ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠭᠠᠷᠮᠠᠭᠠᠢ ︽ᠪᠣᠷᠣᠯᠠᠭᠤᠯᠤᠭᠴᠢ︾ ᠪᠣᠯᠣᠯ᠎ᠠ
ᠨᠡᠶᠢᠲᠡᠯᠡᠭᠰᠡᠨ ᠴᠠᠭ᠄
2025/1/13
      ᠣᠷᠳᠤᠰ ᠬᠤᠲᠠ ᠶᠢᠨ ︽ᠰᠢᠨ᠎ᠡ ᠶᠢᠨ ᠪᠠᠷᠠᠭ᠎ᠠ ᠠᠪᠴᠤ ᠬᠡᠷᠡᠭᠯᠡᠭᠡ ᠶᠢ ᠠᠬᠢᠭᠤᠯᠬᠤ︾ ᠵᠢᠴᠢ ︽ᠳᠤᠯᠠᠭᠠᠨ ᠬᠤᠲᠠ ᠶᠢᠨ ᠳᠠᠩᠰᠤᠭ ᠠᠮᠲᠠ︾ ᠲᠠᠷᠢᠶᠠᠯᠠᠩ ᠮᠠᠯ ᠠᠵᠤ ᠠᠬᠤᠢ ᠶᠢ ᠳᠠᠮᠵᠢᠬᠦ ᠠᠵᠢᠯᠯᠠᠭᠠᠨ ᠳᠡᠭᠡᠷ᠎ᠡ ᠪᠥᠬᠦ ᠬᠤᠲᠠ ᠶᠢᠨ ᠶᠢᠰᠤᠨ ᠬᠤᠰᠢᠭᠤ ᠲᠣᠭᠤᠷᠢᠭ ᠤᠨ ᠭᠠᠴᠠᠭ᠎ᠠ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠠᠬᠤᠢ ᠳᠡᠯᠡᠪᠠᠢ ᠪᠣᠯᠣᠨ ᠰᠢᠭᠤᠳ ᠨᠡᠪᠳᠡᠷᠡᠭᠦᠯᠭᠡ ᠪᠠᠷ ᠨᠤᠳᠤᠭ ᠤᠰᠤᠨ ᠤ ᠰᠢᠯᠢᠳᠡᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠣᠭᠡᠭᠳᠡᠭᠦᠨ ᠢᠶᠠᠨ ᠣᠯᠠᠨ ᠲᠦᠮᠡᠨ ᠳᠤ ᠲᠠᠨᠢᠯᠴᠠᠭᠤᠯᠤᠨ ᠭᠠᠷᠮᠠᠭᠠᠢ ︽ᠪᠣᠷᠣᠯᠠᠭᠤᠯᠤᠭᠴᠢ︾ ᠪᠣᠯᠵᠤ᠂ ᠭᠠᠴᠠᠭ᠎ᠠ ᠲᠣᠰᠬᠳ ᠤ ᠬᠠᠮᠲᠤ ᠶᠢᠨ ᠠᠵᠤ ᠠᠬᠤᠢ ᠶᠢ ᠬᠥᠭᠵᠢᠭᠦᠯᠵᠤ᠂ ᠮᠠᠯᠴᠢᠨ ᠲᠠᠷᠢᠶᠠᠴᠢᠳ ᠤᠨ ᠠᠰᠢᠭ ᠣᠷᠣᠯᠭ᠎ᠠ ᠶᠢ ᠨᠡᠮᠡᠭᠳᠡᠭᠦᠯᠬᠦ ᠳᠤ ᠠᠷᠭ᠎ᠠ ᠤᠬᠠᠭᠠᠨ ᠬᠦᠴᠣᠨ ᠴᠢᠳᠠᠯ ᠢᠶᠠᠨ ᠡᠷᠭᠦᠨ᠎ᠡ᠃
 
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ