ᠣᠶᠢᠷ᠎ᠠ ᠶᠢᠨ ᠡᠳᠦᠷ᠂ ᠬᠤᠲᠠ ᠶᠢᠨ ᠨᠠᠮ ᠤᠨ ᠬᠤᠷᠢᠶ᠎ᠠ ᠠᠬᠠᠮᠠᠳ ᠺᠠᠳ᠋ᠷᠴᠤᠳ ᠤᠨ ᠴᠠᠭᠠᠨ ᠰᠠᠷ᠎ᠠ ᠶᠢ ᠤᠭᠲᠤᠬᠤ ᠶᠠᠷᠢᠯᠴᠠᠬᠤ ᠬᠤᠷᠠᠯ ᠬᠢᠪᠡ᠃ ᠯᠢ ᠯᠢ᠂ | ᠢᠦᠢ ᠬᠠᠢ ᠢᠦᠢ᠂ ᠰᠤ᠋ ᠵᠦᠩ ᠱᠧᠩ᠂ ᠯᠢᠦ ᠹᠧᠩ ᠶᠦᠨ᠂ ᠡᠷᠳᠡᠨᠢᠪᠢᠯᠢᠭ᠂ ᠰᠤ᠋ ᠼᠦᠢ ᠹᠠᠩ ᠵᠡᠷᠭᠡ ᠬᠤᠳᠠ ᠶᠢᠨ ᠤᠳᠤᠷᠢᠳᠤᠯᠭ᠎ᠠ ᠲᠢᠩᠬᠢᠮ ᠤᠨ ᠲᠡᠰ ᠤᠨ | ᠠᠵᠢᠯ ᠠᠴᠠ ᠪᠠᠨ ᠠᠮᠠᠷᠠᠭᠰᠠᠨ ᠵᠠᠷᠢᠮ ᠺᠠᠳ᠋ᠷᠴᠤᠳ ᠲᠠᠢ ᠨᠢᠭᠡ ᠲᠠᠩᠬᠢᠮ ᠳᠤ ᠴᠤᠭᠯᠠᠷᠠᠵᠤ᠂ ᠴᠠᠭᠠᠨ ᠰᠠᠷ᠎ᠠ ᠶᠢ ᠬᠠᠮᠲᠤᠪᠠᠷ ᠤᠭᠲᠤᠵᠤ᠂ ᠬᠥᠭᠵᠢᠯᠲᠡ ᠶᠢ ᠬᠠᠮᠲᠤᠪᠠᠷ | ᠡᠷᠢᠯᠬᠢᠯᠡᠪᠡ᠃ | ᠬᠤᠷᠠᠯ ᠳᠡᠭᠡᠷ᠎ᠡ᠂ ᠢᠦᠢ ᠬᠠᠢ ᠢᠦᠢ 2024 ᠣᠨ ᠤ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠮᠡᠳᠡᠭᠳᠡᠪᠡ᠃ ᠰᠢᠦᠢ | ᠸᠠᠨ ᠱᠠᠨ᠂ ᠵᠠᠩ ᠶᠤᠸᠠᠢ ᠴᠢᠩ ᠬᠤᠶᠠᠷ ᠠᠬᠠᠮᠠᠳ ᠺᠠᠳ᠋ᠷ ᠶᠠᠷᠢᠶ᠎ᠠ ᠲᠠᠯᠪᠢᠵᠤ᠂ ᠥᠩᠭᠡᠷᠡᠭᠰᠡᠨ ᠨᠢᠭᠡ ᠵᠢᠯ ᠤᠨ ᠪᠦᠬᠦ ᠬᠤᠳᠠ ᠶᠢᠨ ᠡᠯ᠎ᠡ ᠲᠥᠷᠥᠯ ᠤᠨ ᠠᠵᠢᠯ | ᠦᠢᠯᠡᠰ ᠤᠨ ᠣᠯᠣᠭᠰᠠᠨ ᠠᠮᠵᠢᠯᠲᠠ ᠶᠢ ᠳᠡᠭᠡᠳᠦ ᠬᠡᠮᠵᠢᠶ᠎ᠡ ᠪᠠᠷ ᠦᠨᠡᠯᠡᠵᠦ᠂ ᠵᠣᠬᠢᠶᠠᠨ ᠪᠠᠶᠢᠭᠤᠯᠤᠯᠲᠠ ᠶᠢᠨ ᠬᠠᠯᠠᠮᠵᠢᠯᠠᠯ ᠳᠤ ᠲᠠᠯᠠᠷᠬᠠᠵᠤ ᠪᠠᠶᠢᠬᠤ ᠪᠠᠨ | ᠢᠯᠡᠳᠬᠡᠭᠰᠡᠨ ᠤ ᠬᠠᠮᠲᠤ ᠪᠣᠳᠠᠲᠠᠢ ᠰᠠᠨᠠᠭᠤᠯᠭ᠎ᠠ ᠳᠤᠷᠠᠳᠪᠠ᠃ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠤᠭᠰᠠᠨ ᠤ ᠲᠠᠷᠠᠭ᠎ᠠ᠂ ᠯᠢ ᠯᠢ ᠠᠬᠠᠮᠠᠳ ᠤᠳᠤᠷᠢᠳᠤᠯᠭ᠎ᠠ | ᠨᠠᠷ ᠤᠨ ᠣᠷᠳᠣᠰ ᠤᠨ ᠬᠥᠭᠵᠢᠯᠲᠡ ᠶᠢ ᠤᠷᠳᠤ ᠬᠤᠭᠤᠴᠠᠭ᠎ᠠ ᠪᠠᠷ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ᠂ ᠠᠬᠠᠮᠠᠳ | ᠤᠳᠤᠷᠢᠳᠤᠯᠭ᠎ᠠ ᠨᠠᠷ ᠤᠨ ᠳᠤᠷᠠᠳᠤᠭᠰᠠᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠤᠳᠤᠯᠵᠤ ᠬᠦᠯᠢᠶᠡᠨ ᠠᠪᠤᠨ᠎ᠠ ᠭᠡᠵᠤ ᠢᠯᠡᠳᠬᠡᠪᠡ᠃ | ᠯᠢ ᠯᠢ᠂ ᠥᠩᠭᠡᠷᠡᠭᠰᠡᠨ ᠨᠢᠭᠡ ᠵᠢᠯ ᠳᠤ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠺᠠᠳ᠋ᠷ | ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ | ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ ᠨᠢᠭᠡᠨ ᠭᠤᠣᠯ ᠰᠢᠵᠢᠮ ᠢ ᠢᠮᠠᠭᠲᠠ ᠲᠤᠭᠤᠰᠢᠯᠠᠭᠤᠯᠵᠤ᠂ ᠬᠤᠶᠠᠷ | ᠶᠡᠭᠡ ᠶᠠᠪᠤᠳᠠᠯ ᠢ ᠰᠠᠶᠢᠲᠤᠷ ᠬᠢᠵᠦ᠂ ᠠᠵᠤ ᠠᠬᠤᠢ ᠶᠢᠨ ᠤᠷᠤᠭᠤᠳᠠᠬᠤ ᠳᠠᠷᠤᠯᠲᠠ ᠶᠢ ᠪᠦᠲᠦᠮᠵᠢᠲᠡᠢ ᠠᠷᠭᠠᠴᠠᠭᠠᠵᠤ᠂ ᠲᠣᠭᠲᠠᠭᠤᠨ ᠤ ᠳᠤᠮᠳᠠ ᠤᠷᠤᠭᠰᠢᠯᠠᠨ | ᠲᠠᠪᠰᠢᠬᠤ᠂ ᠲᠣᠭᠲᠠᠭᠤᠨ ᠤ ᠳᠤᠮᠳᠠ ᠰᠠᠶᠢᠵᠢᠷᠠᠬᠤ ᠬᠥᠭᠵᠢᠯᠲᠡ ᠶᠢᠨ ᠪᠠᠶᠢᠳᠠᠯ ᠢ ᠪᠠᠲᠤᠯᠠᠵᠤ᠂ ᠳᠤᠯᠠᠭᠠᠨ ᠬᠤᠳᠠ ᠶᠢᠨ ᠳᠦᠷᠢ ᠲᠥᠷᠬᠦ ᠶᠢ ᠬᠥᠮᠥᠰ ᠤᠨ | ᠰᠡᠳᠬᠢᠯ ᠳᠤ ᠨᠡᠩ ᠬᠠᠳᠠᠩᠰᠢᠭᠤᠯᠤᠭᠰᠠᠨ ᠪᠠᠶᠢᠨ᠎ᠠ᠃ 2025 ᠣᠨ ᠳᠤ᠂ ᠪᠢᠳᠡ ︽ᠲᠠᠪᠤᠨ ᠶᠡᠭᠡ ᠡᠭᠦᠷᠭᠡ︾ ᠶᠢ ᠦᠷᠭᠦᠯᠵᠢᠯᠡᠨ ᠠᠬᠢᠭᠤᠯᠵᠤ᠂ ︽ᠵᠢᠷᠭᠤᠭᠠᠨ | ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠯᠠᠪᠳᠠᠭᠤᠨ ᠪᠠᠲᠤᠲᠠᠢ ᠥᠷᠨᠢᠭᠦᠯᠦᠨ᠂ ᠠᠵᠤ ᠠᠬᠤᠢ ᠶᠢᠨ ᠨᠡᠮᠡᠭᠳᠡᠯ ᠢ | ᠬᠦᠴᠦᠯᠡᠨ ᠲᠣᠭᠲᠠᠪᠤᠷᠢᠵᠢᠭᠤᠯᠵᠤ᠂ ᠬᠡᠯᠪᠡᠷᠢ ᠪᠠᠨ ᠬᠤᠪᠢᠷᠠᠭᠤᠯᠬᠤ ᠠᠯᠬᠤᠴᠠ ᠪᠠᠨ ᠲᠦᠷᠭᠡᠳᠬᠡᠨ᠂ ᠭᠦᠴᠦᠨ ᠵᠦᠢᠯ ᠤᠨ ᠬᠦᠯᠢᠶᠡᠰᠦᠯᠡᠯ ᠢ ᠡᠪᠳᠡᠵᠦ᠂ | ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠨ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ | ᠯᠢ ᠯᠢ᠂ ᠠᠬᠠᠮᠠᠳ ᠨᠥᠬᠦᠳ ᠣᠷᠳᠣᠰ ᠤᠨ ᠬᠥᠭᠵᠢᠯᠲᠡ ᠶᠢ ᠥᠩᠭᠡᠷᠡᠭᠰᠡᠨ ᠲᠠᠢ ᠪᠠᠨ ᠠᠳᠠᠯᠢ ᠪᠠᠷ ᠬᠠᠯᠠᠮᠵᠢᠯᠠᠨ ᠲᠡᠮᠵᠢᠵᠥ᠂ ᠡᠷᠬᠢᠮ ᠨᠠᠨᠳᠢᠨ ᠰᠠᠨᠠᠯ ᠢᠶᠠᠨ | ᠢᠯᠡᠭᠦᠬᠡᠨ ᠳᠤᠷᠠᠳᠴᠤ᠂ ᠢᠳᠡᠪᠬᠢᠲᠡᠢ ᠪᠠᠷ ᠠᠷᠭ᠎ᠠ ᠤᠬᠠᠭᠠᠨ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ᠃ ᠬᠤᠳᠠ ᠶᠢᠨ ᠨᠠᠮ ᠤᠨ ᠬᠤᠷᠢᠶ᠎ᠠ᠂ | ᠵᠠᠰᠠᠭ ᠤᠨ ᠣᠷᠳᠣᠨ ᠠᠬᠠᠮᠠᠳ ᠺᠠᠳ᠋ᠷᠴᠤᠳ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠬᠠᠮᠠᠳ ᠺᠠᠳ᠋ᠷᠴᠤᠳ ᠤᠨ | ᠥᠲᠡᠯᠬᠦ ᠠᠴᠠ ᠰᠤᠷᠤᠯᠴᠠᠬᠤ ᠶᠠᠭᠤᠮ᠎ᠠ ᠲᠠᠢ᠂ ᠥᠲᠡᠯᠬᠦ ᠠᠴᠠ ᠵᠣᠯ ᠵᠢᠷᠭᠠᠯ ᠲᠠᠢ᠂ ᠥᠲᠡᠯᠬᠦ ᠠᠴᠠ ᠵᠢᠳᠬᠦᠯ ᠴᠢᠷᠮᠠᠶᠢᠯᠭ᠎ᠠ ᠲᠠᠢ ᠪᠠᠶᠢᠬᠤ ᠳᠤ ᠨᠡᠩ ᠰᠠᠶᠢᠨ | ᠨᠥᠬᠦᠴᠡᠯ ᠢ ᠪᠦᠷᠢᠯᠳᠦᠭᠦᠯᠵᠦ ᠥᠭᠭᠦᠨ᠎ᠡ ᠭᠡᠪᠡ᠃ | ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠭᠤᠣ ᠸᠧᠨ ᠾᠧ ᠬᠤᠷᠠᠯ ᠢ ᠡᠷᠭᠢᠯᠡᠪᠡ᠃ | | | | | | | | | | | |