ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠳᠠᠯᠳᠠ ᠬᠦᠴᠦᠨ ᠢ ᠬᠥᠭᠵᠢᠭᠡᠵᠦ ᠰᠣᠶᠣᠯ ᠵᠢᠭᠤᠯᠴᠢᠯᠠᠯ ᠤᠨ ᠭᠦᠨᠵᠡᠭᠡᠶ ᠠᠭᠤᠰᠤᠯᠴᠠᠯ ᠪᠠ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ᠢ ᠳᠠᠷᠤᠮᠠᠯᠯᠠᠨ ᠶᠠᠪᠤᠭᠤᠯᠬᠤ ᠲᠤᠬᠠᠶ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/9/11
ᠤᠷᠳᠤᠰ ᠵᠠᠰᠠᠭ ᠠᠯᠪᠠᠨ ᠲᠠᠷᠬᠠᠭᠠᠭᠰᠠᠨ ﹇2024﹈ 33 ᠳ᠋ᠤᠭᠠᠷ ᠲᠤᠭᠠᠳᠤᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠰᠢᠭᠤᠳ ᠬᠠᠷᠢᠶ᠎ᠠ ᠨᠢᠭᠡᠴᠢ᠂ ᠲᠣᠮᠣ ᠠᠵᠤ ᠠᠬᠤᠶᠢᠯᠠᠯ ᠠᠵᠢᠯ ᠦᠢᠯᠡᠰ ‍ᠤᠨ‌ᠨᠢᠭᠡᠴᠢ ᠳᠤ᠄ᠡᠳᠦᠭᠡ ︽ᠣᠷᠳᠣᠰ ᠬᠤᠲᠠ ᠶᠢᠨ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠳᠠᠯᠳᠠ ᠬᠦᠴᠦᠨ ᠢ ᠬᠥᠭᠵᠢᠭᠡᠵᠦ ᠰᠣᠶᠣᠯ ᠵᠢᠭᠤᠯᠴᠢᠯᠠᠯ ᠤᠨ ᠭᠦᠨᠵᠡᠭᠡᠶ ᠠᠭᠤᠰᠤᠯᠴᠠᠯ ᠪᠠ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠣᠷᠳᠣᠰ ᠬᠤᠲᠠ ᠶᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃                                                      ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                                 2024 ᠣᠨ ᠤ 5 ᠳ᠋ᠤᠭᠠᠷ ᠰᠠᠷ᠎ᠠ ᠶᠢᠨ 9 ᠤ ᠡᠳᠦᠷᠣᠷᠳᠣᠰ ᠬᠤᠲᠠ ᠶᠢᠨ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠳᠠᠯᠳᠠ ᠬᠦᠴᠦᠨ ᠢ ᠬᠥᠭᠵᠢᠭᠡᠵᠦ ᠰᠣᠶᠣᠯ ᠵᠢᠭᠤᠯᠴᠢᠯᠠᠯ ᠤᠨ ᠭᠦᠨᠵᠡᠭᠡᠶ ᠠᠭᠤᠰᠤᠯᠴᠠᠯ ᠪᠠ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠣᠷᠳᠣᠰ ᠬᠤᠲᠠ ᠶᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ         ︽ᠵᠢᠭᠤᠯᠴᠢᠯᠠᠯ ᠤᠨ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠵᠤ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠠᠷᠭ᠎ᠠ ᠬᠡᠮᠵᠢᠶ᠎ᠡ ᠨᠦᠭᠦᠳ︾ ︵ᠲᠥᠷᠥ ᠠᠯᠪᠠᠨ ᠲᠠᠷᠬᠠᠭᠠᠭᠰᠠᠨ ﹇2023﹈ 36 ᠳ᠋ᠤᠭᠠᠷ ᠲᠣᠭᠠᠲᠤ︶᠂ ︽ᠰᠣᠶᠣᠯ ᠵᠢᠭᠤᠯᠴᠢᠯᠠᠯ ᠤᠨ ᠭᠦᠨᠵᠡᠭᠡᠶ ᠠᠭᠤᠰᠤᠯᠴᠠᠯ ᠪᠠ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ︾ ︵ᠥᠪᠥᠷ ᠨᠠᠮ ᠠᠯᠪᠠᠨ ᠲᠠᠷᠬᠠᠭᠠᠭᠰᠠᠨ ﹇2023﹈ 26 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠳᠠᠭᠤᠷᠢᠶᠠᠯ ᠦᠵᠡᠭᠦᠯᠬᠦ ᠬᠤᠲᠠ ᠶᠢᠨ ᠪᠥᠲᠥᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠵᠤ᠂ ᠰᠣᠶᠣᠯ ᠵᠢᠭᠤᠯᠴᠢᠯᠠᠯ ᠤᠨ ᠭᠦᠨᠵᠡᠭᠡᠶ ᠠᠭᠤᠰᠤᠯᠴᠠᠯ ᠪᠠ ᠪᠥᠬᠦ ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠤᠰᠠᠳᠠ ᠳᠣᠤᠷᠠᠬᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠪᠠ᠃     ᠨᠢᠭᠡ᠂ ᠵᠤᠭᠠᠴᠠᠭᠰᠠᠳ ᠤᠨ ᠢᠷᠡᠯᠲᠡ ᠶᠢᠨ ᠵᠠᠬ᠎ᠠ ᠳᠡᠯᠭᠡᠭᠦᠷ ᠢ ᠥᠷᠭᠡᠳᠬᠡᠬᠦ ᠶᠢ ᠳᠡᠮᠵᠢᠨ᠎ᠡ    ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠣᠷᠳᠣᠰ ᠬᠤᠲᠠ ᠳᠤ ᠵᠢᠭᠤᠯᠴᠢᠯᠠᠯ ᠤᠨ ᠭᠠᠵᠠᠷ ᠳᠠᠩᠰᠠᠯᠠᠭᠤᠯᠬᠤ ᠶᠢ ᠵᠣᠷᠢᠭᠵᠢᠭᠤᠯᠤᠨ ᠳᠡᠮᠵᠢᠨ᠎ᠡ᠃ ᠮᠠᠨ ᠤ ᠬᠤᠲᠠ ᠳᠤ ᠳᠠᠩᠰᠠᠯᠠᠭᠤᠯᠤᠭᠰᠠᠨ ᠵᠢᠭᠤᠯᠴᠢᠯᠠᠯ ᠤᠨ ᠭᠠᠵᠠᠷ᠂ ᠰᠤᠳᠤᠯᠤᠨ ᠰᠤᠷᠤᠯᠴᠠᠬᠤ ᠪᠠᠶᠢᠭᠤᠯᠤᠮᠵᠢ᠂ ᠥᠪᠡᠰᠦᠪᠡᠨ ᠲᠡᠷᠭᠡ ᠵᠢᠯᠣᠭᠤᠳᠴᠤ ᠵᠢᠭᠤᠯᠴᠢᠯᠠᠬᠤ ᠮᠠᠰᠢᠨ ᠲᠡᠷᠭᠡᠨ ᠤ ᠺᠯᠦ᠋ᠪ ᠵᠡᠷᠭᠡ ᠵᠢᠭᠤᠯᠴᠢᠯᠠᠯ ᠤᠨ ᠠᠵᠤ ᠠᠬᠤᠶᠢᠯᠠᠯ ᠪᠠ ᠪᠠᠶᠢᠭᠤᠯᠤᠮᠵᠢ ᠨᠤᠭᠤᠳ ᠣᠯᠠᠨ ᠵᠦᠢᠯ ᠤᠨ ᠠᠷᠭ᠎ᠠ  ᠬᠡᠯᠪᠡᠷᠢ ᠪᠠᠷ ᠵᠢᠭᠤᠯᠴᠢᠯᠠᠯ ᠤᠨ ᠵᠠᠬ᠎ᠠ ᠳᠡᠯᠭᠡᠭᠦᠷ ᠪᠠ ᠵᠤᠭᠠᠴᠠᠭᠰᠠᠳ ᠤᠨ ᠲᠤᠭ᠎ᠠ ᠬᠡᠮᠵᠢᠶ᠎ᠡ ᠶᠢ ᠥᠷᠭᠡᠳᠬᠡᠭᠰᠡᠨ ᠪᠣᠯ ᠳᠣᠤᠷᠠᠬᠢ ᠮᠡᠲᠦ ᠱᠠᠩᠨᠠᠬᠤ ᠠᠷᠭ᠎ᠠ ᠬᠡᠮᠵᠢᠶ᠎ᠡ ᠶᠢ ᠬᠦᠷᠲᠡᠵᠦ ᠪᠣᠯᠤᠨ᠎ᠠ᠃     ︵ᠨᠢᠭᠡ︶ ᠵᠤᠭᠠᠴᠠᠭᠰᠠᠳ ᠢ ᠳᠠᠲᠠᠨ ᠠᠪᠴᠢᠷᠠᠬᠤ     ᠬᠤᠲᠠ ᠶᠢᠨ ᠭᠠᠳᠠᠨ᠎ᠠ ︵ᠤᠯᠤᠰ ᠤᠨ ᠳᠣᠲᠣᠭᠠᠳᠤ ᠶᠢᠨ︶ ᠠᠴᠠ ᠢᠷᠡᠵᠤ ᠮᠠᠨ ᠤ ᠬᠤᠲᠠ ᠳᠤ ᠬᠤᠨᠣᠭᠯᠠᠬᠤ ᠵᠤᠭᠠᠴᠠᠭᠰᠠᠳ ᠨᠡᠶᠢᠲᠡ 500 ᠬᠥᠮᠦᠨ ︵ᠪᠠᠭᠲᠠᠨ᠎ᠠ︶ ᠠᠴᠠ ᠳᠡᠭᠡᠭᠰᠢ ᠳᠤ ᠬᠦᠷᠦᠭᠰᠡᠨ ᠪᠣᠯ 1 ᠬᠤᠨᠤᠭ᠂ 2 ᠬᠤᠨᠤᠭ᠂ 3 ᠬᠤᠨᠤᠭ ᠵᠢᠴᠢ ᠲᠡᠭᠦᠨ ᠠᠴᠠ ᠢᠯᠡᠭᠦᠦ ᠬᠤᠨᠣᠭᠯᠠᠭᠰᠠᠨ ᠢᠶᠠᠷ ᠲᠣᠰᠪᠤᠷᠢ ᠬᠥᠮᠦᠨ ᠨᠢᠭᠡᠪᠦᠷᠢ ᠳᠤ 30 ᠲᠥᠭᠦᠷᠢᠭ᠂ 50 ᠲᠥᠭᠦᠷᠢᠭ᠂ 70 ᠲᠥᠭᠦᠷᠢᠭ ᠤᠨ ᠱᠠᠩᠨᠠᠯ ᠣᠯᠭᠤᠨ᠎ᠠ︔ ᠬᠢᠯᠢ ᠪᠠᠷ ᠤᠷᠤᠵᠤ ᠢᠷᠡᠬᠦ ᠵᠤᠭᠠᠴᠠᠭᠰᠠᠳ ︵ᠰᠢᠶᠠᠩᠭᠠᠩ᠂ ᠣᠣᠮᠧᠨ᠂ ᠲᠠᠶᠢᠸᠠᠨ ᠪᠠᠭᠲᠠᠨ᠎ᠠ︶ ᠢ ᠮᠠᠨ ᠤ ᠬᠤᠲᠠ ᠳᠤ ᠠᠪᠴᠢᠷᠠᠵᠤ ᠵᠢᠭᠤᠯᠴᠢᠯᠠᠭᠤᠯᠪᠠᠯ ᠬᠥᠮᠦᠨ ᠪᠦᠷᠢ ᠳᠤ ᠬᠤᠨᠤᠭ ᠨᠢᠭᠡᠪᠦᠷᠢ ᠳᠤ 100 ᠲᠥᠭᠦᠷᠢᠭ ᠱᠠᠩᠨᠠᠨ᠎ᠠ︔ ᠵᠢᠯ ᠤᠨ ᠳᠣᠲᠣᠷ᠎ᠠ ᠵᠤᠭᠠᠴᠠᠭᠰᠠᠳ ᠢ ᠨᠡᠶᠢᠲᠡ 2000 ᠬᠥᠮᠦᠨ ︵ᠪᠠᠭᠲᠠᠨ᠎ᠠ︶ ᠠᠴᠠ ᠳᠡᠭᠡᠭᠰᠢ᠂ 5000 ᠬᠥᠮᠦᠨ ︵ᠪᠠᠭᠲᠠᠨ᠎ᠠ︶ ᠠᠴᠠ ᠳᠡᠭᠡᠭᠰᠢ᠂ 10000 ᠬᠥᠮᠦᠨ   ︵ᠪᠠᠭᠲᠠᠨ᠎ᠠ︶ ᠠᠴᠠ ᠳᠡᠭᠡᠭᠰᠢ ᠵᠣᠬᠢᠶᠠᠨ ᠪᠠᠶᠢᠭᠤᠯᠤᠭᠰᠠᠨ ᠪᠣᠯ ᠲᠤᠰᠪᠦᠷᠢ 10 ᠲᠦᠮᠡᠨ ᠲᠥᠭᠦᠷᠢᠭ᠂ 30 ᠲᠦᠮᠡᠨ ᠲᠥᠭᠦᠷᠢᠭ᠂ 70 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃     ︵ᠬᠤᠶᠠᠷ︶ ᠵᠢᠭᠤᠯᠴᠢᠯᠠᠯ ᠤᠨ ᠨᠢᠰᠬᠡᠯ ᠬᠥᠯᠥᠰᠦᠯᠡᠬᠦ ᠪᠠ ᠵᠢᠭᠤᠯᠴᠢᠯᠠᠯ ᠤᠨ ᠲᠤᠰᠬᠠᠶ ᠭᠠᠯᠲᠤ ᠲᠡᠷᠭᠡ ᠲᠣᠬᠢᠷᠠᠭᠤᠯᠬᠤ ᠲᠤᠬᠠᠶᠢᠯᠠᠭᠰᠠᠨ ᠠᠵᠢᠯ ᠢ ᠥᠷᠨᠢᠭᠦᠯᠦᠨ᠎ᠡ     1. ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠨᠢᠰᠬᠡᠯ ᠬᠥᠯᠥᠰᠦᠯᠡᠬᠦ᠃ ᠤᠯᠤᠰ ᠤᠨ ᠳᠣᠲᠣᠭᠠᠳᠤ ᠵᠢᠨ‌ᠵᠤᠭᠠᠴᠠᠭᠰᠠᠳ ᠢ ᠵᠣᠬᠢᠶᠠᠨ ᠪᠠᠶᠢᠭᠤᠯᠤᠨ ᠣᠷᠳᠣᠰ ᠲᠤ ᠢᠷᠡᠭᠦᠯᠵᠦ ᠡᠭᠡᠯᠵᠢ ᠪᠦᠷᠢ ᠳᠤ 60 ᠬᠥᠮᠦᠨ ︵ᠪᠠᠭᠲᠠᠨ᠎ᠠ︶ ᠠᠴᠠ ᠳᠡᠭᠡᠭᠰᠢ ᠪᠠᠶᠢᠪᠠᠯ 3 ᠲᠦᠮᠡᠨ ᠲᠥᠭᠦᠷᠢᠭ ᠱᠠᠩᠨᠠᠵᠤ᠂ 80 ᠬᠥᠮᠦᠨ ︵ᠪᠠᠭᠲᠠᠨ᠎ᠠ︶ ᠠᠴᠠ ᠳᠡᠭᠡᠭᠰᠢ ᠪᠠᠶᠢᠪᠠᠯ 5 ᠲᠦᠮᠡᠨ ᠲᠥᠭᠦᠷᠢᠭ ᠱᠠᠩᠨᠠᠵᠤ᠂ 100 ᠬᠥᠮᠦᠨ ︵ᠪᠠᠭᠲᠠᠨ᠎ᠠ︶ ᠠᠴᠠ ᠳᠡᠭᠡᠭᠰᠢ ᠪᠠᠶᠢᠪᠠᠯ 7 ᠲᠦᠮᠡᠨ ᠲᠥᠭᠦᠷᠢᠭ ᠱᠠᠩᠨᠠᠨ᠎ᠠ᠃     2. ᠣᠯᠠᠨ ᠤᠯᠤᠰ ᠤᠨ ᠵᠢᠭᠤᠯᠴᠢᠯᠠᠯ ᠤᠨ ᠨᠢᠰᠬᠡᠯ ᠬᠥᠯᠥᠰᠦᠯᠡᠬᠦ᠃ ᠬᠢᠯᠢ ᠪᠠᠷ ᠤᠷᠤᠵᠤ ᠢᠷᠡᠬᠦ ᠵᠤᠭᠠᠴᠠᠭᠰᠠᠳ ︵ᠰᠢᠶᠠᠩᠭᠠᠩ᠂ ᠣᠣᠮᠧᠨ᠂ ᠲᠠᠶᠢᠸᠠᠨ ᠪᠠᠭᠲᠠᠨ᠎ᠠ︶ ᠢ ᠵᠣᠬᠢᠶᠠᠨ ᠪᠠᠶᠢᠭᠤᠯᠤᠨ ᠣᠷᠳᠣᠰ ᠲᠤ ᠢᠷᠡᠭᠦᠯᠵᠤ᠂ ᠭᠠᠭᠴᠠ ᠤᠳᠠᠭᠠᠨ ᠤ ᠨᠢᠰᠦᠯᠲᠡ ᠶᠢᠨ ᠴᠠᠭ ᠨᠢ 4 ᠴᠠᠭ ︵ᠪᠠᠭᠲᠠᠨ᠎ᠠ︶ ᠤᠨ ᠳᠣᠲᠣᠷ᠎ᠠ ᠪᠠᠶᠢᠵᠤ ᠡᠭᠡᠯᠵᠢ ᠪᠦᠷᠢ ᠳᠤ 100 ᠬᠥᠮᠦᠨ ︵ᠪᠠᠭᠲᠠᠨ᠎ᠠ︶ ᠠᠴᠠ ᠳᠡᠭᠡᠭᠰᠢ ᠪᠠᠶᠢᠪᠠᠯ 10 ᠲᠦᠮᠡᠨ ᠲᠥᠭᠦᠷᠢᠭ ᠤᠨ ᠨᠥᠬᠦᠪᠥᠷᠢ ᠥᠭᠭᠦᠨ᠎ᠡ︔ ᠭᠠᠭᠴᠠ ᠤᠳᠠᠭᠠᠨ  ᠤ ᠨᠢᠰᠦᠯᠲᠡ ᠶᠢᠨ ᠴᠠᠭ ᠨᠢ 4 ᠴᠠᠭ ᠠᠴᠠ ᠳᠡᠭᠡᠭᠰᠢ ᠪᠠᠶᠢᠵᠤ᠂ ᠡᠭᠡᠯᠵᠢ ︵ᠨᠢᠰᠭᠡᠯ︶ ᠪᠦᠷᠢ ᠳᠤ 100 ᠬᠥᠮᠦᠨ ︵ᠪᠠᠭᠲᠠᠨ᠎ᠠ︶ ᠠᠴᠠ ᠳᠡᠭᠡᠭᠰᠢ ᠪᠠᠶᠢᠪᠠᠯ  20 ᠲᠦᠮᠡᠨ ᠲᠥᠭᠦᠷᠢᠭ ᠤᠨ ᠨᠥᠬᠦᠪᠥᠷᠢ ᠥᠭᠭᠦᠨ᠎ᠡ︔ ᠬᠠᠷᠠᠭᠠᠯᠵᠠᠭᠰᠠᠨ ᠪᠠᠷᠢᠮᠵᠢᠶ᠎ᠠ ᠶᠣᠰᠣᠭᠠᠷ᠂ 200 ᠬᠥᠮᠦᠨ ︵ᠪᠠᠭᠲᠠᠨ᠎ᠠ︶ ᠠᠴᠠ ᠳᠡᠭᠡᠭᠰᠢ᠂ 300 ᠬᠥᠮᠦᠨ ︵ᠪᠠᠭᠲᠠᠨ᠎ᠠ︶ ᠠᠴᠠ ᠳᠡᠭᠡᠭᠰᠢ ᠪᠠᠶᠢᠪᠠᠯ ᠲᠤᠰᠪᠤᠷᠢ 2 ᠡᠭᠡᠯᠵᠢ ︵ᠨᠢᠰᠭᠡᠯ︶ ᠤᠳᠠᠭ᠎ᠠ᠂ 3 ᠡᠭᠡᠯᠵᠢ ︵ᠨᠢᠰᠭᠡᠯ︶ ᠤᠳᠠᠭ᠎ᠠ ᠪᠠᠷ ᠨᠥᠬᠦᠪᠥᠷᠢᠯᠡᠨ᠎ᠡ᠃ ᠵᠢᠭᠤᠯᠴᠢᠨ ᠳᠤ ᠦᠢᠯᠡᠴᠢᠯᠡᠬᠦ ᠭᠠᠵᠠᠷ ᠪᠦᠬᠦ ᠵᠢᠯ ᠤᠨ ᠵᠣᠬᠢᠶᠠᠨ ᠪᠠᠶᠢᠭᠤᠯᠤᠭᠰᠠᠨ ᠬᠢᠯᠢ ᠪᠠᠷ ᠣᠷᠣᠵᠤ ᠢᠷᠡᠭᠰᠡᠨ ᠵᠤᠭᠠᠴᠠᠭᠰᠠᠳ ᠨᠡᠶᠢᠲᠡ 10000 ᠬᠥᠮᠦᠨ ︵ᠪᠠᠭᠲᠠᠨ᠎ᠠ︶ ᠠᠴᠠ ᠳᠡᠭᠡᠭᠰᠢ᠂ 20000 ᠬᠥᠮᠦᠨ ︵ᠪᠠᠭᠲᠠᠨ᠎ᠠ︶ ᠠᠴᠠ ᠳᠡᠭᠡᠭᠰᠢ ᠪᠠᠶᠢᠪᠠᠯ᠂ ᠳᠠᠬᠢᠨ ᠲᠤᠰᠪᠦᠷᠢ 100 ᠲᠦᠮᠡᠨ ᠲᠥᠭᠦᠷᠢᠭ᠂ 200 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃     3. ᠵᠢᠭᠤᠯᠴᠢᠯᠠᠯ ᠤᠨ ᠲᠤᠰᠬᠠᠶ ᠭᠠᠯᠲᠤ ᠲᠡᠷᠭᠡ᠃ ᠵᠤᠭᠠᠴᠠᠭᠰᠠᠳ ᠢ ᠨᠢᠭᠡ ᠯᠡ ᠤᠳᠠᠭ᠎ᠠ ᠳᠤ 500 ᠬᠥᠮᠦᠨ ︵ᠪᠠᠭᠲᠠᠨ᠎ᠠ︶ ᠠᠴᠠ ᠳᠡᠭᠡᠭᠰᠢ ᠵᠣᠬᠢᠶᠠᠨ ᠪᠠᠶᠢᠭᠤᠯᠵᠤ ᠲᠤᠰᠬᠠᠶ ᠭᠠᠯᠲᠤ ᠲᠡᠷᠭᠡ ᠪᠠᠷ ᠣᠷᠳᠣᠰ ᠲᠤ ᠢᠷᠡᠭᠦᠯᠪᠡᠯ᠂ ᠴᠤᠪᠤᠭ᠎ᠠ ᠲᠡᠷᠭᠡ ᠪᠦᠷᠢ ᠳᠤ 10 ᠲᠦᠮᠡᠨ ᠲᠥᠭᠦᠷᠢᠭ ᠤᠨ ᠨᠥᠬᠦᠪᠥᠷᠢ ᠥᠭᠭᠦᠨ᠎ᠡ᠃     ︵ᠭᠤᠷᠪᠠ︶ ᠰᠤᠳᠤᠯᠤᠨ ᠰᠤᠷᠤᠯᠴᠠᠬᠤ ᠵᠢᠭᠤᠯᠴᠢᠯᠠᠯ ᠪᠠ ᠵᠢᠭᠤᠯᠴᠢᠯᠠᠨ ᠰᠠᠭᠤᠬᠤ ᠨᠠᠰᠤᠵᠢᠯ ᠤᠨ ᠠᠰᠠᠷᠠᠮᠵᠢ ᠶᠢᠨ ᠵᠠᠬ᠎ᠠ ᠳᠡᠯᠭᠡᠭᠦᠷ ᠢ ᠥᠷᠭᠡᠳᠬᠡᠨ᠎ᠡ     ᠬᠤᠲᠠ ᠶᠢᠨ ᠭᠠᠳᠠᠨᠠᠬᠢ ᠰᠣᠷᠣᠭᠴᠢ ᠪᠤᠶᠤ ᠨᠠᠰᠤᠲᠠᠶᠢᠴᠤᠳ ᠢ ᠵᠣᠬᠢᠶᠠᠨ ᠪᠠᠶᠢᠭᠤᠯᠤᠨ ᠮᠠᠨ ᠤ ᠬᠤᠲᠠ ᠳᠤ ᠰᠤᠳᠤᠯᠤᠨ ᠰᠤᠷᠤᠯᠴᠠᠬᠤ ᠵᠢᠭᠤᠯᠴᠢᠯᠠᠯ᠂ ᠵᠢᠭᠤᠯᠴᠢᠯᠠᠨ ᠰᠠᠭᠤᠬᠤ ᠨᠠᠰᠤᠵᠢᠯ ᠤᠨ ᠠᠰᠠᠷᠠᠮᠵᠢ ᠶᠢᠨ ᠵᠢᠭᠤᠯᠴᠢᠯᠠᠯ ᠢ ᠥᠷᠨᠢᠭᠦᠯᠦᠭᠰᠡᠨ ᠵᠢᠭᠤᠯᠴᠢᠯᠠᠨ ᠦᠢᠯᠡᠴᠢᠯᠡᠬᠦ ᠭᠠᠵᠠᠷ ᠪᠠ ᠨᠡᠭᠦᠳᠡᠯ ᠤᠨ ᠰᠢᠪᠠᠭᠤ ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠪᠥᠬᠦ ᠵᠢᠯ ᠳᠤ ᠵᠣᠬᠢᠶᠠᠨ ᠪᠠᠶᠢᠭᠤᠯᠤᠭᠰᠠᠨ ᠬᠥᠮᠦᠨ ᠤ ᠲᠤᠭ᠎ᠠ ᠨᠢ 500 ᠬᠥᠮᠦᠨ ︵ᠪᠠᠭᠲᠠᠨ᠎ᠠ︶ ᠠᠴᠠ ᠳᠡᠭᠡᠭᠰᠢ ᠪᠠᠶᠢᠵᠤ᠂ ᠤᠳᠠᠭ᠎ᠠ ᠪᠦᠷᠢ ᠶᠢᠨ ᠮᠠᠨ ᠤ ᠬᠤᠲᠠ ᠳᠤ ᠰᠠᠭᠤᠬᠤ ᠴᠠᠭ ᠨᠢ 5 ᠡᠳᠦᠷ ︵ᠪᠠᠭᠲᠠᠨ᠎ᠠ︶ ᠠᠴᠠ ᠳᠡᠭᠡᠭᠰᠢ ᠪᠠᠶᠢᠪᠠᠯ᠂ ᠬᠥᠮᠦᠨ ᠨᠢᠭᠡᠪᠦᠷᠢ ᠳᠤ ᠡᠳᠦᠷ ᠪᠦᠷᠢ 50 ᠲᠥᠭᠦᠷᠢᠭ ᠤᠨ ᠪᠠᠷᠢᠮᠵᠢᠶ᠎ᠠ ᠪᠠᠷ ᠱᠠᠩᠨᠠᠯ ᠨᠥᠬᠦᠪᠥᠷᠢ ᠣᠯᠭᠤᠨ᠎ᠠ᠃ᠬᠤᠲᠠ ᠶᠢᠨ ᠭᠠᠳᠠᠨᠠᠬᠢ ᠵᠠᠰᠠᠭ ᠵᠠᠬᠢᠷᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠮᠠᠨ ᠤ ᠬᠤᠲᠠ ᠳᠤ ᠠᠮᠠᠷᠠᠯᠲᠠ ᠰᠤᠪᠢᠯᠠᠯᠲᠠ ᠶᠢᠨ ᠰᠠᠭᠤᠷᠢᠨ ᠭᠠᠵᠠᠷ ᠪᠠᠶᠢᠭᠤᠯᠬᠤ ᠪᠤᠶᠤ ᠬᠤᠳᠠᠯᠳᠤᠭᠠᠨ ᠤ ᠶᠠᠪᠤᠳᠠᠯ᠂ ᠬᠤᠷᠠᠯ ᠦᠵᠡᠰᠭᠦᠯᠡᠩ ᠵᠡᠷᠭᠡ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠤᠨ ᠳᠠᠮᠵᠢᠵᠤ᠂ ᠪᠥᠬᠦ ᠵᠢᠯ ᠳᠤ ᠵᠣᠬᠢᠶᠠᠨ ᠪᠠᠶᠢᠭᠤᠯᠤᠭᠰᠠᠨ ᠬᠥᠮᠦᠨ ᠤ ᠲᠤᠭ᠎ᠠ ᠨᠢ 500 ᠬᠥᠮᠦᠨ ︵ᠪᠠᠭᠲᠠᠨ᠎ᠠ︶ ᠠᠴᠠ ᠳᠡᠭᠡᠭᠰᠢ ᠪᠠᠶᠢᠪᠠᠯ᠂ ᠳᠡᠭᠡᠷ᠎ᠡ ᠳᠤᠷᠠᠳᠤᠭᠰᠠᠨ ᠪᠠᠷᠢᠮᠵᠢᠶ᠎ᠠ ᠪᠠᠷ ᠯᠠᠪᠯᠠᠯᠲᠠ ᠪᠣᠯᠭᠠᠨ ᠵᠣᠬᠢᠶᠠᠨ ᠪᠠᠶᠢᠭᠤᠯᠤᠭᠰᠠᠨ ᠲᠠᠯ᠎ᠠ ᠶᠢ ᠱᠠᠩᠨᠠᠨ᠎ᠠ᠃ ᠳᠡᠭᠡᠷᠡᠬᠢ ᠱᠠᠩᠨᠠᠨ ᠬᠥᠬᠢᠭᠦᠯᠬᠦ ᠠᠷᠭ᠎ᠠ ᠬᠡᠮᠵᠢᠶ᠎ᠡ ᠶᠢ ᠳᠠᠪᠬᠤᠴᠠᠭᠤᠯᠤᠨ ᠬᠡᠷᠡᠭᠯᠡᠵᠦ ᠪᠣᠯᠬᠤ ᠦᠭᠡᠢ᠃      ᠬᠤᠶᠠᠷ᠂ ᠰᠣᠶᠣᠯ ᠴᠡᠩᠬᠡᠬᠦᠨ ᠤ ᠵᠢᠭᠤᠯᠴᠢᠯᠠᠯ ᠤᠨ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠤᠨ᠎ᠠ     ︵ᠨᠢᠭᠡ︶ ᠰᠣᠶᠣᠯ ᠴᠡᠩᠬᠡᠯ ᠤᠨ ᠵᠢᠭᠤᠯᠴᠢᠯᠠᠯ ᠤᠨ ᠬᠡᠷᠡᠭᠯᠡᠭᠡ ᠶᠢ ᠳᠡᠮᠵᠢᠨ᠎ᠡ᠃ ᠵᠠᠰᠠᠭ ᠠᠵᠤ ᠠᠬᠤᠶᠢᠯᠠᠯ ᠬᠤᠯᠪᠣᠭᠠᠯᠠᠨ ᠬᠥᠳᠡᠯᠦᠯᠴᠡᠵᠦ ᠬᠠᠮᠵᠢᠯᠴᠠᠬᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠠᠭᠤᠰᠤᠯᠴᠠᠭᠤᠯᠬᠤ ᠶᠢ ᠵᠣᠷᠢᠭᠵᠢᠭᠤᠯᠤᠨ ᠳᠡᠮᠵᠢᠵᠦ᠂ ᠰᠣᠶᠣᠯ ᠵᠢᠭᠤᠯᠴᠢᠯᠠᠯ ᠤᠨ ᠬᠡᠷᠡᠭᠯᠡᠭᠡ ᠶᠢ ᠠᠬᠢᠭᠤᠯᠬᠤ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠣᠯᠠᠨ ᠲᠠᠰ ᠳᠠᠪᠬᠤᠷᠭ᠎ᠠ ᠶᠢᠨ ᠰᠣᠶᠣᠯ ᠵᠢᠭᠤᠯᠴᠢᠯᠠᠯ ᠤᠨ ᠬᠡᠷᠡᠭᠯᠡᠭᠡ ᠶᠢᠨ ᠪᠠᠶᠢᠷᠢᠰᠢᠯ ᠢ ᠪᠣᠶ ᠪᠣᠯᠭᠠᠨ᠎ᠠ᠃ ︽ᠳᠤᠯᠠᠭᠠᠨ ᠬᠤᠲᠠ ᠶᠢᠨ ᠳᠣᠯᠣᠭᠠᠨ ᠴᠠᠭ ᠬᠠᠭᠠᠰ︾ ᠤᠨ ᠰᠥᠨᠢ ᠶᠢᠨ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠲᠥᠷᠥᠯ ᠲᠡᠮᠲᠡᠭᠲᠦ ᠶᠢ ᠦᠷᠭᠦᠯᠵᠢᠯᠡᠨ ᠡᠭᠦᠳᠴᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠡᠵᠡᠩᠨᠡᠯᠲᠡ ᠶᠢᠨ ᠴᠠᠭ ᠢᠶᠠᠨ ᠤᠷᠲᠤᠳᠬᠠᠬᠤ ᠶᠢ ᠵᠣᠷᠢᠭᠵᠢᠭᠤᠯᠵᠤ᠂ ᠰᠥᠨᠢ ᠶᠢᠨ ᠤᠨᠴᠠᠯᠢᠬᠳᠤ ᠬᠡᠷᠡᠭᠯᠡᠭᠡᠨ ᠤ ᠲᠥᠷᠥᠯ ᠵᠦᠢᠯ ᠢ ᠨᠡᠮᠡᠭᠳᠡᠭᠦᠯᠦᠨ᠂ ︽ᠰᠥᠨᠢ ᠶᠢᠨ ᠵᠢᠭᠤᠯᠴᠢᠯᠠᠯ᠂ ᠬᠤᠭᠤᠯᠠ ᠢᠳᠡᠭᠡᠨ᠂ ᠲᠣᠭᠯᠠᠯᠲᠠ᠂ ᠬᠤᠨᠤᠭ᠂ ᠴᠤᠭᠯᠠᠭᠠᠨ᠂ ᠤᠩᠰᠢᠯᠭ᠎ᠠ ᠪᠠ ᠪᠡᠶ᠎ᠡ ᠴᠢᠭᠢᠷᠠᠭᠵᠢᠭᠤᠯᠬᠤ︾ ᠵᠡᠷᠭᠡ ᠪᠠᠷ ᠭᠤᠤᠯ ᠰᠡᠳᠦᠪ ᠪᠣᠯᠭᠠᠭᠰᠠᠨ ᠰᠥᠨᠢ ᠶᠢᠨ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠠᠵᠢᠯᠯᠠᠭ᠎ᠠ ᠶᠢ ᠥᠷᠨᠢᠭᠦᠯᠦᠭᠰᠡᠨ ᠪᠣᠯ ᠠᠵᠢᠯᠯᠠᠭ᠎ᠠ ᠶᠢᠨ ᠦᠷ᠎ᠡ ᠪᠦᠲᠦᠮᠵᠢ ᠶᠢ ᠦᠨᠳᠦᠰᠦᠯᠡᠨ᠂ ᠠᠵᠢᠯᠯᠠᠭ᠎ᠠ ᠶᠢᠨ ᠥᠪᠡᠷ ᠤᠨ ᠥᠷᠲᠡᠭ ᠤᠨ 20% ᠠᠴᠠ ᠬᠡᠲᠦᠷᠡᠭᠦᠯᠬᠦ ᠥᠬᠡᠶ ᠪᠠᠷ ᠬᠠᠮᠤᠭ ᠤᠨ ᠥᠨᠳᠥᠷ ᠲᠡᠭᠡᠨ 50 ᠲᠦᠮᠡᠨ ᠲᠥᠭᠦᠷᠢᠭ ᠤᠨ ᠳᠤᠲᠤᠷ᠎ᠠ  ᠨᠢᠭᠡ ᠯᠠ ᠤᠳᠠᠭ᠎ᠠ ᠶᠢᠨ ᠴᠢᠨᠠᠷᠲᠠᠶ ᠨᠥᠬᠦᠪᠥᠷᠢ ᠣᠯᠭᠤᠨ᠎ᠠ᠃     ︵ᠬᠤᠶᠠᠷ︶ ᠣᠷᠳᠣᠰ ᠤᠨ ᠵᠢᠭᠤᠯᠴᠢᠯᠠᠯ ᠤᠨ ᠪᠦᠷᠢᠨ ᠴᠢᠳᠠᠮᠵᠢᠲᠤ ᠵᠢᠯ ᠤᠨ ᠺᠠᠷᠲ ᠢ ᠦᠷᠭᠦᠯᠵᠢᠯᠡᠨ ᠲᠠᠷᠬᠠᠭᠠᠨ᠎ᠠ᠃ ᠡᠳ᠋ ᠤᠨ ᠵᠠᠰᠠᠭ ᠠᠴᠠ ᠺᠠᠷᠲ ᠪᠦᠷᠢ ᠳᠤ 100 ᠲᠥᠭᠦᠷᠢᠭ ᠤᠨ ᠨᠥᠬᠦᠪᠥᠷᠢ ᠥᠭᠴᠦ᠂ ᠵᠤᠭᠠᠴᠠᠭᠰᠠᠳ ᠥᠪᠡᠰᠦᠪᠡᠨ 100 ᠲᠥᠭᠦᠷᠢᠭ ᠳᠥᠯᠥᠬᠦ ᠠᠷᠭ᠎ᠠ ᠬᠡᠯᠪᠡᠷᠢ ᠪᠠᠷ᠂ ︽ᠡᠭᠦᠯᠡᠨ ᠵᠤᠭᠠᠴᠠᠯ ᠣᠷᠳᠣᠰ ᠤᠨ ᠵᠢᠭᠤᠯᠴᠢᠯᠠᠯ ᠤᠨ ᠰᠦᠯᠵᠢᠶᠠᠨ︾ ᠤ ᠲᠠᠪᠴᠠᠩ ᠢᠶᠠᠷ ᠳᠠᠮᠵᠢᠭᠤᠯᠤᠨ ᠪᠦᠯᠦᠭ ᠤᠳᠠᠭ᠎ᠠ ᠬᠤᠪᠢᠶᠠᠨ ᠪᠥᠬᠦ ᠤᠯᠤᠰ ᠤᠨ ᠵᠤᠭᠠᠴᠠᠭᠰᠠᠳ ᠲᠤ ᠬᠠᠨᠳᠤᠭᠤᠯᠤᠨ ᠲᠠᠷᠬᠠᠭᠠᠨ ᠬᠤᠳᠠᠯᠳᠤᠵᠤ᠂ ᠬᠤᠳᠠᠯᠳᠤᠬᠤ ᠶᠠᠪᠤᠴᠠ ᠳᠤ ᠪᠦᠷᠢᠨ ᠴᠢᠳᠠᠮᠵᠢᠲᠤ ᠺᠠᠷᠲ ᠤᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠴᠠᠭ ᠲᠤᠬᠠᠶ ᠳᠤᠨᠢ ᠦᠨᠡᠯᠡᠨ ᠵᠢᠱᠢᠵᠦ᠂ ᠲᠠᠷᠬᠠᠭᠠᠬᠤ ᠲᠤᠭ᠎ᠠ ᠬᠡᠮᠵᠢᠶ᠎ᠡ ᠪᠠ ᠲᠠᠷᠬᠠᠭᠠᠬᠤ ᠬᠡᠪᠴᠢᠶ᠎ᠡ ᠳᠤ ᠴᠠᠭ ᠲᠤᠨᠢ ᠲᠣᠬᠢᠷᠠᠭᠤᠯᠤᠯᠲᠠ ᠬᠢᠨ᠎ᠠ᠃     ︵ᠭᠤᠷᠪᠠ︶ ᠣᠷᠳᠣᠰ ᠤᠨ ᠵᠢᠭᠤᠯᠴᠢᠯᠠᠯ ᠤᠨ ᠬᠡᠷᠡᠭᠯᠡᠭᠡᠨ ᠤ ᠲᠡᠮᠳᠡᠭᠲᠦ ᠶᠢ ᠲᠠᠷᠬᠠᠭᠠᠨ᠎ᠠ᠃ ᠲᠣᠰ ᠵᠢᠯ ᠤᠨ ᠡᠳ᠋ ᠤᠨ ᠵᠠᠰᠠᠭ ᠠᠴᠠ 1000 ᠲᠦᠮᠡᠨ ᠲᠥᠭᠦᠷᠢᠭ ᠳᠣᠭᠢᠷᠠᠭᠤᠯᠵᠤ᠂ ᠭᠤᠤᠯᠳᠠᠭᠤ ᠰᠣᠶᠣᠯ ᠵᠢᠭᠤᠯᠴᠢᠯᠠᠯ ᠤᠨ ᠠᠷᠠᠳ ᠲᠤ ᠠᠰᠢᠭ ᠬᠦᠷᠲᠡᠭᠡᠬᠦ ᠬᠡᠷᠡᠭᠯᠡᠭᠡ ᠪᠠ ᠥᠪᠡᠰᠦᠪᠡᠨ ᠲᠡᠷᠭᠡ ᠵᠢᠯᠣᠭᠤᠳᠬᠤ ᠵᠢᠭᠤᠯᠴᠢᠯᠠᠯ᠂ ᠠᠭᠠᠷ ᠤᠨ ᠠᠶᠠᠯᠠᠯ ᠤᠨ ᠵᠢᠭᠤᠯᠴᠢᠯᠠᠯ ᠵᠡᠷᠭᠡ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠳᠤ ᠬᠡᠷᠡᠭᠯᠡᠵᠦ᠂ ᠬᠡᠷᠡᠭᠯᠡᠭᠡᠨ ᠤ ᠲᠡᠮᠳᠡᠭᠲᠦ ᠶᠢᠨ ᠲᠠᠷᠬᠠᠭᠠᠯᠲᠠ ᠶᠢᠨ ᠦᠷ᠎ᠡ ᠪᠦᠲᠦᠮᠵᠢ ᠶᠢ ᠴᠠᠭ ᠲᠤᠬᠠᠶ ᠳᠤᠨᠢ ᠦᠨᠡᠯᠡᠨ ᠵᠢᠱᠢᠵᠦ᠂ ᠲᠠᠷᠬᠠᠭᠠᠯᠲᠠ ᠶᠢᠨ ᠲᠤᠭ᠎ᠠ ᠬᠡᠮᠵᠢᠶ᠎ᠡ ᠳᠤ ᠴᠠᠭ ᠲᠤᠨᠢ ᠲᠣᠬᠢᠷᠠᠭᠤᠯᠤᠯᠲᠠ ᠬᠢᠨ᠎ᠠ᠃     ᠭᠤᠷᠪᠠ᠂ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠶᠢ ᠲᠡᠳᠬᠦᠨ᠎ᠡ     ︵ᠨᠢᠭᠡ︶ ᠵᠢᠭᠤᠯᠴᠢᠯᠠᠯ ᠤᠨ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠵᠤ ᠳᠡᠭᠡᠭᠰᠢᠯᠡᠭᠦᠯᠬᠦ ᠶᠢ ᠳᠡᠮᠵᠢᠨ᠎ᠡ᠃ ︽ᠵᠢᠭᠤᠯᠴᠢᠯᠠᠯ ᠤᠨ ᠳᠥᠷᠪᠡᠨ ᠭᠠᠵᠠᠷ︾ ᠵᠡᠷᠭᠡ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠶᠢ ᠳᠡᠮᠵᠢᠵᠦ᠂ ᠤᠯᠤᠰ ᠤᠨ 5A ᠲᠠᠰ ᠤᠨ ᠦᠵᠡᠮᠵᠢ ᠶᠢᠨ ᠣᠷᠣᠨ ᠢᠶᠠᠷ ᠰᠢᠨ᠎ᠡ ᠪᠠᠷ ᠦᠨᠡᠯᠡᠨ ᠲᠣᠭᠲᠠᠭᠠᠭᠳᠠᠪᠠᠯ᠂ ᠨᠢᠭᠡ ᠤᠳᠠᠭ᠎ᠠ ᠳᠤ 2000 ᠲᠦᠮᠡᠨ ᠲᠥᠭᠦᠷᠢᠭ ᠱᠠᠩᠨᠠᠵᠤ᠂ ᠤᠯᠤᠰ ᠤᠨ ᠲᠠᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠢᠶᠠᠷ ᠰᠢᠨ᠎ᠡ ᠪᠠᠷ ᠦᠨᠡᠯᠡᠨ ᠲᠣᠭᠲᠠᠭᠠᠭᠳᠠᠪᠠᠯ᠂ ᠨᠢᠭᠡ ᠤᠳᠠᠭ᠎ᠠ ᠳᠤ 300 ᠲᠦᠮᠡᠨ ᠲᠥᠭᠦᠷᠢᠭ ᠱᠠᠩᠨᠠᠨ᠎ᠠ︔ ᠤᠯᠤᠰ ᠤᠨ 4A ᠲᠠᠰ ᠤᠨ ᠦᠵᠡᠮᠵᠢ ᠶᠢᠨ ᠣᠷᠣᠨ᠂ ᠤᠯᠤᠰ ᠤᠨ ᠲᠠᠰ ᠤᠨ ᠴᠠᠰᠤᠨ ᠳᠤ ᠭᠤᠯᠭᠤᠬᠤ ᠵᠢᠭᠤᠯᠴᠢᠯᠠᠯ ᠤᠨ ᠠᠮᠠᠷᠠᠯᠲᠠ ᠶᠢᠨ ᠭᠠᠵᠠᠷ᠂ ᠤᠯᠤᠰ ᠤᠨ ᠲᠠᠰ ᠤᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ᠂ ᠤᠯᠤᠰ ᠤᠨ ᠲᠠᠰ ᠤᠨ ᠰᠥᠨᠢ ᠶᠢᠨ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠲᠥᠪᠯᠡᠷᠡᠭᠰᠡᠨ ᠣᠷᠣᠨ᠂ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ ᠪᠠᠯᠭᠠᠰᠤ ᠪᠠᠷ ᠰᠢᠨ᠎ᠡ ᠪᠠᠷ ᠦᠨᠡᠯᠡᠨ ᠲᠣᠭᠲᠠᠭᠠᠭᠳᠠᠪᠠᠯ᠂ ᠨᠢᠭᠡ ᠤᠳᠠᠭ᠎ᠠ ᠳᠤ 100 ᠲᠦᠮᠡᠨ ᠲᠥᠭᠦᠷᠢᠭ ᠱᠠᠩᠨᠠᠨ᠎ᠠ︔ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠭᠤᠯᠴᠢᠯᠠᠯ ᠠᠮᠠᠷᠠᠯᠲᠠ ᠶᠢᠨ ᠣᠷᠣᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠥᠨᠢ ᠶᠢᠨ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠲᠥᠪᠯᠡᠷᠡᠭᠰᠡᠨ ᠣᠷᠣᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ ᠪᠠᠯᠭᠠᠰᠤ᠂ ᠥᠪᠡᠷᠲᠡᠭᠡᠨ ᠵᠠᠰᠠᠬᠤ ᠣᠷᠣᠨ ᠤ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ ᠳᠠᠭᠤᠷᠢᠶᠠᠯ ᠦᠵᠡᠭᠦᠯᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠤᠭᠰᠠᠨ ᠪᠠᠶᠢᠪᠠᠯ᠂ ᠨᠢᠭᠡ ᠯᠠ ᠤᠳᠠᠭ᠎ᠠ ᠶᠢᠨ ᠴᠢᠨᠠᠷᠲᠠᠶ ᠪᠠᠷ 50 ᠲᠦᠮᠡᠨ ᠲᠥᠭᠦᠷᠢᠭ ᠱᠠᠩᠨᠠᠨ᠎ᠠ︔ 5C ᠲᠠᠰ᠂ 4C ᠲᠠᠰ ᠤᠨ ᠥᠪᠡᠰᠦᠪᠡᠨ ᠲᠡᠷᠭᠡ ᠵᠢᠯᠥᠭᠤᠳᠤᠨ ᠵᠢᠭᠤᠯᠴᠢᠯᠠᠨ ᠰᠠᠭᠤᠬᠤ ᠵᠢᠭᠤᠯᠴᠢᠯᠠᠯ ᠤᠨ ᠬᠤᠸᠠᠷᠠᠨ ᠢᠶᠠᠷ ᠰᠢᠨ᠎ᠡ ᠪᠠᠷ ᠦᠨᠡᠯᠡᠨ ᠲᠣᠭᠲᠠᠭᠠᠭᠳᠠᠪᠠᠯ᠂ ᠨᠢᠭᠡ ᠯᠠ ᠤᠳᠠᠭ᠎ᠠ ᠶᠢᠨ ᠴᠢᠨᠠᠷᠲᠠᠶ ᠪᠠᠷ ᠲᠤᠰᠪᠤᠷᠢ 50 ᠲᠦᠮᠡᠨ ᠲᠥᠭᠦᠷᠢᠭ᠂ 30 ᠲᠦᠮᠡᠨ ᠲᠥᠭᠦᠷᠢᠭ ᠱᠠᠩᠨᠠᠨ᠎ᠠ︔ ᠤᠯᠤᠰ ᠤᠨ ᠲᠠᠰ ᠤᠨ ᠪᠣᠯᠪᠠᠰᠤᠨ ᠵᠢᠭᠤᠯᠴᠢᠯᠠᠯ ᠤᠨ ᠳᠠᠭᠤᠷᠢᠶᠠᠯ ᠦᠵᠡᠭᠦᠯᠬᠦ ᠨᠢᠭᠡᠴᠢ᠂ ᠮᠤᠵᠢ ᠶᠢᠨ ᠲᠠᠰ ᠤᠨ ᠪᠣᠯᠪᠠᠰᠤᠨ ᠵᠢᠭᠤᠯᠴᠢᠯᠠᠯ ᠤᠨ  ᠳᠠᠭᠤᠷᠢᠶᠠᠯ ᠦᠵᠡᠭᠦᠯᠬᠦ ᠨᠢᠭᠡᠴᠢ ᠪᠠᠷ ᠰᠢᠨ᠎ᠡ ᠪᠠᠷ ᠦᠨᠡᠯᠡᠨ ᠲᠣᠭᠲᠠᠭᠠᠭᠳᠠᠪᠠᠯ ᠨᠢᠭᠡ ᠤᠳᠠᠭ᠎ᠠ ᠶᠢᠨ ᠴᠢᠨᠠᠷᠲᠠᠶ ᠪᠠᠷ ᠲᠤᠰᠪᠦᠷᠢ 50 ᠲᠦᠮᠡᠨ ᠲᠥᠭᠦᠷᠢᠭ᠂ 30 ᠲᠦᠮᠡᠨ ᠲᠥᠭᠦᠷᠢᠭ ᠱᠠᠩᠨᠠᠨ᠎ᠠ︔ ᠬᠥᠬᠡ ᠲᠠᠰ᠂ ᠬᠥᠬᠡᠭᠴᠢᠨ ᠲᠠᠰ᠂ ᠤᠯᠠᠭᠠᠨ ᠲᠠᠰ ᠤᠨ ᠵᠢᠭᠤᠯᠴᠢᠯᠠᠯ ᠤᠨ ᠠᠶᠢᠯ ᠤᠨ ᠬᠤᠨᠤᠭ ᠤᠨ ᠭᠠᠵᠠᠷ ᠢᠶᠠᠷ ᠰᠢᠨ᠎ᠡ ᠪᠠᠷ ᠦᠨᠡᠯᠡᠨ ᠲᠣᠭᠲᠠᠭᠠᠭᠳᠠᠪᠠᠯ᠂ ᠨᠢᠭᠡ ᠯᠠ ᠤᠳᠠᠭ᠎ᠠ ᠳᠤ ᠲᠤᠰᠪᠦᠷᠢ 50 ᠲᠦᠮᠡᠨ ᠲᠥᠭᠦᠷᠢᠭ᠂ 30 ᠲᠦᠮᠡᠨ ᠲᠥᠭᠦᠷᠢᠭ᠂ 10 ᠲᠦᠮᠡᠨ ᠲᠥᠭᠦᠷᠢᠭ ᠱᠠᠩᠨᠠᠨ᠎ᠠ︔ 5A ᠲᠠᠰ᠂ 4A ᠲᠠᠰ ᠤᠨ ᠵᠢᠭᠤᠯᠴᠢᠨ ᠳᠤ ᠦᠢᠯᠡᠴᠢᠯᠡᠬᠦ ᠭᠠᠵᠠᠷ ᠢᠶᠠᠷ ᠰᠢᠨ᠎ᠡ ᠪᠠᠷ ᠦᠨᠡᠯᠡᠨ ᠲᠣᠭᠲᠠᠭᠠᠭᠳᠠᠪᠠᠯ᠂ ᠨᠢᠭᠡ ᠯᠠ ᠤᠳᠠᠭ᠎ᠠ ᠶᠢᠨ ᠴᠢᠨᠠᠷᠲᠠᠶ ᠪᠠᠷ ᠲᠤᠰᠪᠤᠷᠢ 20 ᠲᠦᠮᠡᠨ ᠲᠥᠭᠦᠷᠢᠭ᠂ 10 ᠲᠦᠮᠡᠨ ᠲᠥᠭᠦᠷᠢᠭ ᠱᠠᠩᠨᠠᠨ᠎ᠠ᠃     ᠵᠢᠭᠤᠯᠴᠢᠯᠠᠯ ᠤᠨ ᠲᠥᠷᠥᠯ ᠲᠡᠮᠳᠡᠭᠲᠦ ᠶᠢ ᠡᠭᠦᠳᠬᠦ ᠦᠨᠡᠯᠡᠯᠲᠡ ᠶᠢᠨ ᠶᠠᠪᠤᠴᠠ ᠳᠤ᠂ ᠬᠤᠲᠠ ᠶᠢᠨ ᠡᠳ᠋ ᠤᠨ ᠵᠠᠰᠠᠭ ᠤᠨ ᠳᠡᠮᠵᠢᠯᠭᠡ ᠶᠢᠨ ᠨᠥᠬᠦᠪᠥᠷᠢ ᠶᠢᠨ ᠪᠠᠯᠠ ᠮᠥᠩᠭᠦ ᠶᠢ ᠱᠠᠩᠨᠠᠯ ᠳᠤ ᠪᠤᠳᠤᠵᠤ ᠣᠷᠣᠭᠤᠯᠤᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠱᠠᠩᠨᠠᠭᠰᠠᠨ ᠪᠣᠯ ᠳᠠᠪᠬᠤᠴᠠᠭᠤᠯᠤᠨ ᠱᠠᠩᠨᠠᠬᠤ ᠥᠬᠡᠶ ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠱᠠᠩᠨᠠᠯ ᠤᠨ ᠪᠠᠷᠢᠮᠵᠢᠶ᠎ᠠ ᠨᠢ ᠮᠠᠨ ᠤ ᠬᠤᠲᠠ ᠠᠴᠠ ᠳᠣᠤᠷ᠎ᠠ ᠪᠠᠶᠢᠪᠠᠯ ᠨᠥᠬᠦᠵᠦ ᠭᠦᠢᠴᠡᠭᠡᠨ᠎ᠡ᠃ ᠪᠥᠬᠦ ᠬᠤᠲᠠ ᠶᠢᠨ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠠᠰᠢᠭᠲᠠᠶ ᠪᠤᠰᠤᠳ ᠤᠯᠤᠰ ᠤᠨ ᠲᠠᠰ ᠤᠨ ᠪᠠ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠬᠠᠮᠢᠶ᠎ᠠ ᠪᠥᠬᠦᠶ ᠲᠥᠷᠥᠯ ᠲᠡᠮᠳᠡᠭᠲᠦ ᠪᠠᠷ ᠰᠢᠨ᠎ᠡ ᠪᠠᠷ ᠦᠨᠡᠯᠡᠭᠳᠡᠪᠡᠯ᠂ ᠳᠡᠭᠡᠷᠡᠬᠢ ᠱᠠᠩᠨᠠᠯ ᠤᠨ ᠪᠠᠷᠢᠮᠵᠢᠶ᠎ᠠ ᠪᠠᠷ ᠯᠠᠪᠯᠠᠯᠲᠠ ᠪᠣᠯᠭᠠᠵᠤ ᠵᠣᠬᠢᠬᠤ ᠱᠠᠩᠨᠠᠯ ᠣᠯᠭᠤᠨ᠎ᠠ᠃     ︵ᠬᠤᠶᠠᠷ︶ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ︽ᠬᠡᠪᠴᠢᠶᠡᠵᠢᠯ ᠠᠴᠠ ᠳᠡᠭᠡᠭᠰᠢᠬᠢ ᠪᠣᠯᠭᠠᠵᠤ ᠪᠦᠷᠢᠳᠬᠡᠯ ᠳᠤ ᠣᠷᠣᠭᠤᠯᠬᠤ︾ ᠶᠢ ᠳᠡᠮᠵᠢᠵᠦ᠂ ᠰᠢᠨ᠎ᠡ ᠪᠠᠷ ︽ᠬᠡᠪᠴᠢᠶᠡᠵᠢᠯ ᠠᠴᠠ ᠳᠡᠭᠡᠭᠰᠢᠬᠢ ᠪᠣᠯᠭᠠᠵᠤ ᠪᠦᠷᠢᠳᠬᠡᠯ  ᠳᠤ ᠤᠷᠤᠭᠤᠯᠵᠤ︾ ᠬᠡᠪ ᠤᠨ ᠶᠣᠰᠣᠭᠠᠷ ᠡᠵᠡᠩᠨᠡᠬᠦ ᠶᠢᠨ ᠬᠠᠮᠲᠤ ᠲᠠᠭᠯᠠᠨ ᠮᠡᠳᠡᠭᠦᠯᠬᠦ ᠡᠭᠦᠷᠭᠡ ᠪᠠᠨ ᠭᠦᠢᠴᠡᠳᠬᠡᠵᠦ᠂ ᠬᠠᠮᠢᠶ᠎ᠠ ᠪᠥᠬᠦᠶ ᠭᠤᠶᠤᠴᠢᠯᠠᠨ ᠮᠡᠳᠡᠭᠦᠯᠬᠦ ᠨᠥᠬᠦᠴᠡᠯ ᠳᠤ ᠨᠡᠶᠢᠴᠡᠭᠰᠡᠨ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠨᠢᠭᠡᠪᠦᠷᠢ ᠶᠢ ᠨᠢᠭᠡ ᠯᠠ ᠤᠳᠠᠭ᠎ᠠ ᠶᠢᠨ ᠴᠢᠨᠠᠷᠲᠠᠶ ᠪᠠᠷ 100 ᠲᠦᠮᠡᠨ ᠲᠥᠭᠦᠷᠢᠭ ᠱᠠᠩᠨᠠᠨ᠎ᠠ︔ ᠬᠡᠪᠴᠢᠶᠡᠵᠢᠯ ᠳᠤ ᠤᠷᠤᠭᠤᠯᠤᠭᠰᠠᠨ ᠰᠣᠶᠣᠯ ᠤᠨ ᠵᠢᠭᠤᠯᠴᠢᠯᠠᠯ ᠤᠨ ᠠᠵᠤ ᠠᠬᠤᠶᠢᠯᠠᠯ ᠤᠨ ᠵᠢᠯ ᠤᠨ ᠡᠵᠡᠩᠨᠡᠯᠲᠡ ᠶᠢᠨ ᠣᠷᠣᠯᠭ᠎ᠠ ᠨᠢ 1 ᠳ᠋ᠦᠩᠰᠢᠭᠤᠷ ᠲᠥᠭᠦᠷᠢᠭ ᠢ ᠳᠠᠪᠠᠪᠠᠯ᠂ ᠨᠢᠭᠡ ᠯᠠ ᠤᠳᠠᠭ᠎ᠠ ᠶᠢᠨ ᠴᠢᠨᠠᠷᠲᠠᠶ ᠪᠠᠷ 100 ᠲᠦᠮᠡᠨ ᠲᠥᠭᠦᠷᠢᠭ ᠱᠠᠩᠨᠠᠨ᠎ᠠ︔ ᠵᠢᠯ ᠤᠨ ᠡᠵᠡᠩᠨᠡᠯᠲᠡ ᠶᠢᠨ ᠣᠷᠣᠯᠭ᠎ᠠ ᠨᠢ 2 ᠳ᠋ᠦᠩᠰᠢᠭᠤᠷ ᠲᠥᠭᠦᠷᠢᠭ ᠢ ᠳᠠᠪᠠᠪᠠᠯ᠂ ᠨᠢᠭᠡ ᠯᠠ ᠤᠳᠠᠭ᠎ᠠ ᠳᠤ 200 ᠲᠦᠮᠡᠨ ᠲᠥᠭᠦᠷᠢᠭ ᠱᠠᠩᠨᠠᠨ᠎ᠠ᠃      ︵ᠭᠤᠷᠪᠠ︶ ᠰᠣᠶᠣᠯ ᠵᠢᠭᠤᠯᠴᠢᠯᠠᠯ ᠤᠨ ᠠᠵᠢᠯ ᠲᠥᠷᠥᠯ ᠤᠨ ᠡᠩᠨᠡᠭᠡ ᠶᠢᠨ ᠪᠠᠶᠢᠭᠤᠯᠤᠯᠲᠠ ᠶᠢ ᠳᠡᠮᠵᠢᠨ᠎ᠡ᠃ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠳᠡᠭᠡᠳᠦ ᠲᠠᠰ ᠳᠠᠪᠬᠤᠷᠭ᠎ᠠ ᠶᠢᠨ ᠪᠠ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠬᠥᠮᠦᠵᠢᠭᠦᠯᠦᠨ ᠣᠷᠣᠭᠤᠯᠵᠤ ᠠᠪᠴᠢᠷᠠᠬᠤ ᠶᠢ ᠳᠡᠮᠵᠢᠵᠦ᠂ ᠣᠷᠳᠣᠰ ᠬᠤᠲᠠ ᠳᠤ ᠳᠠᠩᠰᠠᠯᠠᠭᠤᠯᠵᠤ ᠵᠢᠭᠤᠯᠴᠢᠯᠠᠯ ᠤᠨ ᠬᠥᠲᠥᠴᠢ ᠶᠢᠨ ᠠᠵᠢᠯ ᠬᠢᠵᠦ ᠪᠠᠶᠢᠭ᠎ᠠ ᠪᠦᠭᠡᠳ ᠣᠨᠴᠠ ᠲᠠᠰ ᠤᠨ ᠵᠢᠭᠤᠯᠴᠢᠯᠠᠯ ᠤᠨ ᠬᠥᠲᠥᠴᠢ ᠪᠠᠷ ᠰᠢᠯᠭᠠᠷᠠᠭᠤᠯᠤᠭᠰᠠᠳ ᠲᠤ ᠨᠢᠭᠡ ᠯᠠ ᠤᠳᠠᠭ᠎ᠠ ᠶᠢᠨ ᠴᠢᠨᠠᠷᠲᠠᠶ ᠪᠠᠷ 3 ᠲᠦᠮᠡᠨ ᠲᠥᠭᠦᠷᠢᠭ ᠱᠠᠩᠨᠠᠵᠤ᠂ ᠳᠡᠭᠡᠳᠦ ᠲᠠᠰ ᠤᠨ ᠵᠢᠭᠤᠯᠴᠢᠯᠠᠯ ᠤᠨ ᠬᠥᠲᠥᠴᠢ ᠪᠠᠷ ᠰᠢᠯᠭᠠᠭᠤᠯᠤᠨ ᠤᠷᠤᠭᠰᠠᠳ ᠲᠤ 1 ᠲᠦᠮᠡᠨ ᠲᠥᠭᠦᠷᠢᠭ ᠱᠠᠩᠨᠠᠵᠤ᠂ ᠳᠤᠮᠳᠠ ᠵᠡᠷᠭᠡ ᠶᠢᠨ ᠵᠢᠭᠤᠯᠴᠢᠯᠠᠯ ᠤᠨ ᠬᠥᠲᠥᠴᠢ ᠪᠠᠷ ᠰᠢᠯᠭᠠᠭᠤᠯᠤᠨ ᠤᠷᠤᠭᠰᠠᠳ ᠲᠤ 0.5 ᠲᠦᠮᠡᠨ ᠲᠥᠭᠦᠷᠢᠭ ᠱᠠᠩᠨᠠᠨ᠎ᠠ᠃ ᠬᠤᠲᠠ ᠶᠢᠨ ᠱᠠᠲᠤᠨ ᠤ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠠᠴᠠ ᠤᠷᠤᠯᠳᠤᠭᠠᠨ ᠳᠤ ᠣᠷᠣᠯᠴᠠᠬᠤ ᠪᠠᠷ ᠲᠠᠨᠢᠯᠴᠠᠭᠤᠯᠤᠭᠰᠠᠨ ᠮᠥᠷᠲᠡᠭᠡᠨ ᠱᠠᠩᠨᠠᠯ ᠣᠯᠤᠭᠰᠠᠨ‌ᠨᠢᠭᠡᠴᠢ ᠪᠠ ᠬᠤᠪᠢ ᠬᠥᠮᠦᠨ ᠳᠤ ᠱᠠᠩᠨᠠᠯ ᠣᠯᠭᠤᠵᠤ᠂ ᠤᠯᠤᠰ ᠤᠨ ᠲᠠᠰ ᠤᠨ ᠤᠷᠤᠯᠳᠤᠭᠠᠨ ᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠭᠥᠷᠳᠡᠪᠡᠯ ᠲᠤᠰᠪᠦᠷᠢ  3 ᠲᠦᠮᠡᠨ ᠲᠥᠭᠦᠷᠢᠭ᠂ 2 ᠲᠦᠮᠡᠨ ᠲᠥᠭᠦᠷᠢᠭ᠂ 1 ᠲᠦᠮᠡᠨ ᠲᠥᠭᠦᠷᠢᠭ ᠤᠨ ᠱᠠᠩᠨᠠᠯ ᠣᠯᠭᠤᠨ᠎ᠠ︔ ᠥᠪᠡᠷᠲᠡᠭᠡᠨ ᠵᠠᠰᠠᠬᠤ ᠣᠷᠣᠨ ᠤ ᠲᠠᠰ ᠤᠨ ᠤᠷᠤᠯᠳᠤᠭᠠᠨ ᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠭᠥᠷᠳᠡᠪᠡᠯ ᠲᠤᠰᠪᠦᠷᠢ 2 ᠲᠦᠮᠡᠨ ᠲᠥᠭᠦᠷᠢᠭ᠂ 1 ᠲᠦᠮᠡᠨ ᠲᠥᠭᠦᠷᠢᠭ᠂ 0.5 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ᠰᠣᠶᠣᠯ ᠵᠢᠭᠤᠯᠴᠢᠯᠠᠯ ᠤᠨ ᠠᠵᠢᠯ ᠲᠥᠷᠥᠯ ᠤᠨ ᠬᠤᠪᠢ ᠶᠢᠨ ᠵᠠᠭᠤᠴᠢᠯᠠᠭᠤᠷ ᠤᠨ ᠤᠬᠠᠭᠤᠯᠤᠨ ᠳᠡᠯᠭᠡᠷᠡᠭᠦᠯᠬᠦ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠲᠤᠰᠬᠠᠶ ᠮᠡᠷᠭᠡᠵᠢᠯ ᠤᠨ ᠪᠣᠯᠪᠠᠰᠤᠷᠠᠯ ᠤᠨ ᠪᠠᠶᠢᠭᠤᠯᠤᠮᠵᠢ ᠯᠤᠭ᠎ᠠ ᠬᠠᠮᠲᠤᠷᠠᠯᠴᠠᠬᠤ ᠶᠢ ᠵᠣᠷᠢᠭᠵᠢᠭᠤᠯᠤᠨ᠂ ᠬᠤᠪᠢ ᠶᠢᠨ ᠵᠠᠭᠤᠴᠢᠯᠠᠭᠤᠷ ᠤᠨ ᠪᠣᠯᠪᠠᠰᠤᠷᠠᠯ ᠢ ᠥᠷᠨᠢᠭᠦᠯᠬᠦ ᠶᠢᠨ ᠬᠠᠮᠲᠤ᠂ ᠪᠣᠯᠪᠠᠰᠤᠷᠠᠯ ᠤᠨ ᠬᠡᠪᠴᠢᠶ᠎ᠡ ᠪᠠ ᠦᠷ᠎ᠡ ᠪᠦᠲᠦᠮᠵᠢ ᠶᠢ ᠦᠨᠳᠦᠰᠦᠯᠡᠨ᠂ ᠪᠣᠯᠪᠠᠰᠤᠷᠠᠯ ᠤᠨ ᠪᠣᠳᠠᠲᠠᠶ ᠣᠷᠣᠭᠤᠯᠤᠯᠲᠠ ᠶᠢᠨ 60% ᠪᠠᠷ ᠨᠢᠭᠡ ᠯᠠ ᠤᠳᠠᠭ᠎ᠠ ᠶᠢᠨ ᠴᠢᠨᠠᠷᠲᠠᠶ ᠨᠥᠬᠦᠪᠥᠷᠢ ᠣᠯᠭᠤᠨ᠎ᠠ᠃     ᠳᠥᠷᠪᠡ᠂ ᠰᠣᠶᠣᠯ ᠵᠢᠭᠤᠯᠴᠢᠯᠠᠯ ᠤᠨ ᠡᠵᠡᠩᠨᠡᠯᠲᠡ ᠶᠢᠨ ᠪᠠᠶᠢᠳᠠᠯ ᠢ ᠪᠠᠶᠠᠯᠢᠭᠵᠢᠭᠤᠯᠬᠤ ᠶᠢ ᠳᠡᠮᠵᠢᠨ᠎ᠡ     ︵ᠨᠢᠭᠡ︶ ︽ᠰᠣᠶᠣᠯ ᠵᠢᠭᠤᠯᠴᠢᠯᠠᠯ +︾ ᠶᠢᠨ ᠠᠭᠤᠰᠤᠯᠴᠠᠨ ᠬᠥᠭᠵᠢᠬᠦ ᠶᠢ ᠳᠡᠮᠵᠢᠨ᠎ᠡ᠃ ᠰᠣᠶᠣᠯ ᠵᠢᠭᠤᠯᠴᠢᠯᠠᠯ ᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠵᠤ᠂ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠲᠦᠪᠰᠢᠨ ᠢ ᠳᠡᠭᠡᠭᠰᠢᠯᠡᠭᠦᠯᠬᠦ ᠶᠢ ᠳᠡᠮᠵᠢᠨ ᠵᠣᠷᠢᠭᠵᠢᠭᠤᠯᠵᠤ᠂ A ᠳᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠵᠢᠭᠤᠯᠴᠢᠯᠠᠯ ᠠᠮᠠᠷᠠᠯᠲᠠ ᠶᠢᠨ ᠣᠷᠣᠨ᠂ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠲᠥᠪᠯᠡᠷᠡᠭᠰᠡᠨ ᠣᠷᠣᠨ᠂ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ᠂ ᠬᠥᠳᠡᠭᠡ ᠲᠣᠰᠬᠤᠨ ᠤ ᠵᠢᠭᠤᠯᠴᠢᠯᠠᠯ ᠤᠨ ᠲᠥᠪᠯᠡᠷᠡᠭᠰᠡᠨ ᠣᠷᠣᠨ ᠵᠡᠷᠭᠡ ᠳᠤ    ︽ᠰᠣᠶᠣᠯ ᠵᠢᠭᠤᠯᠴᠢᠯᠠᠯ ᠤᠨ ᠣᠷᠣᠨ +︾᠂ ᠤᠷᠠᠨ ᠲᠣᠭᠯᠠᠯᠲᠠ᠂ ᠠᠶᠢᠯ ᠤᠨ ᠬᠤᠨᠤᠭ ᠤᠨ ᠭᠠᠵᠠᠷ ᠵᠡᠷᠭᠡ ᠰᠢᠨ᠎ᠡ ᠪᠦᠲᠦᠭᠡᠭᠳᠡᠬᠦᠨ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠲᠦᠷᠦᠯ ᠵᠦᠢᠯ ᠢ  ᠬᠥᠭᠵᠢᠭᠦᠯᠦᠨ ᠪᠦᠲᠦᠭᠡᠨ ᠪᠠᠶᠢᠭᠤᠯᠬᠤ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠪᠠ ᠣᠳᠣᠨ ᠲᠠᠰ ᠤᠨ ᠵᠣᠴᠢᠳ ᠤᠨ ᠪᠠᠭᠤᠳᠠᠯ ᠳᠤ ᠣᠶᠤᠨᠴᠢᠯᠠᠭᠰᠠᠨ ᠪᠥᠲᠥᠭᠡᠨ ᠪᠠᠶᠢᠭᠤᠯᠤᠯᠲᠠ᠂ ᠮᠡᠳᠡᠭᠡ ᠵᠠᠩᠭᠢᠵᠢᠯᠲᠠ ᠶᠢᠨ ᠥᠭᠡᠷᠡᠴᠢᠯᠡᠯᠲᠡ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠵᠢᠯ ᠤᠨ ᠰᠢᠨ᠎ᠡ ᠪᠠᠷ ᠨᠡᠮᠡᠭᠳᠡᠭᠰᠡᠨ ᠪᠠᠯᠠ ᠣᠷᠣᠭᠤᠯᠤᠯᠲᠠ ᠨᠢ 200 ᠲᠦᠮᠡᠨ ᠲᠥᠭᠦᠷᠢᠭ ᠠᠴᠠ ᠳᠡᠭᠡᠭᠰᠢ ᠪᠠᠶᠢᠵᠤ ᠲᠡᠷᠡᠴᠢᠯᠡᠨ ᠪᠠᠶᠢᠭᠤᠯᠵᠤ ᠠᠵᠢᠯᠯᠠᠭᠤᠯᠬᠤ ᠪᠠᠷ ᠭᠤᠶᠤᠴᠢᠯᠠᠭᠰᠠᠨ ᠪᠠᠶᠢᠪᠠᠯ᠂ ᠪᠣᠳᠠᠲᠠᠶ ᠪᠠᠯᠠ ᠣᠷᠣᠭᠤᠯᠤᠯᠲᠠ ᠶᠢᠨ ᠲᠤᠭ᠎ᠠ ᠶᠢᠨ 20% ᠪᠠᠷ ᠨᠢᠭᠡ ᠯᠠ ᠤᠳᠠᠭ᠎ᠠ ᠶᠢᠨ ᠴᠢᠨᠠᠷᠲᠠᠶ ᠱᠠᠩᠨᠠᠯ ᠣᠯᠭᠤᠵᠤ᠂ ᠬᠠᠮᠤᠭ ᠤᠨ ᠥᠨᠳᠥᠷ ᠲᠡᠭᠡᠨ 300 ᠲᠦᠮᠡᠨ ᠲᠥᠭᠦᠷᠢᠭ ᠠᠴᠠ ᠬᠡᠲᠦᠷᠡᠭᠦᠯᠬᠦ ᠥᠬᠡᠶ᠃ ᠨᠡᠶᠢᠲᠡ ᠪᠡᠯᠡ ᠣᠷᠤᠭᠤᠯᠤᠯᠲᠠ ᠨᠢ 2000 ᠲᠦᠮᠡᠨ ᠲᠥᠭᠦᠷᠢᠭ ᠢ ᠳᠠᠪᠠᠭᠰᠠᠨ ᠪᠥᠭᠡᠳ ᠪᠠᠶᠢᠭᠤᠯᠤᠨ ᠳᠠᠭᠤᠰᠬᠠᠵᠤ ᠡᠵᠡᠩᠨᠡᠭᠰᠡᠨ ᠪᠠᠶᠢᠪᠠᠯ᠂ ᠳᠡᠭᠡᠷ᠎ᠡ ᠳᠤᠷᠠᠳᠤᠭᠰᠠᠨ ᠪᠠᠷᠢᠮᠵᠢᠶ᠎ᠠ ᠪᠠᠷ ᠱᠠᠩᠨᠠᠬᠤ ᠪᠤᠶᠤ ︽ᠨᠢᠭᠡ ᠬᠡᠷᠡᠭ ᠢ ᠨᠢᠭᠡ ᠵᠥᠪᠯᠡᠬᠦ︾ ᠠᠷᠭ᠎ᠠ ᠮᠠᠶ᠋ᠢᠭ ᠢ ᠬᠡᠷᠡᠭᠵᠢᠭᠦᠯᠵᠦ ᠪᠠᠶᠢᠭᠠᠳ ᠪᠠᠯᠠ ᠮᠥᠩᠭᠦ ᠶᠢᠨ ᠳᠡᠮᠵᠢᠯᠭᠡ ᠦᠵᠡᠭᠦᠯᠦᠨ᠎ᠡ᠃     ︵ᠬᠤᠶᠠᠷ︶ ᠤᠷᠠᠨ ᠲᠣᠭᠯᠠᠯᠲᠠ ᠶᠢᠨ ᠵᠠᠬ᠎ᠠ ᠳᠡᠯᠭᠡᠭᠦᠷ ᠢ ᠳᠡᠮᠵᠢᠨ ᠬᠥᠭᠵᠢᠭᠦᠯᠦᠨ᠎ᠡ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠲᠣᠮᠣ ᠬᠡᠯᠪᠡᠷᠢ ᠶᠢᠨ ᠡᠵᠡᠩᠨᠡᠯᠲᠡ ᠶᠢᠨ ᠴᠢᠨᠠᠷᠲᠠᠶ ᠲᠣᠭᠯᠠᠯᠲᠠ ᠶᠢᠨ ᠠᠵᠢᠯᠯᠠᠭ᠎ᠠ ᠶᠢ ᠭᠥᠯᠢᠶᠡᠨ ᠠᠪᠬᠤ ᠪᠤᠶᠤ ᠣᠷᠣᠭᠤᠯᠤᠨ ᠠᠪᠴᠢᠷᠠᠬᠤ ᠶᠢ ᠵᠣᠷᠢᠭᠵᠢᠭᠤᠯᠵᠤ᠂ ᠭᠠᠭᠴᠠ ᠲᠠᠯᠠᠪᠤᠷ ᠲᠤ 5000 ᠬᠥᠮᠦᠨ ︵ᠪᠠᠭᠲᠠᠨ᠎ᠠ︶ ᠠᠴᠠ ᠳᠡᠭᠡᠭᠰᠢ ᠪᠢᠯᠧᠲ ᠬᠤᠳᠠᠯᠳᠤᠭᠰᠠᠨ ᠪᠠᠶᠢᠪᠠᠯ᠂ ᠪᠢᠯᠧᠲ ᠬᠤᠳᠠᠯᠳᠤᠭᠰᠠᠨ ᠣᠷᠣᠯᠭ᠎ᠠ ᠶᠢᠨ 20% ᠪᠠᠷ ᠱᠠᠩᠨᠠᠨ᠎ᠠ︔ ᠭᠠᠭᠴᠠ ᠲᠠᠯᠠᠪᠤᠷ ᠲᠤ 1 ᠲᠦᠮᠡᠨ ᠬᠥᠮᠦᠨ ︵ᠪᠠᠭᠲᠠᠨ᠎ᠠ︶ ᠠᠴᠠ ᠳᠡᠭᠡᠭᠰᠢ ᠪᠢᠯᠧᠲ ᠬᠤᠳᠠᠯᠳᠤᠭᠰᠠᠨ ᠪᠠᠶᠢᠪᠠᠯ᠂ ᠪᠢᠯᠧᠲ ᠬᠤᠳᠠᠯᠳᠤᠭᠰᠠᠨ ᠣᠷᠣᠯᠭ᠎ᠠ ᠶᠢᠨ 25% ᠪᠠᠷ ᠱᠠᠩᠨᠠᠨ᠎ᠠ︔ ᠭᠠᠭᠴᠠ ᠲᠠᠯᠠᠪᠤᠷ ᠲᠤ 2 ᠲᠦᠮᠡᠨ ᠬᠥᠮᠦᠨ ︵ᠪᠠᠭᠲᠠᠨ᠎ᠠ︶ ᠠᠴᠠ ᠳᠡᠭᠡᠭᠰᠢ ᠪᠢᠯᠧᠲ ᠬᠤᠳᠠᠯᠳᠤᠭᠰᠠᠨ ᠪᠠᠶᠢᠪᠠᠯ᠂ ᠪᠢᠯᠧᠲ ᠬᠤᠳᠠᠯᠳᠤᠭᠰᠠᠨ ᠣᠷᠣᠯᠭ᠎ᠠ ᠶᠢᠨ 30 ᠪᠠᠷ ᠱᠠᠩᠨᠠᠵᠤ᠂ ᠳᠡᠭᠡᠷᠡᠬᠢ ᠲᠠᠯᠠᠪᠤᠷ ᠤᠳᠠᠭ᠎ᠠ ᠶᠢ ︽ᠥᠨᠳᠥᠷ ᠢᠶᠠᠷ ᠨᠢ ᠪᠠᠷᠢᠮᠵᠢᠶᠠᠯᠠᠬᠤ︾ ᠵᠠᠷᠴᠢᠮ ᠤᠨ ᠶᠣᠰᠣᠭᠠᠷ ᠵᠥᠪᠬᠡᠨ ᠨᠢᠭᠡ ᠯᠠ ᠤᠳᠠᠭ᠎ᠠ ᠱᠠᠩᠨᠠᠨ᠎ᠠ᠃ ᠰᠣᠶᠣᠯ ᠤᠨ ᠵᠢᠭᠤᠯᠴᠢᠯᠠᠯ ᠤᠨ ᠠᠵᠤ ᠠᠬᠤᠶᠢᠯᠠᠯ ᠤᠨ ᠦᠵᠡᠮᠵᠢ ᠶᠢᠨ ᠣᠷᠣᠨ ᠤ ᠡᠭᠦᠳᠡᠨ ᠪᠢᠯᠧᠲ ᠪᠠ ᠲᠣᠭᠯᠠᠯᠲᠠ ᠶᠢᠨ ᠪᠢᠯᠧᠲ ᠢ ᠬᠤᠯᠪᠣᠭᠠᠯᠠᠨ ᠪᠣᠷᠣᠯᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠷᠠᠨ ᠲᠣᠭᠯᠠᠯᠲᠠ ᠶᠢᠨ ᠵᠠᠬ᠎ᠠ ᠳᠡᠯᠭᠡᠭᠦᠷ ᠤᠨ ᠭᠤᠤᠯ ᠴᠣᠭᠴᠠ ᠯᠤᠭ᠎ᠠ ᠬᠠᠮᠲᠤᠷᠠᠯᠴᠠᠬᠤ ᠶᠢ ᠳᠡᠮᠵᠢᠵᠦ᠂ ᠲᠤᠰᠬᠠᠶ ᠬᠠᠷᠠᠭᠠᠯᠵᠠᠯ ᠤᠨ ᠠᠵᠢᠯᠯᠠᠭ᠎ᠠ ᠥᠷᠨᠢᠭᠦᠯᠵᠦ᠂ ᠠᠶᠠᠨᠴᠢᠳ ᠵᠤᠭᠠᠴᠠᠭᠰᠠᠳ ᠢ ᠲᠡᠳᠡᠨ ᠠᠪᠴᠢᠷᠠᠵᠤ᠂ ᠨᠡᠶᠢᠲᠡ ᠲᠠᠲᠠᠨ ᠠᠪᠴᠢᠷᠠᠭᠰᠠᠨ ᠵᠤᠭᠠᠴᠠᠭᠰᠠᠳ ᠤᠨ ᠲᠤᠭ᠎ᠠ 1000 ᠬᠦᠮᠦᠨ ᠢ ᠳᠠᠪᠠᠭᠰᠠᠨ ᠪᠣᠯ᠂ ᠬᠥᠮᠦᠨ ᠪᠦᠷᠢ ᠳᠤ ᠳᠤᠮᠳᠠᠴᠢ ᠪᠠᠷ 100 ᠲᠥᠭᠦᠷᠢᠭ ᠤᠨ ᠨᠥᠬᠦᠪᠥᠷᠢ ᠥᠭᠭᠦᠨ᠎ᠡ᠃     ︵ᠭᠤᠷᠪᠠ︶ ᠰᠣᠶᠣᠯ ᠤᠨ ᠡᠭᠦᠳᠦᠯᠲᠡ ᠶᠢᠨ ᠦᠢᠯᠡᠳᠬᠦᠨ ᠪᠠ ᠵᠢᠭᠤᠯᠴᠢᠯᠠᠯ ᠤᠨ ᠲᠠᠸᠠᠷ ᠤᠨ ᠨᠡᠭᠡᠭᠡᠨ ᠬᠥᠭᠵᠢᠭᠦᠯᠦᠯᠲᠡ ᠶᠢ ᠳᠡᠮᠵᠢᠨ᠎ᠡ᠃ ︽ᠳᠤᠯᠠᠭᠠᠨ ᠬᠤᠲᠠ ᠶᠢᠨ ᠪᠡᠯᠡᠭ︾ ᠤᠨ ᠪᠣᠶᠢᠵᠢᠭᠤᠯᠬᠤ ᠨᠠᠷᠢᠨ ᠬᠠᠭᠤᠳᠠᠰᠤ ᠶᠢ ᠪᠠᠶᠢᠭᠤᠯᠵᠤ᠂ ᠲᠣᠰ ᠵᠢᠯ ᠳᠤ 100 ᠲᠦᠮᠡᠨ ᠲᠥᠭᠦᠷᠢᠭ ᠤᠨ ᠲᠤᠰᠬᠠᠶ ᠪᠠᠯᠠ ᠮᠥᠩᠭᠦ ᠳᠣᠭᠢᠷᠠᠭᠤᠯᠤᠨ᠂ ᠬᠤᠲᠠ ᠶᠢᠨ ᠳᠣᠲᠣᠷᠠᠬᠢ ᠰᠣᠶᠣᠯ ᠵᠢᠭᠤᠯᠴᠢᠯᠠᠯ ᠤᠨ ᠲᠠᠸᠠᠷ ᠤᠨ ᠰᠤᠳᠤᠯᠤᠨ ᠨᠡᠭᠡᠭᠡᠵᠦ ᠦᠢᠯᠡᠳᠪᠦᠷᠢᠯᠡᠬᠦ ᠨᠢᠭᠡᠴᠢ ᠶᠢᠨ ᠪᠤᠶᠢᠵᠢᠭᠤᠯᠤᠯᠲᠠ ᠶᠢᠨ ᠨᠠᠷᠢᠨ ᠬᠠᠭᠤᠳᠠᠰᠤ ᠶᠢᠨ ᠶᠣᠰᠣᠭᠠᠷ ︽ᠳᠤᠯᠠᠭᠠᠨ ᠬᠤᠲᠠ ᠶᠢᠨ ᠪᠡᠯᠡᠭ︾ ᠤᠨ ᠰᠢᠷᠢᠰ ᠦᠢᠯᠡᠳᠬᠦᠨ ᠢ ᠨᠡᠭᠡᠭᠡᠨ ᠬᠥᠭᠵᠢᠭᠦᠯᠬᠦ ᠶᠢᠨ ᠬᠠᠮᠲᠤ  ᠦᠢᠯᠡᠳᠪᠦᠷᠢᠯᠡᠵᠦ᠂ ᠰᠤᠳᠤᠯᠤᠨ ᠨᠡᠭᠡᠭᠡᠬᠦ ᠣᠷᠣᠭᠤᠯᠤᠯᠲᠠ ᠶᠢ ᠦᠨᠳᠦᠰᠦᠯᠡᠨ ᠵᠣᠬᠢᠬᠤ ᠵᠠᠷᠤᠳᠠᠯ ᠤᠨ ᠨᠥᠬᠦᠪᠥᠷᠢ ᠣᠯᠭᠤᠬᠤ ᠶᠢ ᠵᠣᠷᠢᠭᠵᠢᠭᠤᠯᠤᠨ ᠳᠡᠮᠵᠢᠨ᠎ᠡ᠃     ᠲᠣᠰ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠬᠡᠷᠡᠭᠵᠢᠭᠦᠯᠬᠦ ᠬᠤᠭᠤᠴᠠᠭ᠎ᠠ ᠨᠢ 2024 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ 2024 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠠᠴᠠ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠣᠳᠠᠲᠠᠶ ᠬᠡᠷᠡᠭᠵᠢᠭᠦᠯᠬᠦ ᠨᠠᠷᠢᠨ ᠲᠦᠷᠢᠮ ᠢ ᠲᠣᠭᠲᠠᠭᠠᠵᠤ᠂ ᠲᠣᠰ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠳᠤ ᠨᠡᠶᠢᠴᠡᠬᠦ ᠵᠦᠢᠯᠡᠰ ᠨᠢ ᠳᠡᠭᠡᠳᠦ ᠱᠠᠲᠤ ᠪᠠ ᠮᠠᠨ ᠤ ᠬᠤᠲᠠ ᠶᠢᠨ ᠪᠤᠰᠤᠳ ᠲᠡᠳᠬᠦᠬᠦ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠪᠠᠰᠠ ᠨᠡᠶᠢᠴᠡᠵᠤ ᠪᠠᠶᠢᠪᠠᠯ ᠲᠤᠬᠠᠢ ᠶᠢᠨ ᠨᠢᠭᠡ ᠵᠢᠯ ᠳᠤ ᠥᠨᠳᠥᠷ ᠢᠶᠠᠷ ᠨᠢ ᠪᠠᠷᠢᠮᠵᠢᠶᠠᠯᠠᠵᠤ ᠳᠠᠪᠬᠤᠴᠠᠭᠤᠯᠬᠤ ᠦᠭᠡᠢ ᠪᠠᠶᠢᠬᠤ ᠵᠠᠷᠴᠢᠮ ᠢᠶᠠᠷ ᠳᠡᠮᠵᠢᠨ᠎ᠡ᠂ ᠠᠰ  ᠲᠤᠨᠢ ᠲᠣᠭᠲᠠᠭᠠᠯ ᠲᠠᠢ ᠨᠢ ᠡᠭᠦᠨ ᠳᠤ ᠪᠠᠭᠲᠠᠬᠤ ᠥᠬᠡᠶ᠃ 
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ