ᠬᠢᠶ᠎ᠠ ᠪᠠᠭᠰᠢ ᠲᠤᠭᠤᠷᠢᠭ ᠲᠤ ︽ᠴᠢᠳᠠᠪᠤᠷᠢᠲᠠᠨ ᠬᠠᠮᠲᠤ ᠪᠠᠷ ᠡᠳ᠋ᠯᠡᠬᠦ ᠮᠠᠰᠢᠨ ᠲᠡᠷᠭᠡ︾᠎ ᠲᠠᠢ ᠪᠤᠯᠤᠯ᠎ᠠ
ᠨᠡᠶᠢᠲᠡᠯᠡᠭᠰᠡᠨ ᠴᠠᠭ᠄
2024/9/18
    ᠴᠢᠳᠠᠪᠤᠷᠢᠲᠠᠨ ᠤ ᠨᠥᠬᠦᠷᠰᠡᠭ ᠬᠡᠯᠪᠡᠷᠢ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠳᠡᠭᠡᠳᠦ ᠲᠡᠰ ᠳᠠᠪᠬᠤᠷᠭ᠎ᠠ ᠶᠢᠨ ᠴᠢᠳᠠᠪᠤᠷᠢᠲᠠᠨ ᠳᠤ ᠶᠠᠪᠤᠵᠤ ᠰᠠᠭᠤᠬᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠬᠠᠩᠭᠠᠬᠤ ᠶᠢ ᠤᠯᠠᠮ ᠴᠢᠩᠭᠠᠳᠬᠠᠬᠤ ᠶᠢᠨ ᠲᠥᠯᠥᠭᠡ᠂ ᠬᠢᠶ᠎ᠠ ᠪᠠᠭᠰᠢ ᠲᠣᠭᠤᠷᠢᠭ ᠴᠢᠳᠠᠪᠤᠷᠢᠲᠠᠨ ᠬᠠᠮᠲᠤ ᠪᠠᠷ ᠡᠳ᠋ᠯᠡᠬᠦ ᠮᠠᠰᠢᠨ ᠲᠡᠷᠭᠡᠨ ᠤ ᠲᠤᠷᠰᠢᠯᠲᠠ ᠶᠢᠨ ᠴᠡᠭ ᠤᠨ ᠤᠷᠢᠳ ᠢᠶᠠᠷ ᠬᠡᠷᠡᠭᠵᠢᠭᠦᠯᠬᠦ ᠣᠷᠣᠨ ᠪᠣᠯᠣᠭᠰᠠᠨ ᠤ ᠬᠤᠪᠢ ᠳᠤ᠂ ᠣᠶᠢᠷ᠎ᠠ ᠳᠤ ᠴᠢᠳᠠᠪᠤᠷᠢᠲᠠᠨ ᠬᠠᠮᠲᠤ ᠪᠠᠷ ᠡᠳ᠋ᠯᠡᠬᠦ ᠮᠠᠰᠢᠨ ᠲᠡᠷᠭᠡ ᠬᠡᠷᠡᠭᠯᠡᠵᠦ ᠲᠥᠭᠡᠮᠡᠯᠵᠢᠭᠦᠯᠬᠦ ᠶᠢ ᠤᠷᠢᠳ ᠢᠶᠠᠷ ᠬᠡᠷᠡᠭᠵᠢᠭᠦᠯᠪᠡ᠃
微信图片_20240918153647.jpg
    ᠣᠶᠢᠯᠭᠠᠭᠰᠠᠨ ᠢᠶᠠᠷ᠂ ᠴᠢᠳᠠᠪᠤᠷᠢᠲᠠᠨ ᠬᠠᠮᠲᠤ ᠪᠠᠷ ᠡᠳ᠋ᠯᠡᠬᠦ ᠲᠡᠷᠭᠡᠨ ᠤ ᠪᠣᠯᠵᠣᠬᠤ ᠠᠷᠭ᠎ᠠ ᠮᠠᠶ᠋ᠢᠭ ᠨᠢ ᠮᠠᠰᠢ ᠳᠥᠭᠦᠮ ᠲᠥᠳᠡ ᠪᠠᠶᠢᠵᠤ᠂ ᠨᠥᠬᠦᠴᠡᠯ ᠳᠤ ᠨᠡᠶᠢᠴᠡᠬᠦ ᠬᠡᠷᠡᠭᠯᠡᠭᠴᠢ ᠸᠢᠴᠠᠲ ᠤᠨ ᠵᠢᠵᠢᠭ ᠫᠷᠣᠭ᠍ᠷᠠᠮ ᠢᠶᠠᠷ ᠤᠷᠢᠳᠴᠢᠯᠠᠨ ᠪᠣᠯᠵᠣᠵᠤ ᠲᠡᠷᠭᠡ ᠬᠡᠷᠡᠭᠯᠡᠬᠦ᠂ ᠥᠷᠲᠡᠭᠡᠨ ᠴᠢᠭ ᠠᠴᠠ ᠲᠡᠷᠭᠡ ᠠᠪᠬᠤ᠂ ᠥᠷᠲᠡᠭᠡᠨ ᠴᠡᠭ ᠲᠤ ᠲᠡᠷᠭᠡ ᠪᠤᠴᠠᠭᠠᠬᠤ᠂ ᠰᠦᠢᠳᠬᠡᠯ ᠲᠤᠰᠢᠶᠠᠬᠤ᠂ ᠲᠤᠰᠴᠦ ᠬᠦᠷᠭᠡᠬᠦ ᠥᠷᠲᠡᠭᠡ ᠪᠠᠨ ᠤᠷᠢᠳᠴᠢᠯᠠᠨ ᠪᠣᠯᠵᠣᠬᠤ ᠵᠡᠷᠭᠡ ᠦᠢᠯᠡᠴᠢᠯᠡᠭᠡ ᠬᠦᠷᠲᠡᠵᠦ ᠪᠤᠯᠤᠨ᠎ᠠ᠃    ᠴᠢᠳᠠᠪᠤᠷᠢᠲᠠᠨ ᠤ ᠲᠡᠷᠭᠡ ᠬᠡᠷᠡᠭᠯᠡᠬᠦ ᠠᠮᠤᠷ ᠳᠥᠪᠰᠢᠨ ᠢ ᠪᠠᠲᠤᠯᠠᠬᠤ ᠶᠢᠨ ᠲᠥᠯᠥᠭᠡ᠂ ᠬᠢᠶ᠎ᠠ ᠪᠠᠭᠰᠢ ᠲᠤᠭᠤᠷᠢᠭ ᠲᠤᠰᠬᠠᠶᠢᠯᠠᠨ ᠲᠡᠷᠭᠡᠨ ᠤ ᠲᠤᠰᠬᠠᠢ ᠬᠠᠮᠢᠶᠠᠷᠤᠭᠴᠢ ᠪᠠ ᠵᠢᠯᠣᠭᠤᠴᠢ ᠲᠣᠬᠢᠷᠠᠭᠤᠯᠵᠤ᠂ ︽ᠡᠳᠦᠷ ᠪᠦᠷᠢ ᠬᠢᠨᠠᠨ ᠬᠡᠮᠵᠢᠬᠦ᠂ ᠬᠤᠶᠠᠷ ᠭᠠᠷᠠᠭ ᠲᠤ ᠨᠢᠭᠡ ᠴᠡᠪᠡᠷᠯᠡᠬᠦ᠂ ᠲᠣᠭᠲᠠᠮᠠᠯ ᠬᠤᠭᠤᠴᠠᠭ᠎ᠠ ᠲᠠᠢ ᠪᠠᠷ ᠠᠷᠠᠴᠢᠯᠠᠨ ᠬᠠᠮᠠᠭᠠᠯᠠᠬᠤ︾ ᠵᠡᠷᠭᠡ ︽ᠭᠤᠷᠪᠠ ᠶᠢ ᠪᠠᠶᠢᠴᠠᠭᠠᠬᠤ ᠳᠥᠷᠢᠮ︾᠎ ᠢᠶᠠᠷ ᠠᠵᠢᠯᠯᠠᠬᠤ ᠵᠠᠭᠪᠤᠷ ᠢ ᠠᠪᠴᠤ᠂ ᠴᠠᠭ ᠳᠠᠷᠤᠢ ᠳᠤᠨᠢ ᠴᠠᠬᠢᠯᠭᠠᠨ ᠠᠷᠠᠴᠢᠯᠠᠨ ᠬᠠᠮᠠᠭᠠᠯᠠᠵᠤ᠂ ᠴᠢᠳᠠᠪᠤᠷᠢᠲᠠᠨ ᠤ ᠲᠡᠷᠭᠡ ᠬᠡᠷᠡᠭᠯᠡᠬᠦ ᠳᠤ ᠳᠥᠬᠦᠮ ᠲᠦᠳᠡ ᠦᠢᠯᠡᠴᠢᠯᠡᠭᠡ ᠬᠠᠩᠭᠠᠨ᠎ᠠ᠃    ᠡᠭᠦᠨ ᠠᠴᠠ ᠭᠠᠳᠠᠨ᠎ᠠ᠂ ᠴᠢᠳᠠᠪᠤᠷᠢᠲᠠᠨ ᠬᠠᠮᠲᠤ ᠪᠠᠷ ᠡᠳ᠋ᠯᠡᠬᠦ ᠮᠠᠰᠢᠨ ᠲᠡᠷᠭᠡ ᠨᠢ ᠴᠠᠭ ᠪᠤᠳᠤᠵᠤ ᠳᠦᠷᠢᠶᠠᠰᠦᠯᠡᠬᠦ᠂ ᠵᠠᠮ ᠤᠨ ᠤᠷᠲᠤ ᠪᠠᠷ ᠳᠦᠷᠢᠶᠡᠰᠦᠯᠡᠭᠦᠯᠬᠦ ᠵᠡᠷᠭᠡ ᠣᠯᠠᠨ ᠶᠠᠩᠵᠤ ᠶᠢᠨ ᠦᠢᠯᠡᠴᠢᠯᠡᠭᠡᠨ ᠤ ᠵᠠᠭᠪᠤᠷ ᠲᠠᠢ ᠪᠠᠶᠢᠵᠤ᠂ ᠡᠯ᠎ᠡ ᠲᠥᠷᠥᠯ ᠤᠨ ᠴᠢᠳᠠᠪᠤᠷᠢᠲᠠᠨ ᠤ ᠲᠡᠷᠭᠡ ᠬᠡᠷᠡᠭᠯᠡᠬᠦ ᠠᠳᠠᠯᠢ ᠪᠤᠰᠤ ᠬᠡᠷᠡᠭᠴᠡᠭᠡ ᠱᠠᠭᠠᠷᠳᠠᠯᠭ᠎ᠠ ᠪᠠ ᠬᠡᠪᠴᠢᠶ᠎ᠡ ᠶᠢ ᠦᠨᠳᠦᠰᠦᠯᠡᠨ᠂ ᠬᠤᠳᠠᠯᠳᠤᠭᠠᠨ ᠤ ᠶᠠᠪᠤᠳᠠᠯ ᠳᠤ ᠬᠡᠷᠡᠭᠰᠡᠬᠦ ᠮᠠᠰᠢᠨ ᠲᠡᠷᠭᠡ ᠶᠢ ᠦᠢᠯᠡᠴᠢᠯᠡᠭᠡᠨ ᠤ ᠲᠡᠷᠭᠡ ᠪᠤᠯᠭᠠᠵᠤ ᠲᠣᠬᠢᠷᠠᠭᠤᠯᠤᠨ᠂ ᠴᠢᠳᠠᠪᠤᠷᠢᠲᠠᠳ ᠤᠨ ᠭᠡᠷ ᠪᠦᠯᠢ ᠶᠢᠨ ᠶᠠᠪᠤᠵᠤ ᠰᠠᠭᠤᠬᠤ᠂ ᠬᠤᠳᠠᠯᠳᠤᠭᠠᠨ ᠤ ᠶᠠᠪᠤᠳᠠᠯ ᠤᠨ ᠤᠭᠲᠤᠵᠤ ᠲᠣᠰᠬᠤ ᠳᠤ ᠮᠠᠰᠢᠨ ᠲᠡᠷᠭᠡ ᠬᠡᠷᠡᠭᠯᠡᠬᠦ ᠦᠢᠯᠡᠴᠢᠯᠡᠭᠡ ᠶᠢ ᠴᠠᠭ ᠲᠤᠬᠠᠢ ᠳᠤᠨᠢ ᠬᠠᠩᠭᠠᠵᠤ ᠪᠤᠯᠤᠨ᠎ᠠ᠃ ᠡᠭᠦᠨ ᠤ ᠬᠠᠮᠲᠤ᠂ ᠬᠢᠶ᠎ᠠ ᠪᠠᠭᠰᠢ ᠲᠤᠭᠤᠷᠢᠭ ᠪᠠᠰᠠ ᠴᠢᠳᠠᠪᠤᠷᠢᠲᠠᠨ ᠤ ᠮᠠᠰᠢᠨ ᠲᠡᠷᠭᠡ ᠬᠡᠷᠡᠭᠯᠡᠬᠦ ᠳᠥᠭᠦᠮ ᠲᠦᠳᠡ᠂ ᠮᠠᠰᠢᠨ ᠲᠡᠷᠭᠡᠨ ᠳᠤ ᠴᠠᠬᠢᠯᠭᠠᠨ ᠴᠡᠨᠡᠭᠯᠡᠵᠦ ᠪᠣᠯᠬᠤ ᠲᠡᠷᠭᠡᠨ ᠵᠣᠭᠰᠤᠭᠠᠯ ᠢ ᠲᠣᠬᠢᠷᠠᠭᠤᠯᠤᠭᠰᠠᠨ ᠪᠠᠶᠢᠳᠠᠯ ᠵᠢᠴᠢ ᠡᠯ᠎ᠡ ᠲᠥᠷᠥᠯ ᠤᠨ ᠴᠢᠳᠠᠪᠤᠷᠢᠲᠠᠨ ᠤ ᠠᠮᠢᠳᠤᠷᠠᠯ ᠤᠨ ᠲᠤᠭᠤᠷᠢᠭ᠂ ᠠᠵᠢᠯ ᠤᠨ ᠬᠦᠷᠢᠶ᠎ᠡ ᠬᠡᠪᠴᠢᠶ᠎ᠡ ᠵᠡᠷᠭᠡ ᠶᠢ ᠭᠦᠢᠴᠡᠳ ᠪᠤᠳᠤᠯᠬᠢᠯᠠᠵᠤ᠂ ᠬᠤᠲᠠ ᠶᠢᠨ ᠵᠠᠰᠠᠭ ᠤᠨ ᠣᠷᠳᠣᠨ᠂ CBD᠂ᠣᠷᠳᠣᠰ ᠬᠤᠲᠠ ᠶᠢᠨ ᠴᠢᠳᠠᠪᠤᠷᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠣᠷᠳᠣᠰ ᠤᠨ ᠨᠡᠭᠦᠷᠡᠰᠦᠳᠦ᠋ᠷᠦᠭᠴᠢ ᠶᠢ ᠰᠠᠭᠠᠷᠮᠠᠭᠵᠢᠭᠤᠯᠬᠤ ᠶᠢ ᠰᠤᠳᠤᠯᠬᠤ ᠬᠦᠷᠢᠶᠡᠯᠡᠩ᠂ ᠤᠷᠳᠤᠰ ᠬᠤᠲᠠ ᠶᠢᠨ ᠭᠤᠣᠯᠳᠠᠯᠭᠠᠳᠣ ᠡᠮᠨᠡᠯᠭᠡ ᠶᠢᠨ ᠬᠤᠷᠢᠶᠠᠨ ᠤ ᠬᠢᠶ᠎ᠠ ᠪᠠᠭᠰᠢ ᠲᠤᠭᠤᠷᠢᠭ ᠲᠠᠬᠢ ᠡᠮᠨᠡᠯᠭᠡ ᠶᠢᠨ ᠬᠤᠷᠢᠶ᠎ᠠ᠂ ᠣᠷᠳᠣᠰ ᠤᠯᠠᠨ ᠤᠯᠤᠰ ᠤᠨ ᠨᠢᠰᠭᠡᠯ ᠤᠨ ᠪᠠᠭᠤᠳᠠᠯ᠂ ᠣᠷᠳᠣᠰ ᠭᠠᠯᠲᠤ ᠲᠡᠷᠭᠡᠨ ᠤ ᠥᠷᠲᠡᠭᠡ ᠵᠡᠷᠭᠡ 10 ᠦᠢᠯᠡᠴᠢᠯᠡᠭᠡᠨ ᠤ ᠴᠡᠭ ᠭᠠᠷᠭᠠᠭᠰᠠᠨ ᠪᠠᠶᠢᠨ᠎ᠠ᠃
微信图片_20240918153643.jpg
微信图片_20240918153638.jpg
 
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ