︽ᠵᠠᠮ ᠬᠠᠷᠢᠯᠴᠠᠭᠠᠨ ᠤ ᠬᠠᠮᠢᠶᠠᠷᠤᠯᠲᠠ ᠶᠢᠨ 12123︾ APP ᠨᠢᠭᠡᠴᠡ ᠶᠢᠨ ᠬᠡᠷᠡᠭᠯᠡᠭᠴᠢ ᠶᠢᠨ ᠬᠡᠪᠯᠡᠯ ᠢ ᠨᠢᠭᠡᠨᠲᠡ ᠰᠦᠯᠵᠢᠶᠡᠨ ᠳᠤ ᠭᠠᠷᠭᠠᠪᠠ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠬᠡᠷᠡᠭᠯᠡᠬᠦ ᠠᠷᠭ᠎ᠠ ᠶᠢ ᠨᠠᠷᠢᠨ ᠲᠠᠶᠢᠯᠪᠤᠷᠢᠯᠠᠨ᠎ᠠ
ᠨᠡᠶᠢᠲᠡᠯᠡᠭᠰᠡᠨ ᠴᠠᠭ᠄
2024/9/10
    ᠰᠤᠷᠪᠤᠯᠵᠢᠯᠠᠭᠴᠢ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠣᠶᠢᠯᠠᠭᠠᠵᠤ ᠮᠡᠳᠡᠭᠰᠡᠨ ᠨᠢ᠂ ︽ᠵᠠᠮ ᠬᠠᠷᠢᠯᠴᠠᠭᠠᠨ ᠤ ᠬᠠᠮᠢᠶᠠᠷᠤᠯᠲᠠ ᠶᠢᠨ 12123︾ APP ᠨᠢᠭᠡᠴᠡ ᠶᠢᠨ ᠬᠡᠷᠡᠭᠯᠡᠭᠴᠢ ᠶᠢᠨ ᠬᠡᠪᠯᠡᠯ ᠨᠢ ᠲᠤᠰ ᠰᠠᠷ᠎ᠠ ᠳᠤ ᠵᠢᠩᠬᠢᠨᠢ ᠪᠠᠷ ᠰᠦᠯᠵᠢᠶᠡᠨ ᠳᠤ ᠭᠠᠷᠴᠤ᠂ ᠠᠯᠪᠠᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠢᠨᠲ᠋ᠧᠷ ᠰᠦᠯᠵᠢᠶ᠎ᠡ ᠪᠠᠷ ᠳᠠᠮᠵᠢᠨ ᠬᠡᠵᠢᠶ᠎ᠡ ᠬᠠᠮᠢᠭ᠎ᠠ ᠴᠤ ᠭᠡᠰᠡᠨ ᠰᠦᠯᠵᠢᠶᠡᠨ ᠳᠡᠭᠡᠷ᠎ᠡ ᠵᠢᠯᠣᠭᠤᠴᠢ ᠶᠢᠨ ᠮᠡᠳᠡᠭᠡ ᠵᠠᠩᠭᠢ ᠶᠢ ᠳᠠᠩᠰᠠᠯᠠᠭᠤᠯᠬᠤ ᠳᠤ ᠤᠯᠠᠮ ᠨᠢᠭᠡ ᠠᠯᠬᠤᠮ ᠳᠥᠭᠦᠮ ᠦᠵᠡᠭᠦᠯᠪᠡ᠃ ᠰᠢᠨ᠎ᠡ ᠬᠡᠪᠯᠡᠯ ᠤᠨ ᠵᠥᠭᠡᠯᠡᠨ ᠬᠡᠷᠡᠭᠰᠡᠯ ᠨᠢ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠲᠡᠮᠳᠡᠭᠯᠡᠯ ᠢ ᠪᠠᠶᠢᠴᠠᠭᠠᠨ ᠯᠠᠪᠯᠠᠬᠤ ᠲᠠᠢ ᠪᠠᠶᠢᠵᠤ᠂ ᠫᠠᠶᠢᠰᠠ ᠦᠨᠡᠮᠯᠡᠯ ᠨᠥᠬᠦᠨ ᠠᠪᠬᠤ᠂ ᠲᠡᠷᠭᠡ ᠬᠥᠰᠬᠡ ᠶᠢᠨ ᠪᠠᠶᠢᠴᠠᠭᠠᠯᠲᠠ ᠠᠴᠠ ᠬᠡᠯᠲᠦᠷᠢᠭᠦᠯᠬᠦ ᠲᠡᠮᠳᠡᠭ ᠭᠤᠶᠤᠴᠢᠯᠠᠬᠤ ᠵᠡᠷᠭᠡ ᠲᠤᠬᠠᠶᠢᠯᠠᠭᠰᠠᠨ ᠠᠵᠢᠯ ᠢ ᠭᠦᠢᠴᠡᠳᠬᠡᠵᠦ᠂ ᠠᠯᠠᠭᠠᠨ ᠳᠡᠭᠡᠷ᠎ᠡ ᠭᠡᠷᠡᠴᠢ ᠭᠠᠷᠭᠠᠨ ᠺᠣᠳ᠋ ᠢᠶᠠᠨ ᠭᠠᠷᠭᠠᠬᠤ ᠶᠢ ᠪᠡᠶᠡᠯᠡᠭᠦᠯᠵᠦ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠳᠡ ᠬᠡᠷᠡᠭᠯᠡᠬᠦ ᠠᠷᠭ᠎ᠠ ᠶᠢ ᠨᠠᠷᠢᠨ ᠲᠠᠶᠢᠯᠪᠤᠷᠢᠯᠠᠵᠤ ᠥᠭᠪᠡ᠃ ᠬᠡᠷᠡᠭᠯᠡᠭᠴᠢ ᠲᠡᠮᠳᠡᠭᠯᠡᠬᠦ ᠨᠢᠭᠡᠴᠡ ᠶᠢᠨ ᠬᠡᠷᠡᠭᠯᠡᠭᠴᠢ ᠶᠢᠨ ᠲᠠᠩᠰᠠ ᠶᠢᠨ ᠨᠣᠮᠧᠷ ᠢ ᠬᠠᠤᠯᠢ ᠶᠢᠨ ᠡᠷᠬᠡᠲᠡᠨ᠂ ᠬᠠᠮᠢᠶᠠᠷᠤᠭᠴᠢ᠂ ᠡᠩ ᠤᠨ ᠬᠡᠷᠡᠭᠯᠡᠭᠴᠢ ᠭᠡᠵᠦ ᠭᠤᠷᠪᠠᠨ ᠲᠥᠷᠥᠯ ᠳᠤ ᠬᠤᠪᠢᠶᠠᠵᠤ᠂ ᠬᠠᠤᠯᠢ ᠶᠢᠨ ᠡᠷᠬᠡᠲᠡᠨ ᠤ ᠬᠡᠷᠡᠭᠯᠡᠭᠴᠢ ᠬᠠᠷᠢᠶ᠎ᠠ ᠭᠠᠵᠠᠷ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠴᠣᠩᠬᠤᠪᠴᠢ ᠨᠢᠭᠡᠴᠡ ᠶᠢᠨ ᠮᠡᠳᠡᠭᠡ ᠵᠠᠩᠭᠢ ᠶᠢ ᠳᠠᠩᠰᠠᠯᠠᠭᠤᠯᠬᠤ ᠦᠶ᠎ᠡ ᠳᠤ ᠠᠶᠠᠨᠳᠠᠭᠠᠨ ᠪᠣᠶ ᠪᠣᠯᠭᠠᠵᠤ᠂ ᠬᠠᠮᠢᠶᠠᠷᠤᠭᠴᠢ ᠬᠡᠷᠡᠭᠯᠡᠭᠴᠢ ᠪᠠ ᠫᠠᠶᠢᠰᠠ ᠦᠨᠡᠮᠯᠡᠯ ᠢᠶᠠᠨ ᠨᠥᠬᠦᠨ ᠰᠣᠯᠢᠵᠤ ᠠᠪᠬᠤ᠂ ᠲᠡᠷᠭᠡ ᠬᠥᠰᠬᠡ ᠶᠢᠨ ᠪᠠᠶᠢᠴᠠᠭᠠᠯᠲᠠ ᠠᠴᠠ ᠬᠡᠯᠲᠦᠷᠢᠭᠦᠯᠬᠦ ᠲᠡᠮᠳᠡᠭ ᠢ ᠭᠤᠶᠤᠴᠢᠯᠠᠨ ᠠᠪᠬᠤ᠂ ᠲᠡᠷᠭᠡ ᠬᠥᠰᠬᠡ ᠶᠢᠨ ᠡᠯᠧᠺᠲᠷᠣᠨ ᠲᠡᠷᠭᠡ ᠶᠠᠪᠤᠭᠤᠯᠬᠤ ᠦᠨᠡᠮᠯᠡᠯ ᠭᠤᠶᠤᠴᠢᠯᠠᠬᠤ ᠵᠡᠷᠭᠡ ᠲᠤᠬᠠᠶᠢᠯᠠᠭᠰᠠᠨ ᠠᠵᠢᠯ ᠤᠨ ᠡᠩ ᠤᠨ ᠬᠡᠷᠡᠭᠯᠡᠭᠴᠢ ᠬᠠᠷᠢᠶ᠎ᠠ ᠭᠠᠵᠠᠷ ᠤᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠴᠣᠩᠬᠤᠪᠴᠢ ᠳᠤ ᠳᠠᠩᠰᠠᠯᠠᠭᠤᠯᠬᠤ ᠬᠡᠷᠡᠭᠲᠡᠶ᠃ ᠨᠢᠭᠡᠴᠡ ᠶᠢᠨ ᠳᠠᠩᠰᠠᠨ ᠤ ᠨᠣᠮᠧᠷ ᠢ ᠬᠡᠷᠡᠭᠯᠡᠭᠴᠢ ᠲᠤᠰ ᠬᠥᠮᠦᠨ ᠤ ︽ᠵᠠᠮ ᠬᠠᠷᠢᠯᠴᠠᠭᠠᠨ ᠤ ᠬᠠᠮᠢᠶᠠᠷᠤᠯᠲᠠ ᠶᠢᠨ 12123︾ APP᠎ ᠳᠤ ᠲᠡᠮᠳᠡᠭᠯᠡᠭᠦᠯᠦᠭᠰᠡᠨ ᠤ ᠳᠠᠷᠠᠭ᠎ᠠ᠂ ᠡᠬᠢᠨ ᠤ ᠨᠢᠭᠤᠷ ᠤᠨ ᠪᠠᠷᠠᠭᠤᠨ ᠳᠡᠭᠡᠷ᠎ᠡ ᠥᠨᠴᠥᠭ ᠢ ᠳᠠᠷᠤᠵᠤ ᠨᠢᠭᠡᠴᠡ ᠶᠢᠨ ᠬᠡᠷᠡᠭᠯᠡᠭᠴᠢ ᠶᠢᠨ ᠬᠡᠪᠯᠡᠯ ᠳᠤ ᠰᠣᠯᠢᠨ᠎ᠠ᠂ ᠬᠡᠷᠪᠡ ᠬᠡᠷᠡᠭᠯᠡᠭᠴᠢ ᠨᠢ ᠣᠯᠠᠨ ᠨᠢᠭᠡᠴᠡ ᠳᠤ ᠬᠡᠷᠡᠭᠯᠡᠭᠴᠢ ᠪᠠᠶᠢᠪᠠᠯ᠂ ᠪᠣᠳᠠᠲᠠᠶ ᠨᠢᠭᠡᠴᠡ ᠶᠢ ᠰᠣᠩᠭᠤᠭᠰᠠᠨ ᠤ ᠳᠠᠷᠠᠭ᠎ᠠ ᠨᠢᠭᠡᠴᠡ ᠶᠢᠨ ᠬᠡᠷᠡᠭᠯᠡᠭᠴᠢ ᠶᠢᠨ ᠬᠡᠪᠯᠡᠯ ᠤᠨ ᠡᠬᠢᠨ ᠤ ᠨᠢᠭᠤᠷ ᠲᠤ ᠣᠷᠣᠬᠤ ᠴᠢᠬᠤᠯᠠᠲᠠᠶ᠃ ᠳᠠᠩᠰᠠᠨ ᠤ ᠳ᠋ᠤᠭᠠᠷ ᠤᠨ ᠬᠠᠮᠢᠶᠠᠷᠤᠯᠲᠠ ᠬᠠᠮᠢᠶᠠᠷᠤᠭᠴᠢ ᠶᠢᠨ ᠬᠡᠷᠡᠭᠯᠡᠭᠴᠢ ᠰᠦᠯᠵᠢᠶᠡᠨ ᠳᠡᠭᠡᠷ᠎ᠡ ᠡᠩ ᠤᠨ ᠬᠡᠷᠡᠭᠯᠡᠭᠴᠢ ᠪᠠ ᠬᠡᠷᠡᠭᠯᠡᠭᠴᠢ ᠶᠢ ᠰᠢᠯᠵᠢᠭᠦᠯᠦᠨ ᠭᠠᠷᠭᠠᠵᠤ ᠪᠣᠯᠤᠨ᠎ᠠ᠂ ᠨᠡᠪᠲᠡᠷᠡᠭᠦᠯᠦᠭᠰᠡᠨ ᠡᠩ ᠤᠨ ᠬᠡᠷᠡᠭᠯᠡᠭᠴᠢ ᠮᠠᠰᠢᠨ ᠲᠡᠷᠭᠡᠨ ᠤ ᠪᠠᠶᠢᠳᠠᠯ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠲᠡᠮᠳᠡᠭᠯᠡᠯ ᠵᠡᠷᠭᠡ ᠶᠢ ᠪᠠᠶᠢᠴᠠᠭᠠᠨ ᠯᠠᠪᠯᠠᠵᠤ ᠪᠣᠯᠤᠨ᠎ᠠ᠃ ᠬᠡᠷᠡᠭᠯᠡᠬᠦ ᠶᠠᠪᠤᠴᠠ ᠳᠤ ᠳᠣᠤᠷᠠᠬᠢ ᠵᠦᠢᠯᠡᠰ ᠢ ᠠᠩᠬᠠᠷᠬᠤ ᠬᠡᠷᠡᠭᠲᠡᠶ᠄ ᠨᠢᠭᠡ ᠳᠤ᠂ ᠤᠤᠯ ᠤᠨ ᠬᠠᠷᠢᠶ᠎ᠠ ᠭᠠᠵᠠᠷ ᠤᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠴᠣᠩᠬᠤᠪᠴᠢ ᠳᠤ ᠳᠠᠩᠰᠠᠯᠠᠭᠤᠯᠤᠭᠰᠠᠨ ᠨᠢᠭᠡᠴᠡ ᠶᠢᠨ ᠬᠡᠷᠡᠭᠯᠡᠭᠴᠢ ᠠᠴᠠ ᠰᠢᠭᠤᠳ ᠬᠡᠷᠡᠭᠯᠡᠵᠦ ᠪᠣᠯᠬᠤ ᠪᠥᠭᠡᠳ ᠫᠠᠶᠢᠰᠠ ᠦᠨᠡᠮᠯᠡᠯ ᠢᠶᠠᠨ ᠨᠥᠬᠦᠨ ᠠᠪᠬᠤ᠂ ᠲᠡᠷᠭᠡ ᠬᠥᠰᠬᠡ ᠶᠢᠨ ᠪᠠᠶᠢᠴᠠᠭᠠᠯᠲᠠ ᠠᠴᠠ ᠬᠡᠯᠲᠦᠷᠢᠭᠦᠯᠬᠦ ᠲᠡᠮᠳᠡᠭ ᠢ ᠭᠤᠶᠤᠴᠢᠯᠠᠨ ᠠᠪᠬᠤ᠂ ᠲᠡᠷᠭᠡ ᠬᠥᠰᠬᠡ ᠶᠢᠨ ᠡᠯᠧᠺᠲᠷᠣᠨ ᠲᠡᠷᠭᠡ ᠶᠠᠪᠤᠭᠤᠯᠬᠤ ᠦᠨᠡᠮᠯᠡᠯ ᠭᠤᠶᠤᠴᠢᠯᠠᠬᠤ ᠵᠡᠷᠭᠡ ᠲᠤᠬᠠᠶᠢᠯᠠᠭᠰᠠᠨ ᠠᠵᠢᠯ ᠢ ᠭᠦᠢᠴᠡᠳᠬᠡᠬᠦ ᠶᠢ ᠵᠥᠪᠰᠢᠶᠡᠷᠡᠨ᠎ᠡ᠃ ᠬᠤᠶᠠᠷ ᠲᠤ᠂ ᠠᠳᠠᠯᠢ ᠨᠢᠭᠡ ᠨᠢᠭᠡᠴᠡ ᠶᠢᠨ ᠳᠣᠤᠷ᠎ᠠ 1 ᠬᠠᠮᠢᠶᠠᠷᠤᠭᠴᠢ ᠶᠢᠨ ᠲᠠᠩᠰᠠᠨ ᠨᠣᠮᠧᠷ ᠢ ᠳᠡᠩᠰᠡᠯᠡᠵᠦ ᠪᠣᠯᠤᠨ᠎ᠠ᠂ ᠬᠠᠮᠤᠭ ᠠᠷᠪᠢᠨ ᠳᠠᠭᠠᠨ 10 ᠬᠡᠷᠡᠭᠯᠡᠭᠴᠢ ᠶᠢᠨ ᠲᠠᠩᠰᠠᠨ ᠨᠣᠮᠧᠷ ᠢ ᠭᠤᠶᠤᠴᠢᠯᠠᠨ ᠳᠠᠩᠰᠠᠯᠠᠭᠤᠯᠤᠨ᠎ᠠ᠃ ᠭᠤᠷᠪᠠ ᠳᠤ᠂ ᠠᠳᠠᠯᠢ ᠨᠢᠭᠡᠨ ᠬᠥᠮᠦᠨ ᠬᠠᠮᠤᠭ ᠣᠯᠠᠨ ᠳᠠᠭᠠᠨ 3 ᠠᠳᠠᠯᠢ ᠪᠤᠰᠤ ᠪᠠᠶᠢᠭᠤᠯᠤᠯᠭ᠎ᠠ ᠳᠤ ᠳᠠᠩᠰᠠᠯᠠᠭᠤᠯᠤᠭᠰᠠᠨ ᠬᠡᠷᠡᠭᠯᠡᠭᠴᠢ ᠶᠢᠨ ᠳᠠᠩᠰᠠᠨ ᠤ ᠳ᠋ᠤᠭᠠᠷ ︵ᠬᠠᠤᠯᠢ ᠶᠢᠨ ᠡᠷᠬᠡᠲᠡᠨ ᠤ ᠬᠡᠷᠡᠭᠯᠡᠭᠴᠢ ᠶᠢᠨ ᠳᠠᠩᠰᠠᠨ ᠤ ᠳ᠋ᠤᠭᠠᠷ ᠢ ᠨᠢ ᠬᠢᠵᠠᠭᠠᠷᠯᠠᠬᠤ ᠦᠭᠡᠶ︶ ᠪᠣᠯᠤᠨ᠎ᠠ᠃ ᠮᠡᠳᠡᠭᠡ ᠵᠠᠩᠭᠢ ᠶᠢᠨ ᠰᠤᠷᠠᠭᠯᠠᠯ ︽ᠵᠠᠮ ᠬᠠᠷᠢᠯᠴᠠᠭᠠᠨ ᠤ ᠬᠠᠮᠢᠶᠠᠷᠤᠯᠲᠠ ᠶᠢᠨ 12123︾ APP ᠨᠢᠭᠡᠴᠡ ᠶᠢᠨ ᠬᠡᠷᠡᠭᠯᠡᠭᠴᠢ ᠶᠢᠨ ᠬᠡᠪᠯᠡᠯ ᠢᠶᠠᠷ ᠳᠠᠮᠵᠢᠭᠤᠯᠤᠨ᠂ ᠬᠡᠷᠡᠭᠯᠡᠭᠴᠢᠳ ᠲᠣᠰ ᠨᠢᠭᠡᠴᠡ ᠶᠢᠨ ᠢᠶᠠᠨ ᠲᠡᠷᠭᠡ ᠬᠥᠰᠬᠡ ᠶᠢᠨ ᠮᠡᠳᠡᠭᠡ ᠵᠠᠩᠭᠢ ᠵᠢᠴᠢ ᠲᠡᠷᠭᠡ ᠬᠥᠰᠬᠡ ᠶᠢᠨ ᠳᠠᠩᠰᠠᠯᠠᠭᠤᠯᠤᠭᠰᠠᠨ ᠵᠢᠯᠣᠭᠤᠴᠢ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠲᠡᠮᠳᠡᠭᠯᠡᠯ ᠵᠡᠷᠭᠡ ᠮᠡᠳᠡᠭᠡ ᠵᠠᠩᠭᠢ ᠶᠢ ᠴᠠᠭ ᠲᠤᠬᠠᠶ ᠳᠤᠨᠢ ᠪᠠᠶᠢᠴᠠᠭᠠᠨ ᠯᠠᠪᠯᠠᠵᠤ ᠪᠣᠯᠤᠨ᠎ᠠ᠃ ᠲᠤᠬᠠᠶᠢᠯᠠᠭᠰᠠᠨ ᠠᠵᠢᠯ ᠭᠦᠢᠴᠡᠳᠭᠡᠬᠦ ︽ᠵᠠᠮ ᠬᠠᠷᠢᠯᠴᠠᠭᠠᠨ ᠤ ᠬᠠᠮᠢᠶᠠᠷᠤᠯᠲᠠ ᠶᠢᠨ 12123︾ APP ᠨᠢᠭᠡᠴᠡ ᠶᠢᠨ ᠬᠡᠷᠡᠭᠯᠡᠭᠴᠢ ᠶᠢᠨ ᠬᠡᠪᠯᠡᠯ ᠢᠶᠠᠷ ᠳᠠᠮᠵᠢᠭᠤᠯᠤᠨ᠂ ᠬᠡᠷᠡᠭᠯᠡᠭᠴᠢ ᠨᠢ ᠲᠣᠰ ᠨᠢᠭᠡᠴᠡ ᠶᠢᠨ ᠢᠶᠠᠨ ᠨᠡᠷ᠎ᠡ ᠪᠠᠷ ᠲᠡᠷᠭᠡ ᠬᠥᠰᠬᠡ ᠪᠠᠷ ᠰᠢᠨ᠎ᠡ ᠲᠡᠷᠭᠡ ᠰᠣᠩᠭᠤᠬᠤ ᠨᠣᠮᠧᠷ᠂ ᠲᠡᠷᠭᠡ ᠰᠣᠩᠭᠤᠬᠤ ᠨᠣᠮᠧᠷ᠂ ᠪᠥᠭᠡᠮ ᠢᠶᠠᠷ ᠬᠠᠷᠢᠯᠴᠠᠬᠤ ᠠᠷᠭ᠎ᠠ ᠮᠠᠶ᠋ᠢᠭ ᠢᠶᠠᠨ ᠬᠤᠪᠢᠷᠠᠭᠤᠯᠬᠤ᠂ ᠮᠠᠰᠢᠨᠲᠤ ᠲᠡᠷᠭᠡᠨ ᠤ ᠬᠦᠴᠦᠨ ᠥᠬᠡᠶ ᠪᠣᠯᠭᠠᠭᠰᠠᠨ ᠭᠡᠷᠡᠴᠢ᠂ ᠫᠠᠶᠢᠰᠠ ᠦᠨᠡᠮᠯᠡᠯ ᠨᠥᠬᠦᠵᠦ ᠰᠣᠯᠢᠬᠤ᠂ ᠲᠡᠷᠭᠡ ᠬᠥᠰᠬᠡ ᠶᠢᠨ ᠪᠠᠶᠢᠴᠠᠭᠠᠯᠲᠠ ᠠᠴᠠ ᠬᠡᠯᠲᠦᠷᠢᠭᠦᠯᠬᠦ ᠲᠡᠮᠳᠡᠭ ᠭᠤᠶᠤᠴᠢᠯᠠᠨ ᠠᠪᠬᠤ ᠵᠡᠷᠭᠡ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠣᠯᠤᠨ᠎ᠠ᠃ ᠢᠯᠡ ᠬᠡᠷᠡᠴᠢᠯᠡᠬᠦ ᠺᠤᠳ᠋ ᠨᠢᠭᠡᠴᠡ ᠶᠢᠨ ᠬᠡᠷᠡᠭᠯᠡᠭᠴᠢ ︽ᠵᠠᠮ ᠬᠠᠷᠢᠯᠴᠠᠭᠠᠨ ᠤ ᠬᠠᠮᠢᠶᠠᠷᠤᠯᠲᠠ ᠶᠢᠨ 12123︾ APP᠎ ᠶᠢᠨ ᠨᠢᠭᠡᠴᠡ ᠶᠢᠨ ᠬᠡᠷᠡᠭᠯᠡᠭᠴᠢ ᠶᠢᠨ ᠬᠡᠪᠯᠡᠯ ᠢᠶᠠᠷ ᠳᠠᠮᠵᠢᠭᠤᠯᠤᠨ ᠲᠣᠰ ᠨᠢᠭᠡᠴᠡ ᠶᠢᠨ ᠢᠶᠠᠨ ᠳᠣᠲᠣᠷᠠᠬᠢ ᠲᠡᠷᠭᠡ ᠬᠥᠰᠬᠡ ᠶᠢᠨ ᠡᠯᠧᠺᠲᠷᠣᠨ ᠵᠠᠮ ᠳᠤ ᠭᠠᠷᠬᠤ ᠦᠨᠡᠮᠯᠡᠯ᠂ ᠰᠢᠯᠭᠠᠨ ᠪᠠᠶᠢᠴᠠᠭᠠᠬᠤ ᠲᠡᠮᠳᠡᠭ ᠤᠨ ᠡᠯᠧᠺᠲᠷᠣᠨ ᠭᠡᠷᠡᠴᠢ ᠪᠠᠷᠢᠮᠲᠠ᠂ ᠮᠠᠰᠢᠨᠲᠤ ᠲᠡᠷᠭᠡᠨ ᠤ ᠬᠤᠶᠠᠷ ᠬᠡᠮᠵᠢᠯᠳᠦ ᠺᠣᠳ᠋᠂ ᠬᠤᠲᠠ ᠶᠢᠨ ᠪᠠᠷᠠᠭᠠᠨ ᠤ ᠲᠡᠷᠭᠡ ᠶᠢᠨ ᠨᠡᠪᠲᠡᠷᠡᠬᠦ ᠺᠣᠳ᠋ ᠵᠡᠷᠭᠡ ᠶᠢ ᠪᠠᠶᠢᠴᠠᠭᠠᠨ ᠯᠠᠪᠯᠠᠵᠤ᠂ ᠲᠤᠬᠠᠶᠢᠯᠠᠭᠰᠠᠨ ᠠᠵᠢᠯ ᠭᠦᠢᠴᠡᠳᠬᠡᠬᠦ ᠳᠤ ᠨᠠᠩ ᠲᠥᠬᠦᠮ ᠪᠥᠭᠡᠳ ᠲᠦᠷᠭᠡᠨ ᠪᠠᠶᠢᠳᠠᠭ᠃       
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ