ᠲᠠᠯᠠᠳ ᠬᠤᠰᠢᠭᠤ ᠬᠠᠶᠢᠷ᠎ᠠ ᠬᠠᠯᠠᠮᠵᠢ ᠶᠢᠨ ᠨᠡᠭᠦᠷᠠᠰᠤ ᠳᠠᠷᠬᠠᠭᠠᠵᠤ ᠡᠬᠢᠯᠡᠯ᠎ᠡ
ᠨᠡᠶᠢᠲᠡᠯᠡᠭᠰᠡᠨ ᠴᠠᠭ᠄
2024/9/4
    9 ᠰᠠᠷ᠎ᠠ ᠶᠢᠨ 3 ᠤ ᠡᠳᠦᠷ᠂ ᠲᠠᠯᠠᠳ ᠬᠤᠰᠢᠭᠤ 2024 ᠣᠨ ᠤ ᠬᠠᠶᠢᠷ᠎ᠠ ᠬᠠᠯᠠᠮᠵᠢ ᠶᠢᠨ ᠨᠡᠭᠦᠷᠠᠰᠤ ᠲᠠᠷᠬᠠᠭᠠᠬᠤ ᠠᠵᠢᠯ ᠢ ᠵᠢᠩᠬᠢᠨᠢ ᠪᠠᠷ ᠡᠬᠢᠯᠡᠭᠦᠯᠵᠦ᠂ 9 ᠰᠤᠮᠤ ᠪᠠᠯᠭᠠᠰᠤ᠂ 6 ᠵᠡᠭᠡᠯᠢ ᠭᠤᠳᠤᠮᠵᠢ ᠳᠤ 113669 ᠲᠣᠨ ᠬᠠᠶᠢᠷ᠎ᠠ ᠬᠠᠯᠠᠮᠵᠢ ᠶᠢᠨ ᠨᠡᠭᠦᠷᠠᠰᠤ ᠲᠠᠷᠬᠠᠭᠠᠬᠤ ᠪᠠᠷ ᠲᠥᠯᠥᠪᠯᠡᠵᠦ᠂ 55353 ᠡᠷᠦᠭᠡ ᠳᠤ ᠠᠰᠢᠭ ᠬᠦᠷᠳᠡᠭᠡᠬᠦ ᠪᠣᠯᠣᠨ᠎ᠠ᠃   ︽2024 ᠣᠨ ᠳᠤ ᠲᠠᠯᠠᠳ ᠬᠤᠰᠢᠭᠤ 53100 ᠪᠠᠶᠢᠩᠭᠤ ᠰᠠᠭᠤᠭ᠎ᠠ ᠡᠷᠦᠭᠡ ᠳᠤ 109039 ᠲᠣᠨ ᠬᠢᠮᠳᠠ ᠦᠨ᠎ᠡ ᠲᠠᠢ ᠴᠢᠨᠠᠷᠯᠢᠭ ᠨᠡᠭᠦᠷᠠᠰᠤ ᠲᠠᠷᠬᠠᠭᠠᠵᠤ᠂ ᠦᠨᠣᠴᠢᠨ ᠬᠡᠦᠭᠡᠳ᠂ ᠲᠠᠪᠤᠨ ᠪᠠᠲᠤᠯᠠᠭᠠᠲᠤ ᠡᠷᠦᠭᠡ᠂ ᠵᠠᠮᠳᠡᠭ ᠬᠥᠮᠥᠨ ᠲᠠᠢ 2253 ᠡᠷᠣᠭᠡ ᠳᠤ ᠦᠨ᠎ᠡ ᠲᠥᠯᠥᠪᠦᠷᠢ ᠦᠭᠡᠢ ᠪᠠᠷ 4630 ᠲᠣᠨ ᠨᠡᠭᠦᠷᠡᠰᠦ ᠲᠥᠭᠡᠭᠡᠨ ᠥᠭᠬᠦ ᠪᠠᠷ ᠲᠥᠯᠥᠪᠯᠡᠵᠤ᠂ 55353 ᠡᠷᠦᠭᠡ ᠳᠤ ᠨᠠᠶᠢᠳᠠ 113669 ᠲᠣᠨ ᠬᠠᠶᠢᠷ᠎ᠠ ᠬᠠᠯᠠᠮᠵᠢ ᠶᠢᠨ ᠨᠡᠭᠦᠷᠠᠰᠤ ᠲᠠᠷᠬᠠᠭᠠᠬᠤ ᠪᠠᠷ ᠪᠠᠶᠢᠨ᠎ᠠ᠃ ᠲᠠᠷᠬᠠᠭᠠᠬᠤ ᠶᠠᠪᠤᠴᠠ ᠳᠤ᠂ ᠨᠡᠭᠦᠷᠠᠰᠤᠨ ᠠᠭᠤᠷᠬᠠᠢ ᠰᠢᠯᠢᠵᠤ ᠰᠣᠩᠭᠤᠬᠤ ᠠᠴᠠ ᠲᠡᠷᠭᠡ ᠬᠥᠰᠭᠡ ᠪᠠᠷ ᠲᠡᠭᠡᠭᠡᠪᠤᠷᠢᠯᠡᠬᠦ᠂ ᠬᠠᠶᠢᠷ᠎ᠠ ᠬᠠᠯᠠᠮᠵᠢ ᠶᠢᠨ ᠨᠡᠭᠦᠷᠠᠰᠤ ᠶᠢ ᠲᠠᠷᠬᠠᠭᠠᠵᠤ ᠲᠥᠭᠡᠭᠡᠬᠦ ᠬᠦᠷᠲᠡᠯ᠎ᠠ᠂ ᠭᠤᠭᠴᠤᠭ᠎ᠠ ᠨᠢᠭᠡᠪᠦᠷᠢ ᠳᠤ ᠴᠥᠮ ᠬᠠᠷᠢᠭᠤᠴᠠᠯᠭ᠎ᠠ ᠶᠢ ᠪᠣᠳᠠᠲᠠᠶᠢᠵᠢᠭᠤᠯᠪᠠ᠃ ᠡᠭᠦᠨ ᠤ ᠬᠠᠮᠲᠤ ᠬᠢᠨᠡᠨ ᠬᠠᠮᠢᠶᠠᠷᠬᠤ ᠣᠶᠢᠯᠠᠴᠢᠯᠡᠭᠡ ᠪᠠᠨ ᠴᠢᠩᠭᠠᠳᠬᠠᠵᠤ᠂ ᠬᠠᠶᠢᠷ᠎ᠠ ᠬᠠᠯᠠᠮᠵᠢ ᠶᠢᠨ ᠨᠡᠭᠦᠷᠠᠰᠤ ᠶᠢ ᠴᠠᠭ ᠲᠣᠬᠠᠢ ᠳᠤᠨᠢ ᠲᠠᠷᠬᠠᠭᠠᠵᠤ ᠣᠷᠤᠨᠵᠢᠭᠤᠯᠵᠤ᠂ ᠤᠯᠠᠨ ᠲᠦᠮᠡᠨ ᠳᠤ ᠡᠪᠦᠯ  ᠢ ᠰᠠᠨᠠᠭ᠎ᠠ ᠠᠮᠤᠷ ᠰᠡᠳᠬᠢᠯ ᠬᠠᠨᠤᠮᠵᠢᠲᠠᠢ ᠥᠩᠭᠡᠷᠡᠭᠦᠯᠬᠦ ᠪᠠᠲᠤᠯᠠᠭ᠎ᠠ ᠬᠠᠩᠭᠠᠨ᠎ᠠ︾ ᠭᠡᠵᠦ ᠲᠠᠯᠠᠳ ᠬᠤᠰᠢᠭᠤᠨ ᠤ ᠡᠨᠧᠷᠬᠢ ᠶᠢᠨ ᠲᠣᠪᠴᠢᠶᠠᠨ ᠤ ᠨᠠᠮ ᠤᠨ ᠤᠳᠤᠷᠢᠳᠬᠤ ᠲᠣᠭᠤᠶᠢᠯᠠᠩ ᠤᠨ ᠪᠦᠷᠢᠯᠳᠦᠭᠦᠨ᠂ ᠲᠡᠳ᠋ ᠲᠣᠪᠴᠢᠶᠠᠨ ᠳᠠᠷᠤᠭ᠎ᠠ ᠸᠠᠩ ᠵᠢᠶᠦ᠋ᠨ ᠲᠠᠶᠢᠯᠪᠤᠷᠢᠯᠠᠨ ᠶᠠᠷᠢᠯ᠎ᠠ᠃
 
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ