ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠤᠷᠳᠤᠰ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠨᠡᠶᠢᠲᠡ 23.62 ᠳ᠋ᠦᠩᠰᠢᠭᠤᠷ ᠲᠦᠭᠦᠷᠢᠭ ᠤᠨ | ᠭᠠᠳᠠᠭᠠᠳᠤ ᠤᠷᠤᠭᠤᠯᠤᠯᠲᠠ ᠭᠠᠷᠭᠠᠯᠲᠠ ᠶᠢ ᠪᠡᠶᠡᠯᠡᠭᠦᠯᠵᠤ᠂ ᠠᠳᠠᠯᠢ ᠬᠤᠭᠤᠴᠠᠭᠠᠨ ᠤ ᠬᠢ ᠠᠴᠠ 83% ᠪᠠᠷ ᠨᠡᠮᠡᠭᠳᠡᠨ᠂ ᠪᠦᠬᠦ ᠬᠤᠲᠠ ᠶᠢᠨ ᠭᠠᠳᠠᠭᠠᠳᠤ | ᠠᠷᠠᠯᠵᠢᠶᠠᠨ ᠤ ᠶᠡᠷᠦᠩᠬᠡᠢ ᠬᠡᠮᠵᠢᠶᠡᠨ ᠤ 43.8% ᠶᠢ ᠡᠵᠡᠯᠡᠵᠡᠢ᠂ ᠡᠭᠦᠨ ᠳᠤ ᠭᠠᠳᠠᠭᠠᠳᠤ ᠠᠴᠠ ᠤᠷᠤᠭᠤᠯᠤᠭᠰᠠᠨ ᠨᠢ 0.42 ᠳ᠋ᠦᠩᠰᠢᠭᠤᠷ ᠲᠦᠭᠦᠷᠢᠭ᠂ | ᠭᠠᠳᠠᠭᠠᠳᠤ ᠳᠤ ᠭᠠᠷᠭᠠᠭᠰᠠᠨ ᠨᠢ 23.2 ᠳ᠋ᠦᠩᠰᠢᠭᠤᠷ ᠲᠦᠭᠦᠷᠢᠭ ᠪᠣᠯᠣᠨ᠎ᠠ᠃ ᠡᠭᠦᠨ ᠤ ᠵᠡᠷᠭᠡ ᠪᠠᠷ᠂ ᠭᠠᠶᠢᠯᠢ ᠪᠠᠲᠤᠯᠠᠬᠤ ᠲᠤᠬᠠᠶᠢᠯᠠᠭᠰᠠᠨ ᠠᠵᠢᠯ ᠤᠨ | ᠴᠢᠨᠠᠷᠵᠢᠯ ᠢ ᠳᠡᠭᠡᠭᠰᠢᠯᠡᠭᠦᠯᠦᠨ ᠨᠮᠡᠭᠳᠡᠯ ᠤᠨ ᠬᠡᠮᠵᠢᠶ᠎ᠡ ᠶᠢ ᠨᠡᠮᠡᠭᠳᠡᠭᠦᠯᠬᠦ ᠶᠢ ᠭᠤᠣᠯᠳᠠᠯᠭ᠎ᠠ ᠲᠠᠢ ᠠᠬᠢᠭᠤᠯᠵᠤ᠂ ᠭᠠᠶᠢᠯᠢ ᠪᠠᠲᠤᠯᠠᠬᠤ ᠲᠤᠬᠠᠶᠢᠯᠠᠭᠰᠠᠨ ᠠᠵᠢᠯ ᠤᠨ | ᠭᠠᠳᠠᠭᠠᠳᠤ ᠠᠴᠠ ᠤᠷᠤᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ ᠪᠠᠷᠤᠭ 16 ᠳ᠋ᠦᠩᠰᠢᠭᠤᠷ ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 60% ᠪᠠᠷ ᠨᠡᠮᠡᠭᠳᠡᠨ᠂ ᠡᠵᠡᠯᠡᠬᠦ ᠬᠠᠷᠢᠴᠠᠯ ᠨᠢ 78% ᠬᠦᠷᠴᠡᠢ᠃ | ᠣᠶᠢᠯᠭᠠᠭᠰᠠᠨ ᠢᠶᠠᠷ᠂ ᠣᠷᠳᠣᠰ ᠤᠨ ᠠᠭᠠᠷ ᠤᠨ ᠠᠶᠠᠯᠠᠯ ᠤᠨ ᠪᠣᠭᠤᠮᠳᠠ ᠪᠠ ᠬᠢᠯᠢ ᠪᠠᠷ ᠣᠷᠣᠭᠤᠯᠤᠭᠰᠠᠨ ᠵᠢᠮᠢᠰ᠂ ᠤᠰᠤᠨ ᠠᠮᠢᠲᠠᠨ᠂ ᠬᠥᠯᠳᠡᠭᠦᠦ ᠰᠢᠨ᠎ᠡ | ᠰᠣᠷᠭᠤᠭ ᠣᠰᠣᠨ ᠭᠠᠷᠤᠯᠲᠠ ᠶᠢᠨ ᠵᠢᠭᠠᠨ ᠲᠤᠭᠲᠠᠭᠠᠭᠰᠠᠨ ᠬᠢᠨᠠᠨ ᠬᠠᠮᠢᠶᠠᠷᠬᠤ ᠲᠠᠯᠠᠪᠤᠷ ᠲᠤ ᠲᠦᠰᠢᠭᠯᠡᠨ᠂ ᠣᠷᠳᠣᠰ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ | ᠣᠷᠣᠨ ᠨᠢ ᠬᠠ ᠸᠧᠢ ᠪᠦᠯᠦᠭᠯᠡᠯ ᠤᠨ ᠬᠠᠩᠭᠠᠯᠭ᠎ᠠ ᠶᠢᠨ ᠬᠡᠯᠬᠢᠶ᠎ᠡ ᠯᠦᠭᠡ ᠬᠠᠮᠲᠤᠷᠠᠯᠴᠠᠬᠤ ᠪᠠᠷ ᠳᠠᠮᠵᠢᠭᠤᠯᠤᠨ᠂ ᠳᠡᠭᠡᠳᠦ ᠲᠡᠰ ᠤᠨ ᠵᠢᠮᠢᠰ ᠢ ᠠᠭᠠᠷ ᠤᠨ | ᠲᠡᠭᠡᠭᠡᠪᠦᠷᠢ ᠪᠠᠷ ᠭᠠᠳᠠᠭᠠᠳᠤ ᠠᠴᠠ ᠤᠷᠤᠭᠤᠯᠬᠤ ᠰᠢᠨ᠎ᠡ ᠵᠠᠮ ᠢ ᠨᠡᠪᠲᠡᠷᠡᠭᠦᠯᠵᠤ᠂ ᠣᠷᠳᠣᠰ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠤᠷᠤᠨ ᠬᠢᠭᠡᠳ ᠠᠭᠠᠷ ᠤᠨ | ᠠᠶᠠᠯᠠᠯ ᠤᠨ ᠪᠤᠭᠤᠮᠲᠠ ᠶᠢᠨ ᠬᠠᠮᠲᠤᠷᠠᠨ ᠬᠥᠭᠵᠢᠬᠦ ᠢ ᠪᠡᠶᠡᠯᠡᠭᠦᠯᠪᠡ᠃ | ᠲᠠᠨᠢᠯᠴᠠᠭᠤᠯᠤᠭᠰᠠᠨ ᠢᠶᠠᠷ᠂ ᠣᠷᠳᠣᠰ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠤᠷᠤᠨ ᠨᠢ ᠪᠠᠰᠠ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠶᠢᠨ | ᠲᠤᠯᠭᠠᠭᠤᠷᠢᠯᠠᠬᠤ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠮᠧᠩ ᠺᠠᠢ᠂ ᠱᠠᠩ ᠯᠦᠩ ᠵᠡᠷᠭᠡ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠠᠵᠤ ᠠᠬᠤᠶᠢᠯᠠᠯ | ᠤᠨ ᠮᠣᠩᠭᠤᠯ ᠤᠯᠤᠰ᠂ ᠦᠺᠷᠠᠶᠢᠨ ᠳᠤ ᠭᠠᠷᠭᠠᠬᠤ ᠲᠤᠬᠠᠶᠢᠯᠠᠭᠰᠠᠨ ᠠᠵᠢᠯ ᠢ ᠦᠷᠭᠦᠯᠵᠢᠯᠡᠨ ᠥᠷᠭᠡᠳᠬᠡᠬᠦ ᠶᠢ ᠠᠬᠢᠭᠤᠯᠪᠠ᠃ ᠲᠦᠷᠦᠭᠦᠦ ᠬᠠᠭᠠᠰ ᠵᠢᠯ ᠳᠤ᠂ | ᠣᠷᠳᠣᠰ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠨᠡᠶᠢᠲᠡ 2140 ᠰᠢᠨ᠎ᠡ ᠮᠠᠰᠢᠨ ᠲᠡᠷᠭᠡ ᠵᠢᠴᠢ ᠭᠠᠷ ᠳᠠᠮᠵᠢᠭᠰᠠᠨ ᠮᠠᠰᠢᠨ ᠲᠡᠷᠭᠡ ᠶᠢ | ᠭᠠᠳᠠᠭᠠᠳᠤ ᠳᠤ ᠭᠠᠷᠭᠠᠵᠤ᠂ ᠭᠠᠳᠠᠭᠠᠳᠤ ᠳᠤ ᠭᠠᠷᠭᠠᠭᠰᠠᠨ ᠲᠤᠭ᠎ᠠ ᠨᠢ ᠪᠠᠷᠤᠭ 2.87 ᠳ᠋ᠦᠩᠰᠢᠭᠤᠷ ᠲᠦᠭᠦᠷᠢᠭ ᠲᠤ ᠬᠦᠷᠴᠡᠢ᠃ ᠤᠷᠳᠤᠰ ᠤᠨ | ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠤᠷᠤᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠶᠢᠨ ᠲᠥᠯᠥᠭᠡ᠂ ᠲᠦᠷᠦᠭᠦᠦ ᠬᠠᠭᠠᠰ ᠵᠢᠯ ᠳᠤ᠂ | ᠡᠯᠧᠺᠲᠷᠤᠨ ᠡᠳ᠋᠊ᠰᠢᠭᠦᠯᠭᠡ ᠶᠢᠨ ᠦᠢᠯᠡᠳᠪᠦᠷᠢ ᠶᠢᠨ ᠭᠡᠷ ᠪᠠᠶᠢᠰᠢᠩ᠂ ᠢᠮᠠᠭᠠᠨ ᠨᠣᠣᠯᠣᠭᠤᠷ ᠤᠨ ᠡᠳ᠋᠊ᠰᠢᠭᠦᠯᠭᠡ ᠶᠢᠨ ᠦᠢᠯᠡᠳᠪᠦᠷᠢ ᠶᠢᠨ ᠭᠡᠷ ᠪᠠᠶᠢᠰᠢᠩ ᠪᠣᠯᠣᠨ | ᠰᠢᠨ᠎ᠡ ᠡᠨᠧᠷᠬᠢ ᠶᠢᠨ ᠬᠥᠳᠡᠯᠭᠡᠭᠴᠢ ᠬᠦᠴᠦᠨ ᠤ ᠳ᠋ᠢᠶᠠᠨ ᡂᠢ ᠶᠢ ᠡᠳ᠋ᠰᠢᠭᠦᠯᠦᠨ ᠭᠠᠳᠠᠭᠠᠳᠤ ᠳᠤ ᠭᠠᠷᠭᠠᠬᠤ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠤ | ᠪᠦᠲᠦᠭᠡᠨ ᠪᠠᠶᠢᠭᠤᠯᠤᠯᠲᠠ ᠶᠢᠨ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠵᠢᠴᠢ 2.9 ᠲᠦᠮᠡᠨ ᠳᠡᠭᠰᠢ ᠳᠥᠷᠪᠡᠯᠵᠢᠨ ᠮᠧᠲᠷ ᠤᠨ ᠬᠢᠯᠢ ᠠᠯᠤᠰᠯᠠᠭᠰᠠᠨ | ᠦᠵᠡᠭᠦᠯᠭᠡ ᠶᠢᠨ ᠲᠥᠪ ᠢ ᠡᠬᠢᠯᠡᠨ ᠪᠦᠲᠦᠭᠡᠨ ᠪᠠᠶᠢᠭᠤᠯᠤᠭᠰᠠᠨ ᠤ ᠬᠠᠮᠲᠤ ︽ᠡᠭᠦᠳᠡᠨ ᠳᠡᠯᠭᠡᠭᠦᠷ ᠠᠷᠤ ᠬᠥᠮᠥᠷᠭᠡ + ᠲᠦᠷᠭᠡᠨ ᠬᠦᠷᠭᠡᠯᠲᠡ︾ ᠶᠢᠨ ᠡᠵᠡᠩᠨᠡᠯᠲᠡ | ᠶᠢᠨ ᠵᠠᠭᠪᠤᠷ ᠢ ᠨᠠᠶᠢᠳᠠᠪᠤᠷᠢᠵᠢᠭᠤᠯᠪᠠ᠃ | |