ᠤᠷᠳᠤᠰ ᠵᠠᠰᠠᠭ ᠠᠯᠪᠠᠨ ᠲᠠᠷᠬᠠᠭᠠᠭᠰᠠᠨ ﹇2024﹈ 34 ᠳ᠋ᠦ᠋ᠭᠡᠷ ᠲᠤᠭᠠᠳᠤ | ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠰᠢᠭᠤᠳ | ᠬᠠᠷᠢᠶ᠎ᠠ ᠨᠢᠭᠡᠴᠢ᠂ ᠲᠣᠮᠣ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄ | ᠡᠳᠦᠭᠡ ︽ᠣᠷᠳᠣᠰ ᠬᠤᠲᠠ ᠶᠢᠨ ᠰᠦ ᠰᠠᠭᠠᠯᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠨᠦᠭᠦᠳ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2024 ᠣᠨ ᠤ 9 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ | ᠵᠥᠪᠯᠡᠵᠦ ᠪᠠᠲᠤᠯᠠᠭᠠᠳ᠂ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃ | | ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 5 ᠳ᠋ᠤᠭᠠᠷ ᠰᠠᠷ᠎ᠠ ᠶᠢᠨ 14 ᠤ ᠡᠳᠦᠷ | | | | | ᠣᠷᠳᠣᠰ ᠬᠤᠲᠠ ᠶᠢᠨ ᠰᠦ ᠰᠠᠭᠠᠯᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦ ᠰᠠᠭᠠᠯᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ︾ ︵ᠥᠪᠥᠷ ᠵᠠᠰᠠᠭ ᠠᠯᠪᠠᠨ ᠲᠠᠷᠬᠠᠭᠠᠭᠰᠠᠨ ﹇2023﹈ 58 ᠳ᠋ᠤᠭᠠᠷ ᠲᠣᠭᠠᠲᠤ︶ ᠢ ᠦᠨᠳᠦᠰᠦᠯᠡᠨ᠂ | ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠤᠨ᠂ ᠡᠳᠦᠭᠡ ᠪᠥᠬᠦ ᠬᠤᠲᠠ ᠶᠢᠨ ᠰᠦ ᠰᠠᠭᠠᠯᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠲᠤᠬᠠᠢ ᠳᠣᠣᠷᠠᠬᠢ ᠮᠡᠲᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ ᠢ ᠲᠣᠭᠲᠠᠭᠠᠪᠠ᠃ | ᠨᠢᠭᠡ᠂ ᠪᠣᠬᠢᠷᠲᠤᠯ ᠦᠭᠡᠢ ᠣᠷᠭᠠᠨᠢᠭ ᠰᠦ ᠶᠢᠨ ᠢᠷᠡᠯᠲᠡ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ | ︵ᠨᠢᠭᠡ︶ ᠮᠠᠯᠵᠢᠯ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠲᠡᠵᠢᠭᠡᠵᠦ ᠪᠠᠶᠢᠭ᠎ᠠ ᠰᠠᠭᠠᠯᠢ ᠶᠢᠨ ᠮᠠᠯ ᠤᠨ ᠲᠤᠭ᠎ᠠ ᠲᠣᠯᠤᠭᠠᠢ ᠨᠢ 50 | ︱ 500 ᠲᠣᠯᠣᠭᠠᠢ ︵ᠰᠠᠭᠠᠯᠢ ᠶᠢᠨ ᠢᠮᠠᠭ᠎ᠠ ᠶᠢ 5᠄ 1 ᠪᠠᠷ ᠨᠤᠭᠤᠯᠤᠨ ᠪᠤᠳᠤᠵᠤ᠂ ᠭᠡᠭᠦᠦ᠂ ᠢᠩᠭᠡ ᠵᠡᠷᠭᠡ ᠶᠢ ᠰᠠᠭᠠᠯᠢ ᠶᠢᠨ ᠦᠨᠢᠶ᠎ᠡ ᠪᠠᠷ ᠯᠠᠪᠯᠠᠯᠲᠠ ᠪᠣᠯᠭᠠᠨ | ᠬᠡᠷᠡᠭᠵᠢᠭᠦᠯᠦᠨ᠎ᠡ︶ ᠬᠦᠷᠦᠭᠰᠡᠨ ᠳᠤᠮᠳᠠ ᠵᠢᠵᠢᠭ ᠮᠠᠯᠵᠢᠯ ᠤᠨ ᠲᠠᠯᠠᠪᠠᠶ ᠳᠤ᠂ ᠳᠡᠭᠡᠭᠰᠢᠯᠡᠭᠦᠯᠵᠦ ᠥᠭᠡᠷᠡᠴᠢᠯᠡᠬᠦ ᠪᠡᠯᠡ ᠣᠷᠣᠭᠤᠯᠤᠯᠲᠠ ᠶᠢᠨ 35% ᠠᠴᠠ | ᠬᠡᠲᠦᠷᠡᠭᠦᠯᠬᠦ ᠦᠭᠡᠢ ᠪᠡᠯᠡ ᠮᠥᠩᠭᠦ ᠶᠢᠨ ᠳᠡᠮᠵᠢᠯᠭᠡ ᠦᠵᠡᠭᠦᠯᠵᠦ᠂ ᠬᠠᠮᠤᠭ ᠤᠨ ᠥᠨᠳᠥᠷ ᠲᠡᠭᠡᠨ 200 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ | ᠲᠡᠵᠢᠭᠡᠵᠦ ᠪᠠᠶᠢᠭ᠎ᠠ ᠰᠠᠭᠠᠯᠢ ᠶᠢᠨ ᠮᠠᠯ ᠤᠨ ᠲᠤᠭ᠎ᠠ ᠲᠣᠯᠤᠭᠠᠢ ᠨᠢ 500 ᠠᠴᠠ ᠳᠡᠭᠡᠭᠰᠢ ᠪᠠᠶᠢᠭ᠎ᠠ ᠮᠠᠯᠵᠢᠯ ᠤᠨ ᠲᠠᠯᠠᠪᠠᠶ ᠳᠤ᠂ ᠳᠡᠭᠡᠭᠰᠢᠯᠡᠭᠦᠯᠵᠦ ᠥᠭᠡᠷᠡᠴᠢᠯᠡᠬᠦ | ᠪᠡᠯᠡ ᠣᠷᠣᠭᠤᠯᠤᠯᠲᠠ ᠶᠢᠨ 30% ᠠᠴᠠ ᠬᠡᠲᠦᠷᠡᠭᠦᠯᠬᠦ ᠦᠭᠡᠢ ᠪᠡᠯᠡ ᠮᠥᠩᠭᠦ ᠶᠢᠨ ᠳᠡᠮᠵᠢᠯᠭᠡ ᠦᠵᠡᠭᠦᠯᠵᠦ᠂ ᠬᠠᠮᠤᠭ ᠤᠨ ᠥᠨᠳᠥᠷ ᠲᠡᠭᠡᠨ 500 ᠲᠦᠮᠡᠨ | ᠲᠥᠭᠦᠷᠢᠭ ᠠᠴᠠ ᠬᠡᠲᠦᠷᠡᠭᠦᠯᠬᠦ ᠦᠭᠡᠢ᠃ ᠨᠥᠬᠦᠪᠦᠷᠢ ᠶᠢᠨ ᠪᠡᠯᠡ ᠮᠥᠩᠭᠦ ᠶᠢ ᠬᠠᠰᠢᠶ᠎ᠠ ᠰᠠᠷᠠᠪᠴᠢ᠂ ᠲᠡᠵᠢᠭᠡᠯ ᠡᠪᠡᠰᠦᠨ ᠤ ᠦᠢᠯᠡᠳᠪᠦᠷᠢ ᠪᠠ ᠲᠡᠵᠢᠭᠡᠯ ᠡᠪᠡᠰᠦ | ᠪᠣᠷᠳᠤᠭ᠎ᠠ ᠶᠢᠨ ᠬᠥᠮᠥᠷᠭᠡ ᠵᠡᠷᠭᠡ ᠰᠠᠭᠤᠷᠢ ᠲᠥᠬᠦᠭᠡᠷᠦᠮᠵᠢ ᠶᠢ ᠰᠢᠨ᠎ᠡ ᠪᠠᠷ ᠪᠠᠶᠢᠭᠤᠯᠵᠤ ᠥᠭᠡᠷᠡᠴᠢᠯᠡᠬᠦ ᠪᠠ ᠮᠠᠯ ᠤᠨ ᠰᠢᠭᠡᠭ ᠢ ᠡᠬᠢ ᠪᠠᠶᠠᠯᠢᠭᠵᠢᠭᠤᠯᠤᠨ ᠠᠰᠢᠭᠯᠠᠬᠤ | ᠵᠡᠷᠭᠡ ᠳᠤ ᠭᠤᠣᠯᠳᠠᠯᠭ᠎ᠠ ᠲᠠᠢ ᠪᠠᠷ ᠬᠡᠷᠡᠭᠯᠡᠨ᠎ᠡ᠃ | ︵ᠬᠤᠶᠠᠷ︶ ᠳᠡᠭᠡᠳᠦ ᠲᠠᠰ ᠤᠨ ᠣᠷᠭᠠᠨᠢᠭ ᠮᠠᠯᠵᠢᠯ ᠤᠨ ᠲᠠᠯᠠᠪᠠᠶ ᠶᠢᠨ ᠱᠠᠩᠨᠠᠯ᠃ ᠮᠠᠯᠵᠢᠯ ᠤᠨ ᠲᠠᠯᠠᠪᠠᠶ ᠶᠢᠨ ᠣᠷᠭᠠᠨᠢᠭ ᠭᠡᠷᠡᠴᠢᠯᠡᠭᠡ ᠬᠢᠬᠦ ᠶᠢ | ᠵᠣᠷᠢᠭᠵᠢᠭᠤᠯᠤᠨ ᠳᠡᠮᠵᠢᠵᠦ᠂ ᠪᠣᠬᠢᠷᠲᠤᠯ ᠦᠭᠡᠢ ᠢᠳᠡᠭᠡᠨ ᠤ ᠲᠦᠭᠦᠬᠡᠢ ᠮᠠᠲ᠋ᠧᠷᠢᠶᠠᠯ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠭᠡᠷᠡᠴᠢᠯᠡᠭᠡ ᠬᠢᠬᠦ ᠶᠢ | ᠠᠬᠢᠭᠤᠯᠤᠨ᠎ᠠ᠃ 2021 ᠣᠨ ᠤ ᠳᠠᠷᠠᠭ᠎ᠠ ᠤᠯᠤᠰ ᠤᠨ ᠡᠷᠬᠡ ᠰᠦᠷᠲᠦ ᠵᠡᠷᠭᠡ ᠲᠠᠰ ᠤᠨ ᠭᠡᠷᠡᠴᠢᠯᠡᠭᠡ ᠪᠠᠷ ᠪᠠᠲᠤᠯᠠᠭᠳᠠᠭᠰᠠᠨ ᠪᠥᠭᠡᠳ ᠲᠡᠵᠢᠭᠡᠵᠦ ᠪᠠᠶᠢᠭ᠎ᠠ | ᠮᠠᠯ ᠤᠨ ᠲᠤᠭ᠎ᠠ ᠲᠣᠯᠤᠭᠠᠢ ᠨᠢ 1000 ᠲᠣᠯᠣᠭᠠᠢ ᠠᠴᠠ ᠳᠡᠭᠡᠭᠰᠢ ᠪᠠᠶᠢᠭ᠎ᠠ ᠳᠡᠭᠡᠳᠦ ᠲᠠᠰ ᠤᠨ ᠣᠷᠭᠠᠨᠢᠭ ᠮᠠᠯᠵᠢᠯ ᠤᠨ ᠲᠠᠯᠠᠪᠠᠶ ᠶᠢ ᠬᠤᠲᠠ ᠶᠢᠨ ᠲᠣᠰ | ᠱᠠᠲᠤᠨ ᠠᠴᠠ ᠨᠢᠭᠡ ᠤᠳᠠᠭ᠎ᠠ ᠶᠢᠨ ᠴᠢᠨᠠᠷᠲᠠᠢ ᠪᠠᠷ 50 ᠲᠦᠮᠡᠨ ᠲᠥᠭᠦᠷᠢᠭ ᠱᠠᠩᠨᠠᠨ᠎ᠠ᠃ 1000 ᠲᠣᠯᠣᠭᠠᠢ ᠨᠡᠮᠡᠭᠳᠡᠬᠦ ᠪᠦᠷᠢ ᠠᠬᠢᠭᠠᠳ 50 ᠲᠦᠮᠡᠨ | ᠲᠥᠭᠦᠷᠢᠭ ᠱᠠᠩᠨᠠᠨ᠎ᠠ᠃ | ︵ᠭᠤᠷᠪᠠ︶ ᠲᠣᠭᠠᠵᠢᠭᠤᠯᠤᠭᠰᠠᠨ ᠮᠠᠯᠵᠢᠯ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠲᠡᠵᠢᠭᠡᠨ ᠦᠷᠡᠵᠢᠭᠦᠯᠬᠦ ᠲᠠᠯᠠᠪᠠᠶ ᠶᠢᠨ ︽ | ᠣᠶᠤᠨᠴᠢ ᠮᠠᠯᠵᠢᠯ ᠤᠨ ᠲᠠᠯᠠᠪᠠᠶ︾ ᠶᠢᠨ ᠪᠦᠲᠦᠭᠡᠨ ᠪᠠᠶᠢᠭᠤᠯᠤᠯᠲᠠ ᠶᠢ ᠥᠷᠨᠢᠭᠦᠯᠬᠦ ᠶᠢ ᠳᠡᠮᠵᠢᠵᠦ᠂ ᠲᠡᠵᠢᠭᠡᠨ ᠦᠷᠡᠵᠢᠭᠦᠯᠬᠦ ᠲᠠᠯᠠᠪᠠᠶ ᠶᠢᠨ ᠣᠶᠤᠨᠴᠢᠯᠠᠭᠰᠠᠨ | ᠬᠠᠮᠢᠶᠠᠷᠤᠯᠲᠠ ᠶᠢᠨ ᠬᠢᠷᠢ ᠲᠦᠪᠰᠢᠨ ᠪᠠ ᠶᠡᠷᠦᠩᠬᠡᠶᠢᠯᠡᠭᠰᠡᠨ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠰᠦ ᠰᠠᠭᠠᠯᠢ ᠶᠢᠨ ᠠᠵᠤ ᠦᠢᠯᠡᠰ ᠤᠨ | ᠲᠣᠭᠠᠴᠢᠯᠠᠭᠰᠠᠨ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠲᠠᠪᠴᠠᠩ ᠢ ᠪᠦᠲᠦᠭᠡᠨ ᠪᠠᠶᠢᠭᠤᠯᠬᠤ᠂ ᠨᠠᠷᠢᠯᠢᠭ ᠣᠨᠣᠴᠠᠲᠠᠢ ᠪᠠᠷ ᠲᠡᠵᠢᠭᠡᠨ ᠠᠷᠠᠴᠢᠯᠠᠬᠤ | ᠰᠢᠰᠲ᠋ᠧᠮ᠂ ᠰᠦ ᠰᠠᠭᠠᠬᠤ ᠮᠠᠰᠢᠨ ᠬᠥᠮᠥᠨ᠂ ᠣᠷᠴᠢᠨ ᠲᠣᠭᠤᠷᠢᠨ ᠢ ᠨᠠᠷᠢᠯᠢᠭ ᠣᠨᠣᠴᠠᠲᠠᠢ ᠪᠠᠷ ᠬᠢᠨᠠᠨ ᠬᠡᠮᠵᠢᠬᠦ ᠵᠡᠷᠭᠡ 5G ᠮᠡᠳᠡᠭᠡ ᠵᠠᠩᠭᠢᠵᠢᠯᠲᠠ ᠶᠢᠨ ᠰᠢᠨ᠎ᠡ | ᠮᠡᠷᠭᠡᠵᠢᠯ ᠢ ᠬᠡᠷᠡᠭᠯᠡᠭᠰᠡᠨ ᠣᠶᠤᠨᠴᠢ ᠮᠠᠯᠵᠢᠯ ᠤᠨ ᠲᠠᠯᠠᠪᠠᠶ ᠳᠤ ᠲᠣᠨᠤᠭ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ 30% ᠠᠴᠠ ᠬᠡᠲᠦᠷᠡᠭᠦᠯᠬᠦ ᠦᠭᠡᠢ ᠪᠡᠯᠡ | ᠮᠥᠩᠭᠦ ᠶᠢᠨ ᠳᠡᠮᠵᠢᠯᠭᠡ ᠦᠵᠡᠭᠦᠯᠵᠦ᠂ ᠬᠠᠮᠤᠭ ᠤᠨ ᠥᠨᠳᠥᠷ ᠲᠡᠭᠡᠨ 200 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ | ︵ᠳᠥᠷᠪᠡ︶ ᠲᠡᠵᠢᠭᠡᠯ ᠡᠪᠡᠰᠦ ᠪᠣᠷᠳᠣᠭᠠᠨ ᠤ ᠰᠠᠭᠤᠷᠢᠨ ᠭᠠᠵᠠᠷ ᠤᠨ ᠬᠡᠷᠡᠭᠯᠡᠯᠲᠡ ᠶᠢᠨ ᠡᠷᠬᠡ ᠶᠢ ᠰᠢᠯᠵᠢᠭᠦᠯᠬᠦ ᠱᠠᠩᠨᠠᠯ᠃ ︽ᠬᠤᠷᠰᠢᠶ᠎ᠠ + ᠮᠠᠯᠴᠢᠨ | ᠲᠠᠷᠢᠶᠠᠴᠢᠨ + ᠲᠣᠰᠬᠤᠨ ᠤ ᠬᠠᠮᠲᠤ ᠶᠢᠨ ᠠᠵᠤ ᠠᠬᠤᠢ︾ ᠶᠢᠨ ᠬᠥᠭᠵᠢᠯᠲᠡ ᠶᠢᠨ ᠵᠠᠭᠪᠤᠷ ᠢ ᠶᠡᠬᠡᠪᠡᠷ ᠳᠡᠯᠭᠡᠷᠡᠭᠦᠯᠵᠦ᠂ ᠮᠠᠯᠴᠢᠨ ᠲᠠᠷᠢᠶᠠᠴᠢᠨ ᠤ ᠭᠠᠵᠠᠷ | ᠰᠢᠷᠣᠢ ᠶᠢᠨ ᠬᠤᠪᠢ ᠣᠷᠣᠭᠤᠯᠤᠭᠰᠠᠨ ᠬᠤᠷᠰᠢᠶ᠎ᠠ ᠪᠠᠶᠢᠭᠤᠯᠬᠤ ᠶᠢ ᠵᠣᠷᠢᠭᠵᠢᠭᠤᠯᠤᠨ᠂ ᠭᠠᠵᠠᠷ ᠰᠢᠷᠣᠢ ᠪᠠᠷ ᠬᠤᠪᠢ ᠣᠷᠣᠭᠤᠯᠬᠤ᠂ ᠬᠤᠷᠰᠢᠨ ᠡᠵᠡᠩᠨᠡᠬᠦ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠶ ᠯᠤᠭ᠎ᠠ ᠬᠠᠮᠲᠤᠷᠠᠯᠴᠠᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢ | ᠲᠠᠰᠤᠷᠠᠯᠲᠠ ᠦᠭᠡᠢ ᠪᠤᠵᠠᠭᠠᠶᠢᠷᠠᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ᠎ᠡ᠃ ︽ᠱᠠᠩᠨᠠᠬᠤ ᠪᠠᠷ ᠨᠥᠬᠦᠪᠦᠷᠢᠯᠡᠬᠦ ᠶᠢ ᠣᠷᠣᠯᠠᠭᠤᠯᠬᠤ︾ | ᠠᠷᠭ᠎ᠠ ᠮᠠᠶ᠋ᠢᠭ ᠤᠨ ᠶᠣᠰᠣᠭᠠᠷ᠂ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠶ ᠳᠤ ᠭᠠᠵᠠᠷ ᠰᠢᠷᠣᠢ ᠶᠢᠨ ᠬᠡᠷᠡᠭᠯᠡᠯᠲᠡ ᠶᠢᠨ ᠡᠷᠬᠡ ᠪᠠᠨ ᠰᠢᠯᠵᠢᠭᠦᠯᠬᠦ ᠭᠡᠷ᠎ᠡ ᠶᠢᠨ | ᠬᠤᠭᠤᠴᠠᠭ᠎ᠠ ᠨᠢ 3 ᠵᠢᠯ ᠠᠴᠠ ᠳᠡᠭᠡᠭᠰᠢ ᠪᠣᠯᠤᠭᠰᠠᠨ ᠭᠠᠵᠠᠷ ᠰᠢᠷᠣᠢ ᠶᠢᠨ ᠬᠤᠪᠢ ᠣᠷᠣᠭᠤᠯᠤᠭᠰᠠᠨ ᠬᠤᠷᠰᠢᠶ᠎ᠠ ᠶᠢ ᠬᠤᠲᠠ ᠶᠢᠨ ᠲᠣᠰ ᠱᠠᠲᠤᠨ ᠠᠴᠠ ᠮᠦ | ᠪᠦᠷᠢ ᠳᠤ ᠵᠢᠯ ᠪᠣᠯᠭᠠᠨ 100 ᠲᠥᠭᠦᠷᠢᠭ ᠱᠠᠩᠨᠠᠨ᠎ᠠ᠃ | ᠬᠤᠶᠠᠷ᠂ ᠳᠡᠭᠡᠳᠦ ᠲᠡᠰ ᠤᠨ ᠴᠠᠭᠠᠨ ᠢᠳᠡᠭᠡᠨ ᠦᠢᠯᠡᠳᠪᠦᠷᠢᠯᠡᠵᠦ ᠡᠳ᠋ᠰᠢᠭᠦᠯᠬᠦ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ | ︵ᠲᠠᠪᠤ︶ ᠣᠷᠣᠨ ᠨᠤᠲᠤᠭ ᠤᠨ ᠴᠠᠭᠠᠨ ᠢᠳᠡᠭᠡᠨ ᠤ ᠣᠨᠴᠠᠯᠢᠭᠲᠤ ᠲᠣᠰᠬᠤᠨ ᠤ ᠪᠦᠲᠦᠭᠡᠨ ᠪᠠᠶᠢᠭᠤᠯᠤᠯᠲᠠ ᠶᠢ ᠲᠡᠮᠵᠢᠨ᠎ᠡ᠃ ᠵᠣᠬᠢᠬᠤ ᠡᠬᠢ ᠪᠠᠶᠠᠯᠢᠭ ᠤᠨ | ᠳᠠᠪᠠᠭᠤᠯᠢᠭ ᠪᠠ ᠠᠵᠤ ᠦᠢᠯᠡᠰ ᠤᠨ ᠰᠠᠭᠤᠷᠢ ᠲᠠᠢ ᠭᠠᠴᠠᠭ᠎ᠠ ᠲᠣᠰᠬᠤᠨ ᠢ ᠳᠡᠮᠵᠢᠵᠦ ᠬᠥᠲᠥᠯᠥᠨ ᠵᠢᠯᠤᠭᠤᠳᠴᠤ ᠪᠠᠶᠢᠭᠠᠳ ᠣᠷᠣᠨ ᠨᠤᠲᠤᠭ ᠤᠨ ᠣᠨᠴᠠᠯᠢᠭᠲᠤ | ᠴᠠᠭᠠᠨ ᠢᠳᠡᠭᠡᠨ ᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠤ ᠠᠵᠤ ᠦᠢᠯᠡᠰ ᠢ ᠮᠠᠯᠴᠢᠨ | ᠲᠠᠷᠢᠶᠠᠴᠢᠳ ᠤᠨ ᠣᠷᠳᠣ ᠬᠤᠭᠤᠴᠠᠭ᠎ᠠ ᠪᠠᠷ ᠲᠣᠭᠲᠠᠭᠤᠨ ᠢᠶᠠᠷ ᠬᠥᠭᠵᠢᠬᠦ ᠶᠢ ᠳᠠᠶᠢᠴᠢᠯᠠᠬᠤ᠂ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠳᠠᠪᠠᠭᠤᠯᠢᠭ | ᠣᠨᠴᠠᠯᠢᠭᠲᠤ ᠠᠵᠤ ᠦᠢᠯᠡᠰ ᠪᠣᠯᠭᠠᠨ ᠴᠣᠭᠴᠠᠯᠠᠨ᠎ᠠ᠃ ᠵᠣᠬᠢᠬᠤ ᠠᠵᠤ ᠦᠢᠯᠡᠰ ᠤᠨ ᠰᠠᠭᠤᠷᠢ ᠲᠠᠢ ᠭᠠᠴᠠᠭ᠎ᠠ ᠲᠣᠰᠬᠤᠨ ᠳᠤ 200 ᠲᠦᠮᠡᠨ ᠲᠥᠭᠦᠷᠢᠭ ᠤᠨ | ᠪᠡᠯᠡ ᠮᠥᠩᠭᠦ ᠶᠢᠨ ᠳᠡᠮᠵᠢᠯᠭᠡ ᠣᠯᠭᠤᠨ᠎ᠠ᠃ | ︵ᠵᠢᠷᠭᠤᠭ᠎ᠠ︶ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠤ ᠬᠤᠯᠪᠣᠭᠠᠲᠤ ᠴᠣᠭᠴᠠ ᠶᠢᠨ ᠪᠠᠶᠢᠭᠤᠯᠤᠯᠲᠠ ᠶᠢ ᠳᠡᠮᠵᠢᠨ᠎ᠡ᠃ ᠴᠠᠭᠠᠨ ᠢᠳᠡᠭᠡᠨ | ᠡᠳ᠋ᠰᠢᠭᠦᠯᠬᠦ ᠠᠵᠤ ᠠᠬᠤᠶᠢᠯᠠᠯ ᠤᠨ ᠬᠥᠲᠥᠯᠥᠨ ᠳᠠᠭᠠᠭᠤᠯᠵᠤ ᠳᠠᠶᠢᠴᠢᠯᠠᠬᠤ ᠦᠢᠯᠡᠳᠦᠯ ᠢᠶᠠᠨ ᠪᠠᠳᠠᠷᠠᠭᠤᠯᠬᠤ ᠶᠢ ᠵᠣᠷᠢᠭᠵᠢᠭᠤᠯᠵᠤ᠂ ᠲᠡᠵᠢᠭᠡᠨ ᠦᠷᠡᠵᠢᠭᠦᠯᠬᠦ | ᠲᠤᠰᠬᠠᠢ ᠬᠤᠷᠰᠢᠶ᠎ᠠ᠂ ᠳᠤᠮᠳᠠ ᠵᠢᠵᠢᠭ ᠲᠡᠵᠢᠭᠡᠨ ᠦᠷᠡᠵᠢᠭᠦᠯᠬᠦ ᠲᠠᠯᠠᠪᠠᠶ ᠯᠤᠭ᠎ᠠ ᠬᠤᠷᠰᠢᠯᠴᠠᠭ᠎ᠠ ᠪᠠ ᠬᠠᠮᠲᠤᠷᠠᠭᠰᠠᠨ ᠡᠵᠡᠩᠨᠡᠯᠲᠡ ᠶᠢ ᠥᠷᠨᠢᠭᠦᠯᠵᠦ᠂ ︽ᠴᠠᠭᠠᠨ | ᠢᠳᠡᠭᠡᠨ ᠡᠳ᠋ᠰᠢᠭᠦᠯᠬᠦ ᠠᠵᠤ ᠠᠬᠤᠶᠢᠯᠠᠯ + ᠵᠢᠵᠢᠭ ᠦᠢᠯᠡᠳᠬᠡᠯ + ᠲᠡᠵᠢᠭᠡᠨ ᠦᠷᠡᠵᠢᠭᠦᠯᠬᠦ ᠡᠷᠦᠬᠡ︾ ᠶᠢᠨ ᠬᠤᠯᠪᠤᠭᠠᠯᠠᠨ ᠬᠥᠳᠡᠯᠦᠯᠴᠡᠬᠦ ᠬᠥᠭᠵᠢᠯᠲᠡ ᠶᠢᠨ | ᠲᠣᠭᠲᠠᠴᠠ ᠶᠢ ᠪᠠᠶᠢᠭᠤᠯᠵᠤ᠂ ᠨᠢᠭᠡᠳᠦᠯᠲᠡᠢ ᠦᠢᠯᠡᠳᠪᠦᠷᠢᠯᠡᠬᠦ᠂ ᠦᠢᠯᠡᠴᠢᠯᠡᠬᠦ᠂ ᠡᠵᠡᠩᠨᠡᠨ ᠪᠣᠷᠣᠯᠠᠭᠤᠯᠬᠤ᠂ ᠮᠡᠷᠭᠡᠵᠢᠯ ᠢ ᠬᠠᠮᠲᠤᠪᠠᠷ ᠡᠳ᠋ᠯᠡᠬᠦ᠂ ᠲᠥᠷᠥᠯ | ᠲᠡᠮᠳᠡᠭᠲᠦ ᠶᠢ ᠬᠠᠮᠲᠤᠪᠠᠷ ᠡᠭᠦᠳᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠣᠭᠲᠠᠪᠤᠷᠢᠲᠠᠢ ᠠᠵᠤ ᠦᠢᠯᠡᠰ ᠤᠨ ᠬᠤᠯᠪᠣᠭᠠᠲᠤ ᠴᠣᠭᠴᠠ ᠶᠢ ᠪᠣᠶ ᠪᠣᠯᠭᠠᠨ᠎ᠠ᠃ | ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠡᠷᠦᠬᠡ ᠶᠢ 5 ᠡᠷᠦᠬᠡ ᠠᠴᠠ ᠳᠡᠭᠡᠭᠰᠢ ᠳᠠᠶᠢᠴᠢᠯᠠᠭᠰᠠᠨ ᠮᠥᠷᠲᠡᠭᠡᠨ ᠬᠠᠩᠭᠠᠨ ᠪᠣᠷᠣᠯᠠᠭᠤᠯᠬᠤ ᠬᠠᠷᠢᠴᠠᠭ᠎ᠠ ᠨᠢ | ᠲᠣᠭᠲᠠᠪᠤᠷᠢᠲᠠᠢ ᠪᠠᠶᠢᠬᠤ ᠬᠤᠯᠪᠣᠭᠠᠲᠤ ᠴᠣᠭᠴᠠ ᠳᠤ ᠰᠢᠨ᠎ᠡ ᠪᠠᠷ ᠪᠠᠶᠢᠭᠤᠯᠬᠤ᠂ ᠥᠭᠡᠷᠡᠴᠢᠯᠡᠵᠦ ᠥᠷᠭᠡᠳᠬᠡᠨ ᠪᠠᠶᠢᠭᠤᠯᠬᠤ ᠪᠡᠯᠡ ᠣᠷᠣᠭᠤᠯᠤᠯᠲᠠ ᠶᠢᠨ 50% | ᠠᠴᠠ ᠬᠡᠲᠦᠷᠡᠭᠦᠯᠬᠦ ᠦᠭᠡᠢ ᠪᠡᠯᠡ ᠮᠥᠩᠭᠦ ᠶᠢᠨ ᠳᠡᠮᠵᠢᠯᠭᠡ ᠦᠵᠡᠭᠦᠯᠵᠦ᠂ ᠬᠠᠮᠤᠭ ᠤᠨ ᠥᠨᠳᠥᠷ ᠲᠡᠭᠡᠨ 300 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ | ᠪᠡᠯᠡ ᠮᠥᠩᠭᠦ ᠶᠢ ᠭᠤᠣᠯᠳᠠᠭᠤ ᠠᠵᠤ ᠠᠬᠤᠶᠢᠯᠠᠯ᠂ ᠵᠢᠵᠢᠭ ᠦᠢᠯᠡᠳᠬᠡᠯ ᠤᠨ ᠭᠠᠵᠠᠷ ᠪᠠ ᠲᠡᠵᠢᠭᠡᠨ ᠦᠷᠡᠵᠢᠭᠦᠯᠬᠦ ᠡᠷᠦᠬᠡ ᠶᠢ ᠳᠡᠭᠡᠭᠰᠢᠯᠡᠭᠦᠯᠦᠨ ᠥᠭᠡᠷᠡᠴᠢᠯᠡᠬᠦ | ᠵᠡᠷᠭᠡ ᠠᠭᠤᠯᠭ᠎ᠠ ᠳᠤ ᠬᠡᠷᠡᠭᠯᠡᠨ᠎ᠡ᠃ | ︵ᠲᠤᠯᠤᠭ᠎ᠠ︶ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠡᠳ᠋ᠰᠢᠭᠦᠯᠬᠦ ᠦᠢᠯᠡᠳᠪᠦᠷᠢ ᠶᠢᠨ ᠲᠡᠰ ᠳᠡᠪᠰᠢᠬᠦ ᠶᠢ ᠲᠡᠮᠵᠢᠨ᠎ᠡ᠃ ᠦᠵᠦᠭᠦᠷ ᠲᠡᠰ ᠤᠨ | ᠪᠡᠶ᠎ᠡ ᠰᠤᠪᠢᠯᠠᠯᠲᠠ ᠶᠢᠨ ᠰᠢᠷᠢᠰ ᠤᠨ ᠭᠡᠭᠦᠦ᠂ ᠢᠮᠠᠭ᠎ᠠ᠂ ᠢᠩᠭᠡᠨ ᠤ ᠴᠠᠭᠠᠨ ᠢᠳᠡᠭᠡᠨ ᠢ ᠰᠤᠳᠤᠯᠤᠨ ᠨᠡᠭᠡᠭᠡᠬᠦ ᠶᠢ ᠳᠡᠮᠵᠢᠵᠦ᠂ ᠴᠡᠭᠡ ︵ᠠᠶᠢᠷᠠᠭ︶᠂ ᠢᠩᠭᠡᠨ | ᠰᠦ ᠵᠡᠷᠭᠡ ᠪᠦᠲᠦᠭᠡᠭᠳᠡᠬᠦᠨ ᠤ ᠬᠢᠲᠠᠳ ᠡᠮᠨᠡᠯᠭᠡ ︵ᠮᠣᠩᠭᠤᠯ ᠡᠮᠨᠡᠯᠭᠡ︶᠂ ᠬᠢᠲᠠᠳ ᠡᠮ ︵ᠮᠣᠩᠭᠤᠯ ᠡᠮ︶ ᠤᠨ ᠬᠦᠷᠢᠶ᠎ᠡ ᠴᠠᠷᠠᠭ᠎ᠠ ᠳᠠᠬᠢ ᠬᠡᠷᠡᠭᠯᠡᠯᠲᠡ ᠶᠢ | ᠳᠡᠯᠭᠡᠷᠡᠭᠦᠯᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠨᠡᠮᠡᠯᠲᠡ ᠥᠷᠲᠡᠭ ᠢ ᠳᠡᠭᠡᠭᠰᠢᠯᠡᠭᠦᠯᠦᠨ᠎ᠡ᠃ ᠢᠳᠡᠭᠡᠨ ᠦᠢᠯᠡᠳᠪᠦᠷᠢᠯᠡᠵᠦ ᠡᠳ᠋ᠰᠢᠭᠦᠯᠬᠦ ᠵᠢᠵᠢᠭ | ᠦᠢᠯᠡᠳᠬᠡᠯ ᠤᠨ ᠳᠠᠩᠰᠠᠯᠠᠭᠤᠯᠤᠭᠰᠠᠨ ᠦᠨᠡᠮᠯᠡᠯ ᠵᠢᠴᠢ ᠲᠡᠭᠦᠨ ᠠᠴᠠ ᠳᠡᠭᠡᠭᠰᠢᠬᠢ ᠭᠡᠷᠡᠴᠢᠯᠡᠭᠡ ᠲᠠᠢ ᠡᠵᠡᠩᠨᠡᠯᠲᠡ ᠶᠢᠨ ᠭᠤᠣᠯ ᠴᠣᠭᠴᠠ ᠳᠤ᠂ ᠰᠠᠭᠤᠷᠢ | ᠲᠥᠬᠦᠭᠡᠷᠦᠮᠵᠢ ᠶᠢ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠵᠦ ᠥᠷᠭᠡᠳᠬᠡᠨ ᠪᠠᠶᠢᠭᠤᠯᠬᠤ᠂ ᠲᠥᠬᠦᠭᠡᠷᠦᠮᠵᠢ ᠬᠤᠳᠠᠯᠳᠤᠨ ᠠᠪᠬᠤ᠂ ᠦᠢᠯᠡᠳᠬᠦᠨ ᠰᠤᠳᠤᠯᠤᠨ | ᠦᠢᠯᠡᠳᠬᠦ ᠵᠡᠷᠭᠡ ᠲᠠᠯ᠎ᠠ ᠪᠠᠷ ᠪᠡᠯᠡ ᠣᠷᠣᠭᠤᠯᠤᠯᠲᠠ ᠶᠢᠨ 50% ᠠᠴᠠ ᠬᠡᠲᠦᠷᠡᠭᠦᠯᠬᠦ ᠦᠭᠡᠢ ᠪᠡᠯᠡ ᠮᠥᠩᠭᠦ ᠶᠢᠨ ᠳᠡᠮᠵᠢᠯᠭᠡ ᠦᠵᠡᠭᠦᠯᠵᠦ᠂ ᠬᠠᠮᠤᠭ ᠤᠨ | ᠥᠨᠳᠥᠷ ᠲᠡᠭᠡᠨ 200 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ | ︵ᠨᠠᠢᠮᠠ︶ ᠴᠠᠭᠠᠨ ᠢᠳᠡᠭᠡᠨ ᠤ ᠠᠵᠤ ᠠᠬᠤᠶᠢᠯᠠᠯ ᠤᠨ ᠴᠢᠳᠠᠮᠵᠢ ᠪᠠᠨ ᠥᠷᠭᠡᠳᠬᠡᠬᠦ ᠪᠠ ᠳᠡᠭᠡᠳᠦ ᠲᠠᠰ ᠤᠨ ᠰᠢᠨ᠎ᠡ ᠪᠦᠲᠦᠭᠡᠭᠳᠡᠬᠦᠨ ᠦᠢᠯᠡᠳᠪᠦᠷᠢᠯᠡᠬᠦ ᠶᠢ | ᠳᠡᠮᠵᠢᠨ᠎ᠡ᠃ ᠴᠠᠭᠠᠨ ᠢᠳᠡᠭᠡᠨ ᠤ ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠬᠤ ᠪᠠᠷ ᠭᠠᠷᠳᠠᠴᠠ ᠪᠣᠯᠭᠠᠵᠤ᠂ ᠦᠵᠦᠭᠦᠷ ᠲᠡᠰ ᠤᠨ ᠴᠠᠭᠠᠨ ᠢᠳᠡᠭᠡᠨ ᠢ | ᠰᠤᠳᠤᠯᠤᠨ ᠨᠡᠭᠡᠭᠡᠬᠦ᠂ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ᠂ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢᠨ ᠲᠣᠭᠤᠷᠢᠨ ᠳᠤ᠂ ᠴᠠᠭᠠᠨ ᠢᠳᠡᠭᠡᠨ ᠢ | ᠡᠳ᠋ᠰᠢᠭᠦᠯᠬᠦ ᠠᠵᠤ ᠠᠬᠤᠶᠢᠯᠠᠯ ᠤᠨ ᠡᠳ᠋ᠰᠢᠭᠦᠯᠬᠦ ᠤᠷ᠎ᠠ ᠮᠡᠷᠭᠡᠰᠢᠯ ᠪᠠ ᠪᠦᠲᠦᠭᠡᠭᠳᠡᠬᠦᠨ ᠤ ᠪᠦᠲᠦᠴᠡ ᠪᠠᠨ ᠰᠢᠯᠢᠳᠡᠭᠵᠢᠭᠦᠯᠬᠦ ᠶᠢ ᠳᠡᠮᠵᠢᠵᠦ᠂ ᠰᠢᠨ᠎ᠡ ᠪᠠᠷ ᠪᠤᠶᠤ | ᠥᠭᠡᠷᠡᠴᠢᠯᠡᠵᠦ ᠥᠷᠭᠡᠳᠬᠡᠨ ᠪᠠᠶᠢᠭᠤᠯᠤᠭᠰᠠᠨ ᠰᠢᠩᠭᠡᠨ ᠲᠥᠯᠦᠪᠲᠦ ᠰᠦ᠂ ᠳᠣᠣᠷ᠎ᠠ ᠳᠤᠯᠠᠭᠠᠨ ᠤ ᠴᠠᠭᠠᠨ ᠢᠳᠡᠭᠡ᠂ ᠰᠦᠨ ᠲᠠᠯᠬ᠎ᠠ᠂ ᠪᠢᠰᠢᠯᠠᠭ᠂ ᠡᠭᠡᠳᠡᠭᠰᠡᠨ | ᠰᠦ᠂ ᠰᠢᠷ᠎ᠠ ᠲᠣᠰᠣ ᠵᠡᠷᠭᠡ ᠴᠠᠭᠠᠨ ᠢᠳᠡᠭᠡᠨ ᠢ ᠦᠢᠯᠡᠳᠬᠦ ᠠᠵᠤ ᠠᠬᠤᠶᠢᠯᠠᠯ ᠳᠤ ᠲᠣᠨᠤᠭ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ 30% ᠠᠴᠠ | ᠬᠡᠲᠦᠷᠡᠭᠦᠯᠬᠦ ᠦᠭᠡᠢ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠨᠦᠬᠦᠪᠦᠷᠢ ᠣᠯᠭᠤᠵᠤ᠂ ᠬᠠᠮᠤᠭ ᠥᠨᠳᠥᠷ ᠲᠡᠭᠡᠨ 2000 ᠲᠦᠮᠡᠨ ᠲᠥᠭᠦᠷᠢᠭ ᠠᠴᠠ ᠬᠡᠲᠦᠷᠡᠭᠦᠯᠬᠦ | ᠦᠭᠡᠢ᠃ ᠮᠠᠨ ᠤ ᠬᠤᠳᠠ ᠳᠤ ᠣᠷᠣᠭᠤᠯᠵᠤ ᠠᠪᠴᠢᠷᠠᠭᠰᠠᠨ ᠡᠳᠦᠷ ᠤᠨ ᠲᠦᠭᠦᠬᠡᠢ ᠰᠦ ᠶᠢᠨ ᠰᠢᠢᠳᠪᠦᠷᠢᠯᠡᠬᠦ ᠴᠢᠳᠠᠪᠤᠷᠢ ᠨᠢ 500 ᠲᠣᠨ ᠠᠴᠠ ᠳᠡᠭᠡᠭᠰᠢ ᠪᠠᠶᠢᠭ᠎ᠠ | ᠴᠠᠭᠠᠨ ᠢᠳᠡᠭᠡᠨ ᠡᠳ᠋ᠰᠢᠭᠦᠯᠬᠦ ᠲᠦᠷᠦᠯ ᠵᠦᠢᠯ ᠳᠤ ︽ᠨᠢᠭᠡ ᠤᠴᠢᠷ ᠢ ᠨᠢᠭᠡ ᠵᠥᠪᠯᠡᠬᠦ︾ ᠶᠣᠰᠣᠭᠠᠷ ᠲᠦᠷᠦ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠦᠨ᠎ᠡ᠃ | ︵ᠶᠢᠰᠦ︶ ᠴᠠᠭᠠᠨ ᠢᠳᠡᠭᠡᠨ ᠤ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ ᠶᠢ ᠳᠡᠮᠵᠢᠨ᠎ᠡ᠃ ᠮᠠᠨ ᠤ ᠬᠤᠲᠠ ᠳᠤ | ᠳᠠᠩᠰᠠᠯᠠᠭᠤᠯᠤᠨ ᠭᠠᠶᠢᠯᠢ ᠶᠢᠨ ᠶᠠᠪᠤᠳᠠᠯ ᠤᠨ ᠳᠠᠩᠰᠠᠯᠠᠯᠲᠠ ᠬᠢᠯᠭᠡᠭᠰᠡᠨ ᠮᠥᠷᠲᠡᠭᠡᠨ ᠠᠮᠵᠢᠯᠲᠠ ᠲᠠᠢ ᠪᠠᠷ ᠵᠠᠬ᠎ᠠ ᠳᠡᠯᠭᠡᠭᠦᠷ ᠲᠤ ᠭᠠᠷᠤᠭᠰᠠᠨ ᠪᠤᠶᠤ ᠨᠢᠭᠡᠨᠲᠡ ᠵᠠᠬ᠎ᠠ | ᠳᠡᠯᠭᠡᠭᠦᠷ ᠲᠤ ᠭᠠᠷᠤᠭᠰᠠᠨ ᠮᠠᠨ ᠤ ᠬᠤᠲᠠ ᠳᠤ ᠳᠠᠩᠰᠠᠯᠠᠭᠤᠯᠤᠨ ᠭᠠᠶᠢᠯᠢ ᠶᠢᠨ ᠶᠠᠪᠤᠳᠠᠯ ᠤᠨ ᠳᠠᠩᠰᠠᠯᠠᠯᠲᠠ ᠬᠢᠯᠭᠡᠭᠰᠡᠨ ᠴᠠᠭᠠᠨ ᠢᠳᠡᠭᠡᠨ ᠤ ᠠᠵᠤ ᠠᠬᠤᠶᠢᠯᠠᠯ ︽ | ᠣᠷᠳᠣᠰ ᠬᠤᠲᠠ ᠶᠢᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ ᠶᠢ ᠠᠬᠢᠭᠤᠯᠵᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ | ᠬᠦᠴᠦᠨ ᠨᠡᠮᠡᠷᠢᠯᠡᠬᠦ ᠠᠵᠢᠯᠯᠠᠭ᠎ᠠ ᠶᠢᠨ ᠲᠥᠰᠥᠯ︾ ︵ᠣᠷᠳᠣᠰ ᠵᠠᠰᠠᠭ ᠲᠠᠷᠬᠠᠭᠠᠭᠰᠠᠨ ﹇2021﹈ 306 ᠳ᠋ᠤᠭᠠᠷ ᠲᠣᠭᠠᠲᠤ︶ ᠲᠠᠬᠢ ᠬᠠᠮᠢᠶ᠎ᠠ ᠪᠦᠬᠦᠢ | ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠭᠥᠷᠳᠡᠬᠦ ᠶᠢᠨ ᠬᠠᠮᠲᠤ᠂ ᠬᠤᠲᠠ ᠶᠢᠨ ᠲᠣᠰ ᠱᠠᠲᠤᠨ ᠠᠴᠠ ᠨᠢᠭᠡ ᠤᠳᠠᠭ᠎ᠠ ᠶᠢᠨ ᠴᠢᠨᠠᠷᠲᠠᠢ ᠪᠠᠷ ᠠᠬᠢᠨ 500 ᠲᠦᠮᠡᠨ | ᠲᠥᠭᠦᠷᠢᠭ ᠱᠠᠩᠨᠠᠨ᠎ᠠ᠃ | ᠭᠤᠷᠪᠠ᠂ ᠡᠵᠡᠩᠨᠡᠨ ᠪᠣᠷᠣᠯᠠᠭᠤᠯᠬᠤ ᠪᠠ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ | ︵ᠠᠷᠪᠠ︶ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠤ ᠲᠤᠷᠰᠢᠯᠲᠠ ᠶᠢᠨ ᠴᠡᠭ ᠤᠨ ᠳᠠᠭᠤᠷᠢᠶᠠᠯ ᠦᠵᠡᠭᠦᠯᠦᠨ ᠡᠭᠦᠳᠦᠨ ᠪᠠᠶᠢᠭᠤᠯᠬᠤ ᠶᠢ | ᠳᠡᠮᠵᠢᠨ᠎ᠡ᠃ ᠵᠠᠯᠭᠠᠪᠠᠷ 2 ᠵᠢᠯ ᠠᠴᠠ ᠳᠡᠭᠡᠭᠰᠢ ᠡᠵᠡᠩᠨᠡᠵᠦ᠂ ᠪᠠᠷᠢᠮᠵᠢᠶᠠᠵᠢᠭᠤᠯᠤᠯᠲᠠ ᠶᠢᠨ ᠡᠭᠦᠳᠦᠨ ᠪᠠᠶᠢᠭᠤᠯᠤᠯᠲᠠ ᠶᠢᠨ ᠰᠢᠯᠭᠠᠨ ᠬᠤᠷᠢᠶᠠᠯᠲᠠ ᠪᠠᠷ ᠳᠠᠮᠵᠢᠭᠰᠠᠨ | ᠪᠠᠭᠤᠳᠠᠯ᠂ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠲᠤᠰᠬᠠᠢ ᠬᠤᠳᠠᠯᠳᠤᠭᠠᠨ ᠤ ᠳᠡᠯᠭᠡᠭᠦᠷ ᠵᠡᠷᠭᠡ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠤ | ᠲᠤᠰᠬᠠᠢ ᠡᠵᠡᠩᠨᠡᠯᠲᠡ ᠶᠢᠨ ᠳᠡᠯᠭᠡᠭᠦᠷ ᠪᠣᠯᠬᠤ ᠪᠦᠭᠡᠳ ᠵᠢᠯ ᠤᠨ ᠪᠣᠷᠣᠯᠠᠭᠤᠯᠤᠯᠲᠠ ᠶᠢᠨ ᠬᠡᠮᠵᠢᠶ᠎ᠡ ᠨᠢ 150 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢ | ᠪᠠᠶᠢᠪᠠᠯ᠂ ᠨᠢᠭᠡ ᠤᠳᠠᠭ᠎ᠠ ᠶᠢᠨ ᠴᠢᠨᠠᠷᠲᠠᠢ ᠪᠠᠷ 5 ᠲᠦᠮᠡᠨ ᠲᠥᠭᠦᠷᠢᠭ ᠱᠠᠩᠨᠠᠨ᠎ᠠ︔ ᠵᠠᠯᠭᠠᠪᠠᠷ 2 ᠵᠢᠯ ᠠᠴᠠ ᠳᠡᠭᠡᠭᠰᠢ ᠡᠵᠡᠩᠨᠡᠵᠦ᠂ ᠲᠤᠷᠰᠢᠯᠲᠠ ᠶᠢᠨ ᠴᠡᠭ ᠤᠨ | ᠳᠠᠭᠤᠷᠢᠶᠠᠯ ᠦᠵᠡᠭᠦᠯᠬᠦ ᠰᠢᠯᠭᠠᠨ ᠬᠤᠷᠢᠶᠠᠯᠲᠠ ᠪᠠᠷ ᠳᠠᠮᠵᠢᠭᠰᠠᠨ ᠤᠯᠤᠰ ᠤᠨ AAAA ᠲᠠᠰ ᠠᠴᠠ ᠳᠡᠭᠡᠭᠰᠢᠬᠢ ᠵᠢᠭᠤᠯᠴᠢᠯᠠᠯ ᠤᠨ ᠦᠵᠡᠮᠵᠢ ᠶᠢᠨ ᠣᠷᠣᠨ ᠤ | ᠪᠡᠶᠡᠴᠢᠯᠡᠨ ᠣᠶᠢᠯᠠᠭᠠᠬᠤ ᠳᠡᠯᠭᠡᠭᠦᠷ ᠪᠣᠯᠤᠭᠰᠠᠨ ᠪᠦᠭᠡᠳ ᠵᠢᠯ ᠤᠨ ᠪᠣᠷᠣᠯᠠᠭᠤᠯᠤᠯᠲᠠ ᠶᠢᠨ ᠨᠣᠷᠮ᠎ᠠ ᠨᠢ 200 ᠲᠦᠮᠡᠨ ᠲᠥᠭᠦᠷᠢᠭ ᠠᠴᠠ ᠳᠡᠭᠡᠭᠰᠢ ᠪᠠᠶᠢᠪᠠᠯ᠂ ᠨᠢᠭᠡ | ᠤᠳᠠᠭ᠎ᠠ ᠶᠢᠨ ᠴᠢᠨᠠᠷᠲᠠᠢ ᠪᠠᠷ 10 ᠲᠦᠮᠡᠨ ᠲᠥᠭᠦᠷᠢᠭ ᠱᠠᠩᠨᠠᠨ᠎ᠠ᠃ | ︵ᠠᠷᠪᠠᠨ ᠨᠢᠭᠡ︶ ᠡᠵᠡᠩᠨᠡᠯᠲᠡ ᠶᠢᠨ ᠭᠤᠣᠯ ᠴᠣᠭᠴᠠ ᠶᠢᠨ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠳᠡᠮᠵᠢᠨ᠎ᠡ᠃ ᠡᠵᠡᠩᠨᠡᠯᠲᠡ ᠶᠢᠨ ᠭᠤᠣᠯ | ᠴᠣᠭᠴᠠ ᠶᠢᠨ ︽ᠮᠣᠩᠭᠤᠯ ᠨᠡᠷᠡᠮᠵᠢᠲᠦ︾ ᠭᠡᠷᠡᠴᠢᠯᠡᠭᠡ ᠬᠢᠬᠦ ᠶᠢ ᠵᠣᠷᠢᠭᠵᠢᠭᠤᠯᠵᠤ᠂ ᠭᠡᠷᠡᠴᠢᠯᠡᠭᠡ ᠪᠠᠷ ᠪᠠᠲᠤᠯᠠᠭᠳᠠᠭᠰᠠᠨ ᠡᠵᠡᠩᠨᠡᠯᠲᠡ ᠶᠢᠨ ᠭᠤᠣᠯ ᠴᠣᠭᠴᠠ ᠶᠢ | ᠨᠢᠭᠡ ᠤᠳᠠᠭ᠎ᠠ ᠶᠢᠨ ᠴᠢᠨᠠᠷᠲᠠᠢ ᠪᠠᠷ 20 ᠲᠦᠮᠡᠨ ᠲᠥᠭᠦᠷᠢᠭ ᠱᠠᠩᠨᠠᠨ᠎ᠠ᠃ | ᠳᠥᠷᠪᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠨ᠎ᠠ | ︵ᠠᠷᠪᠠᠨ ᠬᠤᠶᠠᠷ︶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠨ᠎ᠡ᠃ ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ | ᠬᠠᠮᠢᠶ᠎ᠠ ᠪᠦᠬᠦᠢ ᠬᠦᠷᠢᠶᠡᠨ ᠳᠠᠬᠢ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ | ᠤᠯᠠᠷᠢᠭᠤᠯᠤᠨ ᠬᠡᠷᠡᠭᠯᠡᠬᠦ ᠶᠢ ᠳᠡᠮᠵᠢᠨ᠎ᠡ᠃ ᠭᠤᠣᠯᠳᠠᠭᠤ ᠰᠠᠭᠠᠯᠢ ᠶᠢᠨ ᠦᠨᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ ᠪᠠᠶᠢᠭᠤᠯᠬᠤ ᠶᠢ | ᠳᠡᠮᠵᠢᠨ᠎ᠡ︔ ᠰᠠᠭᠠᠯᠢ ᠶᠢᠨ ᠦᠨᠢᠶ᠎ᠡ ᠶᠢᠨ ᠡᠭᠦᠯᠳᠡᠷ ᠪᠣᠶᠢᠵᠢᠭᠤᠯᠬᠤ ᠪᠠ ᠦᠷᠡᠵᠢᠭᠦᠯᠬᠦ ᠵᠠᠩᠭᠢᠯᠠᠭ᠎ᠠ ᠶᠢᠨ ᠮᠡᠷᠭᠡᠵᠢᠯ᠂ ᠰᠠᠭᠠᠯᠢ ᠶᠢᠨ ᠦᠨᠢᠶ᠎ᠡ ᠶᠢ ᠥᠨᠳᠥᠷ | ᠲᠣᠭᠲᠠᠭᠤᠨ ᠭᠠᠷᠤᠯᠲᠠ ᠲᠠᠢ ᠡᠷᠡᠭᠦᠯ ᠢᠶᠠᠷ ᠲᠡᠵᠢᠭᠡᠨ ᠦᠷᠡᠵᠢᠭᠦᠯᠬᠦ ᠮᠡᠷᠭᠡᠵᠢᠯ᠂ ᠰᠦ ᠰᠠᠭᠠᠯᠢ ᠶᠢᠨ ᠦᠢᠯᠡᠰ ᠤᠨ ᠵᠠᠩᠭᠢᠯᠠᠭ᠎ᠠ ᠶᠢᠨ ᠮᠡᠷᠭᠡᠵᠢᠯ ᠵᠡᠷᠭᠡ ᠰᠤᠳᠤᠯᠭᠠᠨ | ᠬᠢᠬᠦ ᠶᠢ ᠳᠡᠮᠵᠢᠨ᠎ᠡ︔ ᠴᠠᠭᠠᠨ ᠢᠳᠡᠭᠡᠨ ᠤ ᠰᠢᠨ᠎ᠡ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ᠂ ᠳᠠᠭᠠᠯᠲᠠ ᠪᠦᠲᠦᠭᠡᠭᠳᠡᠬᠦᠨ ᠢ ᠶᠡᠷᠦᠩᠬᠡᠶᠢᠯᠡᠨ ᠠᠰᠢᠭᠯᠠᠬᠤ | ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠭᠠᠨ ᠬᠢᠬᠦ ᠶᠢ ᠳᠡᠮᠵᠢᠨ᠎ᠡ︔ ᠣᠷᠣᠨ ᠨᠤᠲᠤᠭ ᠤᠨ ᠣᠨᠴᠠᠯᠢᠭᠲᠤ ᠴᠠᠭᠠᠨ ᠢᠳᠡᠭᠡᠨ ᠤ ᠰᠢᠨ᠎ᠡ ᠦᠢᠯᠡᠳᠬᠦᠨ ᠢ ᠰᠤᠳᠤᠯᠤᠨ | ᠨᠡᠭᠡᠭᠡᠬᠦ᠂ ᠤᠷ᠎ᠠ ᠮᠡᠷᠭᠡᠰᠢᠯ ᠢ ᠳᠡᠭᠡᠭᠰᠢᠯᠡᠭᠦᠯᠬᠦ᠂ ᠮᠡᠷᠭᠡᠵᠢᠯ ᠢ ᠰᠠᠶᠢᠵᠢᠷᠠᠭᠤᠯᠬᠤ ᠶᠢ ᠳᠡᠮᠵᠢᠨ᠎ᠡ︔ ᠡᠳ᠋ᠰᠢᠭᠦᠯᠬᠦ ᠮᠡᠷᠭᠡᠵᠢᠯ ᠵᠢᠴᠢ ᠪᠠᠷᠢᠮᠵᠢᠶᠠᠵᠢᠭᠤᠯᠤᠭᠰᠠᠨ | ᠦᠢᠯᠡᠳᠪᠦᠷᠢᠯᠡᠯ ᠤᠨ ᠲᠥᠬᠦᠭᠡᠷᠦᠮᠵᠢ ᠶᠢ ᠰᠤᠳᠤᠯᠤᠨ ᠨᠡᠭᠡᠭᠡᠬᠦ ᠵᠡᠷᠭᠡ ᠲᠠᠯ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠢ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ ᠢ | ᠤᠯᠠᠷᠢᠭᠤᠯᠬᠤ ᠶᠢ ᠳᠡᠮᠵᠢᠨ᠎ᠡ᠃ | ︵ᠠᠷᠪᠠᠨ ᠭᠤᠷᠪᠠ︶ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠨ᠎ᠠ᠃ ᠲᠡᠵᠢᠭᠡᠯ ᠪᠣᠷᠳᠤᠭ᠎ᠠ ᠡᠪᠡᠰᠦ ᠪᠣᠷᠳᠤᠭ᠎ᠠ᠂ ᠡᠭᠦᠯᠳᠡᠷ ᠪᠠ ᠦᠷ᠎ᠡ ᠶᠢᠨ | ᠦᠢᠯᠡᠰ ᠢ ᠳᠡᠭᠡᠭᠰᠢᠯᠡᠭᠦᠯᠬᠦ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ᠂ ᠮᠠᠯ ᠤᠨ ᠰᠢᠭᠡᠭ ᠢ ᠡᠬᠢ ᠪᠠᠶᠠᠯᠢᠭᠵᠢᠭᠤᠯᠤᠨ ᠠᠰᠢᠭᠯᠠᠬᠤ᠂ ᠣᠨᠴᠠᠯᠢᠭᠲᠤ | ᠠᠵᠤ ᠦᠢᠯᠡᠰ ᠤᠨ ᠰᠠᠭᠤᠷᠢᠨ ᠭᠠᠵᠠᠷ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠵᠡᠷᠭᠡ ᠲᠠᠯ᠎ᠠ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ | ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠲᠥᠷᠥ ᠶᠢᠨ ᠪᠣᠳᠣᠯᠭ᠎ᠠ ᠶᠢᠨ ᠯᠠᠪᠯᠠᠭ᠎ᠠ ᠥᠭᠬᠦ᠂ ᠭᠤᠣᠯᠳᠠᠯᠭ᠎ᠠ ᠲᠠᠢ ᠲᠥᠷᠥᠯ ᠵᠦᠢᠯ ᠢ ᠦᠨᠡᠯᠡᠨ ᠵᠢᠱᠢᠬᠦ ᠪᠠ | ᠤᠬᠠᠭᠠᠯᠠᠨ ᠰᠡᠳᠦᠬᠦ ᠵᠡᠷᠭᠡ ᠶᠢ ᠥᠷᠨᠢᠭᠦᠯᠬᠦ ᠶᠢ ᠳᠡᠮᠵᠢᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠲᠡᠵᠢᠭᠡᠨ ᠦᠷᠡᠵᠢᠭᠦᠯᠬᠦ | ᠲᠠᠯᠠᠪᠠᠶ᠂ ᠴᠠᠭᠠᠨ ᠢᠳᠡᠭᠡ ᠡᠳ᠋ᠰᠢᠭᠦᠯᠬᠦ ᠠᠵᠤ ᠠᠬᠤᠶᠢᠯᠠᠯ ᠤᠨ ᠵᠣᠭᠤᠰ ᠪᠤᠴᠠᠭᠠᠬᠤ ᠬᠤᠭᠤᠴᠠᠭ᠎ᠠ ᠶᠢ ᠤᠷᠲᠤᠳᠬᠠᠵᠤ᠂ ᠤᠷᠲᠤᠪᠲᠤᠷ ᠪᠠ ᠣᠷᠳᠣ ᠬᠤᠭᠤᠴᠠᠭᠠᠨ ᠤ | ᠬᠠᠷᠠᠭᠠᠯᠵᠠᠯᠲᠤ ᠬᠦᠦ ᠶᠢᠨ ᠨᠣᠷᠮ᠎ᠠ ᠶᠢᠨ ᠵᠢᠭᠡᠯᠡᠯᠭᠡ ᠣᠯᠭᠤᠨ᠎ᠠ᠃ ︽ᠣᠷᠳᠣᠰ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠵᠦ ᠮᠥᠩᠭᠦᠨ ᠭᠦᠢᠯᠭᠡᠭᠡᠨ ᠢᠶᠠᠷ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠠᠷᠭ᠎ᠠ︾ ︵ᠣᠷᠳᠣᠰ ᠵᠠᠰᠠᠭ | ᠲᠠᠷᠬᠠᠭᠠᠭᠰᠠᠨ ﹇2022﹈ 2 ᠳ᠋ᠤᠭᠠᠷ ᠲᠣᠭᠠᠲᠤ︶ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠳᠤᠮᠳᠠ ᠵᠢᠵᠢᠭ ᠲᠡᠵᠢᠭᠡᠨ ᠦᠷᠡᠵᠢᠭᠦᠯᠬᠦ ᠲᠠᠯᠠᠪᠠᠶ᠂ | ᠡᠳ᠋ᠰᠢᠭᠦᠯᠬᠦ ᠠᠵᠤ ᠠᠬᠤᠶᠢᠯᠠᠯ ᠳᠤ ᠵᠢᠭᠡᠯᠡᠯᠭᠡ ᠶᠢᠨ ᠳᠠᠮ ᠬᠦᠦ ᠪᠠ ᠲᠠᠷᠢᠶᠠᠯᠠᠩ ᠤᠨ ᠳᠠᠭᠠᠭᠠᠯᠲᠠᠲᠤ ᠳᠠᠭᠠᠳᠬᠠᠯ ᠤᠨ ᠵᠠᠷᠤᠳᠠᠯ ᠤᠨ ᠨᠥᠬᠦᠪᠦᠷᠢ ᠣᠯᠭᠤᠨ᠎ᠠ᠃ | ︵ᠠᠷᠪᠠᠨ ᠳᠥᠷᠪᠡ︶ ᠱᠠᠩᠨᠠᠵᠤ ᠲᠤᠰᠠᠯᠠᠬᠤ ᠲᠤᠰᠬᠠᠢ ᠲᠣᠭᠲᠠᠴᠠ ᠶᠢ ᠪᠠᠶᠢᠭᠤᠯᠤᠨ᠎ᠠ᠃ ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠦᠷ᠎ᠡ | ᠪᠦᠲᠦᠮᠵᠢ ᠪᠠᠷ ᠲᠣᠪᠣᠶᠢᠮ᠎ᠠ᠂ ᠢᠵᠢ ᠪᠦᠷᠢᠳᠦᠭᠦᠯᠬᠦ ᠪᠡᠯᠡ ᠮᠥᠩᠭᠦ ᠪᠠᠷ ᠨᠡᠯᠢᠶᠡᠳ ᠠᠷᠪᠢᠨ᠂ ᠠᠬᠢᠭᠤᠯᠬᠤ ᠡᠷᠴᠢᠮ ᠢᠶᠠᠷ ᠨᠡᠯᠢᠶᠡᠳ ᠴᠢᠩᠭ᠎ᠠ ᠬᠤᠰᠢᠭᠤ | ᠲᠣᠭᠤᠷᠢᠭ ᠲᠤ ᠱᠠᠩᠨᠠᠵᠤ ᠨᠥᠬᠦᠪᠦᠷᠢᠯᠡᠬᠦ ᠬᠡᠯᠪᠡᠷᠢ ᠪᠠᠷ ᠳᠡᠮᠵᠢᠨ ᠳᠡᠮᠵᠢᠯᠭᠡ ᠦᠵᠡᠭᠦᠯᠵᠦ᠂ ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠪᠥᠬᠦ | ᠬᠦᠴᠦᠨ ᠢᠶᠠᠷ ᠢᠶᠠᠨ ᠠᠬᠢᠭᠤᠯᠤᠨ᠎ᠠ᠃ | ᠳᠡᠭᠡᠷ᠎ᠡ ᠳᠤᠷᠠᠳᠤᠭᠰᠠᠨ ᠲᠦᠷᠦ ᠶᠢᠨ ᠪᠣᠳᠣᠯᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ ᠬᠦᠴᠦᠨ ᠲᠠᠢ ᠬᠤᠭᠤᠴᠠᠭ᠎ᠠ ᠨᠢ 2025 | ᠣᠨ ᠤ 12 ᠳ᠋ᠤᠭᠠᠷ ᠰᠠᠷ᠎ᠠ ᠶᠢᠨ 31 ᠤ ᠡᠳᠦᠷ ᠬᠦᠷᠲᠡᠯ᠎ᠡ᠃ ︽ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠨᠦᠭᠦᠳ ᠤᠨ ᠲᠤᠬᠠᠢ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ᠣᠷᠳᠣᠰ ᠵᠠᠰᠠᠭ | ᠠᠯᠪᠠᠨ ᠲᠠᠷᠬᠠᠭᠠᠭᠰᠠᠨ ﹇2022﹈ 131 ᠳ᠋ᠦ᠋ᠭᠡᠷ ᠲᠣᠭᠠᠲᠤ︶ ᠢ ᠲᠣᠰ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠡᠳᠦᠷ ᠠᠴᠠ ᠡᠬᠢᠯᠡᠨ ᠬᠦᠴᠦᠨ ᠦᠭᠡᠢ | ᠪᠣᠯᠭᠠᠨ᠎ᠠ᠃ ᠪᠤᠰᠤᠳ ᠰᠢᠢᠳᠪᠦᠷᠢᠯᠡᠵᠦ ᠳᠠᠭᠤᠰᠤᠭᠠᠳᠤᠢ ᠵᠦᠢᠯ ᠢ ᠰᠦ ᠰᠠᠭᠠᠯᠢ ᠶᠢᠨ ᠦᠢᠯᠡᠰ ᠤᠨ ᠬᠥᠭᠵᠢᠯᠲᠡ ᠶᠢᠨ ᠪᠠᠶᠢᠳᠠᠯ ᠢ ᠦᠨᠳᠦᠰᠦᠯᠡᠨ᠂ ᠪᠣᠳᠠᠲᠠᠢ | ᠬᠡᠷᠡᠭᠵᠢᠭᠦᠯᠬᠦ ᠲᠥᠰᠥᠯ ᠲᠣᠭᠲᠠᠭᠠᠵᠤ ᠲᠣᠳᠣᠷᠬᠠᠶᠢᠯᠠᠨ᠎ᠠ᠃ | |