ᠣᠶᠢᠷ᠎ᠠ ᠶᠢᠨ ᠡᠳᠦᠷ᠂ ᠤᠷᠳᠤᠰ ᠬᠤᠲᠠ ᠶᠢᠨ ︽ᠰᠢᠨ᠎ᠡ ᠵᠢᠯ ᠤᠨ ᠪᠠᠷᠠᠭ᠎ᠠ ᠬᠤᠳᠠᠯᠳᠤᠨ ᠠᠪᠴᠤ ᠬᠡᠷᠡᠭᠯᠯᠡᠭᠡᠨ ᠢ ᠠᠬᠢᠭᠤᠯᠬᠤ ᠵᠢᠴᠢ ᠳᠤᠯᠠᠭᠠᠨ ᠬᠤᠲᠠ ᠶᠢᠨ | ᠠᠮᠲᠠᠲᠤ ᠢᠳᠡᠭᠡᠨ︾ ᠲᠠᠷᠢᠶᠠᠯᠠᠩ ᠮᠠᠯ ᠠᠵᠤ ᠠᠬᠤᠢ ᠶᠢ ᠲᠤᠰᠠᠯᠠᠬᠤ ᠠᠵᠢᠯᠯᠠᠭ᠎ᠠ ᠪᠠᠷ ᠡᠵᠡᠨ ᠬᠤᠷᠤᠭ᠎ᠠ ᠬᠤᠰᠢᠭᠤ ᠱᠦᠨ ᠹᠧᠩ ᠲᠦᠷᠭᠡᠨ ᠲᠡᠭᠡᠭᠡᠪᠦᠷᠢ ᠶᠢᠨ | ᠪᠦᠯᠣᠭ᠍ᠯᠡᠯ ᠪᠣᠯᠣᠨ ᠱᠧᠨᠵᠧᠨ ᠤ ᠬᠤᠢ ᠵᠢᠦᠢ ᠰᠤᠷᠭᠤᠭ ᠢᠳᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠢ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃ | ᠠᠵᠢᠯᠯᠠᠭ᠎ᠠ ᠳᠤ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠱᠦᠨ ᠹᠧᠩ ᠲᠦᠷᠭᠡᠨ ᠲᠡᠭᠡᠭᠡᠪᠦᠷᠢ ᠶᠢᠨ ᠪᠦᠯᠣᠭ᠍ᠯᠡᠯ ᠲᠠᠢ ᠣᠶᠢᠷ᠎ᠠ | ᠣᠭᠲᠠᠷᠭᠤᠢ ᠶᠢᠨ ᠠᠵᠤ ᠠᠬᠤᠢ ᠶᠢᠨ ᠬᠠᠮᠳᠤᠷᠠᠯᠴᠠᠭᠠᠨ ᠤ ᠪᠠᠶᠢᠯᠳᠤᠬᠤ ᠪᠤᠳᠤᠯᠭ᠎ᠠ ᠶᠢᠨ ᠵᠥᠪᠲᠡᠯᠴᠡᠭᠡᠷ ᠲᠣᠭᠳᠠᠵᠤ᠂ ᠤᠷᠳᠤᠰ ᠬᠤᠲᠠ ᠶᠢᠨ ᠶᠦᠨ ᠳ᠋ᠦᠩ | ᠲᠠᠷᠢᠶᠠᠯᠠᠩ ᠣᠢ ᠰᠢᠭᠤᠢ ᠮᠠᠯ ᠠᠵᠤ ᠠᠬᠤᠢ ᠶᠢᠨ ᠠᠵᠤ ᠣᠶᠢᠯᠡᠰ ᠤᠨ ᠪᠡᠯᠡ ᠣᠷᠤᠭᠤᠯᠤᠯᠲᠠ ᠶᠢᠨ ᠪᠦᠯᠣᠭ᠍ᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠡᠨᠢ ᠵᠢᠴᠢ | ᠱᠦᠨ ᠹᠸᠧᠩ ᠲᠦᠷᠭᠡᠨ ᠲᠡᠭᠡᠭᠡᠪᠤᠷᠢ ᠶᠢᠨ ᠪᠦᠯᠣᠭ᠍ᠯᠡᠯ ᠲᠠᠢ ᠲᠠᠷᠢᠶᠠᠯᠠᠩ ᠤᠨ ᠣᠨᠴᠠ ᠭᠠᠷᠤᠯᠲᠠ ᠶᠢ ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ ᠲᠣᠭᠳᠠᠵᠤ᠂ | ᠵᠠᠰᠠᠭ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ᠂ ᠰᠤᠪᠤᠷᠭ᠎ᠠ ᠪᠠᠯᠭᠠᠰᠤ ᠶᠢᠨ ᠠᠷᠠᠳ ᠤᠨ ᠵᠠᠰᠠᠭ ᠤᠨ ᠤᠷᠳᠤᠨ ᠱᠧᠨᠵᠧᠨ ᠤ ᠬᠤᠢ ᠵᠢᠣᠢ ᠰᠤᠷᠭᠤᠭ | ᠢᠳᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠢ 2000 ᠲᠦᠮᠡᠨ ᠲᠦᠭᠦᠷᠢᠭ ᠤᠨ ᠲᠠᠷᠢᠶᠠᠯᠠᠩ ᠤᠨ ᠣᠨᠴᠠ ᠭᠠᠷᠤᠯᠲᠠ ᠶᠢ ᠬᠤᠳᠠᠯᠳᠤᠨ ᠠᠪᠬᠤ ᠪᠠ | ᠪᠣᠷᠣᠯᠠᠭᠤᠯᠬᠤ ᠭᠡᠷ᠎ᠡ ᠲᠣᠭᠲᠠᠵᠠᠢ᠃ | | | | | | | | | | | | | | | | | | |