9 ᠰᠠᠷ᠎ᠠ ᠶᠢᠨ 20 ~ 24 ᠤ ᠡᠳᠦᠷ᠂ ᠣᠷᠳᠣᠰ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠭᠤᠣᠯᠯᠠᠨ ᠡᠷᠬᠢᠯᠡᠭᠰᠡᠨ ︽ᠣᠷᠳᠣᠰ | ᠰᠣᠶᠣᠯ ᠤᠨ ᠳᠤᠮᠳᠠᠳᠤ ᠤᠯᠤᠰ ᠲᠠᠬᠢ ᠠᠶᠠᠯᠠᠯ — 2024 ᠴᠦᠩᠴᠢᠩ ᠤᠨ ᠠᠵᠢᠯᠯᠠᠭᠠᠨ ᠤ ᠭᠠᠷᠠᠭ︾ ᠢ ᠴᠦᠩᠴᠢᠩ ᠬᠤᠲᠠ ᠳᠤ ᠶᠠᠪᠤᠭᠳᠠᠭᠤᠯᠤᠨ᠎ᠠ᠃ | ᠣᠷᠳᠣᠰ ᠰᠣᠶᠣᠯ ᠤᠨ ᠳᠤᠮᠳᠠᠳᠤ ᠤᠯᠤᠰ ᠲᠠᠬᠢ ᠠᠶᠠᠯᠠᠯ ᠨᠢ 2006 ᠣᠨ ᠳᠤ ᠡᠬᠢᠯᠡᠭᠰᠡᠨ ᠠᠴᠠ ᠨᠠᠭᠠᠰᠢ ᠪᠡᠭᠡᠵᠢᠩ᠂ ᠱᠠᠩᠬᠠᠢ᠂ ᠭᠤᠸᠠᠩᠵᠧᠦ᠂ | ᠰᠢᠶᠠᠩᠭᠠᠩ ᠵᠡᠷᠭᠡ ᠣᠯᠠᠨ ᠬᠤᠲᠠ ᠪᠠ ᠭᠠᠵᠠᠷ ᠣᠷᠣᠨ ᠳᠤ ᠵᠠᠯᠭᠠᠪᠡᠷ ᠶᠠᠪᠤᠭᠳᠠᠵᠠᠢ᠃ ᠲᠣᠰ ᠤᠳᠠᠭ᠎ᠠ ᠴᠦᠩᠴᠢᠩ ᠳᠤ ᠪᠦᠲᠦᠭᠡᠯᠴᠢ ᠰᠣᠶᠣᠯ ᠤᠨ ᠦᠵᠡᠭᠦᠯᠭᠡ᠂ | ᠭᠡᠷᠡᠯ ᠵᠢᠷᠤᠭ ᠤᠨ ᠦᠵᠡᠭᠦᠯᠭᠡ᠂ ᠣᠨᠴᠠ ᠭᠠᠷᠤᠯᠲᠠ ᠶᠢᠨ ᠦᠵᠡᠭᠦᠯᠭᠡ ᠵᠢᠴᠢ ᠬᠤᠲᠠ ᠶᠢᠨ ᠲᠠᠨᠢᠯᠴᠠᠭᠤᠯᠭ᠎ᠠ᠂ ᠴᠢᠳᠠᠪᠤᠷᠢᠲᠠᠨ ᠤ ᠲᠠᠨᠢᠯᠴᠠᠭᠤᠯᠭ᠎ᠠ ᠵᠡᠷᠭᠡ ᠣᠯᠠᠨ | ᠵᠦᠢᠯ ᠤᠨ ᠬᠡᠯᠪᠡᠷᠢ ᠪᠠᠷ ᠶᠠᠪᠤᠭᠳᠠᠨ᠎ᠠ᠃ | | |