1 ᠰᠠᠷ᠎ᠠ ᠶᠢᠨ 9 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠣᠷᠣᠯᠠᠭᠴᠢ ᠳᠠᠷᠤᠭ᠎ᠠ ᠢᠦᠢ ᠬᠠᠢ ᠢᠦᠢ ᠬᠤᠲᠠ ᠶᠢᠨ | ᠵᠠᠰᠠᠭ ᠤᠨ ᠣᠷᠳᠣᠨ ᠤ 2025 ᠣᠨ ᠤ ᠠᠩᠬᠠᠳᠤᠭᠠᠷ ᠤᠳᠠᠭᠠᠨ ᠤ ᠪᠥᠬᠦᠳᠡ ᠬᠤᠷᠠᠯ ︵ᠥᠷᠭᠡᠳᠬᠡᠭᠰᠡᠨ︶ ᠵᠢᠴᠢ ᠬᠤᠶᠠᠳᠤᠭᠠᠷ ᠤᠳᠠᠭᠠᠨ ᠤ ᠪᠠᠶᠢᠩᠭᠤ ᠶᠢᠨ | ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ | ᠪᠦᠭᠦᠳᠡ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠠ | ᠴᠢᠩᠭ᠎ᠠ ᠪᠠᠷᠢᠮᠵᠢᠶ᠎ᠠ ᠪᠠᠷ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠠᠵᠢᠯ ᠢ | ᠰᠠᠶᠢᠲᠤᠷ ᠠᠳᠬᠤᠬᠤ ᠶᠢ ᠪᠠᠷᠢᠮᠲᠠᠯᠠᠵᠤ᠂ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠬᠠᠮᠲᠤ ᠳᠤᠨᠢ ᠪᠠᠶᠢᠴᠠᠭᠠᠵᠤ ᠬᠠᠮᠲᠤ ᠳᠤᠨᠢ ᠵᠠᠰᠠᠬᠤ ᠶᠢ | ᠭᠦᠨᠵᠡᠭᠡᠢ ᠠᠬᠢᠭᠤᠯᠵᠤ᠂ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠦᠨᠡᠨ ᠬᠦ ᠪᠠᠲᠤ ᠡᠭᠦᠷᠭᠡᠯᠡᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ | ᠲᠣᠭᠲᠠᠭᠠᠭᠰᠠᠨ︾ ᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠥᠪᠡᠳ ᠤᠨ ᠰᠢᠭᠠᠽᠧ ᠬᠤᠳᠠ ᠶᠢᠨ ᠲᠢᠩᠷᠢ ᠰᠢᠶᠠᠨ ᠤ 6.8 ᠲᠡᠰ ᠤᠨ ᠭᠠᠵᠠᠷ ᠬᠥᠳᠡᠯᠦᠯᠲᠡ ᠳᠤ | ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠣᠷᠳᠣᠰ ᠬᠤᠳᠠ ᠶᠢᠨ ᠭᠡᠨᠡᠳᠲᠡ ᠶᠢᠨ ᠭᠠᠵᠠᠷ ᠵᠦᠢ ᠶᠢᠨ ᠭᠠᠮᠰᠢᠭ ᠢ | ᠪᠠᠴᠢᠮ ᠠᠷᠭᠠᠴᠠᠬᠤ ᠲᠥᠰᠥᠯ︾ ᠢ ᠰᠤᠳᠤᠯᠵᠤ᠂ ᠤᠷᠢᠳᠴᠢᠯᠠᠨ ᠰᠡᠷᠡᠮᠵᠢᠯᠡᠭᠦᠯᠵᠦ ᠰᠤᠳᠤᠯᠤᠨ ᠮᠠᠭᠠᠳᠯᠠᠬᠤ ᠪᠠ ᠭᠡᠮ ᠰᠣᠭᠤᠭ ᠢ ᠵᠢᠭᠰᠠᠭᠠᠨ ᠪᠠᠶᠢᠴᠠᠭᠠᠬᠤ ᠶᠢ | ᠴᠢᠩᠭᠠᠳᠬᠠᠵᠤ᠂ ᠭᠠᠵᠠᠷ ᠬᠥᠳᠡᠯᠦᠯᠲᠡ᠂ ᠭᠠᠮᠰᠢᠭᠲᠤ ᠴᠠᠭ ᠠᠭᠤᠷ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠡᠯ᠎ᠡ ᠠᠵᠢᠯ | ᠲᠦᠷᠦᠯ ᠤᠨ ᠬᠦᠷᠢᠶ᠎ᠡ ᠴᠠᠷᠠᠭᠠᠨ ᠤ ᠰᠡᠷᠭᠡᠶᠢᠯᠡᠨ ᠠᠷᠭᠠᠴᠠᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠲᠡᠭᠦᠯᠳᠡᠷᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠬᠤᠲᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ | ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠳᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠳᠤ ᠳᠡᠪᠰᠢᠭᠦᠯᠦᠨ ᠬᠢᠨᠠᠨ ᠵᠥᠪᠯᠡᠭᠦᠯᠬᠦ ᠪᠠᠷ ᠪᠠᠶᠢᠭ᠎ᠠ ︽2025 ᠣᠨ ᠤ ᠵᠠᠰᠠᠭ ᠤᠨ ᠣᠷᠳᠣᠨ ᠤ | ᠠᠵᠢᠯ ᠤᠨ ᠢᠯᠡᠳᠬᠡᠯ︾ ᠵᠡᠷᠭᠡ ᠡᠬᠡ ᠨᠣᠣᠷᠠᠭ ᠢ ᠶᠠᠷᠢᠯᠴᠠᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠰᠢᠷᠢᠰ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠵᠤ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠲᠣᠬᠢᠷᠠᠭᠤᠯᠤᠯᠲᠠ ᠶᠣᠰᠣᠭᠠᠷ᠂ 2025 ᠣᠨ ᠤ ᠬᠠᠷᠠᠯᠲᠠ ᠡᠭᠦᠷᠭᠡ | ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ ᠨᠠᠷᠢᠯᠢᠭᠵᠢᠭᠤᠯᠵᠤ᠂ ︽ᠵᠢᠷᠭᠤᠭᠠᠨ ᠠᠵᠢᠯᠯᠠᠭ᠎ᠠ︾ ᠵᠡᠷᠭᠡ ᠭᠤᠣᠯᠳᠠᠯᠭ᠎ᠠ ᠲᠠᠢ ᠡᠭᠦᠷᠭᠡ ᠶᠢ ᠪᠦᠬᠦ ᠲᠠᠯ᠎ᠠ ᠪᠠᠷ | ᠥᠷᠨᠢᠭᠦᠯᠬᠦ ᠶᠢ ᠱᠠᠯᠠᠪᠳᠠᠨ ᠠᠬᠢᠭᠤᠯᠵᠤ᠂ ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠲᠥᠪ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠳᠤ | ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠤᠳᠤᠯᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ | ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠢ ᠴᠢᠩᠭ᠎ᠠ ᠠᠳᠬᠤᠵᠤ᠂ ᠤᠷᠳᠤ ᠬᠤᠭᠤᠴᠠᠭ᠎ᠠ ᠪᠦᠲᠦᠮᠵᠢᠲᠡᠢ ᠪᠠᠶᠢᠯᠭᠠᠬᠤ ᠪᠠᠷ ᠨᠠᠶᠢᠲᠠᠪᠤᠷᠢᠲᠠᠢ ᠵᠠᠰᠠᠬᠤ ᠶᠢ | ᠲᠤᠪᠤᠶᠢᠯᠭᠠᠵᠤ᠂ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠶᠢᠳᠠᠪᠤᠷᠢᠵᠢᠭᠤᠯᠤᠨ ᠪᠣᠳᠠᠲᠠᠢ ᠨᠠᠶᠢᠳᠠᠪᠤᠷᠢᠵᠢᠭᠤᠯᠬᠤ ᠶᠢ ᠡᠷᠡᠰ | ᠠᠬᠢᠭᠤᠯᠵᠤ᠂ ᠪᠦᠬᠦ ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ︽ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠵᠢᠯᠤᠭᠤᠳᠬᠤ ᠰᠠᠨᠠᠯ︾ ᠢ ᠤᠯᠠᠮᠵᠢᠯᠠᠨ ᠰᠤᠷᠤᠯᠴᠠᠵᠤ᠂ ᠪᠤᠰᠤᠳ ᠤᠴᠢᠷ ᠶᠠᠪᠤᠳᠠᠯ ᠢ ᠰᠤᠳᠤᠯᠪᠠ᠃ | |