ᠬᠤᠲᠠ ᠶᠢᠨ ᠨᠠᠮ ᠤᠨ ᠬᠤᠷᠢᠶ᠎ᠠ ᠠᠬᠠᠮᠠᠳ ᠺᠠᠳ᠋ᠷᠴᠤᠳ ᠤᠨ ᠴᠠᠭᠠᠨ ᠰᠠᠷ᠎ᠠ ᠶᠢ ᠤᠭᠲᠤᠬᠤ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/14
      ᠣᠶᠢᠷ᠎ᠠ ᠶᠢᠨ ᠡᠳᠦᠷ᠂ ᠬᠤᠲᠠ ᠶᠢᠨ ᠨᠠᠮ ᠤᠨ ᠬᠤᠷᠢᠶ᠎ᠠ ᠠᠬᠠᠮᠠᠳ ᠺᠠᠳ᠋ᠷᠴᠤᠳ ᠤᠨ ᠴᠠᠭᠠᠨ ᠰᠠᠷ᠎ᠠ ᠶᠢ ᠤᠭᠲᠤᠬᠤ ᠶᠠᠷᠢᠯᠴᠠᠬᠤ ᠬᠤᠷᠠᠯ ᠬᠢᠪᠡ᠃ ᠯᠢ ᠯᠢ᠂ ᠢᠦᠢ ᠬᠠᠢ ᠢᠦᠢ᠂ ᠰᠤ᠋ ᠵᠦᠩ ᠱᠧᠩ᠂ ᠯᠢᠦ ᠹᠧᠩ ᠶᠦᠨ᠂ ᠡᠷᠳᠡᠨᠢᠪᠢᠯᠢᠭ᠂ ᠰᠤ᠋ ᠼᠦᠢ ᠹᠠᠩ ᠵᠡᠷᠭᠡ ᠬᠤᠳᠠ ᠶᠢᠨ ᠤᠳᠤᠷᠢᠳᠤᠯᠭ᠎ᠠ ᠲᠢᠩᠬᠢᠮ ᠤᠨ ᠲᠡᠰ ᠤᠨ ᠠᠵᠢᠯ ᠠᠴᠠ ᠪᠠᠨ ᠠᠮᠠᠷᠠᠭᠰᠠᠨ ᠵᠠᠷᠢᠮ ᠺᠠᠳ᠋ᠷᠴᠤᠳ ᠲᠠᠢ ᠨᠢᠭᠡ ᠲᠠᠩᠬᠢᠮ ᠳᠤ ᠴᠤᠭᠯᠠᠷᠠᠵᠤ᠂ ᠴᠠᠭᠠᠨ ᠰᠠᠷ᠎ᠠ ᠶᠢ ᠬᠠᠮᠲᠤᠪᠠᠷ ᠤᠭᠲᠤᠵᠤ᠂ ᠬᠥᠭᠵᠢᠯᠲᠡ ᠶᠢ ᠬᠠᠮᠲᠤᠪᠠᠷ ᠡᠷᠢᠯᠬᠢᠯᠡᠪᠡ᠃      ᠬᠤᠷᠠᠯ ᠳᠡᠭᠡᠷ᠎ᠡ᠂ ᠢᠦᠢ ᠬᠠᠢ ᠢᠦᠢ 2024 ᠣᠨ ᠤ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠮᠡᠳᠡᠭᠳᠡᠪᠡ᠃ ᠰᠢᠦᠢ ᠸᠠᠨ ᠱᠠᠨ᠂ ᠵᠠᠩ ᠶᠤᠸᠠᠢ ᠴᠢᠩ ᠬᠤᠶᠠᠷ ᠠᠬᠠᠮᠠᠳ ᠺᠠᠳ᠋ᠷ ᠶᠠᠷᠢᠶ᠎ᠠ ᠲᠠᠯᠪᠢᠵᠤ᠂ ᠥᠩᠭᠡᠷᠡᠭᠰᠡᠨ ᠨᠢᠭᠡ ᠵᠢᠯ ᠤᠨ ᠪᠦᠬᠦ ᠬᠤᠳᠠ ᠶᠢᠨ ᠡᠯ᠎ᠡ ᠲᠥᠷᠥᠯ ᠤᠨ ᠠᠵᠢᠯ ᠦᠢᠯᠡᠰ ᠤᠨ ᠣᠯᠣᠭᠰᠠᠨ ᠠᠮᠵᠢᠯᠲᠠ ᠶᠢ ᠳᠡᠭᠡᠳᠦ ᠬᠡᠮᠵᠢᠶ᠎ᠡ ᠪᠠᠷ ᠦᠨᠡᠯᠡᠵᠦ᠂ ᠵᠣᠬᠢᠶᠠᠨ ᠪᠠᠶᠢᠭᠤᠯᠤᠯᠲᠠ ᠶᠢᠨ ᠬᠠᠯᠠᠮᠵᠢᠯᠠᠯ ᠳᠤ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠤ ᠬᠠᠮᠲᠤ ᠪᠣᠳᠠᠲᠠᠢ ᠰᠠᠨᠠᠭᠤᠯᠭ᠎ᠠ ᠳᠤᠷᠠᠳᠪᠠ᠃ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠤᠭᠰᠠᠨ ᠤ ᠲᠠᠷᠠᠭ᠎ᠠ᠂ ᠯᠢ ᠯᠢ ᠠᠬᠠᠮᠠᠳ ᠤᠳᠤᠷᠢᠳᠤᠯᠭ᠎ᠠ ᠨᠠᠷ ᠤᠨ ᠣᠷᠳᠣᠰ ᠤᠨ ᠬᠥᠭᠵᠢᠯᠲᠡ ᠶᠢ ᠤᠷᠳᠤ ᠬᠤᠭᠤᠴᠠᠭ᠎ᠠ ᠪᠠᠷ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ᠂ ᠠᠬᠠᠮᠠᠳ ᠤᠳᠤᠷᠢᠳᠤᠯᠭ᠎ᠠ ᠨᠠᠷ ᠤᠨ ᠳᠤᠷᠠᠳᠤᠭᠰᠠᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠤᠳᠤᠯᠵᠤ ᠬᠦᠯᠢᠶᠡᠨ ᠠᠪᠤᠨ᠎ᠠ ᠭᠡᠵᠤ ᠢᠯᠡᠳᠬᠡᠪᠡ᠃      ᠯᠢ ᠯᠢ᠂ ᠥᠩᠭᠡᠷᠡᠭᠰᠡᠨ ᠨᠢᠭᠡ ᠵᠢᠯ ᠳᠤ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ ᠨᠢᠭᠡᠨ ᠭᠤᠣᠯ ᠰᠢᠵᠢᠮ ᠢ ᠢᠮᠠᠭᠲᠠ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠠᠵᠤ ᠠᠬᠤᠢ ᠶᠢᠨ ᠤᠷᠤᠭᠤᠳᠠᠬᠤ ᠳᠠᠷᠤᠯᠲᠠ ᠶᠢ ᠪᠦᠲᠦᠮᠵᠢᠲᠡᠢ ᠠᠷᠭᠠᠴᠠᠭᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠲᠣᠭᠲᠠᠭᠤᠨ ᠤ ᠳᠤᠮᠳᠠ ᠰᠠᠶᠢᠵᠢᠷᠠᠬᠤ ᠬᠥᠭᠵᠢᠯᠲᠡ ᠶᠢᠨ ᠪᠠᠶᠢᠳᠠᠯ ᠢ ᠪᠠᠲᠤᠯᠠᠵᠤ᠂ ᠳᠤᠯᠠᠭᠠᠨ ᠬᠤᠳᠠ ᠶᠢᠨ ᠳᠦᠷᠢ ᠲᠥᠷᠬᠦ ᠶᠢ ᠬᠥᠮᠥᠰ ᠤᠨ ᠰᠡᠳᠬᠢᠯ ᠳᠤ ᠨᠡᠩ ᠬᠠᠳᠠᠩᠰᠢᠭᠤᠯᠤᠭᠰᠠᠨ ᠪᠠᠶᠢᠨ᠎ᠠ᠃ 2025 ᠣᠨ ᠳᠤ᠂ ᠪᠢᠳᠡ ︽ᠲᠠᠪᠤᠨ ᠶᠡᠭᠡ ᠡᠭᠦᠷᠭᠡ︾ ᠶᠢ ᠦᠷᠭᠦᠯᠵᠢᠯᠡᠨ ᠠᠬᠢᠭᠤᠯᠵᠤ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠯᠠᠪᠳᠠᠭᠤᠨ ᠪᠠᠲᠤᠲᠠᠢ ᠥᠷᠨᠢᠭᠦᠯᠦᠨ᠂ ᠠᠵᠤ ᠠᠬᠤᠢ ᠶᠢᠨ ᠨᠡᠮᠡᠭᠳᠡᠯ ᠢ ᠬᠦᠴᠦᠯᠡᠨ ᠲᠣᠭᠲᠠᠪᠤᠷᠢᠵᠢᠭᠤᠯᠵᠤ᠂ ᠬᠡᠯᠪᠡᠷᠢ ᠪᠠᠨ ᠬᠤᠪᠢᠷᠠᠭᠤᠯᠬᠤ ᠠᠯᠬᠤᠴᠠ ᠪᠠᠨ ᠲᠦᠷᠭᠡᠳᠬᠡᠨ᠂ ᠭᠦᠴᠦᠨ ᠵᠦᠢᠯ ᠤᠨ ᠬᠦᠯᠢᠶᠡᠰᠦᠯᠡᠯ ᠢ ᠡᠪᠳᠡᠵᠦ᠂ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠨ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠤᠨ᠎ᠠ᠃       ᠯᠢ ᠯᠢ᠂ ᠠᠬᠠᠮᠠᠳ ᠨᠥᠬᠦᠳ ᠣᠷᠳᠣᠰ ᠤᠨ ᠬᠥᠭᠵᠢᠯᠲᠡ ᠶᠢ ᠥᠩᠭᠡᠷᠡᠭᠰᠡᠨ ᠲᠠᠢ ᠪᠠᠨ ᠠᠳᠠᠯᠢ ᠪᠠᠷ ᠬᠠᠯᠠᠮᠵᠢᠯᠠᠨ ᠲᠡᠮᠵᠢᠵᠥ᠂ ᠡᠷᠬᠢᠮ ᠨᠠᠨᠳᠢᠨ ᠰᠠᠨᠠᠯ ᠢᠶᠠᠨ ᠢᠯᠡᠭᠦᠬᠡᠨ ᠳᠤᠷᠠᠳᠴᠤ᠂ ᠢᠳᠡᠪᠬᠢᠲᠡᠢ ᠪᠠᠷ ᠠᠷᠭ᠎ᠠ ᠤᠬᠠᠭᠠᠨ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ᠃ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠬᠠᠮᠠᠳ ᠺᠠᠳ᠋ᠷᠴᠤᠳ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠬᠠᠮᠠᠳ ᠺᠠᠳ᠋ᠷᠴᠤᠳ ᠤᠨ ᠥᠲᠡᠯᠬᠦ ᠠᠴᠠ ᠰᠤᠷᠤᠯᠴᠠᠬᠤ ᠶᠠᠭᠤᠮ᠎ᠠ ᠲᠠᠢ᠂ ᠥᠲᠡᠯᠬᠦ ᠠᠴᠠ ᠵᠣᠯ ᠵᠢᠷᠭᠠᠯ ᠲᠠᠢ᠂ ᠥᠲᠡᠯᠬᠦ ᠠᠴᠠ ᠵᠢᠳᠬᠦᠯ ᠴᠢᠷᠮᠠᠶᠢᠯᠭ᠎ᠠ ᠲᠠᠢ ᠪᠠᠶᠢᠬᠤ ᠳᠤ ᠨᠡᠩ ᠰᠠᠶᠢᠨ ᠨᠥᠬᠦᠴᠡᠯ ᠢ ᠪᠦᠷᠢᠯᠳᠦᠭᠦᠯᠵᠦ ᠥᠭᠭᠦᠨ᠎ᠡ ᠭᠡᠪᠡ᠃      ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ  ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠭᠤᠣ ᠸᠧᠨ ᠾᠧ ᠬᠤᠷᠠᠯ ᠢ ᠡᠷᠭᠢᠯᠡᠪᠡ᠃ 
图片2.png
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ