᠬᠤᠲᠠ ᠳᠤ ᠲᠦᠰᠢᠭᠯᠡᠨ ᠡᠷᠭᠢᠨ ᠲᠣᠭᠤᠷᠢᠨ ᠤ ᠬᠤᠲᠠ ᠰᠢᠶᠠᠨ ᠢ ᠳᠠᠶᠢᠴᠢᠯᠠᠵᠤ ᠬᠠᠮᠲᠤ ᠪᠠᠷ ᠬᠥᠭᠵᠢᠭᠦᠯᠦᠨ᠎ᠡ | ︵3︶ ᠨᠢᠭᠡ ᠪᠦᠯᠦᠭ ᠬᠤᠲᠠᠴᠢᠯᠠᠯᠲᠠ ᠶᠢᠨ ᠬᠡᠮᠵᠢᠶ᠎ᠡ ᠪᠠᠷ ᠥᠨᠳᠥᠷ ᠲᠦᠪᠰᠢᠨ ᠪᠦᠬᠦᠢ ᠣᠳᠣᠬᠢᠴᠢᠯᠠᠭᠰᠠᠨ ᠬᠤᠲᠠ ᠶᠢᠨ ᠲᠣᠭᠤᠷᠢᠭ ᠢ ᠪᠤᠶᠢᠵᠢᠭᠤᠯᠣᠨ᠎ᠠ | ︵4︶ ᠠᠵᠢᠯ ᠡᠭᠦᠷᠭᠡ ᠭᠦᠢᠴᠡᠳᠬᠡᠬᠦ ᠳᠤ ᠳᠥᠭᠦᠮ ᠳᠥᠲᠡ ᠥᠨᠳᠥᠷ ᠪᠦᠲᠦᠮᠵᠢᠲᠡᠶ᠂ ᠠᠵᠤ ᠦᠢᠯᠡᠰ ᠢ ᠱᠠᠲᠤ ᠬᠤᠪᠢᠶᠠᠨ ᠢᠵᠢ ᠪᠦᠷᠢᠳᠦᠭᠦᠯᠬᠦ᠂ | ᠠᠮᠢᠳᠤᠷᠠᠯ ᠳᠤ ᠲᠥᠬᠦᠮ ᠦᠵᠡᠭᠦᠯᠵᠦ ᠬᠠᠮᠲᠤ ᠪᠠᠷ ᠠᠰᠢᠭ ᠬᠦᠷᠲᠡᠬᠦ ᠶᠢ ᠠᠬᠢᠭᠤᠯᠤᠨ᠎ᠠ | ︵5︶ ᠶᠡᠭᠡ ᠳᠤᠮᠳᠠ ᠪᠠᠭ᠎ᠠ ᠬᠤᠲᠠ ᠶᠢ ᠪᠠᠭ᠎ᠠ ᠬᠤᠲᠠ ᠪᠠᠯᠭᠠᠰᠤ ᠲᠠᠢ ᠵᠣᠬᠢᠴᠠᠭᠤᠯᠤᠨ ᠬᠥᠭᠵᠢᠭᠦᠯᠬᠦ᠂ ᠡᠷᠴᠢᠮᠵᠢᠭᠦᠯᠦᠭᠰᠡᠨ ᠠᠪᠴᠠᠯᠳᠤᠩᠭᠤᠢ | ᠪᠠᠶᠢᠷᠢᠯᠠᠭᠤᠯᠤᠯᠲᠠ ᠶᠢ ᠪᠣᠢ ᠪᠣᠯᠭᠠᠬᠤ ᠶᠢ ᠬᠦᠲᠦᠯᠦᠨ ᠵᠢᠯᠤᠭᠤᠳᠤᠨ᠎ᠠ | 4 ᠵᠦᠢᠯ ᠤᠨ ᠭᠤᠣᠯᠳᠠᠯᠭ᠎ᠠ ᠲᠠᠢ ᠡᠭᠦᠷᠭᠡ | ︵1︶ ᠬᠤᠲᠠ ᠶᠢᠨ ᠬᠤᠭᠤᠷᠣᠨᠳᠣᠬᠢ ᠠᠵᠢᠯ ᠳᠤ ᠭᠠᠷᠬᠤ ᠠᠰᠢᠭᠯᠠᠮᠵᠢ ᠶᠢ ᠳᠡᠭᠡᠭᠰᠢᠯᠡᠭᠦᠯᠦᠨ᠎ᠡ | ︵2︶ ᠠᠵᠤ ᠦᠢᠯᠡᠰ ᠤᠨ ᠠᠵᠢᠯ ᠤᠨ ᠬᠤᠪᠢᠶᠠᠷᠢᠯᠠᠯ ᠤᠨ ᠬᠠᠮᠵᠢᠯᠴᠠᠭ᠎ᠠ ᠶᠢ ᠴᠢᠩᠭᠠᠷᠠᠭᠤᠯᠤᠨ᠎ᠠ | ︵3︶ ᠵᠠᠬ᠎ᠠ ᠳᠡᠯᠭᠡᠭᠦᠷ ᠤᠨ ᠨᠢᠭᠡ ᠴᠣᠭᠴᠠᠵᠢᠭᠰᠠᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ | ︵4︶ ᠣᠯᠠᠨ ᠨᠡᠶᠢᠲᠡ ᠶᠢᠨ ᠦᠢᠯᠡᠴᠢᠯᠡᠭᠡ ᠶᠢ ᠬᠠᠮᠲᠤ ᠪᠠᠷ ᠪᠠᠶᠢᠭᠤᠯᠵᠤ ᠬᠠᠮᠲᠤ ᠪᠠᠷ ᠠᠰᠢᠭ ᠬᠦᠷᠲᠡᠬᠦ ᠶᠢ ᠠᠬᠢᠭᠤᠯᠤᠨ᠎ᠠ | 4. ᠬᠤᠲᠠ ᠶᠢ ᠰᠢᠨᠡᠳᠭᠡᠬᠦ ᠪᠠ ᠬᠤᠲᠠ ᠶᠢᠨ ᠠᠮᠤᠷ ᠲᠦᠪᠰᠢᠨ ᠤ ᠤᠶᠠᠨ ᠬᠠᠳᠠᠨ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ | ᠬᠦᠭᠵᠢᠯᠲᠡ ᠶᠢᠨ ᠴᠢᠭᠯᠡᠯ | ᠭᠤᠣᠯᠳᠠᠯᠭ᠎ᠠ᠄ ᠬᠥᠮᠦᠨ ᠠᠮᠠ ᠶᠢᠨ ᠬᠡᠪᠴᠢᠶ᠎ᠡ ᠪᠠᠷ ᠶᠡᠭᠡ ᠨᠢᠭᠲᠠᠴᠠ ᠶᠡᠬᠡᠲᠡᠢ ᠬᠤᠲᠠ ᠶᠢᠨ ᠭᠤᠣᠯ ᠲᠣᠭᠤᠷᠢᠭ ᠪᠠ ᠨᠥᠯᠥᠭᠡᠯᠡᠬᠦ ᠬᠡᠪᠴᠢᠶ᠎ᠡ ᠪᠠᠷ ᠥᠷᠭᠡᠨ | ᠵᠠᠩᠭᠢᠯᠠᠭ᠎ᠠ ᠶᠢᠨ ᠬᠦᠷᠢᠶ᠎ᠡ | ᠬᠤᠳᠠ ᠶᠢ ᠰᠢᠨᠡᠳᠬᠡᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠬᠤᠳᠠ ᠶᠢᠨ ᠰᠠᠭᠤᠷᠢ ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠣᠨᠴᠠᠭᠠᠶᠢᠯᠠᠨ ᠬᠤᠳᠠ ᠶᠢᠨ ᠭᠠᠵᠠᠷ ᠳᠣᠣᠷᠠᠬᠢ ᠬᠤᠭᠤᠯᠠᠢ ᠭᠤᠤᠷᠰᠤ ᠶᠢᠨ ᠲᠣᠣᠷ ᠵᠡᠷᠭᠡ ︽ᠳᠣᠲᠣᠷ︾ ᠢᠨᠵᠧᠨᠧᠷᠢᠩ ᠤᠨ ᠪᠠᠶᠢᠭᠤᠯᠤᠯᠲᠠ ᠶᠢ ᠰᠠᠶᠢᠲᠤᠷ | ᠠᠳᠬᠤᠵᠤ᠂ ᠬᠤᠳᠠ ᠶᠢᠨ ᠠᠮᠤᠷ ᠲᠦᠪᠰᠢᠨ ᠤ ᠤᠶᠠᠨ ᠬᠠᠳᠠᠨ ᠴᠢᠨᠠᠷ ᠤᠨ ᠳᠤᠲᠠᠭᠤᠳᠠᠯ ᠢ ᠲᠦᠷᠭᠡᠳᠭᠡᠨ ᠨᠥᠬᠦᠪᠥᠷᠢᠯᠡᠵᠦ᠂ ᠣᠷᠣᠰᠢᠨ ᠰᠠᠭᠤᠷᠢᠰᠢᠬᠤ ᠳᠤ | ᠲᠣᠬᠢᠷᠠᠮᠵᠢᠲᠠᠢ᠂ ᠤᠶᠠᠨ ᠬᠠᠳᠠᠨ ᠴᠢᠨᠠᠷᠲᠠᠢ᠂ ᠤᠶᠤᠨᠲᠤ ᠬᠤᠳᠠ ᠶᠢ ᠪᠦᠳᠦᠭᠡᠨ ᠪᠠᠶᠢᠭᠤᠯᠤᠨ᠎ᠠ᠃ | 5 ᠵᠦᠢᠯ ᠤᠨ ᠭᠤᠣᠯᠳᠠᠯᠭ᠎ᠠ ᠲᠠᠢ ᠡᠭᠦᠷᠭᠡ | ︵1︶ ᠬᠤᠳᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ ᠵᠠᠰᠠᠵᠤ ᠰᠢᠨᠡᠳᠭᠡᠬᠦ ᠶᠢ ᠠᠬᠢᠭᠤᠯᠤᠨ᠎ᠠ | ︵2︶ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ︽ᠡᠩ ᠤᠨ ᠪᠠ ᠪᠠᠴᠢᠮ ᠪᠠᠶᠢᠳᠠᠯ ᠳᠤ ᠵᠡᠷᠭᠡ ᠪᠠᠷ ᠬᠡᠷᠡᠭᠯᠡᠬᠦ︾ | ᠣᠯᠠᠨ ᠨᠡᠶᠢᠲᠡ ᠶᠢᠨ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ᠂ ᠬᠤᠲᠠᠨ ᠳᠠᠬᠢ ᠲᠣᠰᠬᠤᠨ ᠢ ᠵᠠᠰᠠᠵᠤ ᠰᠢᠨᠡᠳᠭᠡᠬᠦ ᠶᠢ ᠲᠦᠷᠭᠡᠳᠬᠡᠨ ᠠᠬᠢᠭᠤᠯᠤᠨ᠎ᠠ | ︵3︶ ᠬᠤᠲᠠ ᠶᠢᠨ ᠦᠶᠡᠷ ᠤᠰᠤᠲᠤᠯ ᠤᠨ ᠵᠠᠰᠠᠯᠲᠠ ᠶᠢ ᠴᠢᠩᠭᠠᠳᠬᠠᠨ᠎ᠠ | ︵4︶ ᠬᠤᠲᠠ ᠶᠢᠨ ᠠᠮᠢ ᠨᠠᠰᠤᠨ ᠤ ᠱᠤᠭᠤᠮ ᠤᠨ ᠠᠶᠤᠯ ᠦᠭᠡᠢ ᠢᠨᠵᠧᠨᠧᠷᠢᠩ ᠢ ᠬᠡᠷᠡᠭᠵᠢᠭᠦᠯᠦᠨ᠎ᠡ | ︵5︶ ᠪᠤᠭᠢᠷᠲᠤᠯ ᠦᠭᠡᠢ ᠤᠶᠤᠨᠲᠦ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠭᠢᠭᠤᠯᠤᠨ᠎ᠠ | | |