ᠤᠷᠳᠤᠰ ᠵᠠᠰᠠᠭ ᠠᠯᠪᠠᠨ ᠲᠠᠷᠬᠠᠭᠠᠭᠰᠠᠨ ﹇2024﹈ 27 ᠳ᠋ᠤᠭᠠᠷ ᠲᠤᠭᠠᠳᠤ | | ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠰᠢᠭᠤᠳ | ᠬᠠᠷᠢᠶ᠎ᠠ ᠨᠢᠭᠡᠴᠢ᠂ ᠲᠣᠮᠣ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄ | ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠣᠷᠳᠣᠰ ᠬᠤᠲᠠ ᠶᠢᠨ ︿ᠤᠮᠠᠷᠠᠲᠤ ᠶᠢᠨ ᠭᠤᠷᠪᠠᠨ ᠤᠷᠤᠨ﹀ ᠤ | ᠵᠢᠷᠭᠤᠳᠤᠭᠠᠷ ᠬᠤᠭᠤᠴᠠᠭ᠎ᠠ ᠵᠡᠷᠭᠡ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠰᠢᠨ᠎ᠡ ᠶᠢ | ᠡᠭᠦᠳᠬᠦ ᠶᠢ ᠠᠬᠢᠭᠤᠯᠬᠤ ᠶᠢᠰᠦᠨ ᠵᠦᠢᠯ ᠤᠨ ᠠᠷᠭ᠎ᠠ ᠬᠡᠮᠵᠢᠶ᠎ᠡ︾ ᠶᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ | ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | | | ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 4 ᠳ᠋ᠤᠭᠡᠷ ᠰᠠᠷ᠎ᠠ ᠶᠢᠨ 23 ᠤ ᠡᠳᠦᠷ | | | ︽ᠤᠮᠠᠷᠠᠲᠤ ᠶᠢᠨ ᠭᠤᠷᠪᠠᠨ ᠤᠷᠤᠨ︾ ᠤ ᠵᠢᠷᠭᠤᠳᠤᠭᠠᠷ ᠬᠤᠭᠤᠴᠠᠭ᠎ᠠ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠶᠢ ᠠᠬᠢᠭᠤᠯᠬᠤ ᠶᠢᠰᠦᠨ ᠵᠦᠢᠯ ᠤᠨ ᠠᠷᠭ᠎ᠠ ᠬᠡᠮᠵᠢᠶ᠎ᠡ | ᠶᠡᠷᠦᠩᠬᠡᠶ ᠱᠦᠵᠢ ᠰᠢ ᠶᠢᠨ ᠫᠢᠩ ᠤᠨ ᠡᠯᠡᠰᠦᠷᠬᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠤᠷᠤᠨ︾ | ᠤ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠨ᠂ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠰᠢᠨ᠎ᠡ | ᠮᠡᠷᠭᠡᠵᠢᠯ᠂ ᠰᠢᠨ᠎ᠡ ᠲᠣᠭᠲᠠᠴᠠ᠂ ᠰᠢᠨ᠎ᠡ ᠵᠠᠭᠪᠤᠷ ᠤᠨ ᠰᠢᠨ᠎ᠡ ᠶᠢ ᠡᠭᠦᠳᠬᠦ ᠶᠢ ᠬᠠᠶᠢᠨ ᠰᠦᠪᠡᠭᠴᠢᠯᠡᠵᠦ᠂ ︽ᠤᠮᠠᠷᠠᠲᠤ ᠶᠢᠨ ᠭᠤᠷᠪᠠᠨ ᠤᠷᠤᠨ︾ ᠵᠡᠷᠭᠡ | ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠬᠠᠲᠤᠨ ᠭᠤᠣᠯ ᠤᠨ ᠲᠤᠬᠤᠢ ᠶᠢᠨ | ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠣᠯᠵᠤ᠂ ︽ᠤᠮᠠᠷᠠᠲᠤ ᠶᠢᠨ ᠭᠤᠷᠪᠠᠨ ᠤᠷᠤᠨ︾ ᠤ ᠵᠢᠷᠭᠤᠳᠤᠭᠠᠷ ᠬᠤᠭᠤᠴᠠᠭᠠᠨ ᠤ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠰᠢᠨ᠎ᠡ ᠶᠢ ᠡᠭᠦᠳᠬᠦ ᠢᠨᠵᠧᠨᠧᠷᠢᠩ᠂ ᠠᠷᠠᠳ ᠢ ᠴᠢᠨᠡᠭᠡᠯᠡᠭᠵᠢᠭᠦᠯᠬᠦ ᠢᠨᠵᠧᠨᠧᠷᠢᠩ᠂ ᠳᠠᠭᠤᠷᠢᠶᠠᠯ ᠦᠵᠡᠭᠦᠯᠬᠦ | ᠢᠨᠵᠧᠨᠧᠷᠢᠩ ᠪᠣᠯᠭᠠᠬᠤ ᠪᠠᠷ ᠴᠢᠷᠮᠠᠶᠢᠵᠤ᠂ ᠬᠠᠲᠤᠨ ᠭᠤᠣᠯ ᠤᠨ ᠲᠤᠬᠤᠢ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠳᠠᠭᠤᠷᠢᠶᠠᠯ ᠦᠵᠡᠭᠦᠯᠬᠦ ᠣᠷᠣᠨ ᠢ ᠪᠦᠬᠦ | ᠬᠦᠴᠦᠨ ᠢᠶᠠᠷ ᠢᠶᠠᠨ ᠪᠦᠲᠦᠭᠡᠨ ᠪᠠᠶᠢᠭᠤᠯᠵᠤ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠳᠣᠣᠷᠠᠬᠢ ᠠᠷᠭ᠎ᠠ ᠬᠡᠮᠵᠢᠶ᠎ᠡ ᠶᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ︽ᠪᠥᠬᠦ ᠬᠦᠴᠦᠨ ᠵᠦᠢᠯ ᠢ ᠡᠮᠬᠢᠯᠡᠨ ᠨᠡᠶᠢᠯᠡᠭᠦᠯᠵᠦ | ᠨᠢᠭᠡᠳᠦᠯᠲᠡᠶ ᠲᠥᠯᠥᠪᠯᠡᠬᠦ᠂ ᠪᠥᠬᠦ ᠶᠠᠪᠤᠴᠠ ᠶᠢᠨ ᠲᠤᠭᠲᠠᠴᠠ ᠶᠢᠨ ᠰᠢᠨ᠎ᠡ ᠶᠢ ᠡᠭᠦᠳᠬᠦ᠂ ᠪᠥᠬᠦ ᠲᠠᠯ᠎ᠠ ᠪᠠᠷ ᠬᠠᠮᠲᠤ ᠪᠠᠷ ᠵᠠᠰᠠᠵᠤ ᠠᠷᠠᠳ ᠲᠤ ᠠᠰᠢᠭ ᠬᠦᠷᠲᠡᠭᠡᠬᠦ᠂ | ᠪᠥᠬᠦ ᠬᠦᠷᠢᠶ᠎ᠡ ᠴᠠᠷᠠᠭ᠎ᠠ ᠳᠤ ᠰᠥᠪᠡᠭᠴᠢᠯᠡᠯᠲᠡ ᠬᠢᠵᠤ ᠳᠠᠭᠤᠷᠢᠶᠠᠯ ᠦᠵᠡᠭᠦᠯᠬᠦ︾ ᠶᠢ ᠪᠠᠷᠢᠮᠲᠠᠯᠠᠨ᠂ ᠭᠤᠤᠯᠳᠠᠯᠭ᠎ᠠ ᠲᠠᠢ ᠵᠠᠰᠠᠬᠤ ᠣᠷᠣᠨ ᠪᠦᠰᠡ ᠶᠢᠨ ᠠᠮᠢ | ᠠᠬᠤᠶ ᠶᠢᠨ ᠪᠠᠯᠠ ᠮᠥᠩᠭᠦ ᠶᠢᠨ ᠨᠢᠭᠡᠳᠦᠯᠲᠡᠶ ᠲᠥᠯᠥᠪᠯᠡᠬᠦ ᠬᠠᠷᠢᠴᠠᠯ ᠢ 80% ᠠᠴᠠ ᠳᠡᠭᠡᠭᠰᠢ ᠳᠤ ᠬᠦᠷᠦᠭᠦᠯᠵᠦ᠂ ᠭᠤᠤᠯᠳᠠᠯᠭ᠎ᠠ ᠲᠠᠢ ᠲᠥᠷᠥᠯ ᠵᠦᠢᠯ ᠤᠨ | ᠠᠵᠢᠯᠯᠠᠭᠤᠯᠬᠤ ᠪᠠᠷ ᠲᠡᠳᠬᠦᠮᠵᠢ ᠶᠢ ᠣᠷᠣᠯᠠᠭᠤᠯᠬᠤ ᠪᠠᠯᠠ ᠮᠥᠩᠭᠦ ᠶᠢᠨ ᠬᠠᠷᠢᠴᠠᠯ ᠢ 30% ᠠᠴᠠ ᠳᠡᠭᠡᠭᠰᠢ ᠳᠤ ᠬᠦᠷᠦᠭᠦᠯᠵᠦ᠂ ᠲᠣᠰ ᠭᠠᠵᠠᠷ ᠤᠨ ᠦᠷ᠎ᠡ ᠴᠢᠬᠢ | ᠪᠠ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠲᠦᠭᠦᠬᠡᠶ ᠮᠠᠲ᠋ᠧᠷᠢᠶᠠᠯ ᠤᠨ ᠬᠡᠷᠡᠭᠯᠡᠯᠲᠡ ᠶᠢᠨ ᠨᠣᠷᠮ᠎ᠠ ᠶᠢ 70% ᠠᠴᠠ ᠳᠡᠭᠡᠭᠰᠢ ᠳᠤ ᠬᠦᠷᠦᠭᠦᠯᠵᠦ᠂ | ᠮᠠᠯᠴᠢᠨ ᠲᠠᠷᠢᠶᠠᠴᠢᠨ ᠤ ᠰᠢᠭᠤᠳ ᠣᠷᠣᠯᠴᠠᠬᠤ ᠨᠣᠷᠮ᠎ᠠ ᠶᠢ 60% ᠠᠴᠠ ᠳᠡᠭᠡᠭᠰᠢ ᠳᠤ ᠬᠦᠷᠦᠭᠦᠯᠵᠦ᠂ ᠲᠥᠪ ᠤᠨ ᠲᠥᠰᠦᠪ ᠤᠨ ᠳᠣᠲᠣᠷᠠᠬᠢ ᠪᠠᠯᠠ | ᠣᠷᠣᠭᠤᠯᠤᠯᠲᠠ ᠶᠢᠨ ᠲᠥᠷᠥᠯ ᠵᠦᠢᠯ ᠤᠨ ᠠᠮᠢ ᠠᠬᠤᠶ ᠶᠢᠨ ᠠᠵᠤ ᠠᠬᠤᠶᠢᠯᠠᠯ ᠤᠨ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠨᠢᠭᠡ ᠴᠤᠭᠴᠠᠵᠢᠭᠤᠯᠤᠭᠰᠠᠨ | ᠬᠠᠷᠢᠴᠠᠯ ᠢ 80% ᠠᠴᠠ ᠳᠡᠭᠡᠭᠰᠢ ᠳᠤ ᠬᠦᠷᠦᠭᠦᠯᠵᠦ᠂ ︽ᠤᠮᠠᠷᠠᠲᠤ ᠶᠢᠨ ᠭᠤᠷᠪᠠᠨ ᠤᠷᠤᠨ︾ ᠤ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠤᠨ ᠪᠥᠲᠥᠭᠡᠨ | ᠪᠠᠶᠢᠭᠤᠯᠤᠯᠲᠠ ᠶᠢ ᠴᠢᠨᠠᠷ ᠰᠠᠶᠢᠲᠠᠶ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠡᠷᠡᠰ | ᠪᠠᠲᠤ ᠪᠠᠶᠢᠭᠤᠯᠤᠨ᠎ᠠ᠃ | ᠬᠤᠶᠠᠷ᠂ ᠠᠬᠢᠭᠤᠯᠬᠤ ᠠᠷᠭ᠎ᠠ ᠬᠡᠮᠵᠢᠶ᠎ᠡ | ︵ᠨᠢᠭᠡ︶ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠬᠦᠴᠦᠨ ᠵᠦᠢᠯ ᠤᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠡᠮᠬᠢᠯᠡᠨ ᠨᠡᠶᠢᠯᠡᠭᠦᠯᠦᠨ᠎ᠡ᠃ | ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ | ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠠᠮᠢ ᠠᠬᠤᠢ ᠶᠢᠨ ᠲᠦᠷᠦᠯ ᠵᠦᠢᠯ᠂ ᠪᠡᠯᠡ ᠮᠥᠩᠭᠦ ᠵᠢᠴᠢ ᠭᠠᠵᠠᠷ ᠰᠢᠷᠣᠢ᠂ ᠬᠥᠮᠦᠨ ᠤ ᠬᠦᠴᠦ᠂ ᠪᠣᠳᠠᠰ ᠤᠨ | ᠬᠦᠴᠦ᠂ ᠤᠰᠤ᠂ ᠮᠡᠷᠭᠡᠵᠢᠯ ᠵᠡᠷᠭᠡ ᠡᠯ᠎ᠡ ᠲᠦᠷᠦᠯ ᠤᠨ ᠬᠦᠴᠦᠨ ᠵᠦᠢᠯ ᠤᠨ ᠡᠬᠢ ᠪᠠᠶᠠᠯᠢᠭ ᠢ ᠨᠢᠭᠡᠳᠬᠡᠵᠤ᠂ ᠤᠢ ᠰᠢᠭᠤᠢ ᠨᠤᠲᠤᠭ ᠪᠡᠯᠴᠢᠭᠡᠷ ᠤᠨ | ᠠᠭᠤᠰᠤᠯᠴᠠᠯ ᠢ ᠭᠦᠨᠵᠡᠭᠡᠶᠢᠷᠡᠭᠦᠯᠵᠦ᠂ ᠡᠯᠡᠰᠦᠷᠬᠡᠭᠵᠢᠭᠰᠡᠨ ᠭᠠᠵᠠᠷ ᠰᠢᠷᠣᠢ ᠶᠢ ᠵᠠᠰᠠᠬᠤ ᠶᠡᠷᠦᠩᠬᠡᠶᠢᠯᠡᠭᠰᠡᠨ ᠥᠷᠲᠡᠭ ᠤᠨ ᠲᠣᠭᠲᠠᠴᠠ ᠶᠢ ᠬᠡᠷᠡᠭᠵᠢᠭᠦᠯᠵᠦ᠂ ᠤᠯᠠᠨ | ᠵᠦᠢᠯ ᠤᠨ ᠵᠠᠰᠠᠯᠲᠠ ᠶᠢᠨ ᠠᠷᠭ᠎ᠠ ᠬᠡᠮᠵᠢᠶ᠎ᠡ ᠶᠢ ᠲᠥᠪᠯᠡᠷᠡᠭᠦᠯᠦᠨ ᠲᠣᠬᠢᠷᠠᠭᠤᠯᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ︽ᠬᠠᠮ ᠠᠷᠭ᠎ᠠ ᠪᠣᠳᠣᠯᠭ᠎ᠠ︾ | ᠶᠢ ᠬᠡᠷᠡᠭᠯᠡᠨ᠎ᠡ᠃ ᠡᠯᠡᠰᠦᠷᠬᠡᠭᠵᠢᠬᠦ ᠶᠢ ᠰᠡᠷᠭᠡᠶᠢᠯᠡᠨ ᠵᠠᠰᠠᠬᠤ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ᠂ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ᠂ | ᠬᠥᠷᠥᠰᠥ ᠰᠢᠷᠣᠶ ᠶᠢᠨ ᠬᠠᠮᠠᠭᠠᠯᠠᠯᠲᠠ᠂ ᠠᠭᠤᠷᠬᠠᠶ ᠶᠢᠨ ᠠᠮᠢ ᠠᠬᠤᠶ ᠶᠢ ᠵᠠᠰᠠᠨ ᠰᠡᠷᠭᠦᠭᠡᠬᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ᠂ ᠲᠠᠷᠢᠶᠠᠨ ᠭᠠᠵᠠᠷ ᠤᠨ ᠭᠠᠵᠠᠷ ᠤᠨ ᠬᠦᠴᠦᠨ ᠢ ᠳᠡᠭᠡᠭᠰᠢᠯᠡᠭᠦᠯᠬᠦ᠂ ᠬᠤᠵᠢᠷᠯᠢᠭ ᠭᠠᠵᠠᠷ ᠢ ᠰᠠᠶᠢᠵᠢᠷᠠᠭᠤᠯᠬᠤ᠂ ᠪᠣᠬᠢᠷᠲᠤᠯ ᠢ ᠰᠡᠷᠭᠡᠶᠢᠯᠡᠨ ᠵᠠᠰᠠᠬᠤ᠂ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠰᠣᠶᠣᠯ ᠵᠢᠭᠤᠯᠴᠢᠯᠠᠯ ᠢ ᠨᠡᠭᠡᠭᠡᠨ ᠬᠥᠭᠵᠢᠭᠦᠯᠬᠦ ᠵᠡᠷᠭᠡ ᠲᠥᠷᠥᠯ ᠵᠦᠢᠯ ᠢ ᠨᠢᠭᠡᠳᠦᠯᠲᠡᠶ ᠲᠥᠯᠥᠪᠯᠡᠨ᠂ | ᠪᠣᠭᠤᠮᠲᠠ ᠰᠢᠪᠲᠤᠯᠬᠤ ᠣᠷᠣᠨ ᠪᠦᠰᠡ ᠳᠤ ᠲᠥᠪᠯᠡᠷᠡᠭᠦᠯᠦᠨ᠂ ︽ᠬᠤᠷᠠᠮᠠᠯ︾ ᠤᠨ ᠦᠢᠯᠡᠳᠦᠯ ᠢ ᠪᠣᠶ ᠪᠣᠯᠭᠠᠬᠤ ᠶᠢᠨ ᠬᠠᠮᠲᠤ ᠶᠡᠬᠡᠰᠬᠡᠵᠤ᠂ ᠭᠤᠤᠯᠳᠠᠯᠭ᠎ᠠ ᠲᠠᠢ | ᠵᠠᠰᠠᠬᠤ ᠣᠷᠣᠨ ᠪᠦᠰᠡ ᠶᠢᠨ ᠠᠮᠢ ᠠᠬᠤᠶ ᠶᠢᠨ ᠪᠠᠯᠠ ᠮᠥᠩᠭᠦ ᠶᠢᠨ ᠨᠢᠭᠡᠳᠦᠯᠲᠡᠶ ᠲᠥᠯᠥᠪᠯᠡᠬᠦ ᠬᠠᠷᠢᠴᠠᠯ ᠢ 80% ᠠᠴᠠ ᠳᠡᠭᠡᠭᠰᠢ ᠳᠤ ᠬᠦᠷᠦᠭᠦᠯᠦᠨ᠎ᠡ᠃ ᠡᠯ᠎ᠡ | ᠲᠥᠷᠥᠯ ᠤᠨ ᠰᠠᠭᠤᠷᠢ ᠮᠥᠩᠭᠦ ᠪᠣᠯᠤᠨ ᠠᠮᠢ ᠠᠬᠤᠶ ᠶᠢᠨ ᠱᠠᠩᠨᠠᠯ ᠨᠥᠬᠦᠪᠦᠷᠢ ᠶᠢᠨ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠡᠷᠡᠭᠯᠡᠵᠦ᠂ ᠡᠳ᠋ ᠤᠨ | ᠵᠠᠰᠠᠭ ᠤᠨ ᠪᠡᠯᠡ ᠮᠥᠩᠭᠦ ᠶᠢᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠮᠥᠩᠭᠦᠨ ᠭᠦᠢᠯᠭᠡᠭᠡᠨ ᠤ ᠡᠬᠢ ᠪᠠᠶᠠᠯᠢᠭ ᠢ ᠰᠠᠶᠢᠲᠤᠷ ᠬᠡᠷᠡᠭᠯᠡᠵᠦ᠂ | ᠲᠥᠪ ᠤᠨ ᠠᠵᠤ ᠠᠬᠤᠶᠢᠯᠠᠯ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ | ᠵᠠᠰᠠᠬᠤ ᠳᠤ ᠣᠷᠣᠯᠴᠠᠭᠤᠯᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠨᠡᠶᠢᠭᠡᠮ ᠤᠨ ᠣᠷᠣᠭᠤᠯᠤᠯᠲᠠ ᠶᠢ ᠣᠷᠣᠭᠤᠯᠣᠨ ᠠᠪᠴᠢᠷᠠᠬᠤ ᠪᠠ ᠥᠷᠭᠡᠳᠬᠡᠵᠦ᠂ | ᠮᠠᠯᠴᠢᠨ ᠲᠠᠷᠢᠶᠠᠴᠢᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠢᠳᠡᠪᠬᠢᠵᠢᠯ ᠢ ᠭᠦᠢᠴᠡᠳ ᠳᠠᠶᠢᠴᠢᠯᠠᠬᠤ ᠬᠡᠷᠡᠭᠲᠡᠶ᠃ | ︵ᠬᠤᠶᠠᠷ︶ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠥᠲᠥᠯᠦᠨ ᠵᠢᠯᠣᠭᠤᠳᠴᠤ ᠪᠠᠶᠢᠭᠠᠳ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠶᠢ ᠭᠦᠨᠵᠡᠭᠡᠶ | ᠠᠬᠢᠭᠤᠯᠤᠨ᠎ᠠ᠃ ᠤᠰᠤ ᠪᠠᠷ ᠨᠣᠭᠤᠭᠠᠷᠠᠭᠤᠯᠤᠯᠲᠠ ᠶᠢ ᠲᠣᠭᠲᠠᠭᠠᠬᠤ᠂ ᠤᠰᠤᠨ ᠤ ᠬᠡᠮᠵᠢᠶ᠎ᠡ ᠪᠠᠷ ᠬᠢᠬᠦ ᠶᠢ ᠪᠠᠷᠢᠮᠲᠠᠯᠠᠨ᠂ ᠪᠠᠶᠢᠭᠠᠯᠢ ᠶᠢᠨ ᠵᠢᠮ᠎ᠡ ᠶᠣᠰᠣ ᠶᠢ | ᠬᠦᠨᠳᠦᠳᠬᠡᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠦᠨ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠰᠢᠨ᠎ᠡ ᠮᠡᠷᠭᠡᠵᠢᠯ᠂ | ᠰᠢᠨ᠎ᠡ ᠲᠥᠬᠦᠭᠡᠷᠦᠮᠵᠢ᠂ ᠰᠢᠨ᠎ᠡ ᠮᠠᠲ᠋ᠧᠷᠢᠶᠠᠯ᠂ ᠰᠢᠨ᠎ᠡ ᠵᠠᠭᠪᠤᠷ ᠢ ᠬᠤᠷᠠᠮᠳᠤᠭᠤᠯᠤᠨ ᠢᠨᠵᠧᠨᠧᠷᠢᠩ ᠤᠨ ᠲᠥᠷᠥᠯ ᠵᠦᠢᠯ ᠳᠤ ᠲᠤᠷᠰᠢᠯᠲᠠ ᠬᠢᠵᠤ ᠳᠠᠭᠤᠷᠢᠶᠠᠯ | ᠦᠵᠡᠭᠦᠯᠦᠨ᠂ ᠳᠡᠯᠭᠡᠷᠡᠭᠦᠯᠦᠨ ᠬᠡᠷᠡᠭᠯᠡᠵᠦ᠂ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠪᠡᠯᠭᠡ ᠲᠡᠮᠳᠡᠭ ᠤᠨ ᠴᠢᠨᠠᠷᠲᠠᠢ ᠢᠨᠵᠧᠨᠧᠷᠢᠩ ᠳᠤ ︽ᠡᠮᠦᠨ᠎ᠡ ᠲᠠᠯ᠎ᠠ ᠠᠴᠠ | ᠨᠢ ᠬᠠᠰᠢᠵᠤ ᠡᠯᠡᠰᠦ ᠶᠢ ᠲᠣᠭᠲᠠᠪᠤᠷᠢᠵᠢᠭᠤᠯᠬᠤ︾᠂ ︽ᠭᠤᠷᠪᠠᠨ ᠠᠷᠭ᠎ᠠ ᠶᠢ ᠤᠶᠠᠯᠳᠤᠭᠤᠯᠬᠤ︾᠂ ︽ᠲᠤᠷᠤᠭ ᠪᠤᠳᠠ ᠮᠤᠲᠤ ᠡᠪᠡᠰᠦ ᠶᠢ ᠤᠶᠠᠯᠳᠤᠭᠤᠯᠬᠤ︾ | ᠵᠡᠷᠭᠡ ᠮᠡᠷᠭᠡᠵᠢᠯ ᠤᠨ ᠵᠠᠭᠪᠤᠷ ᠢ ᠠᠭᠤᠰᠤᠯᠴᠠᠭᠤᠯᠤᠨ ᠬᠡᠷᠡᠭᠯᠡᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠰᠢᠨᠵᠢᠯᠡᠬᠦ ᠤᠬᠠᠭᠠᠨᠴᠢ ᠴᠢᠨᠠᠷ ᠢ | ᠳᠡᠭᠡᠭᠰᠢᠯᠡᠭᠦᠯᠦᠨ᠎ᠡ᠃ ᠤᠯᠤᠰ ᠤᠨ ᠦᠷᠭᠦᠯᠵᠢᠯᠡᠭᠦᠯᠬᠦ ᠬᠥᠭᠵᠢᠯᠲᠡ ᠶᠢᠨ ᠵᠦᠪᠯᠡᠬᠦ ᠵᠦᠢᠯ ᠤᠨ ᠰᠢᠨ᠎ᠡ ᠶᠢ ᠡᠭᠦᠳᠬᠦ ᠳᠠᠭᠤᠷᠢᠶᠠᠯ ᠦᠵᠡᠭᠦᠯᠬᠦ ᠣᠷᠣᠨ ᠢ ᠡᠭᠦᠳᠦᠨ | ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠣᠯᠠᠨ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠠᠶᠢᠭᠤᠯᠵᠤ | ᠂ ᠬᠠᠲᠤᠨ ᠭᠤᠣᠯ ᠤᠨ ᠳᠤᠬᠤᠢ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠥᠨᠳᠦᠷᠯᠢᠭ ᠢ ᠪᠤᠢ | ᠪᠤᠯᠭᠠᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠦᠷᠦᠯ ᠵᠦᠢᠯ ᠤᠨ ᠲᠦᠷᠦᠯ ᠵᠦᠢᠯ | ᠪᠠᠶᠢᠭᠤᠯᠵᠤ ᠬᠢᠨᠠᠨ ᠵᠥᠪᠰᠢᠶᠡᠷᠡᠭᠦᠯᠬᠦ ᠰᠠᠭᠠᠳ ᠦᠭᠡᠢ ᠨᠡᠪᠲᠡᠷᠡᠬᠦ ᠵᠠᠮ ᠢ ᠴᠢᠷᠮᠠᠶᠢᠨ ᠪᠠᠶᠢᠭᠤᠯᠵᠤ᠂ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ᠂ ᠤᠰᠤᠨ ᠤ ᠡᠬᠢ | ᠪᠠᠶᠠᠯᠢᠭ ᠢ ᠡᠷᠴᠢᠮᠵᠢᠭᠦᠯᠦᠨ ᠠᠰᠢᠭᠯᠠᠬᠤ᠂ ᠬᠤᠵᠢᠷᠯᠢᠭ ᠭᠠᠵᠠᠷ ᠢ ᠰᠠᠶᠢᠵᠢᠷᠠᠭᠤᠯᠬᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠠᠰᠢᠭᠯᠠᠬᠤ ᠵᠡᠷᠭᠡ ᠨᠢᠭᠡ ᠪᠦᠯᠦᠭ | ᠵᠠᠩᠭᠢᠯᠠᠭ᠎ᠠ ᠶᠢᠨ ᠮᠡᠷᠭᠡᠵᠢᠯ ᠢ ᠭᠤᠣᠯᠳᠠᠯᠭ᠎ᠠ ᠲᠠᠢ ᠰᠢᠪᠲᠤᠯᠤᠨ ᠰᠢᠢᠳᠪᠦᠷᠢᠯᠡᠨ᠎ᠡ᠃ ᠴᠢᠬᠢ ᠮᠣᠳᠣᠨ ᠤ ᠪᠠᠲᠤᠯᠠᠭ᠎ᠠ ᠪᠠ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ | ᠵᠠᠰᠠᠬᠤ ᠮᠠᠰᠢᠨ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠵᠤ᠂ ᠡᠯ᠎ᠡ ᠱᠠᠲᠤᠨ ᠤ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ | ᠪᠠᠲᠤᠯᠠᠭ᠎ᠠ ᠶᠢᠨ ᠴᠢᠨᠠᠷᠲᠠᠶ ᠴᠢᠬᠢ ᠮᠣᠳᠣᠨ ᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠴᠢᠨᠠᠷ ᠰᠠᠶᠢᠲᠠᠶ ᠦᠷ᠎ᠡ ᠡᠳ᠋ ᠤᠨ ᠡᠬᠢ ᠪᠠᠶᠠᠯᠢᠭ ᠢ | ᠰᠣᠩᠭᠤᠨ ᠪᠤᠶᠢᠵᠢᠭᠤᠯᠬᠤ ᠶᠢ ᠴᠢᠩᠭᠠᠳᠬᠠᠵᠤ᠂ ᠬᠦᠢᠲᠡᠨ᠂ ᠭᠠᠩ ᠪᠠ ᠲᠠᠴᠢᠷ ᠲᠤ ᠲᠡᠰᠪᠦᠷᠢᠲᠡᠶ ᠮᠣᠳᠣᠨ ᠤ ᠲᠥᠷᠥᠯ ᠡᠪᠡᠰᠦᠨ ᠤ ᠲᠥᠷᠥᠯ ᠢ ᠶᠡᠬᠡᠪᠡᠷ ᠰᠤᠩᠭᠤᠨ | ᠪᠤᠶᠢᠵᠢᠭᠤᠯᠵᠤ᠂ ᠤᠰᠤ ᠠᠷᠪᠢᠯᠠᠨ ᠪᠣᠷᠣᠭᠠᠨ ᠤ ᠤᠰᠤ ᠶᠢ ᠠᠰᠢᠭᠯᠠᠨ ᠣᠶ ᠰᠢᠭᠤᠶ ᠡᠪᠡᠰᠦ ᠪᠡᠯᠴᠢᠭᠡᠷ ᠢ ᠤᠰᠤᠯᠠᠵᠤ᠂ ᠪᠦᠲᠦᠭᠡᠨ ᠪᠠᠶᠢᠭᠤᠯᠤᠯᠲᠠ ᠪᠠ | ᠬᠠᠮᠢᠶᠠᠷᠤᠯᠲᠠ ᠶᠢᠨ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠤᠨ᠎ᠠ᠃ | ︵ᠭᠤᠷᠪᠠ︶ ᠠᠮᠢ ᠠᠬᠤᠢ ᠶᠢᠨ ᠠᠵᠤ ᠠᠬᠤᠶᠢᠯᠠᠯ ᠤᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠨᠢᠭᠡ ᠴᠣᠭᠴᠠᠵᠢᠭᠤᠯᠬᠤ ᠶᠢ ᠬᠦᠴᠦᠲᠡᠢ | ᠠᠬᠢᠭᠤᠯᠤᠨ᠎ᠠ᠃ ᠣᠷᠣᠨ ᠨᠤᠲᠤᠭ ᠲᠤ ᠰᠠᠭᠤᠭ᠎ᠠ ᠲᠥᠪ ᠤᠨ ᠠᠵᠤ ᠠᠬᠤᠶᠢᠯᠠᠯ᠂ ᠤᠯᠤᠰ ᠤᠨ ᠦᠮᠴᠢᠯᠡᠯᠳᠤ ᠠᠵᠤ ᠠᠬᠤᠶᠢᠯᠠᠯ᠂ ᠠᠮᠢ ᠠᠬᠤᠶ ᠶᠢᠨ ᠠᠵᠤ | ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠳᠤ ᠣᠷᠣᠯᠴᠠᠭᠤᠯᠵᠤ᠂ ᠬᠤᠲᠠ ᠶᠢᠨ ᠬᠠᠷᠢᠶ᠎ᠠ ᠤᠯᠤᠰ ᠤᠨ | ᠦᠮᠴᠢᠯᠡᠯᠳᠤ ᠠᠵᠤ ᠠᠬᠤᠶᠢᠯᠠᠯ ᠢᠶᠠᠷ ᠲᠦᠷᠦᠭᠦᠯᠡᠭᠦᠯᠦᠨ᠂ ᠣᠷᠣᠨ ᠨᠤᠲᠤᠭ ᠲᠤ ᠰᠠᠭᠤᠭ᠎ᠠ ᠲᠥᠪ ᠤᠨ ᠠᠵᠤ ᠠᠬᠤᠶᠢᠯᠠᠯ᠂ ᠠᠮᠢ ᠠᠬᠤᠶ ᠶᠢᠨ ᠰᠢᠨᠵᠢᠯᠡᠬᠦ | ᠤᠬᠠᠭᠠᠨ ᠤ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ᠂ ᠬᠤᠰᠢᠭᠤ ᠲᠣᠭᠤᠷᠢᠭ ᠤᠨ ᠤᠯᠤᠰ ᠤᠨ ᠦᠮᠴᠢᠯᠡᠯᠳᠤ ᠠᠵᠤ ᠠᠬᠤᠶᠢᠯᠠᠯ ᠬᠠᠮᠲᠤ ᠪᠠᠷ | ᠣᠷᠣᠯᠴᠠᠬᠤ ᠠᠷᠭ᠎ᠠ ᠶᠢ ᠬᠠᠶᠢᠨ ᠰᠦᠪᠡᠭᠴᠢᠯᠡᠵᠦ᠂ ᠳᠠᠭᠠᠭᠠᠴᠢᠯᠠᠯᠲᠠ ᠵᠠᠷᠯᠠᠬᠤ ᠲᠦᠷᠢᠮ᠂ ᠨᠠᠶᠢᠳᠠᠬᠤ ᠲᠦᠷᠢᠮ᠂ ᠭᠡᠷ᠎ᠡ ᠶᠢᠨ ᠲᠦᠷᠢᠮ ᠵᠡᠷᠭᠡ ᠣᠯᠠᠨ ᠵᠦᠢᠯ ᠤᠨ | ᠠᠷᠭ᠎ᠠ ᠮᠠᠶ᠋ᠢᠭ ᠢ ᠬᠡᠷᠡᠭᠯᠡᠨ᠂ ᠲᠥᠷᠥᠯ ᠵᠦᠢᠯ ᠤᠨ ᠵᠢᠷᠤᠭ ᠲᠥᠯᠥᠪᠯᠡᠭᠡ᠂ ᠪᠠᠷᠢᠯᠭ᠎ᠠ ᠪᠠᠷᠢᠬᠤ᠂ ᠬᠠᠮᠢᠶᠠᠷᠬᠤ᠂ ᠠᠷᠠᠴᠢᠯᠠᠨ ᠬᠠᠮᠠᠭᠠᠯᠠᠬᠤ ᠵᠡᠷᠭᠡ ᠪᠥᠬᠦ ᠴᠤᠪᠤᠷᠠᠯ ᠤᠨ | ᠴᠢᠨᠠᠷᠵᠢᠯ ᠦᠷ᠎ᠡ ᠪᠦᠲᠦᠮᠵᠢ ᠶᠢ ᠳᠡᠭᠡᠭᠰᠢᠯᠡᠭᠦᠯᠵᠦ ᠨᠢᠭᠡ ᠴᠤᠭᠴᠠᠵᠢᠭᠤᠯᠤᠨ ᠠᠬᠢᠭᠤᠯᠤᠨ᠎ᠠ᠃ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ᠂ ᠲᠠᠷᠢᠶᠠᠯᠠᠩ ᠮᠠᠯ | ᠠᠵᠤ ᠠᠬᠤᠶ᠂ ᠤᠰᠤᠨ ᠠᠰᠢᠭᠯᠠᠯᠲᠠ ᠵᠡᠷᠭᠡ ᠬᠦᠷᠢᠶᠡᠨ ᠳᠠᠬᠢ ᠤᠯᠤᠰ ᠤᠨ ᠥᠮᠴᠢᠯᠡᠯᠲᠦ ᠠᠵᠤ ᠠᠬᠤᠶᠢᠯᠠᠯ ᠲᠥᠪᠯᠡᠷᠡᠨ ᠵᠠᠯᠭᠠᠯᠳᠤᠭᠰᠠᠨ ᠪᠡᠯᠭᠡ ᠲᠡᠮᠳᠡᠭ ᠤᠨ | ᠴᠢᠨᠠᠷᠲᠠᠶ ᠪᠠᠷᠢᠯᠭ᠎ᠠ ᠶᠢᠨ ᠲᠥᠷᠥᠯ ᠵᠦᠢᠯ ᠢ ᠪᠥᠲᠥᠭᠡᠨ ᠪᠠᠶᠢᠭᠤᠯᠬᠤ ᠶᠢ ᠭᠤᠶᠤᠴᠢᠯᠠᠨ ᠮᠡᠳᠡᠭᠦᠯᠬᠦ ᠶᠢ ᠵᠣᠷᠢᠭᠵᠢᠭᠤᠯᠤᠨ᠎ᠠ︔ ᠮᠠᠯᠴᠢᠨ ᠲᠠᠷᠢᠶᠠᠴᠢᠨ ᠤ ᠳᠠᠭᠠᠭᠠᠴᠢᠯᠠᠨ | ᠡᠵᠡᠩᠨᠡᠭᠰᠡᠨ ᠭᠠᠵᠠᠷ ᠰᠢᠷᠣᠢ ᠶᠢ ᠰᠤᠩᠭᠤᠨ ᠪᠦᠲᠦᠭᠡᠨ ᠪᠠᠶᠢᠭᠤᠯᠤᠭᠰᠠᠨ ᠵᠠᠷᠢᠮ ᠲᠥᠷᠥᠯ ᠵᠦᠢᠯ ᠢ ᠮᠠᠯᠴᠢᠨ ᠲᠠᠷᠢᠶᠠᠴᠢᠨ ᠰᠢᠭᠤᠳ ᠪᠦᠲᠦᠭᠡᠨ ᠪᠠᠶᠢᠭᠤᠯᠬᠤ ᠪᠤᠶᠤ | ᠡᠵᠡᠩᠨᠡᠯᠲᠡ ᠶᠢᠨ ᠭᠤᠤᠯ ᠴᠣᠭᠴᠠ ᠳᠤ ᠨᠠᠶᠢᠳᠠᠨ ᠪᠦᠲᠦᠭᠡᠨ ᠪᠠᠶᠢᠭᠤᠯᠵᠤ᠂ ᠮᠠᠯᠴᠢᠨ ᠲᠠᠷᠢᠶᠠᠴᠢᠳ ᠥᠪᠡᠰᠦᠪᠡᠨ ᠪᠦᠲᠦᠭᠡᠨ ᠪᠠᠶᠢᠭᠤᠯᠵᠤ ᠥᠪᠡᠰᠦᠪᠡᠨ ᠬᠠᠮᠢᠶᠠᠷᠴᠤ | ᠂ ᠰᠢᠭᠤᠳ ᠠᠰᠢᠭ ᠬᠦᠷᠲᠡᠵᠦ ᠪᠣᠯᠤᠨ᠎ᠠ︔ ᠪᠡᠯᠡ ᠣᠷᠣᠭᠤᠯᠤᠯᠲᠠ ᠶᠢᠨ ᠥᠪᠡᠷ ᠤᠨ ᠥᠷᠲᠡᠭ ᠨᠢ ᠥᠨᠳᠥᠷ᠂ ᠪᠦᠲᠦᠭᠡᠨ ᠪᠠᠶᠢᠭᠤᠯᠤᠯᠲᠠ ᠶᠢᠨ ᠮᠠᠲ᠋ᠧᠷᠢᠶᠠᠯ | ᠬᠤᠳᠠᠯᠳᠤᠨ ᠠᠪᠬᠤ ᠬᠡᠮᠵᠢᠶ᠎ᠡ ᠪᠠᠷ ᠶᠡᠭᠡ ᠵᠠᠷᠢᠮ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠢᠯᠡ ᠪᠠᠷ ᠳᠠᠭᠠᠭᠠᠴᠢᠯᠠᠯᠲᠠ ᠵᠠᠷᠯᠠᠬᠤ ᠠᠷᠭ᠎ᠠ ᠮᠠᠶ᠋ᠢᠭ ᠢᠶᠠᠷ | ᠵᠠᠬ᠎ᠠ ᠳᠡᠯᠭᠡᠭᠦᠷ ᠤᠨ ᠭᠤᠤᠯ ᠴᠣᠭᠴᠠ ᠶᠢ ᠤᠷᠤᠭᠤᠯᠤᠨ ᠠᠪᠴᠢᠷᠠᠵᠤ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠤᠨ᠎ᠠ᠃ ᠠᠮᠢ ᠠᠬᠤᠶ ᠶᠢᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠳᠤ ᠡᠩ ᠲᠡᠷᠢᠭᠦᠨ ᠳᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ᠂ ᠬᠤᠷᠰᠢᠶ᠎ᠠ᠂ ᠲᠤᠬᠠᠶ ᠶᠢᠨ ᠭᠠᠵᠠᠷ ᠤᠨ | ᠮᠠᠯᠴᠢᠨ ᠲᠠᠷᠢᠶᠠᠴᠢᠳ ᠢ ᠰᠢᠩᠭᠡᠭᠡᠨ ᠠᠪᠴᠦ ᠬᠦᠴᠦ ᠬᠥᠳᠡᠯᠮᠦᠷᠢ ᠣᠷᠣᠭᠤᠯᠬᠤ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ ᠪᠥᠲᠥᠭᠡᠨ ᠪᠠᠶᠢᠭᠤᠯᠤᠯᠲᠠ ᠳᠤ ᠣᠷᠣᠯᠴᠠᠭᠤᠯᠤᠨ᠎ᠠ᠃ | ︵ᠲᠦᠷᠪᠡ︶ ᠣᠶᠢᠲᠤ ᠭᠠᠵᠠᠷ ᠨᠤᠲᠤᠭ ᠪᠡᠯᠴᠢᠭᠡᠷ ᠤᠨ ᠡᠵᠡᠩᠨᠡᠯᠲᠡ ᠶᠢᠨ ᠡᠷᠬᠡ ᠶᠢ ᠡᠷᠭᠢᠯᠳᠦᠭᠦᠯᠬᠦ ᠶᠢ ᠰᠦᠪᠡᠭᠴᠢᠯᠡᠨ᠎ᠡ᠃ ᠡᠯᠡᠰᠦᠷᠬᠡᠭᠵᠢᠭᠰᠡᠨ ᠭᠠᠵᠠᠷ | ᠰᠢᠷᠣᠶ ᠶᠢᠨ ᠬᠡᠪᠴᠢᠶᠡᠵᠢᠭᠰᠡᠨ᠂ ᠠᠵᠤ ᠦᠶᠢᠯᠡᠰᠵᠢᠭᠰᠡᠨ ᠵᠠᠰᠠᠯᠲᠠ ᠶᠢ ᠠᠬᠢᠭᠤᠯᠵᠤ᠂ ᠡᠯᠡᠰᠦᠷᠬᠡᠭᠵᠢᠭᠰᠡᠨ ᠣᠶᠢᠲᠤ ᠭᠠᠵᠠᠷ ᠨᠤᠲᠤᠭ ᠪᠡᠯᠴᠢᠭᠡᠷ ᠤᠨ | ᠡᠵᠡᠩᠨᠡᠯᠲᠡ ᠶᠢᠨ ᠡᠷᠬᠡ ᠶᠢᠨ ᠡᠷᠬᠢᠯᠲᠡ ᠶᠢᠨ ᠰᠢᠨ᠎ᠡ ᠶᠢ ᠡᠭᠦᠳᠴᠦ᠂ ᠬᠠᠯᠴᠠᠭᠠᠢ ᠡᠯᠡᠰᠦᠷᠬᠡᠭ ᠭᠠᠵᠠᠷ᠂ ᠮᠠᠭᠤᠲᠠᠭᠰᠠᠨ ᠣᠶᠢᠲᠤ ᠭᠠᠵᠠᠷ᠂ ︽ᠡᠯᠡᠰᠦᠷᠬᠡᠭᠵᠢᠭᠰᠡᠨ᠂ | ᠮᠠᠭᠤᠳᠠᠭᠰᠠᠨ᠂ ᠬᠤᠵᠢᠷᠰᠢᠭᠰᠠᠨ︾ ᠨᠤᠲᠤᠭ ᠪᠡᠯᠴᠢᠭᠡᠷ ᠢ ᠬᠤᠷᠢᠶᠠᠨ ᠨᠥᠭᠡᠴᠡᠯᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠬᠡᠰᠡᠭᠵᠢᠭᠰᠡᠨ ᠢᠯᠠᠩᠭᠤᠶ᠎ᠠ | ᠤᠷᠲᠤ ᠬᠤᠭᠤᠴᠠᠭ᠎ᠠ ᠪᠠᠷ ᠵᠠᠰᠠᠬᠤ ᠬᠥᠮᠦᠨ ᠦᠭᠡᠢ ᠡᠯᠡᠰᠦᠷᠬᠡᠭᠵᠢᠭᠰᠡᠨ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢ ᠮᠠᠯᠴᠢᠨ ᠲᠠᠷᠢᠶᠠᠴᠢᠨ ᠤ ᠬᠦᠰᠡᠯ | ᠰᠠᠨᠠᠭ᠎ᠠ ᠶᠢ ᠬᠦᠨᠳᠦᠳᠬᠡᠭᠰᠡᠨ ᠰᠠᠭᠤᠷᠢᠨ ᠳᠡᠭᠡᠷ᠎ᠡ᠂ ᠬᠤᠰᠢᠭᠤ ᠲᠣᠭᠤᠷᠢᠭ᠂ ᠰᠤᠮᠤ ᠰᠢᠶᠠᠩ ᠪᠠᠯᠭᠠᠰᠤ ᠶᠢᠨ ᠤᠯᠤᠰ ᠤᠨ ᠦᠮᠴᠢᠯᠡᠯᠲᠦ ᠠᠵᠤ ᠠᠬᠤᠶᠢᠯᠠᠯ ᠠᠴᠠ | ᠬᠤᠷᠢᠶᠠᠨ ᠨᠦᠬᠡᠴᠡᠯᠡᠵᠦ ᠬᠦᠮᠦᠷᠭᠡ ᠳᠤ ᠤᠷᠤᠭᠤᠯᠤᠨ᠎ᠠ᠃ ᠭᠠᠵᠠᠷ ᠰᠢᠷᠣᠶ ᠶᠢᠨ ᠠᠰᠢᠭᠯᠠᠯᠲᠠ ᠶᠢᠨ ᠣᠳᠣᠬᠢ ᠪᠠᠶᠢᠳᠠᠯ ᠢ ᠦᠨᠳᠦᠰᠦᠯᠡᠨ ᠠᠮᠢ ᠠᠬᠤᠶ ᠶᠢᠨ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠥᠷᠥᠯ ᠬᠤᠪᠢᠶᠠᠨ ᠪᠠᠶᠢᠷᠢᠰᠢᠭᠤᠯᠵᠤ᠂ ᠠᠵᠤ ᠠᠬᠤᠶᠢᠯᠠᠯ ᠵᠢᠴᠢ ᠮᠠᠯᠴᠢᠨ ᠲᠠᠷᠢᠶᠠᠴᠢᠨ ᠤ ᠥᠪᠡᠰᠦᠪᠡᠨ | ᠪᠠᠶᠢᠭᠤᠯᠬᠤ᠂ ᠬᠠᠮᠲᠤᠷᠠᠯᠴᠠᠬᠤ᠂ ᠳᠠᠭᠠᠭᠠᠴᠢᠯᠠᠬᠤ ᠵᠡᠷᠭᠡ ᠠᠷᠭ᠎ᠠ ᠬᠡᠯᠪᠡᠷᠢ ᠪᠠᠷ ᠳᠡᠮᠵᠢᠨ ᠰᠡᠷᠭᠦᠭᠡᠨ ᠵᠠᠰᠠᠬᠤ ᠠᠵᠢᠯ ᠥᠷᠨᠢᠭᠦᠯᠬᠦ ᠶᠢ ᠵᠣᠷᠢᠭᠵᠢᠭᠤᠯᠤᠨ᠎ᠠ᠃ | ᠬᠤᠰᠢᠭᠤ ᠲᠣᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠭᠠᠵᠠᠷ ᠰᠢᠷᠣᠶ ᠶᠢ ᠨᠠᠶᠢᠳᠠᠪᠤᠷᠢᠵᠢᠭᠤᠯᠬᠤ᠂ ᠠᠰᠢᠭ ᠲᠤᠰᠠ ᠶᠢ ᠬᠤᠯᠪᠣᠬᠤ᠂ ᠲᠥᠬᠦᠭᠡᠷᠦᠮᠵᠢ ᠶᠢ ᠢᠵᠢ ᠪᠥᠷᠢᠳᠦᠭᠦᠯᠬᠦ᠂ | ᠦᠢᠯᠡᠴᠢᠯᠡᠭᠡ ᠶᠢ ᠪᠠᠲᠤᠯᠠᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ | ᠣᠶᠢᠲᠤ ᠭᠠᠵᠠᠷ ᠨᠤᠲᠤᠭ ᠪᠡᠯᠴᠢᠭᠡᠷ ᠢ ᠡᠷᠬᠢᠯᠲᠦᠭᠦᠯᠬᠦ ᠠᠴᠠ ᠪᠣᠯᠤᠭᠰᠠᠨ ᠵᠥᠷᠢᠴᠡᠯ ᠵᠢᠭᠤᠷᠠᠯᠳᠤᠭᠠᠨ ᠢ ᠲᠣᠬᠢᠲᠠᠶ ᠰᠢᠢᠳᠪᠦᠷᠢᠯᠡᠵᠦ᠂ ᠪᠥᠬᠦ ᠠᠷᠠᠳ ᠢᠶᠠᠷ ᠢᠶᠠᠨ | ᠣᠷᠣᠯᠴᠠᠬᠤ᠂ ᠪᠥᠬᠦ ᠨᠡᠶᠢᠭᠡᠮ ᠢᠶᠠᠷ ᠢᠶᠠᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠬᠦ ᠰᠠᠶᠢᠨ ᠰᠠᠶᠢᠬᠠᠨ ᠤᠷᠴᠢᠨ ᠠᠬᠤᠢ ᠢ ᠪᠣᠶ ᠪᠣᠯᠭᠠᠨ᠎ᠠ᠃ | ︵ᠲᠠᠪᠤ︶ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠠᠵᠤ ᠦᠢᠯᠡᠰ ᠤᠨ ᠬᠥᠭᠵᠢᠯᠲᠡ ᠶᠢ ᠠᠭᠤᠰᠤᠯᠴᠠᠭᠤᠯᠤᠨ ᠠᠬᠢᠭᠤᠯᠤᠨ᠎ᠠ᠃ ᠠᠮᠢ | ᠠᠬᠤᠶ ᠶᠢᠨ ᠵᠠᠰᠠᠯᠲᠠ ᠬᠢᠭᠡᠳ ᠰᠢᠨ᠎ᠡ ᠡᠨᠧᠷᠭᠢ ᠶᠢᠨ ᠪᠥᠲᠥᠭᠡᠨ ᠪᠠᠶᠢᠭᠤᠯᠤᠯᠲᠠ ᠶᠢ ᠠᠭᠤᠰᠤᠯᠴᠠᠭᠤᠯᠤᠨ ᠬᠥᠭᠵᠢᠭᠦᠯᠬᠦ ᠶᠢ ᠲᠦᠷᠭᠡᠳᠬᠡᠨ ᠠᠬᠢᠭᠤᠯᠵᠤ᠂ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠤᠯᠤᠭᠰᠠᠨ ᠢᠨᠵᠧᠨᠧᠷᠢᠩ ᠢ | ᠬᠡᠷᠡᠭᠵᠢᠭᠦᠯᠵᠦ᠂ ᠬᠥᠪᠴᠢ ᠶᠢᠨ ᠡᠯᠡᠰᠦᠨ ᠤ ︽ᠬᠡᠷᠡᠯ ᠴᠡᠨᠡᠭ ᠤᠨ ᠣᠷᠳᠣ ᠴᠠᠭᠠᠨ ᠬᠡᠷᠡᠮ︾᠂ ᠮᠤᠤᠠᠤᠰᠤ ᠶᠢᠨ ᠡᠯᠡᠰᠦᠷᠬᠡᠭ ᠭᠠᠵᠠᠷ ᠤᠨ ᠰᠠᠯᠬᠢᠨ ᠬᠦᠴᠦᠨ ᠤ | ᠴᠠᠬᠢᠯᠭᠠᠨ ᠬᠡᠷᠡᠯ ᠴᠡᠨᠡᠭ ᠤᠨ ︽ᠨᠢᠭᠡ ᠬᠤᠩᠬᠢᠯ ᠣᠯᠠᠨ ᠴᠡᠭ︾ ᠤᠨ ᠢᠨᠵᠧᠨᠧᠷᠢᠩ ᠢ ᠲᠥᠪᠯᠡᠷᠡᠭᠦᠯᠦᠨ ᠪᠠᠶᠢᠭᠤᠯᠵᠤ᠂ ︽ᠡᠪᠡᠰᠦ ᠲᠠᠷᠢᠬᠤ ᠪᠠ ᠬᠡᠷᠡᠯ ᠴᠡᠨᠡᠭ ᠢᠶᠠᠷ | ᠴᠠᠬᠢᠯᠭᠠᠨ ᠭᠠᠷᠭᠠᠬᠤ ᠶᠢ ᠬᠠᠷᠢᠯᠴᠠᠨ ᠨᠥᠬᠦᠪᠥᠷᠢᠯᠡᠬᠦ︾ ᠵᠠᠭᠪᠤᠷ ᠢ ᠬᠡᠷᠡᠭᠯᠡᠨ ᠡᠯᠡᠰᠦᠷᠬᠡᠭᠵᠢᠭᠰᠡᠨ ᠭᠠᠵᠠᠷ ᠰᠢᠷᠣᠶ ᠶᠢ ᠶᠡᠷᠦᠩᠬᠡᠶᠢᠯᠡᠨ ᠵᠠᠰᠠᠬᠤ ᠶᠢ ᠠᠬᠢᠭᠤᠯᠵᠤ᠂ | ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠪᠲᠠᠰᠤᠨ ᠳᠣᠤᠷᠠᠬᠢ ᠪᠠ ᠬᠠᠪᠲᠠᠰᠤᠨ ᠬᠤᠭᠤᠷᠤᠨᠳᠤᠬᠢ ᠰᠡᠷᠭᠦᠭᠡᠨ | ᠵᠠᠰᠠᠯᠲᠠ᠂ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ᠂ ᠳᠠᠬᠢᠯᠲᠠ ᠡᠨᠧᠷᠬᠢ ᠶᠢ ᠴᠠᠬᠢᠯᠭᠠᠨ ᠬᠦᠴᠦᠨ ᠤ ᠰᠢᠰᠲ᠋ᠧᠮ ᠳᠤ ᠤᠷᠤᠭᠤᠯᠤᠨ ᠭᠠᠳᠠᠭᠰᠢ | ᠳᠠᠮᠵᠢᠭᠤᠯᠬᠤ ᠪᠠ ᠤᠰᠤᠲᠥ᠋ᠷᠥᠭᠴᠢ ᠶᠢ ᠦᠢᠯᠡᠳᠴᠦ ᠡᠨᠧᠷᠭᠢ ᠬᠠᠳᠠᠭᠠᠯᠠᠬᠤ ᠵᠡᠷᠭᠡ ᠪᠥᠬᠦ ᠠᠵᠤ ᠦᠢᠯᠡᠰ ᠤᠨ ᠬᠡᠯᠬᠢᠶ᠎ᠡ ᠶᠢᠨ ᠣᠯᠠᠨ ᠡᠰᠢᠵᠢᠨ ᠬᠠᠮᠲᠤ ᠪᠠᠷ ᠠᠰᠢᠭ | ᠭᠥᠷᠳᠡᠬᠦ ᠶᠢ ᠠᠬᠢᠭᠤᠯᠤᠨ᠎ᠠ᠃ ᠣᠶ ᠰᠢᠭᠤᠶ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠳᠠᠪᠠᠭᠤᠯᠢᠭ ᠪᠠ ᠠᠮᠢ ᠠᠬᠤᠶ ᠶᠢᠨ ᠲᠥᠷᠥᠯ ᠵᠦᠢᠯ ᠤᠨ | ᠲᠤᠯᠭᠠᠭᠤᠷᠢᠯᠠᠯ ᠳᠤ ᠲᠦᠰᠢᠭᠯᠡᠨ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠬᠠᠷᠭᠠᠨ᠎ᠠ᠂ ᠴᠢᠴᠠᠷᠭᠠᠨ᠎ᠠ᠂ ᠠᠯᠮᠤᠷᠠᠳ᠂ ᠡᠯᠡᠰᠦᠨ ᠪᠤᠷᠭᠠᠰᠤ᠂ | ᠬᠢᠲᠠᠳ ᠡᠮ ᠤᠨ ᠮᠠᠲ᠋ᠧᠷᠢᠶᠠᠯ ᠵᠡᠷᠭᠡ ᠣᠨᠴᠠᠯᠢᠭᠲᠤ ᠣᠶ ᠰᠢᠭᠤᠶ ᠡᠪᠡᠰᠦ ᠡᠯᠡᠰᠦᠨ ᠤ ᠠᠵᠤ ᠦᠢᠯᠡᠰ ᠢ ᠬᠥᠭᠵᠢᠭᠦᠯᠵᠦ᠂ ᠠᠮᠢ ᠠᠬᠤᠶ ᠶᠢᠨ ᠵᠢᠭᠤᠯᠴᠢᠯᠠᠯ᠂ | ᠰᠡᠯᠡᠭᠦᠴᠡᠯ ᠡᠷᠡᠭᠦᠯᠵᠢᠯ ᠰᠤᠪᠢᠯᠠᠯᠲᠠ᠂ ᠣᠶ ᠶᠢᠨ ᠠᠵᠤ ᠠᠬᠤᠶ᠂ ᠣᠲᠣ ᠦᠶ᠎ᠡ ᠶᠢᠨ ᠲᠠᠷᠢᠶᠠᠯᠠᠩ ᠮᠠᠯᠵᠢᠯ ᠤᠨ ᠲᠠᠯᠠᠪᠠᠶ ᠵᠡᠷᠭᠡ ᠣᠯᠠᠨ ᠡᠰᠢᠵᠢᠭᠰᠡᠨ ᠠᠵᠤ | ᠦᠢᠯᠡᠰ ᠤᠨ ᠬᠡᠯᠬᠢᠶ᠎ᠡ ᠶᠢ ᠤᠷᠲᠤᠳᠬᠠᠬᠤ ᠶᠢ ᠪᠥᠬᠦ ᠲᠠᠯ᠎ᠠ ᠪᠠᠷ ᠠᠬᠢᠭᠤᠯᠤᠨ᠎ᠠ᠃ | ︵ᠵᠢᠷᠭᠤᠭ᠎ᠠ︶ ᠬᠠᠮᠲᠤᠪᠠᠷ ᠵᠠᠰᠠᠵᠤ ᠬᠠᠮᠲᠤᠪᠠᠷ ᠪᠠᠶᠢᠭᠤᠯᠵᠤ ᠬᠠᠮᠲᠤᠪᠠᠷ ᠴᠢᠨᠡᠭᠡᠯᠢᠭᠵᠢᠬᠦ ᠰᠢᠨ᠎ᠡ ᠵᠠᠭᠪᠤᠷ ᠢ ᠰᠢᠨ᠎ᠡ ᠪᠠᠷ ᠡᠭᠦᠳᠦᠨ᠎ᠡ᠃ ᠠᠮᠢ ᠠᠬᠤᠶ ᠶᠢᠨ | ᠪᠥᠲᠥᠭᠡᠨ ᠪᠠᠶᠢᠭᠤᠯᠤᠯᠲᠠ ᠬᠢᠭᠡᠳ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂ ᠢᠨᠵᠧᠨᠧᠷᠢᠩ ᠤᠨ | ᠪᠥᠲᠥᠭᠡᠨ ᠪᠠᠶᠢᠭᠤᠯᠤᠯᠲᠠ᠂ ᠠᠵᠢᠯᠯᠠᠭᠠᠨ ᠤ ᠬᠠᠮᠠᠭᠠᠯᠠᠯᠲᠠ᠂ ᠠᠮᠢ ᠠᠬᠤᠶ ᠶᠢᠨ ᠰᠡᠷᠭᠦᠭᠡᠯᠲᠡ ᠶᠢᠨ ᠳᠤᠮᠳᠠ ᠠᠵᠢᠯᠯᠠᠭᠤᠯᠬᠤ ᠪᠠᠷ ᠲᠡᠳᠬᠦᠮᠵᠢ ᠶᠢ ᠣᠷᠣᠯᠠᠭᠤᠯᠬᠤ ᠶᠢ | ᠥᠷᠭᠡᠨ ᠢᠶᠠᠷ ᠬᠡᠷᠡᠭᠵᠢᠭᠦᠯᠵᠦ᠂ ᠲᠥᠷᠥᠯ ᠵᠦᠢᠯ ᠤᠨ ᠭᠤᠤᠯ ᠴᠣᠭᠴᠠ ᠶᠢᠨ ᠪᠥᠲᠥᠭᠡᠨ ᠪᠠᠶᠢᠭᠤᠯᠤᠯᠲᠠ᠂ ᠳᠠᠭᠠᠯᠳᠤᠭᠤᠯᠤᠭᠰᠠᠨ ᠪᠠᠶᠢᠭᠤᠯᠤᠯᠲᠠ᠂ ᠦᠢᠯᠡᠴᠢᠯᠡᠭᠡᠨ ᠤ | ᠪᠠᠲᠤᠯᠠᠭ᠎ᠠ᠂ ᠪᠠᠶᠢᠭᠤᠯᠤᠭᠰᠠᠨ ᠤ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ ᠵᠡᠷᠭᠡ ᠵᠠᠩᠭᠢᠯᠠᠭ᠎ᠠ ᠶᠢᠨ ᠠᠵᠢᠯᠴᠢᠨ ᠬᠡᠷᠡᠭᠯᠡᠬᠦ ᠳᠠᠯᠳᠠ ᠬᠦᠴᠦᠨ ᠢ ᠭᠦᠢᠴᠡᠳ | ᠠᠭᠤᠳᠠᠯᠵᠤ᠂ ᠭᠤᠤᠯᠳᠠᠯᠭ᠎ᠠ ᠲᠠᠢ ᠲᠥᠷᠥᠯ ᠵᠦᠢᠯ ᠳᠤ ᠠᠵᠢᠯᠯᠠᠭᠤᠯᠬᠤ ᠪᠠᠷ ᠲᠡᠳᠬᠦᠮᠵᠢ ᠶᠢ ᠣᠷᠣᠯᠠᠭᠤᠯᠬᠤ ᠪᠠᠯᠠ ᠮᠥᠩᠭᠦ ᠶᠢᠨ ᠬᠠᠷᠢᠴᠠᠯ ᠢ 30% ᠠᠴᠠ | ᠳᠡᠭᠡᠭᠰᠢ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ ᠮᠠᠯᠴᠢᠨ ᠲᠠᠷᠢᠶᠠᠴᠢᠳ ᠤᠨ ᠳᠠᠭᠠᠭᠠᠴᠢᠯᠠᠨ ᠡᠵᠡᠩᠨᠡᠭᠰᠡᠨ ᠭᠠᠵᠠᠷ ᠰᠢᠷᠣᠶ ᠳᠡᠭᠡᠷᠡᠬᠢ ᠠᠮᠢ ᠠᠬᠤᠶ ᠶᠢᠨ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ︽ᠨᠥᠬᠦᠪᠥᠷᠢᠯᠡᠬᠦ ᠪᠠᠷ ᠣᠶᠢᠵᠢᠭᠤᠯᠬᠤ ᠶᠢ ᠣᠷᠣᠯᠠᠭᠤᠯᠬᠤ᠂ ᠱᠠᠩᠨᠠᠬᠤ ᠪᠠᠷ ᠪᠠᠯᠠ ᠣᠷᠣᠭᠤᠯᠬᠤ ᠶᠢ | ᠣᠷᠣᠯᠠᠭᠤᠯᠬᠤ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ︾ ᠵᠡᠷᠭᠡ ᠤᠷᠮᠠᠰᠢᠭᠤᠯᠬᠤ ᠲᠣᠭᠲᠠᠴᠠ ᠶᠢ ᠶᠡᠬᠡᠪᠡᠷ ᠬᠡᠷᠡᠭᠵᠢᠭᠦᠯᠵᠦ᠂ ᠲᠣᠰᠬᠤᠨ ᠤ ᠠᠷᠠᠳ | ᠥᠪᠡᠰᠦᠪᠡᠨ ᠪᠠᠶᠢᠭᠤᠯᠬᠤ᠂ ᠡᠷᠦᠬᠡ ᠬᠤᠯᠪᠣᠭᠠᠯᠠᠨ ᠬᠠᠮᠲᠤᠷᠠᠨ ᠪᠠᠶᠢᠭᠤᠯᠬᠤ᠂ ᠬᠤᠷᠰᠢᠶ᠎ᠠ ᠠᠴᠠ ᠪᠠᠶᠢᠭᠤᠯᠬᠤ᠂ ᠲᠣᠰᠬᠤᠨ ᠤ ᠪᠠᠯᠠ ᠣᠷᠣᠭᠤᠯᠤᠯᠲᠠ ᠶᠢᠨ ᠺᠣᠮᠫᠠᠨᠢ | ᠪᠠᠶᠢᠭᠤᠯᠬᠤ ᠳᠤ ᠣᠷᠣᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠰᠠᠶᠢᠨ ᠳᠤᠷ᠎ᠠ ᠠᠴᠠ ᠪᠠᠨ ᠭᠤᠶᠤᠴᠢᠯᠠᠨ ᠮᠡᠳᠡᠭᠦᠯᠵᠤ ᠥᠪᠡᠰᠦᠪᠡᠨ ᠪᠥᠲᠥᠭᠡᠨ | ᠪᠠᠶᠢᠭᠤᠯᠵᠤ᠂ ︽ᠪᠦᠬᠦᠨ ᠳᠤ ᠳᠣᠭᠢᠷᠠᠬᠤ ᠺᠠᠷᠲ︾ ᠤᠨ ᠠᠷᠭ᠎ᠠ ᠮᠠᠶ᠋ᠢᠭ ᠢᠶᠠᠷ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢ ᠰᠢᠭᠤᠳ ᠣᠯᠭᠤᠵᠣ᠂ ᠮᠠᠯᠴᠢᠨ | ᠲᠠᠷᠢᠶᠠᠴᠢᠳ ᠤᠨ ᠰᠢᠭᠤᠳ ᠣᠷᠣᠯᠴᠠᠬᠤ ᠨᠣᠷᠮ᠎ᠠ ᠶᠢ 60% ᠠᠴᠠ ᠳᠡᠭᠡᠭᠰᠢ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ ᠱᠠᠩᠨᠠᠯ ᠨᠥᠬᠦᠪᠥᠷᠢ ᠶᠢᠨ ᠪᠠᠯᠠ | ᠮᠥᠩᠭᠦ ᠶᠢ ᠣᠯᠭᠤᠯᠲᠠ ᠬᠡᠷᠡᠭᠯᠡᠯᠲᠡ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠵᠠᠰᠠᠵᠤ | ᠬᠠᠮᠢᠶᠠᠷᠤᠨ ᠬᠠᠮᠠᠭᠠᠯᠠᠬᠤ ᠡᠭᠦᠷᠭᠡ ᠡᠭᠦᠷᠭᠡᠯᠡᠬᠦ ᠶᠢ ᠳᠡᠮᠵᠢᠨ᠎ᠡ᠃ | ︵ᠳᠣᠯᠤᠭ᠎ᠠ︶ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠪᠠ ᠬᠠᠮᠠᠭᠠᠯᠠᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠤᠯᠤᠰ ᠤᠨ | ᠨᠤᠲᠤᠭ ᠳᠡᠪᠢᠰᠬᠡᠷ ᠤᠨ ᠣᠷᠣᠨ ᠵᠠᠶ ᠶᠢᠨ ᠬᠡᠷᠡᠭᠯᠡᠯᠲᠡ ᠶᠢᠨ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠵᠦ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ | ᠲᠥᠯᠥᠪᠵᠢᠭᠦᠯᠭᠡ ᠪᠠ ︽ᠭᠤᠷᠪᠠᠨ ᠣᠷᠣᠨ ᠭᠤᠷᠪᠠᠨ ᠱᠤᠭᠤᠮ︾ ᠢ ᠵᠠᠭᠠᠭᠯᠠᠨ ᠲᠣᠭᠲᠠᠭᠠᠭᠰᠠᠨ ᠦᠷ᠎ᠡ ᠪᠦᠲᠦᠭᠡᠯ ᠲᠠᠢ ᠤᠶᠠᠯᠳᠤᠭᠤᠯᠤᠨ᠂ ᠡᠯᠡᠰᠦᠷᠬᠡᠭᠵᠢᠯ ᠢ | ᠰᠡᠷᠭᠡᠶᠢᠯᠡᠨ ᠡᠯᠡᠰᠦ ᠶᠢ ᠵᠠᠰᠠᠬᠤ᠂ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠪᠠ ᠲᠠᠷᠢᠶᠠᠨ ᠭᠠᠵᠠᠷ ᠢ ᠨᠢᠭᠡᠳᠦᠯᠲᠡᠶ ᠲᠥᠯᠥᠪᠯᠡᠵᠦ᠂ ᠠᠮᠢ | ᠠᠬᠤᠶ ᠶᠢᠨ ᠲᠥᠷᠥᠯ ᠵᠦᠢᠯ ᠤᠨ ᠠᠵᠢᠯ ᠤᠨ ᠵᠢᠷᠤᠭ ᠲᠥᠯᠥᠪᠯᠡᠭᠡ᠂ ᠭᠠᠵᠠᠷ ᠬᠡᠷᠡᠭᠯᠡᠬᠦ᠂ ᠮᠡᠷᠭᠡᠵᠢᠯ ᠤᠨ ᠠᠷᠭ᠎ᠠ ᠬᠡᠮᠵᠢᠶ᠎ᠡ ᠶᠢᠨ ᠵᠦᠶ ᠵᠣᠬᠢᠰᠲᠠᠶ ᠴᠢᠨᠠᠷ ᠤᠨ | ᠦᠨᠡᠯᠡᠨ ᠵᠢᠱᠢᠯᠲᠡ ᠶᠢ ᠴᠢᠩᠭᠠᠳᠬᠠᠵᠤ᠂ ᠭᠤᠤᠯᠳᠠᠯᠭ᠎ᠠ ᠲᠠᠢ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠲᠥᠷᠥᠯ ᠵᠦᠢᠯ ᠤᠨ ᠪᠠᠯᠠ ᠮᠥᠩᠭᠦ ᠶᠢ ᠡᠩ | ᠲᠡᠷᠢᠭᠦᠨ ᠳᠤ ᠬᠠᠯᠴᠠᠭᠠᠢ ᠡᠯᠡᠰᠦᠷᠬᠡᠭ ᠭᠠᠵᠠᠷ᠂ ᠡᠯᠡᠰᠦᠷᠬᠡᠭᠵᠢᠭᠰᠡᠨ ᠬᠡᠮᠵᠢᠶ᠎ᠡ ᠪᠠᠷ ᠬᠦᠨᠳᠦ ᠨᠣᠴᠢᠲᠠᠶ ᠣᠷᠣᠨ ᠪᠦᠰᠡ ᠳᠤ ᠪᠠᠶᠢᠷᠢᠰᠢᠭᠤᠯᠵᠤ᠂ ᠰᠠᠯᠪᠤᠷᠢ | ᠤᠷᠤᠰᠬᠠᠯ ᠤᠨ ᠬᠥᠨᠳᠡᠢ᠂ ᠲᠠᠷᠢᠶᠠᠨ ᠭᠠᠵᠠᠷ ᠢ ᠰᠡᠷᠭᠡᠶᠢᠯᠡᠨ ᠬᠠᠮᠠᠭᠠᠯᠠᠬᠤ᠂ ᠠᠮᠢ ᠠᠬᠤᠶ ᠶᠢᠨ ᠰᠢᠰᠲ᠋ᠧᠮ ᠤᠨ ᠬᠡᠪᠡᠷᠡᠭ ᠣᠷᠣᠨ ᠪᠦᠰᠡ ᠶᠢ ᠣᠶᠢᠵᠢᠭᠤᠯᠤᠨ | ᠨᠣᠭᠤᠭᠠᠷᠠᠭᠤᠯᠬᠤ ᠪᠠ ᠣᠶ ᠰᠢᠭᠤᠶ ᠡᠪᠡᠰᠦᠨ ᠤ ᠶᠠᠰᠤ ᠴᠢᠨᠠᠷ ᠢ ᠪᠠᠬᠢᠵᠢᠭᠦᠯᠦᠨ ᠳᠡᠭᠡᠭᠰᠢᠯᠡᠭᠦᠯᠬᠦ ᠶᠢ ᠴᠢᠩᠭᠠᠳᠬᠠᠵᠤ᠂ ᠠᠮᠢ ᠠᠬᠤᠶ ᠶᠢᠨ ᠰᠢᠰᠲ᠋ᠧᠮ ᠤᠨ ᠶᠠᠰᠤ | ᠴᠢᠨᠠᠷ ᠪᠠ ᠲᠣᠭᠲᠠᠪᠤᠷᠢᠲᠤ ᠴᠢᠨᠠᠷ ᠢ ᠪᠥᠬᠦ ᠲᠠᠯ᠎ᠠ ᠪᠠᠷ ᠰᠠᠶᠢᠵᠢᠷᠠᠭᠤᠯᠤᠨ᠎ᠠ᠃ ᠭᠤᠤᠯᠳᠠᠯᠭ᠎ᠠ ᠲᠠᠢ ᠵᠠᠰᠠᠬᠤ ᠣᠷᠣᠨ ᠤ ᠰᠠᠭᠤᠷᠢ ᠳᠥᠬᠦᠭᠡᠷᠦᠮᠵᠢ ᠶᠢ | ᠲᠡᠭᠦᠯᠳᠡᠷᠵᠢᠭᠦᠯᠵᠦ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠡᠯᠡᠰᠦᠷᠬᠡᠭᠵᠢᠯ ᠢ ᠰᠡᠷᠭᠡᠶᠢᠯᠡᠨ | ᠡᠯᠡᠰᠦ ᠶᠢ ᠵᠠᠰᠠᠬᠤ ᠬᠢᠭᠡᠳ ᠠᠵᠤ ᠦᠢᠯᠡᠰ ᠤᠨ ᠬᠥᠭᠵᠢᠯᠲᠡ ᠶᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠵᠤ᠂ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠤᠨ | ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ᠂ ᠣᠷᠣᠰᠢᠨ ᠰᠠᠭᠤᠵᠤ ᠠᠳᠠᠯ ᠦᠢᠯᠡᠰ ᠴᠤᠭᠴᠠᠯᠠᠬᠤ ᠳᠤ ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠬᠥᠳᠡᠭᠡ | ᠲᠣᠰᠬᠤᠨ ᠤ ᠪᠥᠲᠥᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠠᠮᠢ ᠠᠬᠤᠶ ᠶᠢᠨ ᠬᠠᠮᠠᠭᠠᠯᠠᠯᠲᠠ ᠶᠢᠨ ᠱᠠᠩᠨᠠᠵᠤ ᠨᠥᠬᠦᠪᠥᠷᠢᠯᠡᠬᠦ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠠᠮᠢ ᠠᠬᠤᠶ ᠶᠢᠨ ᠪᠦᠲᠦᠭᠡᠭᠳᠡᠬᠦᠨ ᠤ ᠥᠷᠲᠡᠭ ᠢ ᠪᠡᠶᠡᠯᠡᠭᠦᠯᠬᠦ ᠠᠷᠭ᠎ᠠ ᠵᠠᠮ ᠢ ᠥᠷᠭᠡᠳᠬᠡᠨ᠂ ᠦᠢᠯᠡᠳᠪᠦᠷᠢᠯᠡᠯ᠂ ᠠᠮᠢᠳᠤᠷᠠᠯ᠂ ᠠᠮᠢ | ᠠᠬᠤᠶ ᠶᠢᠨ ᠬᠠᠮᠲᠤᠪᠠᠷ ᠠᠰᠢᠭ ᠭᠥᠷᠳᠡᠬᠦ ᠶᠢ ᠪᠡᠶᠡᠯᠡᠭᠦᠯᠦᠨ᠎ᠡ᠃ | ︵ᠨᠠᠢᠮᠠ︶ ᠬᠢᠨᠠᠯᠲᠠ ᠬᠠᠮᠢᠶᠠᠷᠤᠯᠲᠠ ᠪᠠ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠪᠠᠷᠢᠯᠭ᠎ᠠ ᠶᠢᠨ ᠨᠢᠭᠡᠴᠢ ᠶᠢᠨ | ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠪᠣᠳᠠᠲᠠᠶᠢᠵᠢᠭᠤᠯᠵᠤ᠂ ᠣᠶᠢᠵᠢᠭᠤᠯᠬᠤ ᠡᠪᠡᠰᠦ ᠳᠠᠷᠢᠬᠤ ᠶᠢ | ᠲᠠᠰ ᠳᠡᠪᠰᠢᠭᠦᠯᠦᠨ ᠰᠢᠯᠭᠠᠨ ᠠᠪᠬᠤ ᠪᠤᠶᠤ ᠬᠤᠰᠢᠭᠤ ᠲᠣᠭᠤᠷᠢᠭ ᠰᠣᠯᠪᠢᠴᠠᠭᠤᠯᠤᠨ ᠰᠢᠯᠭᠠᠨ ᠠᠪᠬᠤ ᠲᠣᠭᠲᠠᠴᠠ ᠶᠢ ᠬᠡᠷᠡᠭᠵᠢᠭᠦᠯᠵᠦ᠂ ᠲᠣᠭᠲᠠᠭᠰᠠᠨ | ᠬᠤᠭᠤᠴᠠᠭᠠᠨ ᠳᠤ ᠠᠵᠢᠯ ᠡᠬᠢᠯᠡᠭᠦᠯᠦᠭᠰᠡᠨ ᠥᠬᠡᠶ᠂ ᠪᠥᠲᠥᠭᠡᠨ ᠪᠠᠶᠢᠭᠤᠯᠤᠯᠲᠠ ᠶᠢᠨ ᠠᠬᠢᠴᠠ ᠨᠢ ᠶᠡᠭᠡᠪᠡᠷ ᠬᠤᠴᠤᠷᠤᠭᠳᠠᠭᠰᠠᠨ᠂ ᠪᠥᠲᠥᠭᠡᠨ ᠪᠠᠶᠢᠭᠤᠯᠤᠯᠲᠠ ᠶᠢᠨ | ᠬᠤᠭᠤᠴᠠᠭ᠎ᠠ ᠠᠴᠠ ᠬᠡᠲᠦᠷᠡᠭᠦᠯᠦᠨ ᠰᠢᠯᠭᠠᠨ ᠠᠪᠬᠤ ᠳᠤ ᠬᠢᠷᠢ ᠲᠡᠩᠴᠡᠭᠰᠡᠨ ᠥᠬᠡᠶ ᠲᠥᠷᠥᠯ ᠵᠦᠢᠯ ᠢ ᠴᠠᠭ ᠲᠤᠬᠠᠶ ᠳᠤᠨᠢ ᠢᠯᠭᠠᠷᠠᠭᠤᠯᠤᠨ ᠪᠤᠴᠠᠭᠠᠨ᠎ᠠ︔ | ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠥᠬᠡᠶ ᠪᠥᠲᠥᠭᠡᠨ ᠪᠠᠶᠢᠭᠤᠯᠤᠯᠲᠠ ᠳᠤ | ᠣᠷᠣᠯᠴᠠᠭᠰᠠᠨ ᠭᠤᠤᠯ ᠴᠣᠭᠴᠠ ᠶᠢᠨ ᠢᠨᠵᠧᠨᠧᠷᠢᠩ ᠤᠨ ᠦᠯᠡᠳᠡᠪᠦᠷᠢ ᠵᠣᠭᠤᠰ ᠢ ᠬᠠᠰᠤᠵᠤ ᠠᠪᠬᠤ ᠶᠢᠨ ᠬᠠᠮᠲᠤ ᠭᠤᠶᠤᠴᠢᠯᠠᠨ ᠮᠡᠳᠡᠭᠦᠯᠬᠦ ᠶᠢ ᠬᠢᠵᠠᠭᠠᠷᠯᠠᠵᠤ᠂ | ᠬᠠᠤᠯᠢ ᠲᠣᠭᠲᠠᠭᠠᠯ ᠠᠴᠠ ᠵᠥᠷᠢᠴᠡᠭᠰᠡᠨ ᠪᠣᠯ ᠵᠥᠪᠰᠢᠶᠡᠷᠡᠨ ᠣᠷᠣᠭᠤᠯᠬᠤ ᠶᠢ ᠴᠠᠭᠠᠵᠠᠯᠠᠬᠤ᠂ ᠦᠨᠡᠨᠴᠢ ᠢᠲᠡᠭᠡᠮᠵᠢ ᠶᠢᠨ ᠲᠠᠩᠰᠠ ᠡᠪᠬᠡᠮᠡᠯ ᠳᠤ ᠲᠡᠮᠳᠡᠭᠯᠡᠨ | ᠣᠷᠣᠭᠤᠯᠬᠤ ᠵᠡᠷᠭᠡ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠠᠪᠤᠨ᠎ᠠ᠃ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢᠨ ᠲᠤᠰᠬᠠᠶ | ᠵᠣᠭᠤᠰ ᠢ ᠲᠤᠰᠬᠠᠢ ᠬᠡᠷᠡᠭᠯᠡᠬᠦ ᠬᠠᠮᠢᠶ᠎ᠠ ᠪᠥᠬᠦᠶ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠪᠡᠯᠡ ᠮᠥᠩᠭᠦᠨ ᠤ ᠬᠡᠷᠡᠭᠯᠡᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ | ᠰᠢᠮᠳᠠᠭᠤᠯᠤᠨ ᠪᠠᠶᠢᠴᠠᠭᠠᠬᠤ᠂ ᠵᠢᠯ ᠤᠨ ᠳᠤᠮᠳᠠᠴᠢ ᠶᠢᠨ ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠪᠠ ᠣᠨ ᠤ ᠬᠢᠨᠠᠨ ᠪᠤᠳᠤᠬᠤ ᠲᠦᠷᠢᠮ ᠢ | ᠪᠠᠶᠢᠭᠤᠯᠵᠤ᠂ ᠬᠤᠰᠢᠭᠤ ᠲᠣᠭᠤᠷᠢᠭ ︽ᠤᠮᠠᠷᠠᠳᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠠᠯᠠ ᠮᠥᠩᠭᠦ ᠶᠢᠨ ᠲᠤᠰᠬᠠᠶ ᠡᠷᠦᠬᠡ ᠪᠠᠶᠢᠭᠤᠯᠵᠤ᠂ ᠪᠥᠲᠥᠭᠡᠨ | ᠪᠠᠶᠢᠭᠤᠯᠤᠯᠲᠠ ᠶᠢᠨ ᠠᠬᠢᠴᠠ᠂ ᠰᠢᠯᠭᠠᠨ ᠠᠪᠬᠤ ᠪᠠᠶᠢᠳᠠᠯ᠂ ᠥᠭᠬᠦ ᠬᠠᠷᠢᠴᠠᠯ ᠢ ᠴᠢᠩᠭ᠎ᠠ ᠵᠢᠷᠤᠮᠯᠠᠨ ᠪᠠᠯᠠ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ | ᠰᠣᠯᠢᠨ ᠥᠭᠴᠦ᠂ ᠰᠢᠬᠠᠨ ᠡᠵᠡᠯᠡᠵᠦ᠂ ᠲᠠᠰᠤᠳᠠᠨ ᠦᠯᠡᠳᠡᠭᠡᠵᠦ᠂ ᠨᠡᠭᠦᠯᠭᠡᠨ ᠬᠡᠷᠡᠭᠯᠡᠵᠦ ᠪᠣᠯᠬᠤ ᠥᠬᠡᠶ᠃ ᠣᠶ ᠰᠢᠭᠤᠶ ᠪᠠ ᠨᠤᠲᠤᠭ ᠪᠡᠯᠴᠢᠭᠡᠷ ᠤᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠪᠠ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠲᠣᠭᠠᠴᠢᠯᠠᠭᠰᠠᠨ ᠣᠶᠤᠨᠴᠢ ᠬᠢᠨᠠᠯᠲᠠ ᠬᠠᠮᠢᠶᠠᠷᠤᠯᠲᠠ ᠶᠢᠨ | ᠵᠠᠭᠪᠤᠷ ᠢ ᠬᠡᠷᠡᠭᠵᠢᠭᠦᠯᠦᠨ᠂ ᠮᠠᠯ ᠪᠡᠯᠴᠢᠭᠡᠷ ᠢ ᠲᠡᠩᠴᠡᠭᠦᠷᠢᠲᠡᠶ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠬᠤᠷᠢᠭᠯᠠᠵᠤ ᠪᠡᠯᠴᠢᠭᠡᠷ ᠢ ᠰᠡᠷᠭᠦᠭᠡᠬᠦ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠬᠡᠲᠦᠷᠡᠳᠡᠯ᠎ᠡ ᠮᠠᠯᠵᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠎ᠡ᠃ | ︵ᠶᠢᠰᠦ︶ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠰᠢᠯᠭᠠᠨ ᠦᠨᠡᠯᠡᠵᠦ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠦᠷᠢᠨᠰᠢᠭᠦᠯᠦᠨ᠎ᠡ᠃ | ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠦᠬᠦ ᠬᠤᠲᠠ ᠶᠢᠨ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠮᠠᠨ ᠤ | ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠡᠭᠦᠷᠭᠡ ᠶᠢᠨ ᠴᠢᠬᠤᠯᠠ ᠦᠨᠡᠯᠡᠬᠦ ᠠᠭᠤᠯᠭ᠎ᠠ ᠳᠤ | ᠣᠷᠣᠭᠤᠯᠵᠤ᠂ ᠢᠨᠵᠧᠨᠧᠷᠢᠩ ᠤᠨ ᠲᠥᠷᠥᠯ ᠵᠦᠢᠯ ᠢ ᠰᠢᠯᠭᠠᠨ ᠦᠨᠡᠯᠡᠬᠦ ᠲᠣᠭᠲᠠᠴᠠ ᠶᠢ ᠪᠦᠷᠢᠨᠰᠢᠭᠦᠯᠵᠦ᠂ ᠬᠤᠰᠢᠭᠤ ᠲᠣᠭᠤᠷᠢᠭ ᠤᠨ ᠭᠤᠣᠯᠳᠠᠯᠭ᠎ᠠ ᠲᠠᠢ ᠰᠢᠯᠭᠠᠨ | ᠦᠨᠡᠯᠡᠬᠦ ᠲᠥᠷᠥᠯ ᠵᠦᠢᠯ ᠢ ᠠᠬᠢᠭᠤᠯᠬᠤ᠂ ᠪᠡᠯᠡ ᠣᠷᠣᠭᠤᠯᠤᠯᠲᠠ ᠶᠢ ᠪᠡᠶᠡᠯᠡᠭᠦᠯᠬᠦ᠂ ᠬᠠᠷᠢᠶ᠎ᠠ ᠭᠠᠵᠠᠷ ᠲᠤᠨᠢ ᠵᠣᠬᠢᠴᠠᠭᠤᠯᠬᠤ᠂ ᠦᠢᠯᠡᠴᠢᠯᠡᠭᠡ ᠶᠢ ᠪᠠᠲᠤᠯᠠᠬᠤ᠂ | ᠪᠠᠷᠢᠯᠭ᠎ᠠ ᠪᠠᠷᠢᠬᠤ ᠶᠠᠰᠤ ᠴᠢᠨᠠᠷ᠂ ᠪᠠᠶᠢᠭᠤᠯᠤᠯᠲᠠ ᠪᠠ ᠬᠠᠮᠢᠶᠠᠷᠤᠯᠲᠠ ᠶᠢ ᠨᠢᠭᠡ ᠴᠤᠭᠴᠠᠵᠢᠭᠤᠯᠬᠤ᠂ ᠠᠵᠢᠯᠯᠠᠭᠤᠯᠬᠤ ᠪᠠᠷ ᠲᠡᠳᠬᠦᠮᠵᠢ ᠶᠢ ᠣᠷᠣᠯᠠᠭᠤᠯᠬᠤ᠂ | ᠲᠠᠷᠢᠶᠠᠴᠢᠳ ᠲᠠᠢ ᠬᠤᠯᠪᠣᠭᠠᠯᠠᠵᠤ ᠲᠠᠷᠢᠶᠠᠴᠢᠳ ᠢ ᠳᠠᠶᠢᠴᠢᠯᠠᠭᠰᠠᠨ ᠵᠡᠷᠭᠡ ᠪᠠᠶᠢᠳᠠᠯ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ | ᠵᠥᠪᠰᠢᠶᠡᠷᠡᠯ ᠢ ᠱᠠᠯᠠᠪᠳᠠᠭᠤᠯᠤᠨ ᠠᠬᠢᠭᠤᠯᠬᠤ ᠪᠠ ᠵᠢᠯᠣᠭᠤᠳᠤᠨ ᠦᠢᠯᠡᠴᠢᠯᠡᠬᠦ ᠵᠡᠷᠭᠡ ᠪᠠᠶᠢᠳᠠᠯ ᠢ ᠭᠤᠣᠯᠳᠠᠯᠭ᠎ᠠ ᠲᠠᠢ ᠰᠢᠯᠭᠠᠨ ᠦᠨᠡᠯᠡᠵᠤ᠂ ᠰᠢᠯᠭᠠᠨ ᠬᠢᠨᠠᠭᠰᠠᠨ | ᠦᠷ᠎ᠡ ᠳ᠋ᠦᠩ ᠢ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ ᠤᠨ ᠪᠤᠳᠠᠳᠤ ᠠᠵᠢᠯ ᠤᠨ ᠪᠦᠲᠦᠮᠵᠢ ᠶᠢᠨ ᠰᠢᠯᠭᠠᠨ ᠬᠢᠨᠠᠯᠲᠠ ᠪᠠ ᠳᠠᠷᠠᠭ᠎ᠠ ᠵᠢᠯ ᠤᠨ | ᠢᠨᠵᠧᠨᠧᠷᠢᠩ ᠤᠨ ᠲᠥᠷᠥᠯ ᠵᠦᠢᠯ ᠢ ᠲᠤᠬᠢᠷᠠᠭᠤᠯᠬᠤ ᠴᠢᠬᠤᠯᠠ ᠦᠨᠳᠦᠰᠦᠯᠡᠯ ᠪᠣᠯᠭᠠᠵᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠤᠭᠰᠠᠨ ᠢᠶᠠᠷ ᠬᠦᠷᠦᠯᠴᠡᠬᠦ ᠦᠭᠡᠢ᠂ | ᠭᠤᠤᠯᠳᠠᠯᠭ᠎ᠠ ᠲᠠᠢ ᠬᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠦᠭᠡᠢ ᠭᠠᠵᠠᠷ ᠣᠷᠣᠨ ᠳᠤ ᠳᠠᠷᠠᠭ᠎ᠠ ᠵᠢᠯ ᠤᠨ ᠲᠥᠷᠥᠯ ᠵᠦᠢᠯ ᠪᠣᠯᠤᠨ ᠪᠡᠯᠡ ᠮᠥᠩᠭᠦ | ᠳᠤᠬᠢᠷᠠᠭᠤᠯᠬᠤ ᠶᠢ ᠲᠦᠷ ᠬᠤᠶᠢᠰᠢᠯᠠᠭᠤᠯᠤᠨ᠎ᠠ᠃ | ᠭᠤᠷᠪᠠ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠪᠡᠯᠡ ᠮᠥᠩᠭᠦ ᠶᠢ ᠨᠢᠭᠡᠳᠦᠯᠲᠡᠶ ᠲᠥᠯᠥᠪᠯᠡᠬᠦ᠂ ᠮᠠᠯᠴᠢᠨ ᠲᠠᠷᠢᠶᠠᠴᠢᠨ ᠤ ᠠᠵᠢᠯᠯᠠᠭᠤᠯᠬᠤ ᠪᠠᠷ ᠲᠡᠳᠬᠦᠮᠵᠢ ᠶᠢ ᠣᠷᠣᠯᠠᠭᠤᠯᠬᠤ᠂ ᠠᠮᠢ ᠠᠬᠤᠶ ᠶᠢᠨ ᠠᠵᠤ | ᠠᠬᠤᠶᠢᠯᠠᠯ ᠤᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠨᠢᠭᠡ ᠴᠤᠭᠴᠠᠵᠢᠭᠤᠯᠬᠤ ᠵᠡᠷᠭᠡ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ | ᠦᠷᠭᠦᠯᠵᠢᠯᠡᠨ ᠴᠢᠩᠭᠠᠳᠬᠠᠨ᠎ᠠ᠃ ᠬᠤᠲᠠ ᠶᠢᠨ ᠣᠶ ᠰᠢᠭᠤᠶ ᠡᠪᠡᠰᠦ ᠪᠡᠯᠴᠢᠭᠡᠷ᠂ ᠡᠳ᠋ ᠤᠨ ᠵᠠᠰᠠᠭ᠂ ᠲᠠᠷᠢᠶᠠᠯᠠᠩ ᠮᠠᠯ ᠠᠵᠤ ᠠᠬᠤᠶ᠂ ᠤᠰᠤᠨ ᠠᠰᠢᠭᠯᠠᠯᠲᠠ᠂ | ᠡᠨᠧᠷᠭᠢ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠶᠢᠨ ᠣᠷᠴᠢᠨ ᠲᠣᠭᠤᠷᠢᠨ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠰᠠᠯᠠᠭ᠎ᠠ ᠮᠥᠴᠢᠷ ᠤᠳ ᠵᠣᠬᠢᠴᠠᠯᠳᠤᠨ | ᠬᠠᠮᠵᠢᠯᠴᠠᠬᠤ ᠪᠠᠨ ᠴᠢᠩᠭᠠᠳᠬᠠᠵᠤ᠂ ᠡᠯ᠎ᠡ ᠬᠤᠰᠢᠭᠤ ᠲᠣᠭᠤᠷᠢᠭ ᠨᠢ ᠭᠤᠤᠯ ᠲᠡᠶᠢᠨ ᠤ ᠲᠠᠯᠠᠪᠤᠷ ᠤᠨ ᠭᠤᠤᠯ ᠵᠢᠭᠰᠠᠭᠠᠯ ᠤᠨ ᠭᠠᠵᠠᠷ ᠤᠨ ᠦᠢᠯᠡᠳᠦᠯ ᠢᠶᠠᠨ | ᠬᠦᠢᠴᠡᠳ ᠪᠠᠳᠠᠷᠠᠭᠤᠯᠤᠨ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠴᠢᠩᠭ᠎ᠠ ᠠᠳᠬᠤᠨ ᠲᠦᠷᠭᠡᠨ ᠠᠵᠢᠯᠯᠠᠵᠤ᠂ ᠬᠠᠮᠲᠤᠷᠠᠭᠰᠠᠨ ᠬᠤᠷᠠᠯ ᠤᠨ ᠲᠦᠷᠢᠮ ᠢ | ᠪᠠᠶᠢᠭᠤᠯᠤᠨ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠭᠦᠨᠵᠡᠭᠡᠶ ᠠᠬᠢᠭᠤᠯᠤᠨ᠎ᠠ᠃ | ︵ᠬᠤᠶᠠᠷ︶ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠎ᠠ᠃ ᠡᠯ᠎ᠡ ᠬᠤᠰᠢᠭᠤ ᠲᠣᠭᠤᠷᠢᠭ᠂ ᠡᠯ᠎ᠡ ᠰᠠᠯᠠᠭ᠎ᠠ ᠮᠥᠴᠢᠷ ᠡᠭᠦᠷᠭᠡ | ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠣᠷᠣᠯᠭ᠎ᠠ ᠪᠠᠨ ᠨᠡᠮᠡᠭᠳᠡᠭᠦᠯᠬᠦ ᠪᠠ ᠵᠠᠷᠤᠯᠭ᠎ᠠ ᠪᠠᠨ ᠬᠡᠮᠨᠡᠬᠦ ᠠᠵᠢᠯ ᠢ ᠬᠢᠨᠠᠮᠠᠭᠠᠶ ᠰᠠᠶᠢᠲᠤᠷ ᠬᠢᠵᠦ᠂ ᠡᠬᠢ | ᠪᠠᠶᠠᠯᠢᠭ ᠤᠨ ᠬᠦᠴᠦᠨ ᠵᠦᠢᠯ ᠢ ᠰᠢᠯᠢᠳᠡᠭᠵᠢᠭᠦᠯᠦᠨ ᠲᠣᠬᠢᠷᠠᠭᠤᠯᠬᠤ ᠪᠠ ᠠᠷᠪᠢᠯᠠᠨ ᠡᠷᠴᠢᠮᠵᠢᠭᠦᠯᠦᠨ ᠠᠰᠢᠭᠯᠠᠬᠤ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢ | ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ᠂ ᠴᠢᠬᠤᠯᠠ ᠶᠡᠭᠡ ᠲᠥᠷᠥᠯ ᠵᠦᠢᠯ ᠢ ᠲᠣᠬᠢᠷᠠᠭᠤᠯᠬᠤ᠂ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ | ᠵᠡᠷᠭᠡ ᠡᠯ᠎ᠡ ᠵᠦᠢᠯ ᠤᠨ ᠡᠭᠦᠷᠭᠡ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠶᠢᠨ ᠬᠠᠮᠲᠤ ᠪᠣᠳᠠᠲᠠᠶ ᠲᠠᠢ ᠪᠠᠨ ᠤᠶᠠᠯᠳᠤᠭᠤᠯᠤᠨ ᠬᠠᠮᠢᠶ᠎ᠠ ᠪᠥᠬᠦᠶ ᠢᠵᠢ | ᠪᠥᠷᠢᠳᠦᠭᠦᠯᠬᠦ ᠲᠥᠷᠥ ᠶᠢᠨ ᠪᠣᠳᠣᠯᠭ᠎ᠠ ᠪᠠ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠨᠡᠶᠢᠲᠡᠯᠡᠵᠦ᠂ ︽ᠤᠮᠠᠷᠠᠳᠤ ᠶᠢᠨ ᠭᠤᠷᠪᠠᠨ ᠣᠷᠣᠨ︾ ᠤ | ᠵᠢᠷᠭᠤᠳᠤᠭᠠᠷ ᠬᠤᠭᠤᠴᠠᠭ᠎ᠠ ᠵᠡᠷᠭᠡ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠲᠦᠷᠭᠡᠳᠭᠡᠨ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠶᠢ ᠬᠦᠴᠦ ᠪᠠᠨ ᠬᠠᠮᠲᠤᠳᠬᠠᠨ ᠠᠬᠢᠭᠤᠯᠤᠨ᠎ᠠ᠃ | ︵ᠭᠤᠷᠪᠠ︶ ᠪᠠᠶᠢᠩᠭᠤ ᠶᠢᠨ ᠪᠦᠭᠡᠳ ᠣᠷᠳᠣ ᠬᠤᠭᠤᠴᠠᠭ᠎ᠠ ᠪᠦᠲᠦᠮᠵᠢᠲᠡᠶ ᠪᠠᠶᠢᠬᠤ ᠶᠢ ᠪᠠᠷᠢᠮᠲᠠᠯᠠᠨ᠎ᠠ᠃ ᠬᠤᠲᠠ ᠶᠢᠨ ᠲᠣᠰ ᠱᠠᠲᠤᠨ ᠤ ᠬᠢᠨ ᠵᠢᠯ ᠪᠦᠷᠢ | ᠡᠯ᠎ᠡ ᠬᠤᠰᠢᠭᠤ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ ᠪᠠᠶᠢᠭ᠎ᠠ ᠪᠠᠶᠢᠳᠠᠯ ᠢ ᠶᠡᠷᠦᠩᠬᠡᠶᠢᠯᠡᠨ ᠦᠨᠡᠯᠡᠬᠦ ᠶᠢᠨ ᠬᠠᠮᠲᠤ᠂ | ᠭᠤᠤᠯᠳᠠᠯᠭ᠎ᠠ ᠲᠠᠢ ᠭᠦᠢᠴᠡᠳᠬᠡᠯ ᠲᠤᠭ᠎ᠠ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠮᠥᠷᠳᠡᠨ ᠱᠠᠯᠠᠪᠳᠠᠭᠤᠯᠬᠤ ᠶᠢ ᠴᠢᠩᠭᠠᠳᠬᠠᠨ᠎ᠠ᠃ ᠡᠯ᠎ᠡ ᠬᠤᠰᠢᠭᠤ | ᠲᠤᠭᠤᠷᠢᠭ᠂ ᠡᠯ᠎ᠡ ᠰᠠᠯᠠᠭ᠎ᠠ ᠮᠥᠴᠢᠷ ᠤᠳ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠠᠪᠤᠴᠠ ᠳᠠᠬᠢ ᠬᠦᠷᠦᠯᠴᠡᠬᠦ ᠥᠬᠡᠶ ᠲᠠᠯ᠎ᠠ ᠶᠢ ᠲᠣᠭᠲᠠᠮᠠᠯ | ᠬᠤᠭᠤᠴᠠᠭ᠎ᠠ ᠲᠠᠢ ᠪᠠᠷ ᠵᠠᠳᠠᠯᠤᠨ ᠰᠤᠳᠤᠯᠤᠨ ᠮᠠᠭᠠᠳᠯᠠᠵᠤ᠂ ᠪᠣᠳᠠᠲᠠᠶ ᠠᠬᠢᠭᠤᠯᠬᠤ ᠠᠷᠭ᠎ᠠ ᠬᠡᠮᠵᠢᠶ᠎ᠡ ᠶᠢ ᠳᠠᠭᠠᠵᠤ ᠰᠢᠯᠢᠳᠡᠭᠵᠢᠭᠦᠯᠦᠨ᠂ ᠭᠤᠤᠯᠳᠠᠯᠭ᠎ᠠ ᠲᠠᠢ | ᠪᠡᠷᠬᠡᠰᠢᠶᠡᠯ ᠪᠠ ᠲᠦᠭᠵᠢᠷᠡᠯ ᠤᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠪᠠᠶᠢᠩᠭᠤ ᠶᠢᠨ ᠪᠦᠭᠡᠳ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠪᠣᠶ ᠪᠣᠯᠭᠠᠬᠤ ᠶᠢ ᠠᠬᠢᠭᠤᠯᠤᠨ᠎ᠠ᠃ | ︵ᠳᠥᠷᠪᠡ︶ ᠥᠷᠭᠡᠨ ᠢᠶᠠᠷ ᠤᠬᠠᠭᠤᠯᠤᠨ ᠳᠠᠶᠢᠴᠢᠯᠠᠨ᠎ᠠ᠃ ᠡᠯ᠎ᠡ ᠬᠤᠰᠢᠭᠤ ᠲᠤᠭᠤᠷᠢᠭ᠂ ᠡᠯ᠎ᠡ ᠰᠠᠯᠠᠭ᠎ᠠ ᠮᠥᠴᠢᠷ ︽ᠤᠮᠠᠷᠠᠲᠤ ᠶᠢᠨ ᠭᠤᠷᠪᠠᠨ ᠣᠷᠣᠨ ᠤ | ᠵᠣᠷᠢᠭ ᠰᠠᠨᠠᠭ᠎ᠠ︾ ᠪᠣᠯᠤᠨ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠣᠷᠣᠨ ᠪᠦᠰᠡ ᠶᠢᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ | ᠵᠠᠰᠠᠬᠤ ᠶᠢ ᠴᠢᠩᠭᠠᠳᠬᠠᠵᠤ᠂ ᠰᠢᠨ᠎ᠡ ᠶᠢ ᠡᠭᠦᠳᠬᠦ ᠢᠨᠵᠧᠨᠧᠷᠢᠩ᠂ ᠠᠷᠠᠳ ᠢ ᠴᠢᠨᠡᠭᠡᠯᠢᠭᠵᠢᠭᠦᠯᠬᠦ ᠢᠨᠵᠧᠨᠧᠷᠢᠩ᠂ ᠳᠠᠭᠤᠷᠢᠶᠠᠯ ᠦᠵᠡᠭᠦᠯᠬᠦ ᠢᠨᠵᠧᠨᠧᠷᠢᠩ ᠢ | ᠬᠦᠴᠦᠯᠡᠨ ᠪᠠᠶᠢᠭᠤᠯᠵᠤ᠂ ᠵᠠᠰᠠᠯᠲᠠ ᠶᠢᠨ ᠲᠤᠷᠰᠢᠯᠭ᠎ᠠ ᠦᠷ᠎ᠡ ᠪᠦᠲᠦᠮᠵᠢ ᠶᠢ ᠨᠠᠷᠢᠨ ᠬᠢᠨᠠᠮᠠᠭᠠᠶ ᠳ᠋ᠦᠩᠨᠡᠵᠦ ᠡᠯᠡᠰᠦᠷᠬᠡᠭᠵᠢᠯ ᠢ ᠰᠡᠷᠭᠡᠶᠢᠯᠡᠵᠤ ᠡᠯᠡᠰᠦ ᠶᠢ ᠵᠠᠰᠠᠭᠰᠠᠨ | ᠲᠡᠷᠢᠭᠦᠨ ᠤ ᠨᠡᠶᠢᠲᠡᠯᠢᠭ ᠵᠢᠱᠢᠶ᠎ᠡ ᠶᠢ ᠢᠳᠡᠪᠬᠢᠲᠡᠶ ᠰᠣᠩᠭᠤᠨ ᠪᠣᠶ ᠪᠣᠯᠭᠠᠵᠤ᠂ ᠰᠢᠨ᠎ᠡ ᠴᠠᠭ ᠦᠶ᠎ᠡ ᠶᠢᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ | ᠥᠯᠢᠭᠡᠷ ᠢ ᠦᠨᠡᠨ ᠬᠦ ᠰᠠᠶᠢᠲᠤᠷ ᠶᠠᠷᠢᠨ᠎ᠠ᠃ | |