ᠴᠠᠭᠠᠨ ᠰᠠᠷ᠎ᠠ ᠶᠢᠨ ᠵᠥᠭᠡᠭᠡᠪᠦᠷᠢ ᠡᠬᠢᠯᠡᠪᠡ
ᠨᠡᠶᠢᠲᠡᠯᠡᠭᠰᠡᠨ ᠴᠠᠭ᠄
2025/1/15
     2025 ᠣᠨ ᠤ ᠴᠠᠭᠠᠨ ᠰᠠᠷ᠎ᠠ ᠶᠢᠨ ᠵᠦᠭᠡᠭᠡᠪᠦᠷᠢ 1 ᠰᠠᠷ᠎ᠠ ᠶᠢᠨ 14  ᠤ ᠡᠳᠤᠷ ᠠᠴᠠ ᠡᠬᠢᠯᠡᠵᠦ᠂ 2 ᠰᠠᠷ᠎ᠠ ᠶᠢᠨ 22 ᠤᠨ ᠡᠳᠤᠷ ᠳᠠᠭᠤᠰᠤᠨ᠎ᠠ᠃ ᠵᠠᠮ ᠬᠠᠷᠢᠯᠴᠠᠭᠠᠨ ᠤ ᠰᠠᠯᠠᠭ᠎ᠠ ᠮᠥᠴᠢᠷ ᠤᠨ ᠵᠢᠱᠢᠯᠲᠠ ᠪᠠᠷ ᠪᠥᠬᠦ ᠨᠡᠶᠢᠭᠡᠮ ᠤᠨ ᠣᠷᠣᠨ ᠪᠦᠰᠡ ᠠᠯᠤᠰᠯᠠᠭᠰᠠᠨ ᠬᠦᠮᠤᠰ ᠤᠨ ᠰᠢᠯᠵᠢᠯᠲᠡ ᠶᠢᠨ ᠬᠡᠮᠵᠢᠶ᠎ᠡ 90 ᠳ᠋ᠦᠩᠰᠢᠭᠤᠷ ᠬᠥᠮᠤᠨ ᠤᠳᠠᠭ᠎ᠠ ᠳᠤ ᠬᠦᠷᠴᠦ᠂ ᠲᠡᠤᠬᠡᠨ ᠰᠢᠨ᠎ᠡ ᠲᠡᠮᠳᠡᠭᠯᠡᠯ ᠢ ᠡᠭᠦᠳᠬᠦ ᠪᠣᠯᠣᠨ᠎ᠠ᠃     ᠮᠠᠨ ᠤ ᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠡᠨᠡ ᠵᠢᠯ ᠤᠨ ᠴᠠᠭᠠᠨ ᠰᠠᠷ᠎ᠠ ᠶᠢᠨ ᠵᠦᠭᠡᠭᠡᠪᠦᠷᠢ ᠶᠢᠨ ᠬᠤᠭᠤᠴᠠᠭᠠᠨ ᠳᠠᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠪᠤᠳᠠᠲᠤ ᠪᠠᠶᠢᠳᠠᠯ ᠲᠠᠢ ᠤᠶᠠᠯᠳᠤᠭᠤᠯᠵᠤ᠂ ᠪᠥᠬᠦ ᠴᠠᠭᠳᠠᠭ᠎ᠠ ᠣᠷᠤᠯᠴᠠᠨ᠎ᠠ᠃ ᠭᠤᠣᠯᠳᠠᠯᠭ᠎ᠠ ᠲᠠᠢ ᠵᠠᠮ᠂ ᠭᠤᠯᠳᠠᠯᠭ᠎ᠠ  ᠲᠠᠢ ᠲᠡᠭᠡᠭᠡᠪᠦᠷᠢ ᠶᠢᠨ ᠠᠵᠤ ᠠᠬᠤᠶᠢᠯᠠᠯ᠂ ᠭᠤᠣᠯᠳᠠᠯᠭ᠎ᠠ ᠲᠠᠢ ᠬᠠᠤᠯᠢ ᠠᠴᠠ ᠵᠦᠷᠢᠴᠩᠰᠠᠨ ᠦᠢᠯᠡ ᠠᠵᠢᠯᠯᠠᠭ᠎ᠠ ᠶᠢ ᠴᠢᠩᠭ᠎ᠠ ᠠᠩᠬᠠᠷᠴᠤ᠂ ᠭᠤᠣᠯᠳᠠᠯᠭ᠎ᠠ ᠲᠠᠢ ᠵᠠᠮ ᠤᠨ ᠬᠡᠰᠡᠭ ᠢ ᠲᠣᠭᠤᠷᠢᠨ ᠴᠠᠭᠳᠠᠵᠤ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠭᠤᠣᠯᠳᠠᠯᠭ᠎ᠠ ᠲᠠᠢ ᠲᠡᠬᠡᠭᠡᠪᠦᠷᠢ ᠶᠢᠨ ᠠᠵᠤ ᠠᠬᠤᠶᠢᠯᠡᠯ ᠤᠨ ᠬᠢᠨᠠᠯᠲᠠ ᠬᠠᠮᠢᠶᠡᠷᠤᠯᠲᠠ ᠶᠢ ᠪᠦᠬᠦ ᠲᠠᠯ᠎ᠠ ᠪᠠᠷ ᠪᠦᠷᠭᠦᠭᠦᠯᠵᠤ᠂ ᠭᠤᠣᠯᠳᠠᠯᠭ᠎ᠠ ᠲᠠᠢ ᠬᠡᠷᠡᠭ ᠡᠭᠦᠰᠬᠦ ᠳᠤ ᠠᠮᠠᠷᠬᠠᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠠᠨ ᠠᠵᠢᠯᠯᠠᠭ᠎ᠠ ᠳᠤ ᠴᠢᠩᠭ᠎ᠠ ᠴᠤᠬᠢᠯᠲᠠ ᠥᠭᠬᠦ ᠶᠢ ᠴᠢᠩᠭᠠᠳᠬᠠᠵᠤ᠂ ᠠᠷᠠᠳ ᠢᠷᠭᠡᠳ ᠤᠨ ᠠᠮᠤᠷ ᠲᠦᠪᠰᠢᠨ ᠢ ᠪᠠᠲᠤᠯᠠᠨ᠎ᠠ᠃
  
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ