ᠳᠤᠯᠠᠭᠠᠨ ᠬᠤᠲᠠ ᠶᠢᠨ ︽ᠰᠢᠨ᠎ᠡ ᠠᠷᠠᠳ︾ ᠲᠤ ᠦᠢᠯᠡᠴᠢᠯᠡᠬᠦ 0477 ᠰᠢᠷᠢᠰ ᠠᠷᠭ᠎ᠠ ᠬᠡᠮᠵᠢᠶ᠎ᠡ
ᠨᠡᠶᠢᠲᠡᠯᠡᠭᠰᠡᠨ ᠴᠠᠭ᠄
2024/9/10
    ᠡᠷᠦᠬᠡ ᠠᠮᠠ ᠣᠷᠣᠭᠤᠯᠬᠤ ᠲᠥᠷᠥ ᠶᠢᠨ ᠪᠣᠳᠣᠯᠭ᠎ᠠ᠂ ︽ᠳᠥᠷᠪᠡ ᠶᠢ ᠳᠤᠯᠠᠭᠠᠴᠠᠭᠤᠯᠬᠤ︾ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ᠂︽ᠳᠣᠯᠤᠭ᠎ᠠ ᠶᠢ ᠰᠢᠯᠢᠳᠡᠭᠵᠢᠬᠦᠯᠬᠦ︾ ᠦᠢᠯᠡᠴᠢᠯᠡᠭᠡᠨ ᠤ ᠲᠥᠷᠥ ᠶᠢᠨ ᠪᠣᠳᠣᠯᠭ᠎ᠠ᠂ ︽ᠳᠣᠯᠤᠭ᠎ᠠ ᠳᠤ ᠰᠠᠨᠠᠭᠠᠰᠢᠷᠠᠬᠤ ᠦᠭᠡᠢ ᠪᠠᠶᠢᠯᠭᠠᠬᠤ︾ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃    ᠡᠷᠦᠬᠡ ᠠᠮᠠ ᠣᠷᠣᠭᠤᠯᠬᠤ ᠲᠥᠷᠥ ᠶᠢᠨ ᠪᠣᠳᠣᠯᠭ᠎ᠠ ᠨᠢ ᠭᠤᠣᠯᠳᠠᠭᠤ ᠬᠤᠲᠠ ᠪᠠᠯᠭᠠᠰᠤᠨ ᠳᠤ ᠡᠷᠦᠬᠡ ᠠᠮᠠ ᠣᠷᠣᠭᠤᠯᠬᠤ ᠶᠢ ᠪᠥᠬᠦ ᠲᠠᠯ᠎ᠠ ᠪᠠᠷ ᠴᠢᠯᠦᠭᠡᠲᠡᠢ ᠪᠣᠯᠭᠠᠨ᠎ᠠ᠃ ᠡᠷᠦᠬᠡ ᠠᠮᠠ ᠣᠷᠣᠭᠰᠠᠨ ᠬᠥᠮᠥᠰ ᠤᠨ ᠬᠦᠰᠡᠯ ᠰᠠᠨᠠᠭ᠎ᠠ ᠶᠢ ᠦᠨᠳᠦᠰᠦᠯᠡᠨ ᠨᠠᠶᠢᠳᠠᠪᠤᠷᠢᠵᠢᠭᠤᠯᠬᠤ ᠬᠦᠰᠡᠯ ᠢ ᠨᠢ ᠪᠡᠶᠡᠯᠡᠭᠦᠯᠦᠨ᠎ᠠ᠃ ᠡᠷᠦᠬᠡ ᠠᠮᠠ ᠣᠷᠣᠭᠤᠯᠬᠤ ᠶᠢ ᠵᠣᠷᠢᠭᠵᠢᠭᠤᠯᠵᠤ᠂ 16 ᠠᠴᠠ 45 ᠪᠦᠬᠦᠯᠢ ᠨᠠᠰᠤᠨ ᠤ ᠡᠷᠦᠬᠡ ᠠᠮᠠ ᠣᠷᠣᠭᠤᠯᠤᠭᠰᠠᠨ ᠬᠥᠮᠥᠰ ᠲᠤ ᠬᠥᠮᠥᠨ ᠪᠦᠷᠢ 1000 ᠲᠥᠭᠦᠷᠢᠭ ᠤᠨ ᠨᠢᠭᠡ ᠯᠡ ᠤᠳᠠᠭ᠎ᠠ ᠶᠢᠨ ᠴᠢᠨᠠᠷᠲᠠᠢ ᠡᠷᠦᠬᠡ ᠠᠮᠠ ᠣᠷᠣᠭᠤᠯᠬᠤ ᠨᠥᠬᠦᠪᠦᠷᠢ ᠣᠯᠭᠤᠨ᠎ᠠ᠃    ︽ᠳᠥᠷᠪᠡ ᠶᠢ ᠳᠤᠯᠠᠭᠠᠴᠠᠭᠤᠯᠬᠤ︾ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠨᠢ ᠭᠤᠣᠯᠳᠠᠭᠤ ᠬᠤᠲᠠ ᠶᠢᠨ ᠠᠷᠠᠳ ᠤᠨ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠪᠠᠷᠤᠯᠠᠨ᠎ᠠ᠃    1.ᠴᠢᠨᠠᠷ ᠰᠠᠶᠢᠲᠠᠢ ᠠᠵᠢᠯ ᠤᠨ ᠪᠠᠶᠢᠷᠢ ᠶᠢ ᠨᠡᠮᠡᠭᠳᠡᠭᠦᠯᠦᠨ᠎ᠡ᠃    2.ᠠᠵᠢᠯ ᠤᠨ ᠪᠠᠶᠢᠷᠢ ᠶᠢ ᠲᠣᠭᠲᠠᠪᠤᠷᠢᠵᠢᠭᠤᠯᠵᠤ ᠠᠵᠢᠯ ᠤᠨ ᠪᠠᠶᠢᠷᠢ ᠶᠢ ᠥᠷᠭᠡᠳᠭᠡᠬᠦ ᠶᠢ ᠶᠡᠬᠡᠪᠡᠷ ᠳᠡᠮᠵᠢᠨ᠎ᠡ᠃    3.ᠦᠢᠯᠡᠰ ᠪᠦᠲᠦᠭᠡᠬᠦ ᠶᠢ ᠳᠡᠳᠬᠦᠬᠦ ᠡᠷᠴᠢᠮ ᠢᠶᠠᠨ ᠴᠢᠩᠭᠠᠷᠠᠭᠤᠯᠤᠨ᠎ᠠ᠃    4.︽ᠴᠢᠳᠠᠪᠤᠷᠢᠲᠠᠨ ᠢ ᠳᠤᠯᠠᠭᠠᠴᠠᠭᠤᠯᠬᠤ︾ ᠪᠠᠷ ᠵᠠᠯᠠᠭᠤᠴᠤᠳ ᠤᠨ ᠠᠵᠢᠯ ᠣᠯᠭᠤᠯᠲᠠ ᠶᠢ ᠭᠤᠣᠯᠳᠠᠯᠭ᠎ᠠ ᠲᠠᠢ ᠳᠡᠮᠵᠢᠨ᠎ᠡ᠃    ︽ᠳᠣᠯᠤᠭ᠎ᠠ ᠶᠢ ᠰᠢᠯᠢᠳᠡᠭᠵᠢᠬᠦᠯᠬᠦ︾ ᠦᠢᠯᠡᠴᠢᠯᠡᠭᠡᠨ ᠤ ᠲᠥᠷᠥ ᠶᠢᠨ ᠪᠣᠳᠣᠯᠭ᠎ᠠ ᠨᠢ ᠭᠤᠣᠯᠳᠠᠭᠤ ᠬᠤᠲᠠ ᠶᠢᠨ ᠠᠷᠠᠳ ᠲᠤ ᠡᠯ᠎ᠡ ᠲᠥᠷᠥᠯ ᠤᠨ ᠴᠢᠨᠠᠷ ᠰᠠᠶᠢᠲᠠᠢ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡ ᠬᠠᠩᠭᠠᠨ᠎ᠠ᠃    1.ᠴᠢᠨᠠᠷ ᠰᠠᠶᠢᠲᠠᠢ ᠬᠥᠮᠥᠨ ᠤ ᠡᠬᠢ ᠪᠠᠶᠠᠯᠢᠭ ᠤᠨ ᠦᠢᠯᠡᠴᠢᠯᠡᠭᠡ ᠬᠠᠩᠭᠠᠨ᠎ᠠ᠃    2.ᠴᠢᠨᠠᠷ ᠰᠠᠶᠢᠲᠠᠢ ᠣᠷᠣᠨ ᠰᠠᠭᠤᠴᠠ ᠶᠢᠨ ᠪᠠᠲᠤᠯᠠᠭ᠎ᠠ ᠶᠢᠨ ᠦᠢᠯᠡᠴᠢᠯᠡᠭᠡ ᠬᠠᠩᠭᠠᠨ᠎ᠠ᠃    3. ᠠᠷᠠᠳ ᠲᠤ ᠳᠥᠬᠦᠮ ᠦᠵᠡᠭᠦᠯᠬᠦ ᠰᠠᠶᠢᠨ ᠰᠠᠶᠢᠬᠠᠨ ᠠᠮᠢᠳᠤᠷᠠᠯ ᠤᠨ ᠦᠢᠯᠡᠴᠢᠯᠡᠭᠡ ᠬᠠᠩᠭᠠᠨ᠎ᠠ᠃    4.ᠡᠮᠴᠢᠯᠡᠭᠡᠨ ᠤ ᠪᠠᠲᠤᠯᠠᠭ᠎ᠠ ᠶᠢᠨ ᠴᠢᠨᠠᠷ ᠰᠠᠶᠢᠲᠠᠢ ᠦᠢᠯᠡᠴᠢᠯᠡᠭᠡ ᠬᠠᠩᠭᠠᠨ᠎ᠠ᠃    5.ᠣᠯᠠᠨ ᠨᠡᠶᠢᠲᠡ ᠶᠢᠨ ᠶᠠᠪᠤᠵᠤ ᠰᠠᠭᠤᠬᠤ ᠳᠤ ᠰᠢᠯᠢᠳᠡᠭ ᠦᠢᠯᠡᠴᠢᠯᠡᠭᠡ ᠬᠠᠩᠭᠠᠨ᠎ᠠ᠃    6.ᠤᠷᠤᠭ ᠳᠠᠩᠰᠠᠯᠠᠬᠤ ᠰᠢᠯᠢᠳᠡᠭ ᠦᠢᠯᠡᠴᠢᠯᠡᠭᠡ ᠬᠠᠩᠭᠠᠨ᠎ᠠ᠃    7.ᠴᠢᠨᠠᠷ ᠰᠠᠶᠢᠲᠠᠢ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ ᠦᠢᠯᠡᠴᠢᠯᠡᠭᠡ ᠬᠠᠩᠭᠠᠨ᠎ᠠ᠃    ︽ᠳᠣᠯᠤᠭ᠎ᠠ ᠳᠤ ᠰᠠᠨᠠᠭᠠᠰᠢᠷᠠᠬᠤ ᠦᠭᠡᠢ ᠪᠠᠶᠢᠯᠭᠠᠬᠤ︾ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠨᠢ ᠭᠤᠣᠯᠳᠠᠭᠤ᠄    1.ᠠᠵᠢᠯ ᠡᠷᠢᠬᠦ ᠳᠤ ᠰᠠᠨᠠᠭᠠᠰᠢᠷᠠᠬᠤ ᠦᠭᠡᠢ ᠪᠠᠶᠢᠯᠭᠠᠨ᠎ᠠ᠃    2.ᠠᠮᠤᠷ ᠳᠥᠪᠰᠢᠨ ᠤ ᠠᠰᠠᠭᠤᠳᠠᠯ ᠳᠤ ᠰᠠᠨᠠᠭᠠᠰᠢᠷᠠᠬᠤ ᠦᠭᠡᠢ ᠪᠠᠶᠢᠯᠭᠠᠨ᠎ᠠ᠃    3.ᠬᠡᠦᠬᠡᠳ ᠠᠪᠬᠤ ᠳᠤ ᠰᠠᠨᠠᠭᠠᠰᠢᠷᠠᠬᠤ ᠦᠭᠡᠢ ᠪᠠᠶᠢᠯᠭᠠᠨ᠎ᠠ᠃    4.ᠰᠤᠷᠭᠠᠨ ᠬᠥᠮᠥᠵᠢᠯ ᠳᠤ ᠰᠠᠨᠠᠭᠠᠰᠢᠷᠠᠬᠤ ᠦᠭᠡᠢ ᠪᠠᠶᠢᠯᠭᠠᠨ᠎ᠠ᠃    5.ᠡᠮ ᠡᠮᠨᠡᠯᠭᠡ ᠶᠢᠨ ᠠᠰᠠᠭᠤᠳᠠᠯ ᠳᠤ ᠰᠠᠨᠠᠭᠠᠰᠢᠷᠠᠬᠤ ᠦᠭᠡᠢ ᠪᠠᠶᠢᠯᠭᠠᠨ᠎ᠠ᠃    6.ᠨᠠᠰᠤᠵᠢᠯ ᠤᠨ ᠠᠰᠠᠷᠠᠮᠵᠢ ᠳᠤ ᠰᠠᠨᠠᠭᠠᠰᠢᠷᠠᠬᠤ ᠦᠭᠡᠢ ᠪᠠᠶᠢᠯᠭᠠᠨ᠎ᠠ᠃    7.ᠬᠤᠲᠠ ᠳᠤ ᠣᠷᠣᠬᠤ ᠳᠤ ᠰᠠᠨᠠᠭᠠᠰᠢᠷᠠᠬᠤ ᠦᠭᠡᠢ ᠪᠠᠶᠢᠯᠭᠠᠨ᠎ᠠ᠃ 
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ