ᠰᠢᠨᠬᠤᠸᠠ ᠬᠤᠷᠢᠶᠠᠨ ᠤ ᠪᠡᠭᠡᠵᠢᠩ 1 ᠳ᠋ᠦ᠋ᠭᠡᠷ ᠰᠠᠷ᠎ᠠ ᠶᠢᠨ 15 ᠤ ᠡᠳᠦᠷ ᠤᠨ ᠴᠠᠭᠢᠯᠭᠠᠨ ᠮᠡᠳᠡᠭᠡ ︵ᠰᠣᠷᠪᠤᠯᠵᠢᠯᠠᠬᠴᠢ ᠰᠢᠶᠧ ᠰᠢ ᠶᠣᠣ᠂ ᠲᠠᠩ ᠱᠢ ᠨᠢᠩ︶ | ᠬᠤᠳᠠᠯᠳᠤᠭᠠᠨ ᠤ ᠶᠠᠪᠤᠳᠠᠯ ᠤᠨ ᠶᠠᠮᠤᠨ ᠵᠡᠷᠭᠡ ᠰᠠᠯᠠᠭ᠎ᠠ ᠮᠥᠴᠢᠷ ᠤᠳ 15 ᠤ ᠡᠳᠦᠷ ᠬᠤᠶᠠᠷ ᠬᠤᠪᠢ ᠪᠢᠴᠢᠭ ᠮᠠᠲ᠋ᠧᠷᠢᠶᠠᠯ ᠨᠡᠶᠢᠲᠡᠯᠡᠵᠦ᠂ ᠭᠠᠷ ᠤᠲᠠᠰᠤ᠂ | ᠬᠠᠪᠲᠠᠰᠤᠨ ᠺᠣᠮᠫᠢᠦ᠋ᠲ᠋ᠧᠷ᠂ ᠣᠶᠤᠨᠴᠢ ᠭᠠᠷ ᠴᠠᠭ ︵ᠪᠠᠭᠤᠪᠴᠢ︶ ᠤᠨ ᠰᠢᠨ᠎ᠡ ᠶᠢ ᠬᠤᠳᠠᠯᠳᠤᠨ ᠠᠪᠬᠤ ᠶᠢᠨ ᠨᠡᠮᠡᠭᠦᠷᠢ ᠵᠢᠴᠢ 2025 ᠣᠨ ᠳᠠᠬᠢ ᠭᠡᠷ ᠤᠨ | ᠴᠠᠭᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠳᠤ ᠲᠣᠬᠢᠷᠠᠭᠤᠯᠤᠯᠲᠠ ᠬᠢᠵᠦ᠂ ᠪᠣᠳᠠᠲᠠᠢ ᠨᠡᠮᠡᠭᠦᠷᠢ ᠶᠢᠨ ᠳᠦᠷᠣᠯ ᠪᠠ ᠪᠠᠷᠢᠮᠵᠢᠶ᠎ᠠ ᠶᠢ | ᠲᠣᠳᠣᠷᠬᠠᠶᠢᠯᠠᠪᠠ᠃ ᠡᠭᠦᠨ ᠳᠤ᠂ ᠭᠠᠷ ᠤᠲᠠᠰᠤ ᠵᠡᠷᠭᠡ ᠳ᠋ᠢᠭᠢᠲ ᠦᠢᠯᠡᠳᠬᠦᠨ ᠬᠤᠳᠠᠯᠳᠤᠨ ᠠᠪᠬᠤ ᠪᠦᠷᠢ ᠳᠤ ᠬᠠᠮᠤᠭ ᠤᠨ ᠢᠯᠡᠭᠦᠦ ᠳᠤ ᠪᠠᠨ 500 | ᠲᠥᠭᠦᠷᠢᠭ ᠤᠨ ᠨᠡᠮᠡᠭᠦᠷᠢ ᠣᠯᠭᠤᠵᠤ᠂ 12 ᠲᠥᠷᠥᠯ ᠤᠨ ᠭᠡᠷ ᠤᠨ ᠴᠠᠬᠢᠯᠭᠠᠨ ᠬᠡᠷᠡᠭᠰᠡᠯ ᠤᠨ ᠦᠢᠯᠡᠳᠬᠦᠨ ᠬᠤᠳᠠᠯᠳᠤᠨ ᠠᠪᠬᠤ ᠳᠤ ᠵᠦᠢᠯ ᠪᠦᠷᠢ ᠳᠤ ᠬᠠᠮᠤᠭ ᠤᠨ | ᠢᠯᠡᠭᠦᠦ ᠳᠤ ᠪᠠᠨ 2000 ᠲᠥᠭᠦᠷᠢᠭ ᠤᠨ ᠨᠡᠮᠡᠭᠦᠷᠢ ᠣᠯᠭᠤᠨ᠎ᠠ᠃ | ᠭᠠᠷ ᠤᠲᠠᠰᠤ᠂ ᠬᠠᠪᠲᠠᠰᠤᠨ ᠺᠣᠮᠫᠢᠦ᠋ᠲ᠋ᠧᠷ᠂ ᠣᠶᠤᠨᠴᠢ ᠭᠠᠷ ᠴᠠᠭ ︵ᠪᠠᠭᠤᠪᠴᠢ︶ ᠤᠨ ᠰᠢᠨ᠎ᠡ ᠶᠢ ᠬᠤᠳᠠᠯᠳᠤᠨ ᠠᠪᠬᠤ ᠨᠡᠮᠡᠭᠦᠷᠢ ᠶᠢᠨ ᠬᠡᠷᠡᠭᠵᠢᠭᠦᠯᠬᠦ | ᠲᠥᠰᠥᠯ ᠳᠤ ᠲᠣᠳᠣᠷᠬᠠᠶᠢᠯᠠᠭᠰᠠᠨ ᠢᠶᠠᠷ᠂ ᠬᠤᠪᠢ ᠬᠥᠮᠥᠨ ᠤ ᠬᠡᠷᠡᠭᠯᠡᠭᠴᠢᠳ ᠲᠠᠩ ᠵᠦᠢᠯ ᠤᠨ ᠪᠣᠷᠤᠯᠠᠭᠤᠯᠭ᠎ᠠ ᠶᠢᠨ ᠦᠨ᠎ᠡ ᠨᠢ 6000 ᠲᠥᠭᠦᠷᠢᠭ ᠠᠴᠠ ᠬᠡᠲᠦᠷᠡᠬᠦ | ᠦᠭᠡᠢ ᠭᠠᠷ ᠤᠲᠠᠰᠤ᠂ ᠬᠠᠪᠲᠠᠰᠤᠨ ᠺᠣᠮᠫᠢᠦ᠋ᠲ᠋ᠧᠷ᠂ ᠣᠶᠤᠨᠴᠢ ᠭᠠᠷ ᠴᠠᠭ ︵ᠪᠠᠭᠤᠪᠴᠢ︶ ᠵᠡᠷᠭᠡ 3 ᠲᠥᠷᠥᠯ ᠤᠨ ᠳ᠋ᠢᠭᠢᠲ ᠦᠢᠯᠡᠳᠬᠦᠨ ᠬᠤᠳᠠᠯᠳᠤᠨ ᠠᠪᠬᠤ ᠳᠤ᠂ | ᠰᠢᠨ᠎ᠡ ᠶᠢ ᠬᠤᠳᠠᠯᠳᠤᠨ ᠠᠪᠬᠤ ᠨᠡᠮᠡᠭᠦᠷᠢ ᠭᠥᠷᠳᠡᠵᠦ ᠪᠣᠯᠣᠨ᠎ᠠ᠃ ᠬᠥᠮᠥᠨ ᠪᠦᠷᠢ ᠨᠢᠭᠡ ᠲᠥᠷᠥᠯ ᠠᠴᠠ 1 ᠵᠦᠢᠯ ᠤᠨ ᠨᠡᠮᠡᠭᠦᠷᠢ ᠣᠯᠵᠤ ᠪᠣᠯᠣᠨ᠎ᠠ᠂ ᠵᠦᠢᠯ | ᠪᠦᠷᠢ ᠶᠢᠨ ᠨᠡᠮᠡᠭᠦᠷᠢ ᠶᠢᠨ ᠬᠠᠷᠢᠴᠠᠯ ᠨᠢ ᠦᠢᠯᠡᠳᠪᠦᠷᠢᠯᠡᠬᠦ᠂ ᠭᠦᠢᠯᠭᠡᠭᠡᠯᠡᠬᠦ ᠭᠤᠭᠴᠤᠭ᠎ᠠ ᠵᠢᠴᠢ ᠰᠢᠯᠵᠢᠮᠡᠯ ᠬᠤᠯᠪᠣᠭ᠎ᠠ ᠶᠢᠨ ᠡᠵᠡᠩᠨᠡᠯᠲᠡ ᠶᠢᠨ ᠬᠤᠳᠠᠯᠳᠤᠭᠠᠴᠢᠨ ᠠᠴᠠ | ᠦᠵᠡᠭᠦᠯᠦᠭᠰᠡᠨ ᠬᠠᠷᠠᠭᠠᠯᠵᠠᠯ ᠵᠡᠷᠭᠡ ᠶᠢ ᠬᠠᠰᠤᠭᠰᠠᠨ ᠤ ᠳᠠᠷᠠᠭᠠᠬᠢ ᠡᠴᠦᠰ ᠤᠨ ᠪᠣᠷᠣᠯᠠᠭᠤᠯᠬᠤ ᠦᠨ᠎ᠡ ᠶᠢᠨ 15% ᠪᠠᠶᠢᠵᠤ᠂ ᠵᠦᠢᠯ ᠪᠦᠷᠢ ᠶᠢᠨ ᠨᠡᠮᠡᠭᠦᠷᠢ ᠨᠢ | ᠬᠠᠮᠤᠭ ᠤᠨ ᠢᠯᠡᠭᠦᠦ ᠳᠤ ᠪᠠᠨ 500 ᠲᠥᠭᠦᠷᠢᠭ ᠠᠴᠠ ᠬᠡᠲᠦᠷᠡᠵᠦ ᠪᠣᠯᠬᠤ ᠦᠭᠡᠢ᠃ ᠡᠯ᠎ᠡ ᠭᠠᠵᠠᠷ ᠤᠨ ᠬᠢᠨ ᠲᠣᠰ ᠲᠥᠰᠥᠯ ᠢ ᠨᠠᠷᠢᠯᠢᠭᠵᠢᠭᠤᠯᠤᠨ ᠬᠡᠷᠡᠭᠵᠢᠭᠦᠯᠬᠦ | ᠨᠠᠷᠢᠨ ᠳᠦᠷᠢᠮ ᠢ ᠦᠨᠳᠦᠰᠦᠯᠡᠨ᠂ 1 ᠳ᠋ᠦ᠋ᠭᠡᠷ ᠰᠠᠷ᠎ᠠ ᠶᠢᠨ 20 ᠤ ᠡᠳᠦᠷ ᠠᠴᠠ ᠡᠬᠢᠯᠡᠨ ᠪᠥᠬᠦ ᠤᠯᠤᠰ ᠲᠤ ᠬᠡᠷᠡᠭᠵᠢᠭᠦᠯᠦᠨ᠎ᠡ᠃ | 2025 ᠣᠨ ᠳᠠᠬᠢ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ ᠳᠤ | ᠲᠣᠳᠣᠷᠬᠠᠶᠢᠯᠠᠭᠰᠠᠨ ᠢᠶᠠᠷ᠂ ᠬᠤᠪᠢ ᠬᠥᠮᠥᠨ ᠤ ᠬᠡᠷᠡᠭᠯᠡᠭᠴᠢᠳ ᠲᠤ 2 ᠳ᠋ᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠡᠨᠧᠷᠭᠢ ᠠᠷᠪᠢᠯᠠᠬᠤ ᠦᠢᠯᠡᠳᠦᠯ ᠪᠤᠶᠤ ᠤᠰᠤ | ᠠᠷᠪᠢᠯᠠᠬᠤ ᠦᠢᠯᠡᠳᠦᠯ ᠲᠠᠢ ᠪᠠᠷᠢᠮᠵᠢᠶᠠᠲᠤ ᠬᠥᠯᠳᠡᠭᠡᠭᠦᠷ᠂ ᠬᠤᠪᠴᠠᠰᠤ ᠤᠬᠢᠶᠠᠬᠤ ᠮᠠᠰᠢᠨ᠂ ᠲᠧᠯᠸᠢᠰ᠂ ᠠᠭᠠᠷ ᠲᠣᠬᠢᠷᠠᠭᠤᠯᠤᠭᠴᠢ᠂ ᠺᠣᠮᠫᠢᠦ᠋ᠲ᠋ᠧᠷ᠂ ᠤᠰᠤ ᠬᠠᠯᠠᠭᠠᠭᠤᠷ᠂ | ᠭᠡᠷ ᠲᠤ ᠬᠡᠷᠡᠭᠯᠡᠬᠦ ᠵᠤᠤᠬ᠎ᠠ ᠶᠢᠨ ᠬᠡᠷᠡᠭᠰᠡᠯ᠂ ᠲᠣᠰᠣ ᠤᠲᠤᠭ᠎ᠠ ᠰᠣᠷᠣᠬᠤ ᠮᠠᠰᠢᠨ᠂ ᠤᠰᠤ ᠴᠡᠪᠡᠷᠰᠢᠭᠦᠯᠬᠦ ᠮᠠᠰᠢᠨ᠂ ᠠᠶᠠᠭ᠎ᠠ ᠤᠬᠢᠶᠠᠬᠤ ᠮᠠᠰᠢᠨ᠂ ᠪᠤᠳᠠᠭ᠎ᠠ ᠴᠢᠨᠠᠬᠤ | ᠴᠠᠬᠢᠯᠭᠠᠨ ᠲᠣᠭᠤᠭ᠎ᠠ᠂ ᠪᠢᠴᠢᠯ ᠳᠣᠯᠭᠢᠶᠠᠨᠲᠤ ᠵᠤᠤᠬ᠎ᠠ ᠵᠡᠷᠭᠡ 12 ᠲᠥᠷᠥᠯ ᠤᠨ ᠭᠡᠷ ᠤᠨ ᠴᠠᠬᠢᠯᠭᠠᠨ ᠬᠡᠷᠡᠭᠰᠡᠯ ᠤᠨ ᠦᠢᠯᠡᠳᠬᠦᠨ ᠬᠤᠳᠠᠯᠳᠤᠨ ᠠᠪᠬᠤ ᠳᠤ | ᠨᠡᠮᠡᠭᠦᠷᠢ ᠣᠯᠭᠤᠨ᠎ᠠ᠃ ᠨᠡᠮᠡᠭᠦᠷᠢᠯᠡᠬᠦ ᠪᠠᠷᠢᠮᠵᠢᠶ᠎ᠠ ᠨᠢ ᠳᠡᠭᠡᠷ᠎ᠡ ᠳᠤᠷᠠᠳᠤᠭᠰᠠᠨ ᠦᠢᠯᠡᠳᠬᠦᠨ ᠤ ᠡᠴᠦᠰ ᠤᠨ ᠪᠣᠷᠣᠯᠠᠭᠤᠯᠬᠤ ᠦᠨ᠎ᠡ ᠶᠢᠨ 15% ᠪᠠᠶᠢᠵᠤ᠂ ᠡᠭᠦᠨ ᠳᠤ | 1 ᠳ᠋ᠦ᠋ᠭᠡᠷ ᠳᠡᠰ ᠵᠢᠴᠢ ᠲᠡᠭᠦᠨ ᠠᠴᠠ ᠳᠡᠭᠡᠭᠰᠢᠬᠢ ᠡᠨᠧᠷᠭᠢ ᠠᠷᠪᠢᠯᠠᠬᠤ ᠦᠢᠯᠡᠳᠦᠯ ᠪᠤᠶᠤ ᠤᠰᠤ ᠠᠷᠪᠢᠯᠠᠬᠤ ᠦᠢᠯᠡᠳᠦᠯ ᠲᠠᠢ ᠪᠠᠷᠢᠮᠵᠢᠶᠠᠲᠤ ᠦᠢᠯᠡᠳᠬᠦᠨ | ᠬᠤᠳᠠᠯᠳᠤᠨ ᠠᠪᠤᠭᠰᠠᠨ ᠳᠤ ᠨᠢ ᠦᠢᠯᠡᠳᠬᠦᠨ ᠤ ᠡᠴᠦᠰ ᠤᠨ ᠪᠣᠷᠣᠯᠠᠭᠤᠯᠬᠤ ᠦᠨ᠎ᠡ ᠶᠢᠨ 5% ᠪᠠᠷ ᠳᠠᠬᠢᠵᠤ ᠨᠡᠮᠡᠭᠦᠷᠢ ᠣᠯᠭᠤᠨ᠎ᠠ᠃ ᠬᠡᠷᠡᠭᠯᠡᠭᠴᠢᠳ ᠪᠦᠷᠢ ᠨᠢᠭᠡ | ᠲᠥᠷᠥᠯ ᠤᠨ ᠦᠢᠯᠡᠳᠬᠦᠨ ᠠᠴᠠ 1 ᠵᠦᠢᠯ ︵ᠠᠭᠠᠷ ᠲᠣᠬᠢᠷᠠᠭᠤᠯᠤᠭᠴᠢ ᠶᠢᠨ ᠦᠢᠯᠡᠳᠬᠦᠨ ᠳᠤ ᠬᠠᠮᠤᠭ ᠤᠨ ᠢᠯᠡᠭᠦᠦ ᠳᠤ ᠪᠠᠨ 3 ᠵᠦᠢᠯ ᠳᠤ ᠨᠡᠮᠡᠭᠦᠷᠢ ᠣᠯᠭᠤᠵᠤ | ᠪᠣᠯᠣᠨ᠎ᠠ︶ ᠤᠨ ᠨᠡᠮᠡᠭᠦᠷᠢ ᠣᠯᠵᠤ ᠪᠣᠯᠣᠨ᠎ᠠ᠂ ᠵᠦᠢᠯ ᠪᠦᠷᠢ ᠶᠢᠨ ᠨᠡᠮᠡᠭᠦᠷᠢ ᠨᠢ 2000 ᠲᠥᠭᠦᠷᠢᠭ ᠠᠴᠠ ᠬᠡᠲᠦᠷᠡᠭᠦᠯᠬᠦ ᠦᠭᠡᠢ᠃ ᠡᠯ᠎ᠡ ᠭᠠᠵᠠᠷ ᠤᠨ ᠬᠢᠨ ᠳᠡᠭᠡᠷ᠎ᠡ | ᠳᠤᠷᠠᠳᠤᠭᠰᠠᠨ 12 ᠲᠥᠷᠥᠯ ᠤᠨ ᠭᠡᠷ ᠤᠨ ᠴᠠᠬᠢᠯᠭᠠᠨ ᠬᠡᠷᠡᠭᠰᠡᠯ ᠤᠨ ᠦᠢᠯᠡᠳᠬᠦᠨ ᠤ ᠪᠣᠳᠠᠲᠠᠢ ᠵᠦᠢᠯᠡᠰ ᠢᠶᠠᠨ ᠥᠪᠡᠰᠦᠪᠡᠨ ᠡᠵᠡᠨ ᠮᠡᠳᠡᠨ ᠲᠣᠭᠲᠠᠭᠠᠨ᠎ᠠ᠃ | | | |