︽ᠵᠠᠮ ᠬᠠᠷᠢᠯᠴᠠᠭᠠᠨ ᠤ ᠬᠠᠮᠢᠶᠠᠷᠤᠯᠲᠠ ᠶᠢᠨ 12123︾ APP ᠨᠢᠭᠡᠴᠡ ᠶᠢᠨ ᠬᠡᠷᠡᠭᠯᠡᠭᠴᠢ ᠶᠢᠨ ᠬᠡᠪᠯᠡᠯ ᠢ ᠨᠢᠭᠡᠨᠲᠡ ᠰᠦᠯᠵᠢᠶᠡᠨ ᠳᠤ ᠭᠠᠷᠭᠠᠪᠠ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠬᠡᠷᠡᠭᠯᠡᠬᠦ ᠠᠷᠭ᠎ᠠ ᠶᠢ ᠨᠠᠷᠢᠨ ᠲᠠᠶᠢᠯᠪᠤᠷᠢᠯᠠᠨ᠎ᠠ
ᠨᠡᠶᠢᠲᠡᠯᠡᠭᠰᠡᠨ ᠴᠠᠭ᠄
2024/9/10
    ᠰᠤᠷᠪᠤᠯᠵᠢᠯᠠᠭᠴᠢ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠣᠶᠢᠯᠠᠭᠠᠵᠤ ᠮᠡᠳᠡᠭᠰᠡᠨ ᠨᠢ᠂ ︽ᠵᠠᠮ ᠬᠠᠷᠢᠯᠴᠠᠭᠠᠨ ᠤ ᠬᠠᠮᠢᠶᠠᠷᠤᠯᠲᠠ ᠶᠢᠨ 12123︾ APP ᠨᠢᠭᠡᠴᠡ ᠶᠢᠨ ᠬᠡᠷᠡᠭᠯᠡᠭᠴᠢ ᠶᠢᠨ ᠬᠡᠪᠯᠡᠯ ᠨᠢ ᠲᠤᠰ ᠰᠠᠷ᠎ᠠ ᠳᠤ ᠵᠢᠩᠬᠢᠨᠢ ᠪᠠᠷ ᠰᠦᠯᠵᠢᠶᠡᠨ ᠳᠤ ᠭᠠᠷᠴᠤ᠂ ᠠᠯᠪᠠᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠢᠨᠲ᠋ᠧᠷ ᠰᠦᠯᠵᠢᠶ᠎ᠡ ᠪᠠᠷ ᠳᠠᠮᠵᠢᠨ ᠬᠡᠵᠢᠶ᠎ᠡ ᠬᠠᠮᠢᠭ᠎ᠠ ᠴᠤ ᠭᠡᠰᠡᠨ ᠰᠦᠯᠵᠢᠶᠡᠨ ᠳᠡᠭᠡᠷ᠎ᠡ ᠵᠢᠯᠣᠭᠤᠴᠢ ᠶᠢᠨ ᠮᠡᠳᠡᠭᠡ ᠵᠠᠩᠭᠢ ᠶᠢ ᠳᠠᠩᠰᠠᠯᠠᠭᠤᠯᠬᠤ ᠳᠤ ᠤᠯᠠᠮ ᠨᠢᠭᠡ ᠠᠯᠬᠤᠮ ᠳᠥᠭᠦᠮ ᠦᠵᠡᠭᠦᠯᠪᠡ᠃ ᠰᠢᠨ᠎ᠡ ᠬᠡᠪᠯᠡᠯ ᠤᠨ ᠵᠥᠭᠡᠯᠡᠨ ᠬᠡᠷᠡᠭᠰᠡᠯ ᠨᠢ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠲᠡᠮᠳᠡᠭᠯᠡᠯ ᠢ ᠪᠠᠶᠢᠴᠠᠭᠠᠨ ᠯᠠᠪᠯᠠᠬᠤ ᠲᠠᠢ ᠪᠠᠶᠢᠵᠤ᠂ ᠫᠠᠶᠢᠰᠠ ᠦᠨᠡᠮᠯᠡᠯ ᠨᠥᠬᠦᠨ ᠠᠪᠬᠤ᠂ ᠲᠡᠷᠭᠡ ᠬᠥᠰᠬᠡ ᠶᠢᠨ ᠪᠠᠶᠢᠴᠠᠭᠠᠯᠲᠠ ᠠᠴᠠ ᠬᠡᠯᠲᠦᠷᠢᠭᠦᠯᠬᠦ ᠲᠡᠮᠳᠡᠭ ᠭᠤᠶᠤᠴᠢᠯᠠᠬᠤ ᠵᠡᠷᠭᠡ ᠲᠤᠬᠠᠶᠢᠯᠠᠭᠰᠠᠨ ᠠᠵᠢᠯ ᠢ ᠭᠦᠢᠴᠡᠳᠬᠡᠵᠦ᠂ ᠠᠯᠠᠭᠠᠨ ᠳᠡᠭᠡᠷ᠎ᠡ ᠭᠡᠷᠡᠴᠢ ᠭᠠᠷᠭᠠᠨ ᠺᠣᠳ᠋ ᠢᠶᠠᠨ ᠭᠠᠷᠭᠠᠬᠤ ᠶᠢ ᠪᠡᠶᠡᠯᠡᠭᠦᠯᠵᠦ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠳᠡ ᠬᠡᠷᠡᠭᠯᠡᠬᠦ ᠠᠷᠭ᠎ᠠ ᠶᠢ ᠨᠠᠷᠢᠨ ᠲᠠᠶᠢᠯᠪᠤᠷᠢᠯᠠᠵᠤ ᠥᠭᠪᠡ᠃ ᠬᠡᠷᠡᠭᠯᠡᠭᠴᠢ ᠲᠡᠮᠳᠡᠭᠯᠡᠬᠦ ᠨᠢᠭᠡᠴᠡ ᠶᠢᠨ ᠬᠡᠷᠡᠭᠯᠡᠭᠴᠢ ᠶᠢᠨ ᠲᠠᠩᠰᠠ ᠶᠢᠨ ᠨᠣᠮᠧᠷ ᠢ ᠬᠠᠤᠯᠢ ᠶᠢᠨ ᠡᠷᠬᠡᠲᠡᠨ᠂ ᠬᠠᠮᠢᠶᠠᠷᠤᠭᠴᠢ᠂ ᠡᠩ ᠤᠨ ᠬᠡᠷᠡᠭᠯᠡᠭᠴᠢ ᠭᠡᠵᠦ ᠭᠤᠷᠪᠠᠨ ᠲᠥᠷᠥᠯ ᠳᠤ ᠬᠤᠪᠢᠶᠠᠵᠤ᠂ ᠬᠠᠤᠯᠢ ᠶᠢᠨ ᠡᠷᠬᠡᠲᠡᠨ ᠤ ᠬᠡᠷᠡᠭᠯᠡᠭᠴᠢ ᠬᠠᠷᠢᠶ᠎ᠠ ᠭᠠᠵᠠᠷ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠴᠣᠩᠬᠤᠪᠴᠢ ᠨᠢᠭᠡᠴᠡ ᠶᠢᠨ ᠮᠡᠳᠡᠭᠡ ᠵᠠᠩᠭᠢ ᠶᠢ ᠳᠠᠩᠰᠠᠯᠠᠭᠤᠯᠬᠤ ᠦᠶ᠎ᠡ ᠳᠤ ᠠᠶᠠᠨᠳᠠᠭᠠᠨ ᠪᠣᠶ ᠪᠣᠯᠭᠠᠵᠤ᠂ ᠬᠠᠮᠢᠶᠠᠷᠤᠭᠴᠢ ᠬᠡᠷᠡᠭᠯᠡᠭᠴᠢ ᠪᠠ ᠫᠠᠶᠢᠰᠠ ᠦᠨᠡᠮᠯᠡᠯ ᠢᠶᠠᠨ ᠨᠥᠬᠦᠨ ᠰᠣᠯᠢᠵᠤ ᠠᠪᠬᠤ᠂ ᠲᠡᠷᠭᠡ ᠬᠥᠰᠬᠡ ᠶᠢᠨ ᠪᠠᠶᠢᠴᠠᠭᠠᠯᠲᠠ ᠠᠴᠠ ᠬᠡᠯᠲᠦᠷᠢᠭᠦᠯᠬᠦ ᠲᠡᠮᠳᠡᠭ ᠢ ᠭᠤᠶᠤᠴᠢᠯᠠᠨ ᠠᠪᠬᠤ᠂ ᠲᠡᠷᠭᠡ ᠬᠥᠰᠬᠡ ᠶᠢᠨ ᠡᠯᠧᠺᠲᠷᠣᠨ ᠲᠡᠷᠭᠡ ᠶᠠᠪᠤᠭᠤᠯᠬᠤ ᠦᠨᠡᠮᠯᠡᠯ ᠭᠤᠶᠤᠴᠢᠯᠠᠬᠤ ᠵᠡᠷᠭᠡ ᠲᠤᠬᠠᠶᠢᠯᠠᠭᠰᠠᠨ ᠠᠵᠢᠯ ᠤᠨ ᠡᠩ ᠤᠨ ᠬᠡᠷᠡᠭᠯᠡᠭᠴᠢ ᠬᠠᠷᠢᠶ᠎ᠠ ᠭᠠᠵᠠᠷ ᠤᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠴᠣᠩᠬᠤᠪᠴᠢ ᠳᠤ ᠳᠠᠩᠰᠠᠯᠠᠭᠤᠯᠬᠤ ᠬᠡᠷᠡᠭᠲᠡᠶ᠃ ᠨᠢᠭᠡᠴᠡ ᠶᠢᠨ ᠳᠠᠩᠰᠠᠨ ᠤ ᠨᠣᠮᠧᠷ ᠢ ᠬᠡᠷᠡᠭᠯᠡᠭᠴᠢ ᠲᠤᠰ ᠬᠥᠮᠦᠨ ᠤ ︽ᠵᠠᠮ ᠬᠠᠷᠢᠯᠴᠠᠭᠠᠨ ᠤ ᠬᠠᠮᠢᠶᠠᠷᠤᠯᠲᠠ ᠶᠢᠨ 12123︾ APP ᠳᠤ ᠲᠡᠮᠳᠡᠭᠯᠡᠭᠦᠯᠦᠭᠰᠡᠨ ᠤ ᠳᠠᠷᠠᠭ᠎ᠠ᠂ ᠡᠬᠢᠨ ᠤ ᠨᠢᠭᠤᠷ ᠤᠨ ᠪᠠᠷᠠᠭᠤᠨ ᠳᠡᠭᠡᠷ᠎ᠡ ᠥᠨᠴᠥᠭ ᠢ ᠳᠠᠷᠤᠵᠤ ᠨᠢᠭᠡᠴᠡ ᠶᠢᠨ ᠬᠡᠷᠡᠭᠯᠡᠭᠴᠢ ᠶᠢᠨ ᠬᠡᠪᠯᠡᠯ ᠳᠤ ᠰᠣᠯᠢᠨ᠎ᠠ᠂ ᠬᠡᠷᠪᠡ ᠬᠡᠷᠡᠭᠯᠡᠭᠴᠢ ᠨᠢ ᠣᠯᠠᠨ ᠨᠢᠭᠡᠴᠡ ᠳᠤ ᠬᠡᠷᠡᠭᠯᠡᠭᠴᠢ ᠪᠠᠶᠢᠪᠠᠯ᠂ ᠪᠣᠳᠠᠲᠠᠶ ᠨᠢᠭᠡᠴᠡ ᠶᠢ ᠰᠣᠩᠭᠤᠭᠰᠠᠨ ᠤ ᠳᠠᠷᠠᠭ᠎ᠠ ᠨᠢᠭᠡᠴᠡ ᠶᠢᠨ ᠬᠡᠷᠡᠭᠯᠡᠭᠴᠢ ᠶᠢᠨ ᠬᠡᠪᠯᠡᠯ ᠤᠨ ᠡᠬᠢᠨ ᠤ ᠨᠢᠭᠤᠷ ᠲᠤ ᠣᠷᠣᠬᠤ ᠴᠢᠬᠤᠯᠠᠲᠠᠶ᠃ ᠳᠠᠩᠰᠠᠨ ᠤ ᠳ᠋ᠤᠭᠠᠷ ᠤᠨ ᠬᠠᠮᠢᠶᠠᠷᠤᠯᠲᠠ ᠬᠠᠮᠢᠶᠠᠷᠤᠭᠴᠢ ᠶᠢᠨ ᠬᠡᠷᠡᠭᠯᠡᠭᠴᠢ ᠰᠦᠯᠵᠢᠶᠡᠨ ᠳᠡᠭᠡᠷ᠎ᠡ ᠡᠩ ᠤᠨ ᠬᠡᠷᠡᠭᠯᠡᠭᠴᠢ ᠪᠠ ᠬᠡᠷᠡᠭᠯᠡᠭᠴᠢ ᠶᠢ ᠰᠢᠯᠵᠢᠭᠦᠯᠦᠨ ᠭᠠᠷᠭᠠᠵᠤ ᠪᠣᠯᠤᠨ᠎ᠠ᠂ ᠨᠡᠪᠲᠡᠷᠡᠭᠦᠯᠦᠭᠰᠡᠨ ᠡᠩ ᠤᠨ ᠬᠡᠷᠡᠭᠯᠡᠭᠴᠢ ᠮᠠᠰᠢᠨ ᠲᠡᠷᠭᠡᠨ ᠤ ᠪᠠᠶᠢᠳᠠᠯ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠲᠡᠮᠳᠡᠭᠯᠡᠯ ᠵᠡᠷᠭᠡ ᠶᠢ ᠪᠠᠶᠢᠴᠠᠭᠠᠨ ᠯᠠᠪᠯᠠᠵᠤ ᠪᠣᠯᠤᠨ᠎ᠠ᠃ ᠬᠡᠷᠡᠭᠯᠡᠬᠦ ᠶᠠᠪᠤᠴᠠ ᠳᠤ ᠳᠣᠤᠷᠠᠬᠢ ᠵᠦᠢᠯᠡᠰ ᠢ ᠠᠩᠬᠠᠷᠬᠤ ᠬᠡᠷᠡᠭᠲᠡᠶ᠄ ᠨᠢᠭᠡ ᠳᠤ᠂ ᠤᠤᠯ ᠤᠨ ᠬᠠᠷᠢᠶ᠎ᠠ ᠭᠠᠵᠠᠷ ᠤᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠴᠣᠩᠬᠤᠪᠴᠢ ᠳᠤ ᠳᠠᠩᠰᠠᠯᠠᠭᠤᠯᠤᠭᠰᠠᠨ ᠨᠢᠭᠡᠴᠡ ᠶᠢᠨ ᠬᠡᠷᠡᠭᠯᠡᠭᠴᠢ ᠠᠴᠠ ᠰᠢᠭᠤᠳ ᠬᠡᠷᠡᠭᠯᠡᠵᠦ ᠪᠣᠯᠬᠤ ᠪᠥᠭᠡᠳ ᠫᠠᠶᠢᠰᠠ ᠦᠨᠡᠮᠯᠡᠯ ᠢᠶᠠᠨ ᠨᠥᠬᠦᠨ ᠠᠪᠬᠤ᠂ ᠲᠡᠷᠭᠡ ᠬᠥᠰᠬᠡ ᠶᠢᠨ ᠪᠠᠶᠢᠴᠠᠭᠠᠯᠲᠠ ᠠᠴᠠ ᠬᠡᠯᠲᠦᠷᠢᠭᠦᠯᠬᠦ ᠲᠡᠮᠳᠡᠭ ᠢ ᠭᠤᠶᠤᠴᠢᠯᠠᠨ ᠠᠪᠬᠤ᠂ ᠲᠡᠷᠭᠡ ᠬᠥᠰᠬᠡ ᠶᠢᠨ ᠡᠯᠧᠺᠲᠷᠣᠨ ᠲᠡᠷᠭᠡ ᠶᠠᠪᠤᠭᠤᠯᠬᠤ ᠦᠨᠡᠮᠯᠡᠯ ᠭᠤᠶᠤᠴᠢᠯᠠᠬᠤ ᠵᠡᠷᠭᠡ ᠲᠤᠬᠠᠶᠢᠯᠠᠭᠰᠠᠨ ᠠᠵᠢᠯ ᠢ ᠭᠦᠢᠴᠡᠳᠬᠡᠬᠦ ᠶᠢ ᠵᠥᠪᠰᠢᠶᠡᠷᠡᠨ᠎ᠡ᠃ ᠬᠤᠶᠠᠷ ᠲᠤ᠂ ᠠᠳᠠᠯᠢ ᠨᠢᠭᠡ ᠨᠢᠭᠡᠴᠡ ᠶᠢᠨ ᠳᠣᠤᠷ᠎ᠠ 1 ᠬᠠᠮᠢᠶᠠᠷᠤᠭᠴᠢ ᠶᠢᠨ ᠲᠠᠩᠰᠠᠨ ᠨᠣᠮᠧᠷ ᠢ ᠳᠡᠩᠰᠡᠯᠡᠵᠦ ᠪᠣᠯᠤᠨ᠎ᠠ᠂ ᠬᠠᠮᠤᠭ ᠠᠷᠪᠢᠨ ᠳᠠᠭᠠᠨ 10 ᠬᠡᠷᠡᠭᠯᠡᠭᠴᠢ ᠶᠢᠨ ᠲᠠᠩᠰᠠᠨ ᠨᠣᠮᠧᠷ ᠢ ᠭᠤᠶᠤᠴᠢᠯᠠᠨ ᠳᠠᠩᠰᠠᠯᠠᠭᠤᠯᠤᠨ᠎ᠠ᠃ ᠭᠤᠷᠪᠠ ᠳᠤ᠂ ᠠᠳᠠᠯᠢ ᠨᠢᠭᠡᠨ ᠬᠥᠮᠦᠨ ᠬᠠᠮᠤᠭ ᠣᠯᠠᠨ ᠳᠠᠭᠠᠨ 3 ᠠᠳᠠᠯᠢ ᠪᠤᠰᠤ ᠪᠠᠶᠢᠭᠤᠯᠤᠯᠭ᠎ᠠ ᠳᠤ ᠳᠠᠩᠰᠠᠯᠠᠭᠤᠯᠤᠭᠰᠠᠨ ᠬᠡᠷᠡᠭᠯᠡᠭᠴᠢ ᠶᠢᠨ ᠳᠠᠩᠰᠠᠨ ᠤ ᠳ᠋ᠤᠭᠠᠷ ︵ᠬᠠᠤᠯᠢ ᠶᠢᠨ ᠡᠷᠬᠡᠲᠡᠨ ᠤ ᠬᠡᠷᠡᠭᠯᠡᠭᠴᠢ ᠶᠢᠨ ᠳᠠᠩᠰᠠᠨ ᠤ ᠳ᠋ᠤᠭᠠᠷ ᠢ ᠨᠢ ᠬᠢᠵᠠᠭᠠᠷᠯᠠᠬᠤ ᠦᠭᠡᠶ︶ ᠪᠣᠯᠤᠨ᠎ᠠ᠃ ᠮᠡᠳᠡᠭᠡ ᠵᠠᠩᠭᠢ ᠶᠢᠨ ᠰᠤᠷᠠᠭᠯᠠᠯ ︽ᠵᠠᠮ ᠬᠠᠷᠢᠯᠴᠠᠭᠠᠨ ᠤ ᠬᠠᠮᠢᠶᠠᠷᠤᠯᠲᠠ ᠶᠢᠨ 12123︾ APP ᠨᠢᠭᠡᠴᠡ ᠶᠢᠨ ᠬᠡᠷᠡᠭᠯᠡᠭᠴᠢ ᠶᠢᠨ ᠬᠡᠪᠯᠡᠯ ᠢᠶᠠᠷ ᠳᠠᠮᠵᠢᠭᠤᠯᠤᠨ᠂ ᠬᠡᠷᠡᠭᠯᠡᠭᠴᠢᠳ ᠲᠣᠰ ᠨᠢᠭᠡᠴᠡ ᠶᠢᠨ ᠢᠶᠠᠨ ᠲᠡᠷᠭᠡ ᠬᠥᠰᠬᠡ ᠶᠢᠨ ᠮᠡᠳᠡᠭᠡ ᠵᠠᠩᠭᠢ ᠵᠢᠴᠢ ᠲᠡᠷᠭᠡ ᠬᠥᠰᠬᠡ ᠶᠢᠨ ᠳᠠᠩᠰᠠᠯᠠᠭᠤᠯᠤᠭᠰᠠᠨ ᠵᠢᠯᠣᠭᠤᠴᠢ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠲᠡᠮᠳᠡᠭᠯᠡᠯ ᠵᠡᠷᠭᠡ ᠮᠡᠳᠡᠭᠡ ᠵᠠᠩᠭᠢ ᠶᠢ ᠴᠠᠭ ᠲᠤᠬᠠᠶ ᠳᠤᠨᠢ ᠪᠠᠶᠢᠴᠠᠭᠠᠨ ᠯᠠᠪᠯᠠᠵᠤ ᠪᠣᠯᠤᠨ᠎ᠠ᠃ ᠲᠤᠬᠠᠶᠢᠯᠠᠭᠰᠠᠨ ᠠᠵᠢᠯ ᠭᠦᠢᠴᠡᠳᠭᠡᠬᠦ ︽ᠵᠠᠮ ᠬᠠᠷᠢᠯᠴᠠᠭᠠᠨ ᠤ ᠬᠠᠮᠢᠶᠠᠷᠤᠯᠲᠠ ᠶᠢᠨ 12123︾ APP ᠨᠢᠭᠡᠴᠡ ᠶᠢᠨ ᠬᠡᠷᠡᠭᠯᠡᠭᠴᠢ ᠶᠢᠨ ᠬᠡᠪᠯᠡᠯ ᠢᠶᠠᠷ ᠳᠠᠮᠵᠢᠭᠤᠯᠤᠨ᠂ ᠬᠡᠷᠡᠭᠯᠡᠭᠴᠢ ᠨᠢ ᠲᠣᠰ ᠨᠢᠭᠡᠴᠡ ᠶᠢᠨ ᠢᠶᠠᠨ ᠨᠡᠷ᠎ᠡ ᠪᠠᠷ ᠲᠡᠷᠭᠡ ᠬᠥᠰᠬᠡ ᠪᠠᠷ ᠰᠢᠨ᠎ᠡ ᠲᠡᠷᠭᠡ ᠰᠣᠩᠭᠤᠬᠤ ᠨᠣᠮᠧᠷ᠂ ᠲᠡᠷᠭᠡ ᠰᠣᠩᠭᠤᠬᠤ ᠨᠣᠮᠧᠷ᠂ ᠪᠥᠭᠡᠮ ᠢᠶᠠᠷ ᠬᠠᠷᠢᠯᠴᠠᠬᠤ ᠠᠷᠭ᠎ᠠ ᠮᠠᠶ᠋ᠢᠭ ᠢᠶᠠᠨ ᠬᠤᠪᠢᠷᠠᠭᠤᠯᠬᠤ᠂ ᠮᠠᠰᠢᠨᠲᠤ ᠲᠡᠷᠭᠡᠨ ᠤ ᠬᠦᠴᠦᠨ ᠥᠬᠡᠶ ᠪᠣᠯᠭᠠᠭᠰᠠᠨ ᠭᠡᠷᠡᠴᠢ᠂ ᠫᠠᠶᠢᠰᠠ ᠦᠨᠡᠮᠯᠡᠯ ᠨᠥᠬᠦᠵᠦ ᠰᠣᠯᠢᠬᠤ᠂ ᠲᠡᠷᠭᠡ ᠬᠥᠰᠬᠡ ᠶᠢᠨ ᠪᠠᠶᠢᠴᠠᠭᠠᠯᠲᠠ ᠠᠴᠠ ᠬᠡᠯᠲᠦᠷᠢᠭᠦᠯᠬᠦ ᠲᠡᠮᠳᠡᠭ ᠭᠤᠶᠤᠴᠢᠯᠠᠨ ᠠᠪᠬᠤ ᠵᠡᠷᠭᠡ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠣᠯᠤᠨ᠎ᠠ᠃ ᠢᠯᠡ ᠬᠡᠷᠡᠴᠢᠯᠡᠬᠦ ᠺᠤᠳ᠋ ᠨᠢᠭᠡᠴᠡ ᠶᠢᠨ ᠬᠡᠷᠡᠭᠯᠡᠭᠴᠢ ︽ᠵᠠᠮ ᠬᠠᠷᠢᠯᠴᠠᠭᠠᠨ ᠤ ᠬᠠᠮᠢᠶᠠᠷᠤᠯᠲᠠ ᠶᠢᠨ 12123︾ APP ᠶᠢᠨ ᠨᠢᠭᠡᠴᠡ ᠶᠢᠨ ᠬᠡᠷᠡᠭᠯᠡᠭᠴᠢ ᠶᠢᠨ ᠬᠡᠪᠯᠡᠯ ᠢᠶᠠᠷ ᠳᠠᠮᠵᠢᠭᠤᠯᠤᠨ ᠲᠣᠰ ᠨᠢᠭᠡᠴᠡ ᠶᠢᠨ ᠢᠶᠠᠨ ᠳᠣᠲᠣᠷᠠᠬᠢ ᠲᠡᠷᠭᠡ ᠬᠥᠰᠬᠡ ᠶᠢᠨ ᠡᠯᠧᠺᠲᠷᠣᠨ ᠵᠠᠮ ᠳᠤ ᠭᠠᠷᠬᠤ ᠦᠨᠡᠮᠯᠡᠯ᠂ ᠰᠢᠯᠭᠠᠨ ᠪᠠᠶᠢᠴᠠᠭᠠᠬᠤ ᠲᠡᠮᠳᠡᠭ ᠤᠨ ᠡᠯᠧᠺᠲᠷᠣᠨ ᠭᠡᠷᠡᠴᠢ ᠪᠠᠷᠢᠮᠲᠠ᠂ ᠮᠠᠰᠢᠨᠲᠤ ᠲᠡᠷᠭᠡᠨ ᠤ ᠬᠤᠶᠠᠷ ᠬᠡᠮᠵᠢᠯᠳᠦ ᠺᠣᠳ᠋᠂ ᠬᠤᠲᠠ ᠶᠢᠨ ᠪᠠᠷᠠᠭᠠᠨ ᠤ ᠲᠡᠷᠭᠡ ᠶᠢᠨ ᠨᠡᠪᠲᠡᠷᠡᠬᠦ ᠺᠣᠳ᠋ ᠵᠡᠷᠭᠡ ᠶᠢ ᠪᠠᠶᠢᠴᠠᠭᠠᠨ ᠯᠠᠪᠯᠠᠵᠤ᠂ ᠲᠤᠬᠠᠶᠢᠯᠠᠭᠰᠠᠨ ᠠᠵᠢᠯ ᠭᠦᠢᠴᠡᠳᠬᠡᠬᠦ ᠳᠤ ᠨᠠᠩ ᠲᠥᠬᠦᠮ ᠪᠥᠭᠡᠳ ᠲᠦᠷᠭᠡᠨ ᠪᠠᠶᠢᠳᠠᠭ᠃       
ᠢᠷᠡᠯᠲᠡ᠄ ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ