40 ᠭᠠᠷᠤᠢ ᠬᠡᠪᠯᠡᠯ ᠤᠨ ᠬᠤᠷᠢᠶ᠎ᠠ ᠶᠢᠨ 20 ᠲᠦᠮᠡᠨ ᠰᠣᠳᠣᠨ ᠨᠣᠮ ᠪᠢᠴᠢᠭ ᠢ ᠳᠡᠯᠭᠡᠨ ᠪᠣᠷᠣᠯᠠᠭᠤᠯᠵᠤ ᠪᠤᠢ
ᠨᠡᠶᠢᠲᠡᠯᠡᠭᠰᠡᠨ ᠴᠠᠭ᠄
2024/9/10
     ︽ᠡᠵᠢ ᠠ᠋᠂ ᠪᠢ ᠡᠨᠡ ︿ᠫᠢᠫᠧᠷ ᠲᠤᠷᠤᠢ﹀᠎ ᠶᠢᠨ ᠨᠣᠮ ᠢ ᠠᠪᠤᠨ᠎ᠠ᠂ ᠲᠡᠷᠡ ︿ᠠᠷᠪᠠᠨ ᠬᠤᠷᠤᠭᠤ ᠶᠢᠨ ᠠᠶᠠᠯᠠᠯ﹀ ᠭᠡᠬᠦ ᠨᠣᠮ ᠴᠤ ᠰᠠᠶᠢᠬᠠᠨ ᠬᠠᠷᠠᠭᠳᠠᠵᠤ ᠪᠠᠶᠢᠨ᠎ᠠ︾ ᠭᠡᠵᠦ ᠨᠣᠮ ᠤᠨ ᠲᠠᠯᠪᠢᠭᠤᠷ ᠤᠨ ᠡᠮᠦᠨ᠎ᠡ ᠵᠣᠭᠰᠣᠭᠰᠠᠨ ᠬᠡᠦᠬᠡᠳ ᠤᠨ ᠨᠢᠳᠦ ᠨᠢ ᠭᠡᠷᠡᠯ ᠳᠠᠳᠠᠨ ᠠᠯᠢ ᠠᠯᠢᠨ ᠢ ᠴᠦ ᠠᠪᠤᠶ᠎ᠠ ᠭᠡᠵᠦ ᠭᠠᠷ ᠰᠠᠷᠪᠠᠶᠢᠨ ᠡᠵᠢ ᠲᠠᠢ ᠎ ᠪᠠᠨ ᠶᠠᠷᠢᠨ᠎ᠠ᠃     ︽ᠵᠠ᠂ ᠪᠢᠳᠠ ᠠᠭᠠᠵᠢᠮ ᠰᠣᠩᠭᠤᠶ᠎ᠠ᠂ ᠴᠢ ᠥᠪᠡᠷ ᠤᠨ ᠳᠤᠷᠠᠲᠠᠢ ᠨᠣᠮ ᠢᠶᠠᠨ ᠰᠣᠩᠭᠤ᠂ ᠡᠵᠢ ᠨᠢ ᠴᠤ ᠥᠪᠡᠷ ᠤᠨ ᠳᠤᠷᠠᠲᠠᠢ ᠨᠣᠮ ᠢᠶᠠᠨ ᠰᠣᠩᠭᠤᠶ᠎ᠠ︕︾ ᠭᠡᠵᠦ ᠬᠠᠵᠠᠭᠤ ᠳᠤ ᠨᠢ ᠵᠣᠭᠰᠣᠭᠰᠠᠨ ᠡᠵᠢ ᠨᠢ ᠬᠠᠷᠠᠭ᠎ᠠ ᠪᠠᠨ ᠳᠡᠯᠭᠡᠭᠡᠰᠦᠲᠡᠢ ᠨᠣᠮ ᠠᠴᠠ ᠰᠠᠯᠭᠠᠯ ᠦᠭᠡᠢ ᠬᠠᠷᠢᠭᠤ ᠶᠠᠷᠢᠨ᠎ᠠ ᠁     8 ᠰᠠᠷ᠎ᠠ ᠶᠢᠨ 29᠎ ᠠᠴᠠ 9 ᠰᠠᠷ᠎ᠠ ᠶᠢᠨ 2᠎ ᠤᠨ ᠡᠳᠦᠷ ᠪᠤᠯᠲᠠᠯ᠎ᠠ ᠶᠠᠪᠤᠭᠳᠠᠬᠤ ᠨᠠᠢᠮᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠠᠵᠤ ᠦᠢᠯᠡᠰ ᠤᠨ ᠦᠵᠡᠰᠭᠦᠯᠡᠩ ᠪᠠ ᠠᠷᠠᠯᠵᠢᠶᠠᠨ ᠤ ᠴᠤᠭᠯᠠᠭᠠᠨ ᠳᠤ ᠠᠩᠬ᠎ᠠ ᠤᠳᠠᠭ᠎ᠠ ᠪᠦᠭᠦ ᠤᠯᠤᠰ ᠤᠨ ᠪᠠᠭᠠᠴᠤᠳ ᠬᠡᠦᠬᠡᠳ ᠤᠨ ᠨᠣᠮ ᠪᠢᠴᠢᠭ ᠤᠨ ᠠᠷᠠᠯᠵᠢᠶᠠᠨ ᠤ ᠴᠤᠭᠯᠠᠭᠠᠨ ᠤ ᠲᠣᠭᠤᠷᠢᠭ ᠭᠠᠷᠭᠠᠨ ︽ᠪᠠᠭᠠᠴᠤᠳ ᠬᠡᠦᠬᠡᠳ ᠤᠨ ᠨᠣᠮ ᠬᠡᠪᠯᠡᠯ ᠬᠢᠭᠡᠳ ᠤᠩᠰᠢᠯᠭ᠎ᠠ ᠶᠢᠨ ᠦᠢᠯᠡᠴᠢᠯᠡᠭᠡ︾᠎ ᠪᠠᠷ ᠭᠤᠣᠯ ᠰᠡᠳᠦᠪ ᠪᠤᠯᠭᠠᠵᠤ᠂ ᠨᠣᠮ ᠪᠢᠴᠢᠭ ᠤᠨ ᠦᠵᠡᠭᠦᠯᠭᠡ᠂ ᠶᠠᠩᠵᠤ ᠦᠵᠡᠵᠦ ᠪᠠᠷᠠᠭ᠎ᠠ ᠵᠠᠬᠢᠶᠠᠯᠠᠬᠤ᠂ ᠲᠤᠬᠠᠶᠢᠯᠠᠭᠰᠠᠨ ᠠᠵᠢᠯ ᠤᠨ ᠰᠤᠳᠤᠯᠤᠨ ᠶᠠᠷᠢᠯᠴᠠᠯᠭ᠎ᠠ᠂ ᠮᠡᠳᠡᠭᠡ ᠵᠠᠩᠭᠢ ᠶᠢᠨ ᠰᠣᠯᠢᠯᠴᠠᠭ᠎ᠠ ᠬᠢᠬᠦ ᠵᠡᠷᠭᠡ ᠶᠢ ᠨᠢᠭᠡ ᠴᠣᠭᠴᠠᠵᠢᠭᠤᠯᠤᠭᠰᠠᠨ ᠥᠨᠳᠥᠷ ᠲᠦᠪᠰᠢᠨ ᠪᠦᠬᠦᠢ ᠰᠣᠶᠣᠯ ᠤᠨ ᠰᠣᠯᠢᠯᠴᠠᠭ᠎ᠠ ᠶᠢᠨ ᠣᠷᠣᠨ ᠵᠠᠢ ᠶᠢ ᠬᠠᠩᠭᠠᠵᠤ ᠥᠭᠭᠦᠭᠰᠡᠨ ᠪᠠᠶᠢᠨ᠎ᠠ᠃     ᠪᠦᠭᠦ ᠤᠯᠤᠰ ᠤᠨ ᠪᠠᠭᠠᠴᠤᠳ ᠬᠡᠦᠬᠡᠳ ᠤᠨ ᠨᠣᠮ ᠪᠢᠴᠢᠭ ᠤᠨ ᠠᠷᠠᠯᠵᠢᠶᠠᠨ ᠤ ᠴᠤᠭᠯᠠᠭᠠᠨ ᠤ ᠲᠤᠬᠠᠢ ᠶᠢᠨ ᠲᠠᠯᠠᠪᠠᠶ ᠳᠤ ᠳᠤᠮᠳᠠᠳᠤ ᠤᠯᠤᠰ ᠤᠨ ᠪᠠᠭᠠᠴᠤᠳ ᠬᠡᠦᠬᠡᠳ ᠤᠨ ᠰᠣᠨᠢᠨ ᠮᠡᠳᠡᠭᠡ ᠬᠡᠪᠯᠡᠯ ᠤᠨ ᠶᠡᠷᠦᠩᠬᠡᠢ ᠬᠤᠷᠢᠶ᠎ᠠ᠂ ᠠᠨᠾᠦ᠋ᠢ ᠶᠢᠨ ᠪᠠᠭᠠᠴᠤᠳ ᠬᠡᠦᠬᠡᠳ ᠤᠨ ᠬᠡᠪᠯᠡᠯ ᠤᠨ ᠬᠤᠷᠢᠶ᠎ᠠ᠂ ᠬᠤᠨᠠᠨ ᠤ ᠪᠠᠭᠠᠴᠤᠳ ᠬᠡᠦᠬᠡᠳ ᠤᠨ ᠬᠡᠪᠯᠡᠯ ᠤᠨ ᠬᠤᠷᠢᠶ᠎ᠠ ᠵᠡᠷᠭᠡ 40 ᠭᠠᠷᠤᠢ ᠬᠡᠪᠯᠡᠯ ᠤᠨ ᠬᠤᠷᠢᠶ᠎ᠠ ᠶᠢᠨ 20 ᠲᠦᠮᠡᠨ ᠰᠣᠳᠣᠨ ᠨᠣᠮ ᠪᠢᠴᠢᠭ ᠢ ᠳᠡᠯᠭᠡᠨ ᠪᠣᠷᠣᠯᠠᠭᠤᠯᠵᠤ ᠪᠤᠢ᠃ ᠡᠭᠦᠨ ᠠᠴᠠ ᠭᠠᠳᠠᠨ᠎ᠠ ᠪᠠᠰᠠ ᠵᠥᠩ ᠰᠢᠨ ᠬᠡᠪᠯᠡᠯ ᠤᠨ ᠺᠤᠮᠫᠠᠨᠢ᠂ ᠠᠷᠠᠳ ᠤᠨ ᠤᠳᠬ᠎ᠠ ᠵᠣᠬᠢᠶᠠᠯ᠂ ᠵᠢᠶᠠᠩᠰᠤ ᠶᠢᠨ ᠢ ᠯᠢᠨ ᠨᠣᠮ ᠤᠨ ᠺᠤᠮᠫᠠᠨᠢ᠂ ᠸᠧᠨ ᠰᠢᠤᠸᠠᠨ ᠨᠣᠮ ᠤᠨ ᠰᠦᠯᠵᠢᠶ᠎ᠡ ᠵᠡᠷᠭᠡ ᠤᠯᠤᠰ ᠤᠨ ᠳᠣᠲᠣᠭᠠᠳᠤ ᠶᠢᠨ ᠨᠥᠯᠥᠭᠡ ᠶᠡᠬᠡᠲᠡᠢ ᠬᠡᠪᠯᠡᠯ ᠤᠨ ᠨᠢᠭᠡᠴᠢ᠂ ᠰᠣᠶᠣᠯ ᠤᠨ ᠠᠵᠤ ᠠᠬᠤᠶᠢᠯᠠᠯ ᠨᠢ 1000 ᠭᠠᠷᠤᠢ ᠵᠦᠢᠯ ᠤᠨ ᠰᠣᠳᠣᠨ ᠨᠣᠮ ᠪᠢᠴᠢᠭ ᠢᠶᠠᠨ ᠠᠷᠠᠯᠵᠢᠶᠠᠨ ᠤ ᠴᠤᠭᠯᠠᠭᠠᠨ ᠳᠤ ᠳᠡᠯᠭᠡᠨ ᠪᠣᠷᠣᠯᠠᠭᠤᠯᠵᠤ᠂ ᠥᠷᠭᠡᠨ ᠣᠯᠠᠨ ᠤᠩᠰᠢᠬᠴᠢ ᠶᠢᠨ ᠤᠩᠰᠢᠯᠭ᠎ᠠ ᠶᠢᠨ ᠬᠡᠷᠡᠭᠴᠡᠭᠡ ᠶᠢ ᠬᠠᠩᠭᠠᠪᠠ᠃ ᠡᠭᠦᠨ ᠳᠤ ᠲᠤᠮᠳᠠᠳᠤ ᠤᠯᠤᠰ ᠤᠨ ᠬᠡᠪᠯᠡᠯ ᠤᠨ ᠨᠡᠶᠢᠭᠡᠮᠯᠢᠭ ᠤᠨ ᠪᠠᠭᠠᠴᠤᠳ ᠬᠡᠦᠬᠡᠳ ᠤᠨ ᠨᠣᠮ ᠪᠢᠴᠢᠭ ᠤᠨ ᠠᠵᠢᠯ ᠤᠨ ᠵᠥᠪᠯᠡᠯ᠂ ᠲᠤᠮᠳᠠᠳᠤ ᠤᠯᠤᠰ ᠤᠨ ᠨᠠᠶᠢᠷᠠᠭᠤᠯᠤᠭᠴᠢ ᠶᠢᠨ ᠨᠡᠶᠢᠭᠡᠮᠯᠢᠭ ᠤᠨ ᠪᠠᠭᠠᠴᠤᠳ ᠬᠡᠦᠬᠡᠳ ᠤᠨ ᠨᠣᠮ ᠪᠢᠴᠢᠭ ᠤᠨ ᠲᠤᠰᠬᠠᠢ ᠮᠡᠷᠭᠡᠵᠢᠯ ᠤᠨ ᠵᠥᠪᠯᠡᠯ᠂ ᠲᠤᠮᠳᠠᠳᠤ ᠤᠯᠤᠰ ᠤᠨ ᠨᠣᠮ ᠰᠡᠳᠬᠦᠯ ᠲᠠᠷᠬᠠᠭᠠᠬᠤ ᠠᠵᠢᠯ ᠲᠦᠷᠤᠯ ᠤᠨ ᠨᠡᠶᠢᠭᠡᠮᠯᠢᠭ ᠤᠨ ᠪᠠᠭᠠᠴᠤᠳ ᠬᠡᠦᠬᠡᠳ ᠤᠨ ᠨᠣᠮ ᠪᠢᠴᠢᠭ ᠲᠠᠷᠬᠠᠭᠠᠬᠤ ᠠᠵᠢᠯ ᠤᠨ ᠵᠥᠪᠯᠡᠯ ᠠᠴᠠ ᠮᠠᠨ ᠤ ᠣᠷᠣᠨ ᠤ 12 ᠠᠶᠢᠮᠠᠭ ᠬᠤᠳᠠ ᠶᠢᠨ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠬᠴᠢᠳ ᠤᠨ ᠲᠥᠯᠥᠭᠡᠯᠡᠭᠴᠢᠳ ᠲᠤ 70 ᠭᠠᠷᠤᠢ ᠲᠦᠮᠡᠨ ᠲᠥᠭᠦᠷᠢᠭ ᠤᠨ ᠦᠷᠳᠡᠭ ᠪᠦᠬᠦᠢ 22000 ᠭᠠᠷᠤᠢ ᠳᠡᠪᠲᠡᠷ ᠢ ᠬᠠᠨᠳᠢᠪᠯᠡᠪᠠ᠃     ᠤᠩᠰᠢᠭᠴᠢᠳ ᠤᠨ ᠣᠯᠠᠨ ᠡᠰᠢᠵᠢᠭᠰᠡᠨ ᠤᠩᠰᠢᠯᠭ᠎ᠠ ᠶᠢᠨ ᠱᠠᠭᠠᠷᠳᠠᠯᠭ᠎ᠠ ᠶᠢ ᠪᠦᠭᠦ ᠲᠠᠯ᠎ᠠ ᠪᠠᠷ ᠬᠠᠩᠭᠠᠬᠤ ᠶᠢᠨ ᠲᠥᠯᠥᠭᠡ ᠪᠦᠭᠦ ᠤᠯᠤᠰ ᠤᠨ ᠪᠠᠭᠠᠴᠤᠳ ᠬᠡᠦᠬᠡᠳ ᠤᠨ ᠨᠣᠮ ᠪᠢᠴᠢᠭ ᠤᠨ ᠠᠷᠠᠯᠵᠢᠶᠠᠨ ᠤ ᠴᠤᠭᠯᠠᠭᠠᠨ ᠤ ᠬᠤᠭᠤᠴᠠᠭᠠᠨ ᠳᠤ ︽︿ᠴᠣᠯᠮᠣᠨ﹀ ᠬᠡᠦᠬᠡᠳ ᠤᠨ ᠤᠷᠠᠨ ᠵᠣᠬᠢᠶᠠᠯ︾ ᠴᠤᠪᠤᠷᠠᠯ ᠨᠣᠮ ᠤᠨ ᠬᠤᠪᠢᠶᠠᠯᠴᠠᠬᠤ ᠬᠤᠷᠠᠯ᠂ ︽ᠦᠵᠡᠰᠬᠦᠯᠡᠩᠲᠦ ᠰᠠᠶᠢᠬᠠᠨ ᠳᠤᠮᠳᠠᠳᠤ ᠤᠯᠤᠰ·ᠥᠯᠥᠭᠡᠢ ᠨᠤᠲᠤᠭ ᠤᠨ ᠤᠩᠰᠢᠭᠤ︾ ︵ᠱᠤᠭ ᠵᠢᠷᠤᠭ ᠤᠨ ᠬᠡᠪᠯᠡᠯ︶ ᠰᠢᠷᠢᠰ ᠰᠢᠨ᠎ᠡ ᠨᠣᠮ ᠨᠡᠶᠢᠲᠡᠯᠡᠬᠦ ᠬᠤᠷᠠᠯ᠂ ᠰᠣᠩᠭᠤᠳᠠᠭ ᠶᠠᠷᠢᠯᠴᠠᠭ᠎ᠠ᠂ ᠰᠢ ᠵᠦᠴᠦᠭᠡ ᠶᠢᠨ ᠰᠣᠶᠣᠯ ᠢ ᠤᠯᠠᠮᠵᠢᠯᠠᠨ ᠵᠠᠯᠭᠠᠮᠵᠢᠯᠠᠬᠤ ᠬᠤᠷᠠᠯ᠂ ︽ᠤᠯᠤᠰ ᠤᠨ ᠡᠷᠳᠡᠨᠢ ᠳᠤ ᠨᠢᠭᠤᠭᠳᠠᠵᠤ ᠪᠠᠶᠢᠭ᠎ᠠ ᠳᠤᠮᠳᠠᠳᠤ ᠤᠯᠤᠰ ᠤᠨ ᠨᠢᠭᠤᠴᠠ ᠨᠣᠮᠧᠷ︾᠎ ᠢ ᠭᠠᠷ ᠤᠨ ᠥᠰᠥᠭ ᠵᠢᠷᠤᠵᠤ ᠬᠤᠳᠠᠯᠳᠤᠬᠤ ᠬᠤᠷᠠᠯ ᠵᠡᠷᠭᠡ ᠤᠯᠠᠨ ᠵᠦᠢᠯ ᠤᠨ ᠥᠪᠡᠷᠮᠢᠴᠡ ᠣᠨᠴᠠᠯᠢᠭ ᠲᠠᠢ ᠤᠩᠰᠢᠯᠭ᠎ᠠ ᠶᠢᠨ ᠠᠵᠢᠯᠯᠠᠭ᠎ᠠ ᠶᠢ ᠡᠷᠭᠢᠯᠡᠨ ᠶᠠᠪᠤᠭᠳᠠᠭᠤᠯᠵᠤ ᠪᠤᠢ᠃ ᠲᠤᠬᠠᠢ ᠶᠢᠨ ᠲᠠᠯᠠᠪᠠᠶ ᠳᠤ ᠪᠠᠰᠠ ︽ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠠᠶᠠᠯᠠᠯ·ᠬᠡᠦᠬᠡᠳ ᠤᠨ ︿ᠬᠠᠶᠢᠷ᠎ᠠ﹀᠎ ᠪᠠᠷ ᠤᠮᠠᠷᠠᠲᠤ ᠬᠢᠯᠢ ᠶᠢ ᠵᠢᠷᠤᠭᠯᠠᠬᠤ︾ ᠪᠦᠭᠦ ᠣᠷᠣᠨ ᠤ ᠪᠠᠭᠠᠴᠤᠳ ᠬᠡᠦᠬᠡᠳ ᠤᠨ ᠤᠷᠠᠨ ᠵᠢᠷᠤᠭ ᠢ ᠡᠯᠰᠡᠨ ᠰᠢᠯᠭᠠᠷᠠᠭᠤᠯᠬᠤ ᠠᠵᠢᠯᠯᠠᠭ᠎ᠠ ᠶᠢᠨ ᠱᠠᠩᠨᠠᠯ ᠣᠯᠭᠤᠬᠤ ᠶᠣᠰᠣᠯᠠᠯ᠂ ︽ᠪᠠᠭᠠᠴᠤᠳ ᠬᠡᠦᠬᠡᠳ ᠤᠨ ᠨᠣᠮ ᠬᠡᠪᠯᠡᠯ ᠬᠢᠭᠡᠳ ᠤᠩᠰᠢᠯᠭ᠎ᠠ ᠶᠢᠨ ᠦᠢᠯᠡᠴᠢᠯᠡᠭᠡ︾᠎ ᠶᠢᠨ ᠭᠤᠣᠯ ᠰᠡᠳᠦᠪᠲᠦ ᠶᠠᠷᠢᠶᠠᠨ ᠤ ᠲᠠᠪᠴᠠᠩ᠂ ︽ᠤᠮᠠᠷᠠᠲᠤ ᠬᠢᠯᠢ ᠶᠢᠨ ᠤᠩᠰᠢᠯᠭ᠎ᠠ ᠣᠶᠤᠨᠴᠢ ᠢᠷᠡᠭᠡᠳᠦᠢ ᠶᠢ ᠨᠡᠭᠡᠭᠡᠬᠦ︾ ᠪᠦᠭᠦ ᠤᠯᠤᠰ ᠤᠨ ᠪᠠᠭᠠᠴᠤᠳ ᠬᠡᠦᠬᠡᠳ ᠤᠨ ᠨᠣᠮ ᠤᠨ ᠰᠠᠩ ᠎ ᠳᠤ ᠬᠠᠳᠠᠭᠠᠯᠠᠵᠤ ᠪᠠᠶᠢᠭ᠎ᠠ ᠨᠣᠮ ᠪᠢᠴᠢᠭ ᠵᠠᠬᠢᠶᠠᠯᠠᠬᠤ ᠬᠤᠷᠠᠯ ᠵᠡᠷᠭᠡ ᠠᠵᠢᠯᠯᠠᠭ᠎ᠠ ᠥᠷᠨᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠨᠣᠮ ᠬᠡᠪᠯᠡᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠦᠷᠢᠨ ᠬᠠᠷᠠᠭᠤᠯᠪᠠ᠃     ᠨᠡᠩ ᠴᠸ ᠥᠷᠭᠡᠨ ᠣᠯᠠᠨ ᠤᠩᠰᠢᠭᠴᠢᠳ ᠤᠨ ᠨᠣᠮ ᠬᠤᠳᠠᠯᠳᠤᠨ ᠠᠪᠬᠤ ᠬᠡᠷᠡᠭᠴᠡᠭᠡ ᠶᠢ ᠬᠠᠩᠭᠠᠬᠤ ᠶᠢᠨ ᠲᠥᠯᠥᠭᠡ ᠲᠤᠬᠠᠢ ᠶᠢᠨ ᠲᠠᠯᠠᠪᠠᠶ ᠳᠤ ᠨᠣᠮ ᠬᠤᠳᠠᠯᠳᠤᠨ ᠠᠪᠤᠪᠠᠯ 5 ᠨᠤᠭᠤᠯᠬᠤ ᠵᠡᠷᠭᠡ ᠤᠯᠠᠨ ᠵᠦᠢᠯ ᠤᠨ ᠬᠢᠮᠳᠠᠷᠠᠯ ᠤᠨ ᠠᠵᠢᠯᠯᠠᠭ᠎ᠠ ᠥᠷᠨᠢᠭᠦᠯᠦᠭᠰᠡᠨ ᠨᠢ ᠤᠩᠰᠢᠭᠴᠢᠳ ᠤᠨ ᠬᠠᠯᠠᠭᠤᠨ ᠬᠦᠷᠢᠶᠡᠯᠡᠯ ᠢ ᠣᠯᠵᠤ ᠪᠠᠶᠢᠨ᠎ᠠ᠃
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ