ᠳᠡᠭᠡᠷ᠎ᠡ ᠬᠠᠭᠠᠰ ᠵᠢᠯ ᠳᠤ ᠣᠷᠳᠣᠰ ᠤᠨ ᠶᠡᠷᠦᠩᠬᠡᠶᠢᠯᠡᠭᠰᠡᠨ ᠭᠠᠶᠢᠯᠢ  ᠪᠠᠲᠤᠯᠠᠬᠤ ᠣᠷᠣᠨ ᠤ ᠭᠠᠳᠠᠭᠠᠳᠤ ᠠᠴᠠ ᠤᠷᠤᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ23.62 ᠳ᠋ᠦᠩᠰᠭᠤᠷ ᠲᠦᠭᠦᠷᠢᠭ ᠲᠤ ᠬᠦᠷᠴᠡᠢ
ᠨᠡᠶᠢᠲᠡᠯᠡᠭᠰᠡᠨ ᠴᠠᠭ᠄
2024/8/6
    ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠤᠷᠳᠤᠰ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠨᠡᠶᠢᠲᠡ 23.62 ᠳ᠋ᠦᠩᠰᠢᠭᠤᠷ ᠲᠦᠭᠦᠷᠢᠭ ᠤᠨ ᠭᠠᠳᠠᠭᠠᠳᠤ ᠤᠷᠤᠭᠤᠯᠤᠯᠲᠠ ᠭᠠᠷᠭᠠᠯᠲᠠ ᠶᠢ ᠪᠡᠶᠡᠯᠡᠭᠦᠯᠵᠤ᠂ ᠠᠳᠠᠯᠢ ᠬᠤᠭᠤᠴᠠᠭᠠᠨ ᠤ ᠬᠢ ᠠᠴᠠ 83%᠎ ᠪᠠᠷ ᠨᠡᠮᠡᠭᠳᠡᠨ᠂ ᠪᠦᠬᠦ ᠬᠤᠲᠠ ᠶᠢᠨ ᠭᠠᠳᠠᠭᠠᠳᠤ ᠠᠷᠠᠯᠵᠢᠶᠠᠨ ᠤ ᠶᠡᠷᠦᠩᠬᠡᠢ ᠬᠡᠮᠵᠢᠶᠡᠨ ᠤ 43.8%᠎ ᠶᠢ ᠡᠵᠡᠯᠡᠵᠡᠢ᠂ ᠡᠭᠦᠨ ᠳᠤ ᠭᠠᠳᠠᠭᠠᠳᠤ ᠠᠴᠠ ᠤᠷᠤᠭᠤᠯᠤᠭᠰᠠᠨ ᠨᠢ 0.42 ᠳ᠋ᠦᠩᠰᠢᠭᠤᠷ ᠲᠦᠭᠦᠷᠢᠭ᠂ ᠭᠠᠳᠠᠭᠠᠳᠤ ᠳᠤ ᠭᠠᠷᠭᠠᠭᠰᠠᠨ ᠨᠢ 23.2 ᠳ᠋ᠦᠩᠰᠢᠭᠤᠷ ᠲᠦᠭᠦᠷᠢᠭ ᠪᠣᠯᠣᠨ᠎ᠠ᠃ ᠡᠭᠦᠨ ᠤ ᠵᠡᠷᠭᠡ ᠪᠠᠷ᠂ ᠭᠠᠶᠢᠯᠢ ᠪᠠᠲᠤᠯᠠᠬᠤ ᠲᠤᠬᠠᠶᠢᠯᠠᠭᠰᠠᠨ ᠠᠵᠢᠯ ᠤᠨ ᠴᠢᠨᠠᠷᠵᠢᠯ ᠢ ᠳᠡᠭᠡᠭᠰᠢᠯᠡᠭᠦᠯᠦᠨ ᠨᠮᠡᠭᠳᠡᠯ ᠤᠨ ᠬᠡᠮᠵᠢᠶ᠎ᠡ ᠶᠢ ᠨᠡᠮᠡᠭᠳᠡᠭᠦᠯᠬᠦ ᠶᠢ ᠭᠤᠣᠯᠳᠠᠯᠭ᠎ᠠ ᠲᠠᠢ ᠠᠬᠢᠭᠤᠯᠵᠤ᠂ ᠭᠠᠶᠢᠯᠢ ᠪᠠᠲᠤᠯᠠᠬᠤ ᠲᠤᠬᠠᠶᠢᠯᠠᠭᠰᠠᠨ ᠠᠵᠢᠯ ᠤᠨ ᠭᠠᠳᠠᠭᠠᠳᠤ ᠠᠴᠠ ᠤᠷᠤᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ ᠪᠠᠷᠤᠭ 16 ᠳ᠋ᠦᠩᠰᠢᠭᠤᠷ ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 60%᠎ ᠪᠠᠷ ᠨᠡᠮᠡᠭᠳᠡᠨ᠂ ᠡᠵᠡᠯᠡᠬᠦ ᠬᠠᠷᠢᠴᠠᠯ ᠨᠢ 78% ᠬᠦᠷᠴᠡᠢ᠃    ᠣᠶᠢᠯᠭᠠᠭᠰᠠᠨ ᠢᠶᠠᠷ᠂ ᠣᠷᠳᠣᠰ ᠤᠨ ᠠᠭᠠᠷ ᠤᠨ ᠠᠶᠠᠯᠠᠯ ᠤᠨ ᠪᠣᠭᠤᠮᠳᠠ ᠪᠠ ᠬᠢᠯᠢ ᠪᠠᠷ ᠣᠷᠣᠭᠤᠯᠤᠭᠰᠠᠨ ᠵᠢᠮᠢᠰ᠂ ᠤᠰᠤᠨ ᠠᠮᠢᠲᠠᠨ᠂ ᠬᠥᠯᠳᠡᠭᠦᠦ ᠰᠢᠨ᠎ᠡ ᠰᠣᠷᠭᠤᠭ ᠣᠰᠣᠨ ᠭᠠᠷᠤᠯᠲᠠ ᠶᠢᠨ ᠵᠢᠭᠠᠨ ᠲᠤᠭᠲᠠᠭᠠᠭᠰᠠᠨ ᠬᠢᠨᠠᠨ ᠬᠠᠮᠢᠶᠠᠷᠬᠤ ᠲᠠᠯᠠᠪᠤᠷ ᠲᠤ ᠲᠦᠰᠢᠭᠯᠡᠨ᠂ ᠣᠷᠳᠣᠰ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠨᠢ ᠬᠠ ᠸᠧᠢ ᠪᠦᠯᠦᠭᠯᠡᠯ ᠤᠨ ᠬᠠᠩᠭᠠᠯᠭ᠎ᠠ ᠶᠢᠨ ᠬᠡᠯᠬᠢᠶ᠎ᠡ ᠯᠦᠭᠡ ᠬᠠᠮᠲᠤᠷᠠᠯᠴᠠᠬᠤ ᠪᠠᠷ ᠳᠠᠮᠵᠢᠭᠤᠯᠤᠨ᠂ ᠳᠡᠭᠡᠳᠦ ᠲᠡᠰ ᠤᠨ ᠵᠢᠮᠢᠰ ᠢ ᠠᠭᠠᠷ ᠤᠨ ᠲᠡᠭᠡᠭᠡᠪᠦᠷᠢ ᠪᠠᠷ ᠭᠠᠳᠠᠭᠠᠳᠤ ᠠᠴᠠ ᠤᠷᠤᠭᠤᠯᠬᠤ ᠰᠢᠨ᠎ᠡ ᠵᠠᠮ ᠢ ᠨᠡᠪᠲᠡᠷᠡᠭᠦᠯᠵᠤ᠂ ᠣᠷᠳᠣᠰ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠤᠷᠤᠨ ᠬᠢᠭᠡᠳ ᠠᠭᠠᠷ ᠤᠨ ᠠᠶᠠᠯᠠᠯ ᠤᠨ ᠪᠤᠭᠤᠮᠲᠠ ᠶᠢᠨ ᠬᠠᠮᠲᠤᠷᠠᠨ ᠬᠥᠭᠵᠢᠬᠦ ᠢ ᠪᠡᠶᠡᠯᠡᠭᠦᠯᠪᠡ᠃    ᠲᠠᠨᠢᠯᠴᠠᠭᠤᠯᠤᠭᠰᠠᠨ ᠢᠶᠠᠷ᠂ ᠣᠷᠳᠣᠰ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠤᠷᠤᠨ ᠨᠢ ᠪᠠᠰᠠ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠶᠢᠨ ᠲᠤᠯᠭᠠᠭᠤᠷᠢᠯᠠᠬᠤ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠮᠧᠩ ᠺᠠᠢ᠂ ᠱᠠᠩ ᠯᠦᠩ ᠵᠡᠷᠭᠡ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠎ ᠤᠨ ᠮᠣᠩᠭᠤᠯ ᠤᠯᠤᠰ᠂ ᠦᠺᠷᠠᠶᠢᠨ ᠳᠤ ᠭᠠᠷᠭᠠᠬᠤ ᠲᠤᠬᠠᠶᠢᠯᠠᠭᠰᠠᠨ ᠠᠵᠢᠯ ᠢ ᠦᠷᠭᠦᠯᠵᠢᠯᠡᠨ ᠥᠷᠭᠡᠳᠬᠡᠬᠦ ᠶᠢ ᠠᠬᠢᠭᠤᠯᠪᠠ᠃ ᠲᠦᠷᠦᠭᠦᠦ ᠬᠠᠭᠠᠰ ᠵᠢᠯ ᠳᠤ᠂ ᠣᠷᠳᠣᠰ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠨᠡᠶᠢᠲᠡ 2140 ᠰᠢᠨ᠎ᠡ ᠮᠠᠰᠢᠨ ᠲᠡᠷᠭᠡ ᠵᠢᠴᠢ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠵᠤ᠂ ᠭᠠᠳᠠᠭᠠᠳᠤ ᠳᠤ ᠭᠠᠷᠭᠠᠭᠰᠠᠨ ᠲᠤᠭ᠎ᠠ ᠨᠢ ᠪᠠᠷᠤᠭ 2.87 ᠳ᠋ᠦᠩᠰᠢᠭᠤᠷ ᠲᠦᠭᠦᠷᠢᠭ ᠲᠤ ᠬᠦᠷᠴᠡᠢ᠃ ᠤᠷᠳᠤᠰ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠤᠷᠤᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠶᠢᠨ ᠲᠥᠯᠥᠭᠡ᠂ ᠲᠦᠷᠦᠭᠦᠦ ᠬᠠᠭᠠᠰ ᠵᠢᠯ ᠳᠤ᠂ ᠡᠯᠧᠺᠲᠷᠤᠨ ᠡᠳ᠋᠊ᠰᠢᠭᠦᠯᠭᠡ ᠶᠢᠨ ᠦᠢᠯᠡᠳᠪᠦᠷᠢ ᠶᠢᠨ ᠭᠡᠷ ᠪᠠᠶᠢᠰᠢᠩ᠂ ᠢᠮᠠᠭᠠᠨ ᠨᠣᠣᠯᠣᠭᠤᠷ ᠤᠨ ᠡᠳ᠋᠊ᠰᠢᠭᠦᠯᠭᠡ ᠶᠢᠨ ᠦᠢᠯᠡᠳᠪᠦᠷᠢ ᠶᠢᠨ ᠭᠡᠷ ᠪᠠᠶᠢᠰᠢᠩ ᠪᠣᠯᠣᠨ ᠰᠢᠨ᠎ᠡ ᠡᠨᠧᠷᠬᠢ ᠶᠢᠨ ᠬᠥᠳᠡᠯᠭᠡᠭᠴᠢ ᠬᠦᠴᠦᠨ ᠤ ᠳ᠋ᠢᠶᠠᠨ ᡂᠢ ᠶᠢ ᠡᠳ᠋ᠰᠢᠭᠦᠯᠦᠨ ᠭᠠᠳᠠᠭᠠᠳᠤ ᠳᠤ ᠭᠠᠷᠭᠠᠬᠤ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠪᠦᠲᠦᠭᠡᠨ ᠪᠠᠶᠢᠭᠤᠯᠤᠯᠲᠠ ᠶᠢᠨ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠵᠢᠴᠢ 2.9 ᠲᠦᠮᠡᠨ ᠳᠡᠭᠰᠢ ᠳᠥᠷᠪᠡᠯᠵᠢᠨ ᠮᠧᠲᠷ ᠤᠨ ᠬᠢᠯᠢ ᠠᠯᠤᠰᠯᠠᠭᠰᠠᠨ ᠦᠵᠡᠭᠦᠯᠭᠡ ᠶᠢᠨ ᠲᠥᠪ ᠢ ᠡᠬᠢᠯᠡᠨ ᠪᠦᠲᠦᠭᠡᠨ ᠪᠠᠶᠢᠭᠤᠯᠤᠭᠰᠠᠨ ᠤ ᠬᠠᠮᠲᠤ ︽ᠡᠭᠦᠳᠡᠨ ᠳᠡᠯᠭᠡᠭᠦᠷ ᠠᠷᠤ ᠬᠥᠮᠥᠷᠭᠡ +  ᠲᠦᠷᠭᠡᠨ ᠬᠦᠷᠭᠡᠯᠲᠡ︾᠎ ᠶᠢᠨ ᠡᠵᠡᠩᠨᠡᠯᠲᠡ ᠎ ᠶᠢᠨ ᠵᠠᠭᠪᠤᠷ ᠢ ᠨᠠᠶᠢᠳᠠᠪᠤᠷᠢᠵᠢᠭᠤᠯᠪᠠ᠃
ᠢᠷᠡᠯᠲᠡ᠄ ᠣᠷᠳᠣᠰ ᠤᠨ ᠡᠳᠦᠷ ᠤᠨ ᠰᠤᠨᠢᠨ