ᠬᠠᠩᠭᠢᠨ ᠬᠤᠰᠢᠭᠤᠨ ᠤ ᠵᠤᠬᠢᠶᠠᠯᠴᠢ ᠨᠠᠷᠠᠩᠭᠤᠸ᠎ᠠ ︽ᠠᠵᠢᠨᠠᠢ ᠬᠥᠯᠥᠭ︾ ᠱᠠᠩᠨᠠᠯ ᠬᠦᠷᠲᠡᠪᠡ
ᠨᠡᠶᠢᠲᠡᠯᠡᠭᠰᠡᠨ ᠴᠠᠭ᠄
2024/8/6
    ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠴᠦᠭᠡᠨ ᠲᠤᠭᠠᠲᠤ ᠦᠨᠳᠦᠰᠦᠲᠡᠨ ᠤ ᠤᠳᠬ᠎ᠠ ᠵᠤᠬᠢᠶᠠᠯ ᠤᠨ ᠵᠤᠬᠢᠶᠠᠨ ᠪᠦᠲᠦᠭᠡᠯᠭᠡ ᠶᠢᠨ ᠠᠵᠢᠨᠠᠢ ᠬᠥᠯᠥᠭ ᠱᠠᠩᠨᠠᠯ ᠰᠢᠯᠭᠠᠷᠠᠭᠤᠯᠬᠤ ᠺᠣᠮᠢᠰ 7 ᠰᠠᠷ᠎ᠠ ᠶᠢᠨ 31᠎ ᠤ ᠡᠳᠦᠷ ᠤᠨ ᠦᠳᠡ ᠶᠢᠨ ᠬᠤᠶᠢᠨ᠎ᠠ ᠪᠢᠯᠧᠲ ᠥᠭᠴᠦ ᠪᠠᠲᠤᠯᠠᠯᠲᠠ ᠬᠢᠵᠤ᠂ 25 ᠪᠦᠲᠦᠭᠡᠯ ᠪᠠ 5 ᠣᠷᠴᠢᠭᠤᠯᠤᠭᠴᠢ ᠶᠢᠨ ᠱᠠᠩᠨᠠᠯ ᠰᠢᠯᠭᠠᠷᠠᠨ ᠭᠠᠷᠴᠠᠢ᠃ ᠬᠠᠩᠭᠢᠨ ᠬᠤᠰᠢᠭᠤᠨ ᠤ ᠵᠤᠬᠢᠶᠠᠯᠴᠢ ᠨᠠᠷᠠᠩᠭᠤᠸ᠎ᠠ ᠶᠢᠨ ᠦᠭᠦᠯᠡᠯᠭᠡ ᠶᠢᠨ ᠪᠦᠲᠦᠭᠡᠯ︽ᠰᠦᠨᠡᠰᠦᠨ ᠠᠴᠢᠶ᠎ᠠ ᠲᠠᠢ ᠬᠥᠯᠥᠭ︾᠎ ᠨᠢ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠴᠦᠭᠡᠨ ᠲᠤᠭᠠᠲᠤ ᠦᠨᠳᠦᠰᠦᠲᠡᠨ ᠤ ᠤᠳᠬ᠎ᠠ ᠵᠤᠬᠢᠶᠠᠯ ᠎ ᠤᠨ ᠵᠤᠬᠢᠶᠠᠨ ᠪᠦᠲᠦᠭᠡᠯᠭᠡ ᠶᠢᠨ ᠠᠵᠢᠨᠠᠢ ᠬᠥᠯᠥᠭ ᠱᠠᠩᠨᠠᠯ ᠤᠨ ᠦᠭᠦᠯᠡᠯᠭᠡ ᠶᠢᠨ ᠱᠠᠩᠨᠠᠯ ᠢ ᠬᠦᠷᠲᠡᠪᠡ᠃ ᠡᠨᠡ ᠨᠢ ᠬᠠᠩᠬᠢᠨ ᠬᠤᠰᠢᠭᠤᠨ ᠤ ᠨᠤᠲᠤᠭ ᠤᠨ ᠵᠤᠬᠢᠶᠠᠯᠴᠢ ᠠᠩᠬ᠎ᠠ ᠤᠳᠠᠭ᠎ᠠ ᠲᠤᠰ ᠱᠠᠩᠨᠠᠯ ᠢ ᠬᠦᠷᠲᠡᠵᠤ᠂ ᠬᠠᠩᠭᠢᠨ ᠬᠤᠰᠢᠭᠤᠨ ᠤ ᠤᠳᠬ᠎ᠠ ᠵᠤᠬᠢᠶᠠᠯ ᠤᠨ ᠵᠤᠬᠢᠶᠠᠨ ᠪᠦᠲᠦᠭᠡᠯᠭᠡ ᠳᠤ ᠤᠯᠤᠰ ᠤᠨ ᠲᠡᠰ ᠱᠠᠩᠨᠠᠯ ᠦᠭᠡᠢ ᠪᠠᠶᠢᠭᠰᠠᠨ ᠬᠤᠭᠤᠰᠤᠨ ᠢ ᠨᠥᠬᠦᠪᠦᠷᠢᠯᠡᠭᠰᠡᠨ ᠪᠠᠶᠢᠨ᠎ᠠ᠃
微信图片_20240802110155.jpg
     ᠨᠠᠷᠠᠩᠭᠤᠸ᠎ᠠ  2008 ᠣᠨ ᠠᠴᠠ ᠤᠳᠬ᠎ᠠ ᠵᠤᠬᠢᠶᠠᠯ ᠤᠨ ᠵᠤᠬᠢᠶᠠᠨ ᠪᠦᠲᠦᠭᠡᠯᠭᠡ ᠪᠠᠨ ᠡᠬᠢᠯᠡᠭᠦᠯᠵᠦ᠂ ᠦᠭᠦᠯᠡᠯᠭᠡ ︽ᠰᠣᠭᠲᠠᠭᠤ ᠨᠠᠷᠠᠨ︾᠂ ︽ᠵᠠᠯᠠᠭᠤ ᠪᠠᠳᠠᠢ ᠶᠢᠨ ᠢᠨᠠᠭᠯᠠᠯ︾᠂ ᠷᠤᠮᠠᠨ ︽ᠰᠡᠭᠦᠳᠡᠷ︾ ᠵᠡᠷᠭᠡ ᠪᠠᠨ ᠪᠢᠴᠢᠵᠤ᠂ ᠲᠤᠭᠤᠵᠢ ᠶᠢᠨ ᠲᠡᠭᠦᠪᠦᠷᠢ ︽ᠳᠣᠯᠣᠭᠠᠨ ᠡᠪᠡᠷᠲᠦ︾᠎ ᠨᠢ ︽ᠳᠤᠮᠳᠠᠳᠤ ᠤᠯᠤᠰ ᠤᠨ ᠴᠦᠭᠡᠨ ᠲᠤᠭᠠᠲᠤ ᠦᠨᠳᠦᠰᠦᠲᠡᠨ ᠤ ᠤᠳᠬ᠎ᠠ ᠵᠤᠬᠢᠶᠠᠯ ᠤᠨ ᠤᠳᠤᠨ ᠴᠣᠪᠤᠷᠠᠯ ᠪᠢᠴᠢᠭ︾᠎ ᠲᠤ ᠰᠤᠩᠭᠤᠭᠳᠠᠵᠠᠢ᠃ ᠠᠷᠪᠠᠨ ᠬᠤᠶᠠᠳᠤᠭᠠᠷ ᠬᠤᠭᠤᠴᠠᠭᠠᠨ ᠤ ᠰᠣᠯᠣᠩᠭ᠎ᠠ ᠤᠳᠬ᠎ᠠ ᠵᠤᠬᠢᠶᠠᠯ ᠤᠨ ᠱᠠᠩᠨᠠᠯ ᠬᠦᠷᠲᠡᠵᠤ᠂ ᠮᠣᠩᠭᠤᠯ ᠦᠭᠦᠯᠡᠯᠭᠡ ︽ᠬᠤᠨᠢᠨ ᠴᠠᠭᠠᠨ ᠪᠠᠶᠢᠰᠢᠩ︾ 2020 ᠣᠨ ᠤ ︽ᠦᠨᠳᠦᠰᠦᠲᠡᠨ ᠤ ᠤᠳᠬ᠎ᠠ ᠵᠣᠬᠢᠶᠠᠯ︾᠎ ᠤᠨ ᠣᠨ ᠤ ᠱᠠᠩᠨᠠᠯ ᠬᠦᠷᠲᠡᠪᠡ︔ ᠲᠤᠭᠤᠵᠢ ᠦᠭᠦᠯᠡᠯᠭᠡ ᠳᠤᠮᠳᠠᠳᠤ ᠤᠯᠤᠰ ᠤᠨ ᠤᠳᠤ ᠦᠶ᠎ᠡ ᠶᠢᠨ ᠤᠳᠬ᠎ᠠ ᠵᠤᠬᠢᠶᠠᠯ ᠤᠨ ᠰᠤᠳᠤᠯᠭᠠᠨ ᠤ ᠨᠡᠶᠢᠬᠡᠮᠯᠢᠭ ᠤᠨ ᠣᠨ ᠤ ᠵᠢᠭᠰᠠᠭᠠᠯᠲᠠ ᠳᠤ ᠰᠤᠩᠭᠤᠭᠳᠠᠵᠤ᠂ ᠳᠤᠮᠳᠠᠳᠤ ᠤᠯᠤᠰ ᠤᠨ ᠦᠭᠦᠯᠡᠯᠭᠡ ᠶᠢᠨ ᠨᠡᠶᠢᠬᠡᠮᠯᠢᠭ ᠤᠨ ᠣᠨ ᠤ ᠵᠢᠭᠰᠠᠭᠠᠯᠲᠠ ᠳᠤ ᠰᠤᠩᠭᠤᠭᠳᠠᠵᠤ᠂ ᠲᠤᠭᠤᠵᠢ ᠦᠭᠦᠯᠡᠯᠭᠡ ᠶᠢᠨ ᠲᠡᠭᠦᠪᠦᠷᠢ ︽ᠰᠦᠨᠡᠰᠦᠨ ᠠᠴᠢᠶ᠎ᠠ ᠲᠠᠢ ᠬᠥᠯᠥᠭ︾᠎ ᠨᠢ ᠳᠤᠮᠳᠠᠳᠤ ᠤᠯᠤᠰ ᠤᠨ ᠬᠡᠪᠯᠡᠯ ᠤᠨ ᠨᠡᠶᠢᠬᠡᠮᠯᠢᠭ ᠤᠨ 2024 ᠣᠨ ᠤ 1 ᠰᠠᠷ᠎ᠠ ᠶᠢᠨ ᠤᠳᠬ᠎ᠠ ᠵᠤᠬᠢᠶᠠᠯ ᠤᠨ ᠰᠠᠶᠢᠨ ᠨᠣᠮ ᠤᠨ ᠵᠢᠭᠰᠠᠭᠠᠯᠲᠠ ᠳᠤ ᠰᠤᠩᠭᠤᠭᠳᠠᠵᠤ᠂ ᠯᠢᠶᠣᠣᠨᠢᠩ ᠤᠨ ᠤᠳᠬ᠎ᠠ ᠵᠣᠬᠢᠶᠠᠯ ᠤᠨ ᠤᠷᠳᠤᠨ ᠤ 2024 ᠣᠨ ᠤ ︽ᠬᠠᠪᠤᠷ ᠤᠨ ᠰᠠᠶᠢᠨ ᠨᠤᠮ︾᠎ ᠤᠨ ᠨᠣᠮ ᠤᠨ ᠬᠠᠭᠤᠳᠠᠰᠤᠨ ᠳᠤ ᠰᠤᠩᠭᠤᠭᠳᠠᠵᠠᠢ᠃
微信图片_20240802110147.jpg
    ᠣᠶᠢᠯᠭᠠᠭᠰᠠᠨ ᠢᠶᠠᠷ᠂ ᠪᠦᠬᠦ ᠤᠯᠤᠰ ᠤᠨ ᠴᠦᠭᠡᠨ ᠲᠣᠭᠠᠲᠤ ᠦᠨᠳᠦᠰᠦᠲᠡᠨ ᠤ ᠤᠳᠬ᠎ᠠ ᠵᠤᠬᠢᠶᠠᠯ ᠤᠨ ᠵᠤᠬᠢᠶᠠᠨ ᠪᠦᠲᠦᠭᠡᠯᠭᠡ ᠶᠢᠨ ᠠᠵᠢᠨᠠᠢ ᠬᠥᠯᠥᠭ ᠱᠠᠩᠨᠠᠯ ᠪᠤᠯ ᠳᠤᠮᠳᠠᠳᠤ ᠤᠯᠤᠰ ᠤᠨ ᠵᠤᠬᠢᠶᠠᠯᠴᠢᠳ ᠤᠨ ᠡᠪᠯᠡᠯ᠂ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠬᠠᠮᠲᠤᠷᠠᠨ ᠡᠷᠬᠢᠯᠡᠭᠰᠡᠨ ᠤᠯᠤᠰ ᠎ ᠤᠨ ᠲᠡᠰ ᠤᠨ ᠤᠳᠬ᠎ᠠ ᠵᠣᠬᠢᠶᠠᠯ ᠤᠨ ᠱᠠᠩᠨᠠᠯ ᠪᠤᠯᠤᠨ᠎ᠠ᠂ ᠲᠤᠰ ᠱᠠᠩᠨᠠᠯ ᠢ ᠳᠥᠷᠪᠡᠨ ᠵᠢᠯ ᠳᠤ ᠨᠢᠭᠡ ᠤᠳᠠᠭ᠎ᠠ ᠶᠠᠪᠤᠭᠳᠠᠭᠤᠯᠵᠤ᠂ 1981 ᠣᠨ ᠠᠴᠠ ᠨᠠᠭᠠᠰᠢ ᠨᠢᠭᠡᠨᠲᠡ ᠠᠷᠪᠠᠨ ᠭᠤᠷᠪᠠᠨ ᠬᠤᠭᠤᠴᠠᠭ᠎ᠠ ᠱᠠᠩᠨᠠᠯ ᠰᠢᠯᠭᠠᠷᠠᠭᠤᠯᠪᠠ᠃ ᠷᠤᠮᠠᠨ ᠤ ᠱᠠᠩᠨᠠᠯ᠂ ᠲᠤᠭᠤᠵᠢ ᠦᠭᠦᠯᠡᠯᠭᠡ ᠶᠢᠨ ᠱᠠᠩᠨᠠᠯ᠂ ᠮᠡᠳᠡᠭᠡᠯᠡᠯ ᠤᠨ ᠤᠷᠠᠨ ᠵᠣᠬᠢᠶᠠᠯ ᠎ ᠤᠨ ᠱᠠᠩᠨᠠᠯ᠂ ᠰᠢᠯᠦᠭ ᠳᠠᠭᠤᠯᠠᠯ ᠤᠨ ᠱᠠᠩᠨᠠᠯ᠂ ᠨᠠᠶᠢᠷᠠᠭᠤᠯᠤᠯ ᠤᠨ ᠱᠠᠩᠨᠠᠯ᠂ ᠣᠷᠴᠢᠭᠤᠯᠭ᠎ᠠ ᠶᠢᠨ ᠱᠠᠩᠨᠠᠯ ᠵᠡᠷᠭᠡ ᠶᠢ ᠲᠣᠬᠢᠷᠠᠭᠤᠯᠵᠤ᠂ ᠱᠠᠩᠨᠠᠯ ᠨᠢᠭᠡᠪᠦᠷᠢ ᠎ ᠶᠢᠨ ᠪᠦᠲᠦᠭᠡᠯ ᠢ 5᠎ ᠠᠴᠠ ᠬᠡᠲᠦᠷᠡᠭᠦᠯᠬᠦ ᠦᠭᠡᠢ ᠪᠠᠶᠢᠳᠠᠭ᠃
5.jpg
 
ᠢᠷᠡᠯᠲᠡ᠄ ᠤᠷᠳᠤᠰ ᠬᠤᠲᠠ ᠶᠢᠨ ᠬᠠᠮ ᠵᠠᠭᠤᠴᠢᠯᠠᠭᠤᠷ ᠤᠨ ᠲᠥᠪ