ᠣᠷᠳᠣᠰ ᠤᠨ ᠴᠢᠮᠡᠭᠲᠦ ᠲᠡᠷᠭᠡ ᠱᠠᠩᠬᠠᠢ ᠶᠢᠨ ᠵᠤᠭᠠᠴᠠᠯ ᠤᠨ ᠨᠠᠶᠢᠷ ᠲᠤ ᠣᠷᠣᠯᠴᠠᠬᠤ ᠪᠣᠯᠣᠨ᠎ᠠ
ᠨᠡᠶᠢᠲᠡᠯᠡᠭᠰᠡᠨ ᠴᠠᠭ᠄
2024/9/12
    ᠣᠶᠢᠷ᠎ᠠ ᠶᠢᠨ ᠡᠳᠦᠷ᠂ ᠱᠠᠩᠬᠠᠢ ᠶᠢᠨ ᠵᠤᠭᠠᠴᠠᠯ ᠤᠨ ᠨᠠᠶᠢᠷ ᠤᠨ ᠴᠢᠮᠡᠭᠲᠦ ᠲᠡᠷᠭᠡ ᠪᠠᠷ ᠲᠣᠭᠤᠷᠢᠨ ᠦᠵᠡᠭᠦᠯᠬᠦ ᠠᠵᠢᠯᠯᠠᠭ᠎ᠠ ᠶᠢᠨ ᠨᠡᠶᠢᠲᠡᠯᠡᠬᠦ ᠬᠤᠷᠠᠯ ᠱᠠᠩᠬᠠᠢ ᠶᠢᠨ ᠲᠡᠦᠬᠡ ᠶᠢᠨ ᠮᠦᠽᠧᠢ ᠳᠤ ᠶᠠᠪᠤᠭᠳᠠᠵᠤ᠂ ᠱᠠᠩᠬᠠᠢ ᠶᠢᠨ ᠵᠤᠭᠠᠴᠠᠯ ᠤᠨ ᠨᠠᠶᠢᠷ ᠤᠨ ᠴᠢᠮᠡᠭᠲᠦ ᠲᠡᠷᠭᠡ ᠪᠠᠷ ᠲᠣᠭᠤᠷᠢᠨ ᠦᠵᠡᠭᠦᠯᠬᠦ ᠪᠥᠬᠦ ᠪᠠᠶᠢᠳᠠᠯ ᠢ ᠲᠠᠨᠢᠯᠴᠠᠭᠤᠯᠪᠠ᠃    ᠣᠷᠳᠣᠰ ᠬᠤᠲᠠ ᠠᠩᠬ᠎ᠠ ᠤᠳᠠᠭ᠎ᠠ ᠦᠵᠡᠰᠬᠦᠯᠡᠩ ᠳᠤ ᠣᠷᠣᠯᠴᠠᠬᠤ ᠬᠤᠲᠠ ᠪᠣᠯᠣᠭᠰᠠᠨ ᠤ ᠬᠤᠪᠢ ᠳᠤ᠂ ᠱᠠᠩᠬᠠᠢ᠂ ᠨᠠᠨᠵᠢᠩ᠂ ᠰᠦᠵᠧᠦ ᠵᠡᠷᠭᠡ ᠬᠤᠲᠠ ᠶᠢᠨ 24 ᠭᠤᠣᠯ ᠰᠡᠳᠦᠪᠲᠦ ᠴᠢᠮᠡᠭᠲᠦ ᠲᠡᠷᠭᠡ ᠲᠠᠢ ᠬᠠᠮᠲᠤ ᠦᠵᠡᠭᠦᠯᠭᠡ ᠳᠤ ᠣᠷᠣᠯᠴᠠᠵᠤ᠂ ᠱᠠᠩᠬᠠᠢ ᠶᠢᠨ ᠥᠷᠭᠡᠨ ᠤᠯᠠᠨ ᠬᠤᠲᠠ ᠶᠢᠨ ᠠᠷᠠᠳ ᠪᠣᠯᠣᠨ ᠤᠯᠤᠰ ᠤᠨ ᠲᠤᠳᠤᠭᠠᠳᠤ ᠭᠠᠳᠠᠭᠠᠳᠤ ᠶᠢᠨ ᠵᠤᠭᠠᠴᠠᠭᠰᠠᠳ ᠲᠤ ︽ᠳᠤᠯᠠᠭᠠᠨ ᠬᠤᠲᠠ︾ ᠣᠷᠳᠣᠰ ᠤᠨ ᠥᠪᠡᠷᠮᠢᠴᠡ ᠷᠢᠳᠢ ᠰᠢᠳᠢ ᠶᠢ ᠣᠶᠢᠯᠠᠭᠠᠭᠤᠯᠬᠤ ᠪᠣᠯᠣᠨ᠎ᠠ᠃
 
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ