2025ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2025/1/21
    - 2025 ᠣᠨ ᠤ 1 ᠰᠠᠷ᠎ᠠ ᠶᠢᠨ 20᠎ ᠤ ᠡᠳᠦᠷ ᠣᠷᠳᠣᠰ ᠬᠤᠲᠠ ᠶᠢᠨ  ᠲᠠᠪᠤᠳᠤᠭᠠᠷ ᠬᠤᠭᠤᠴᠠᠭᠠᠨ ᠤ     ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠬᠡᠷ ᠤᠳᠠᠭᠠᠨ ᠤ ᠬᠤᠷᠠᠯᠳᠤᠭᠠᠨ ᠳᠡᠭᠡᠷ᠎ᠡ    ᠣᠷᠳᠣᠰ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠬᠤᠳᠠ ᠶᠢᠨ ᠣᠷᠣᠯᠠᠭᠴᠢ ᠳᠠᠷᠤᠭ᠎ᠠ    ᠢᠦᠢ ᠬᠠᠢ ᠢᠦᠢᠲᠥᠯᠥᠭᠡᠯᠡᠭᠴᠢᠳ ᠠ᠋᠄      ᠤᠳᠤ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠢ ᠲᠦᠯᠦᠬᠡᠯᠡᠨ ᠶᠡᠭᠡ ᠬᠤᠷᠠᠯ ᠳᠤ ᠠᠵᠢᠯ ᠤᠨ ᠢᠯᠡᠳᠭᠡᠯ ᠬᠢᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠪᠤᠰᠤᠳ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃      ᠨᠢᠭᠡ᠂ 2024 ᠣᠨ ᠤ ᠠᠵᠢᠯ ᠤᠨ ᠳ᠋ᠦᠩᠨᠡᠯᠲᠡ      2024 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠵᠢᠯ ᠪᠣᠯᠤᠨ᠎ᠠ᠃ ᠨᠢᠭᠡ ᠵᠢᠯ ᠤᠨ ᠲᠤᠷᠰᠢ᠂ ᠬᠤᠲᠠ ᠶᠢᠨ ᠨᠠᠮ ᠤᠨ ᠬᠤᠷᠢᠶᠠᠨ ᠤ ᠳᠠᠭᠠᠭᠤᠯᠭ᠎ᠠ ᠳᠣᠣᠷ᠎ᠠ᠂ ᠪᠦᠬᠦ ᠬᠤᠲᠠ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ  ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠠᠵᠢᠯ ᠤᠨ ᠭᠤᠣᠯ ᠰᠢᠵᠢᠮ ᠢ ᠴᠢᠩᠭ᠎ᠠ ᠡᠵᠡᠮᠳᠡᠵᠤ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾᠎ ᠢ ᠯᠠᠪᠳᠠᠭᠤᠨ ᠪᠠᠲᠤᠲᠠᠢ ᠠᠬᠢᠭᠤᠯᠵᠤ᠂ ︽ᠭᠤᠷᠪᠠᠨ ᠳᠥᠷᠪᠡ︾᠎ ᠶᠢᠨ ᠠᠵᠢᠯ ᠤᠨ ᠡᠭᠦᠷᠭᠡ ᠶᠢ ᠦᠷᠭᠦᠯᠵᠢᠯᠡᠨ ᠰᠠᠶᠢᠲᠤᠷ ᠠᠳᠬᠤᠵᠤ᠂ ᠪᠦᠬᠦ ᠵᠢᠯ ᠤᠨ ᠬᠠᠷᠠᠯᠲᠠ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠡᠬᠦᠳᠪᠡ᠃      ᠨᠢᠭᠡ ᠳᠤ ᠠᠵᠤ ᠠᠬᠤᠢ ᠶᠢᠨ ᠪᠣᠳᠠᠲᠤ ᠬᠦᠴᠦᠨ ᠳᠠᠬᠢᠨᠲᠠ ᠰᠢᠨ᠎ᠡ ᠥᠨᠳᠥᠷ ᠲᠦᠪᠰᠢᠨ ᠳᠤ ᠬᠦᠷᠪᠡ᠃ ᠵᠢᠱᠢᠯᠲᠡ ᠪᠠᠷ ᠪᠦᠬᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 6.4%᠎ ᠪᠠᠷ ᠨᠡᠮᠡᠭᠳᠡᠵᠦ᠂ 6300 ᠳ᠋ᠦᠩᠰᠢᠭᠤᠷ ᠲᠥᠭᠦᠷᠢᠭ ᠢ ᠳᠠᠪᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠦᠪᠵᠢᠭᠦᠯᠭᠡ ᠶᠢᠨ ᠬᠤᠭᠤᠴᠠᠭᠠᠨ ᠠᠴᠠ ᠨᠠᠰᠢᠬᠢ ᠭᠤᠷᠪᠠᠳᠠᠭᠢ ᠤᠳᠠᠭᠠᠨ ᠤ ᠮᠢᠩᠭᠠᠨ ᠳ᠋ᠦᠩᠰᠢᠭᠤᠷ ᠳᠡᠰ ᠤᠨ ᠳᠠᠪᠠᠯᠲᠠ ᠶᠢ ᠪᠡᠶᠡᠯᠡᠬᠦᠯᠪᠡ᠃ ᠭᠤᠷᠪᠠᠨ ᠠᠵᠤ ᠦᠢᠯᠡᠰ ᠤᠨ ᠴᠢᠨᠠᠷᠵᠢᠯ ᠦᠷ᠎ᠡ ᠠᠰᠢᠭ ᠳᠡᠭᠡᠭᠰᠢᠯᠡᠵᠦ᠂ ᠨᠢᠭᠡᠳᠦᠭᠡᠷ ᠠᠵᠤ ᠦᠢᠯᠡᠰ  5%᠎ ᠪᠠᠷ ᠨᠡᠮᠡᠭᠳᠡᠵᠦ᠂ ᠠᠮᠤ ᠪᠤᠳᠠᠭᠠᠨ ᠤ ᠮᠦ ᠳᠤᠮᠳᠠᠴᠢ ᠶᠢᠨ ᠨᠢᠭᠡᠴᠢ ᠤᠨᠠᠯᠲᠠ 3.4%᠎ ᠪᠠᠷ ᠨᠡᠮᠡᠭᠳᠡᠵᠦ᠂ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ 1.1 ᠵᠠᠭᠤᠨ ᠤ ᠨᠢᠭᠡᠴᠢ ᠥᠨᠳᠥᠷ ᠪᠣᠯᠪᠠ︔ ᠬᠤᠶᠠᠳᠤᠭᠠᠷ ᠠᠵᠤ ᠦᠢᠯᠡᠰ 7.5%᠎ ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠦᠢᠯᠡᠳᠬᠦ ᠦᠢᠯᠡᠰ ᠤᠨ ᠨᠡᠮᠡᠭᠳᠡᠯ ᠥᠷᠲᠡᠭ 16.4%᠎ ᠪᠠᠷ ᠨᠡᠮᠡᠭᠳᠡᠵᠦ᠂ 4 ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠥᠪᠡᠷᠲᠡᠭᠡᠨ ᠵᠠᠰᠠᠬᠤ ᠣᠷᠣᠨ ᠤ ᠥᠨᠳᠥᠷ ᠬᠢᠷᠢ ᠲᠦᠪᠰᠢᠨ ᠪᠦᠬᠦᠢ ᠬᠦᠷᠢᠶᠡᠯᠡᠩ ᠲᠣᠭᠤᠷᠢᠭ ᠲᠤ ᠰᠣᠩᠭᠤᠭᠳᠠᠪᠠ︔ ᠭᠤᠷᠪᠠᠳᠤᠭᠠᠷ ᠠᠵᠤ ᠦᠢᠯᠡᠰ 4%᠎ ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠠᠰᠢᠭ ᠣᠯᠵᠠᠪᠤᠷᠢ 22.1%᠎ ᠪᠠᠷ ᠨᠡᠮᠡᠭᠳᠡᠪᠡ᠃ ᠭᠤᠷᠪᠠᠨ ᠲᠠᠯ᠎ᠠ ᠶᠢᠨ ᠬᠥᠳᠡᠯᠭᠡᠭᠴᠢ ᠡᠨᠧᠷᠭᠢ ᠴᠢᠩᠭᠠᠷᠠᠵᠤ᠂ 426 ᠴᠢᠬᠤᠯᠠ ᠶᠡᠭᠡ ᠲᠦᠷᠦᠯ ᠵᠦᠢᠯ ᠢ ᠬᠡᠷᠡᠭᠵᠢᠭᠦᠯᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠰᠠᠭᠤᠷᠢ ᠮᠥᠩᠭᠦ ᠶᠢ ᠪᠠᠶᠢᠭᠤᠯᠵᠤ᠂ ᠠᠷᠠᠯᠵᠢᠶᠠᠴᠢᠨ ᠤᠷᠢᠵᠤ ᠪᠡᠯᠡ ᠣᠷᠤᠭᠤᠯᠵᠤ ᠪᠣᠳᠠᠲᠠᠶᠢᠵᠢᠭᠤᠯᠤᠭᠰᠠᠨ ᠪᠡᠯᠡ ᠮᠥᠩᠭᠦ 951 ᠳ᠋ᠦᠩᠰᠢᠭᠤᠷ ᠲᠥᠭᠦᠷᠢᠭ ᠲᠤ ᠬᠦᠷᠴᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 23.3%᠎ ᠪᠠᠷ ᠨᠡᠮᠡᠭᠳᠡᠵᠦ᠂ 48 ᠰᠠᠷ᠎ᠠ ᠳᠠᠷᠠᠭᠠᠯᠠᠨ ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠢ ᠪᠠᠲᠤᠯᠠᠪᠠ︔ ᠬᠠᠭᠤᠴᠢᠨ ᠢᠶᠠᠷ ᠰᠢᠨ᠎ᠡ ᠶᠢ ᠰᠣᠯᠢᠬᠤ ᠵᠡᠷᠭᠡ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠵᠦ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠴᠢᠮᠡᠭᠡ ᠨᠡᠪᠲᠡᠷᠡᠯᠭᠡ ᠶᠢᠨ ᠪᠠᠭᠠᠵᠢ ᠬᠡᠷᠡᠭᠰᠡᠯ ᠤᠨ ᠲᠥᠷᠥᠯ ᠤᠨ ᠲᠠᠸᠠᠷ ᠤᠨ ᠪᠣᠷᠣᠯᠠᠭᠤᠯᠤᠯᠲᠠ ᠶᠢᠨ ᠬᠡᠮᠵᠢᠶ᠎ᠡ ᠲᠣᠰ ᠲᠣᠰ 111.6% ᠪᠠ 155.4%᠎ ᠪᠠᠷ ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠬᠡᠮᠵᠢᠶ᠎ᠡ 7.8%᠎ ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠤ ᠲᠡᠷᠢᠭᠦᠨ ᠳᠤ ᠣᠷᠣᠪᠠ︔ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡᠨ ᠤ ᠲᠠᠪᠴᠠᠩ ᠤᠨ ᠺᠣᠮᠫᠠᠨᠢ ᠶᠢ ᠵᠣᠬᠢᠶᠠᠨ ᠪᠠᠶᠢᠭᠤᠯᠵᠤ᠂ ᠭᠠᠳᠠᠭᠠᠳᠤ ᠠᠷᠠᠯᠵᠢᠶ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠢ ᠬᠡᠮᠵᠢᠶ᠎ᠡ 113.8 ᠳ᠋ᠦᠩᠰᠢᠭᠤᠷ ᠲᠥᠭᠦᠷᠢᠭ ᠳᠤ ᠬᠦᠷᠴᠦ᠂ ᠮᠠᠰᠢᠨ ᠲᠡᠷᠭᠡ᠂ ᠯᠢᠲ᠋ᠢ ᠴᠠᠬᠢᠯᠭᠠᠨ ᠴᠡᠨᠡᠭ ᠤᠨ ᠭᠠᠳᠠᠭᠠᠳᠤ ᠳᠤ ᠭᠠᠷᠭᠠᠬᠤ ᠬᠡᠮᠵᠢᠶ᠎ᠡ ᠲᠣᠰ ᠲᠣᠰ 124%᠂ 105%᠎ ᠪᠠᠷ  ᠨᠡᠮᠡᠭᠳᠡᠵᠦ᠂ ᠪᠣᠳᠠᠲᠠᠢ ᠠᠰᠢᠭᠯᠠᠭᠰᠠᠨ ᠭᠠᠳᠠᠭᠠᠳᠤ ᠪᠡᠯᠡ ᠪᠥᠬᠦ ᠣᠷᠣᠨ ᠤ ᠲᠡᠷᠢᠬᠦᠨ ᠳᠤ ᠣᠷᠤᠪᠠ᠃      ᠬᠤᠶᠠᠷ ᠲᠤ ︽ᠵᠢᠷᠭᠤᠭᠠᠨ ᠢᠨᠵᠧᠨᠧᠷᠢᠩ︾ ᠢᠯᠡᠳᠲᠡ ᠦᠷ᠎ᠡ ᠪᠦᠲᠦᠮᠵᠢ ᠣᠯᠪᠠ᠃ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠬᠦᠴᠦᠲᠡᠢ ᠠᠳᠬᠤᠵᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠡᠮᠵᠢᠬᠦ ︽ᠰᠠᠨᠠᠯ︾᠎ ᠢ ᠲᠤᠭᠤᠰᠢᠯᠠᠭᠤᠯᠵᠤ 127 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠡᠮᠬᠢ ᠵᠢᠷᠤᠮ ᠲᠠᠢ ᠠᠬᠢᠭᠤᠯᠵᠤ᠂ ︽ᠴᠢᠬᠤᠯᠠ ᠶᠡᠭᠡ ᠲᠥᠷᠥᠯ ᠵᠦᠢᠯ ᠤᠨ ᠲᠣᠲᠣᠷᠬᠠᠢ ᠬᠠᠭᠤᠳᠠᠰᠤ︾᠎ ᠶᠢ ᠢᠵᠢ ᠪᠦᠷᠢᠳᠦᠭᠦᠯᠬᠦ ᠳᠤ ᠬᠤᠯᠪᠣᠭᠳᠠᠭᠰᠠᠨ 23 ᠲᠥᠷᠥᠯ ᠵᠦᠢᠯ ᠤᠨ 16᠎ ᠶᠢ ᠨᠢ ᠠᠵᠢᠯ ᠡᠬᠢᠯᠡᠭᠦᠯᠵᠦ᠂ 628 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠳᠡᠭᠡᠳᠦ ᠱᠠᠲᠤᠨ ᠤ 248.5 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠴᠢᠷᠮᠠᠶᠢᠨ ᠤᠯᠪᠠ᠃  ᠡᠯᠡᠰᠦᠷᠬᠡᠭᠵᠢᠯ ᠶᠢ  ᠰᠡᠷᠬᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠬᠦᠴᠦᠲᠡᠢ ᠠᠳᠬᠤᠵᠤ᠂ ᠬᠥᠪᠴᠢ ᠶᠢᠨ ᠡᠯᠡᠰᠦᠨ ᠤ ︽ᠭᠡᠷᠡᠯᠴᠢ ᠴᠡᠨᠡᠭ ᠤᠨ ᠣᠷᠳᠣ ᠴᠠᠭᠠᠨ ᠬᠡᠷᠡᠮ︾᠎ ᠢ ᠪᠠᠶᠢᠭᠤᠯᠵᠤ᠂ ᠮᠤᠤᠠᠤᠰᠤ ᠶᠢᠨ ᠡᠯᠡᠰᠦᠷᠬᠡᠭ ᠭᠠᠵᠠᠷ ᠤᠨ ︽ᠨᠢᠭᠡ ᠬᠤᠩᠭᠢᠯ ᠣᠯᠠᠨ ᠴᠡᠭ︾᠎ ᠤᠨ ᠪᠡᠯᠭᠡ ᠲᠡᠮᠳᠡᠭ ᠤᠨ ᠴᠢᠨᠠᠷᠲᠠᠢ ᠲᠥᠷᠥᠯ ᠵᠦᠢᠯ ᠢ ᠡᠬᠦᠳᠴᠦ᠂ 310 ᠲᠦᠮᠡᠨ ᠺᠢᠯᠣᠸᠠᠲ ᠤᠨ ᠨᠢᠭᠡ ᠴᠣᠭᠴᠠᠵᠢᠭᠤᠯᠬᠤ ᠢᠨᠵᠧᠨᠧᠷᠢᠩ ᠤᠨ ᠲᠥᠷᠥᠯ ᠵᠦᠢᠯ ᠢ ᠪᠦᠬᠦᠨ ᠢ ᠠᠵᠢᠯ ᠡᠬᠢᠯᠡᠬᠦᠯᠪᠡ᠃ ᠲᠤᠯᠠᠭᠠᠯᠠᠭ᠎ᠠ ᠶᠢᠨ ᠢᠨᠵᠧᠨᠧᠷᠢᠩ ᠢ ᠬᠦᠴᠦᠲᠡᠢ ᠠᠳᠬᠤᠵᠤ᠂ ᠤᠰᠤ ᠴᠠᠬᠢᠯᠭᠠᠨ ᠬᠡᠢ ᠳᠤᠯᠠᠭᠠᠯᠠᠭ᠎ᠠ ᠶᠢᠨ 105 ᠲᠥᠷᠥᠯ ᠵᠦᠢᠯ ᠢ ᠥᠷᠭᠡᠳᠬᠡᠨ ᠬᠡᠷᠡᠭᠵᠢᠭᠦᠯᠵᠦ᠂ 1500 ᠭᠠᠷᠤᠢ ᠺᠢᠯᠣᠮᠧᠲᠷ ᠤᠨ ᠬᠤᠭᠤᠯᠠᠢ ᠶᠢᠨ ᠲᠣᠣᠷ᠂ 1600 ᠭᠠᠷᠤᠢ ᠺᠢᠯᠣᠮᠧᠲᠷ ᠤᠨ ᠴᠠᠬᠢᠯᠭᠠᠨ ᠬᠦᠴᠦᠨ ᠤ ᠵᠠᠮ ᠱᠤᠭᠤᠮ ᠢ ᠰᠢᠨ᠎ᠡ ᠪᠠᠷ ᠪᠤᠶᠤ ᠦᠭᠡᠷᠡᠴᠢᠯᠡᠨ ᠪᠠᠶᠢᠭᠤᠯᠵᠤ᠂ ᠬᠠᠳᠤᠨ ᠭᠤᠣᠯ ᠤᠨ ᠤᠰᠤ ᠶᠢ ᠲᠠᠲᠠᠵᠤ ᠤᠰᠤ ᠬᠠᠩᠭᠠᠬᠤ ᠢᠨᠵᠧᠨᠧᠷᠢᠩ ᠢ ᠪᠠᠶᠢᠭᠤᠯᠵᠤ᠂ ᠤᠯᠠᠨ ᠲᠦᠮᠡᠨ ᠤ ᠲᠤᠰᠬᠠᠭᠰᠠᠨ ᠢᠯᠴᠢ ᠬᠠᠩᠭᠠᠬᠤ ᠪᠠᠲᠤᠯᠠᠭ᠎ᠠ ᠬᠦᠷᠦᠯᠴᠡᠬᠦ ᠦᠭᠡᠢ ᠪᠠᠶᠢᠬᠤ ᠪᠠ ᠳ᠋ᠦᠩᠱᠧᠩ ᠲᠣᠭᠤᠷᠢᠭ ᠤᠨ 20 ᠭᠠᠷᠤᠢ ᠵᠢᠯ ᠤᠨ ᠤᠰᠤ ᠳᠤᠲᠠᠭᠳᠠᠵᠤ ᠪᠠᠶᠢᠬᠤ ᠵᠡᠷᠭᠡ ᠠᠰᠠᠭᠤᠳᠠᠯ ᠢ ᠪᠦᠲᠦᠮᠵᠢᠲᠡᠶ ᠪᠠᠷ ᠰᠢᠢᠳᠪᠦᠷᠢᠯᠡᠪᠡ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠴᠢᠩᠭ᠎ᠠ ᠠᠳᠬᠤᠵᠤ᠂ ᠤᠯᠤᠰ ᠤᠨ ᠬᠤᠲᠠ ᠶᠢᠨ ᠢᠲᠡᠭᠡᠮᠵᠢ ᠶᠢᠨ ᠬᠢᠨᠠᠨ ᠪᠠᠶᠢᠴᠠᠭᠠᠯᠲᠠ ᠶᠢᠨ ᠨᠡᠷᠡᠰ ᠤᠨ ᠵᠢᠭᠰᠠᠭᠠᠯᠲᠠ ᠳᠤ ᠣᠷᠤᠨ ᠲᠡᠪᠰᠢᠬᠡᠳ ᠪᠥᠬᠦ ᠤᠯᠤᠰ ᠲᠤ ᠪᠠᠨ 23 ᠳ᠋ᠤᠭᠠᠷ ᠲᠤ᠂ ᠪᠥᠬᠦ ᠣᠷᠣᠨ ᠳᠤ ᠪᠠᠨ 1 ᠳ᠋ᠤᠭᠡᠷ ᠲᠤ ᠣᠷᠤᠪᠠ᠃ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠴᠢᠩᠭ᠎ᠠ ᠠᠳᠬᠤᠵᠤ᠂ ᠤᠰᠤᠲᠥ᠋ᠷᠥᠭᠴᠢ ᠡᠨᠧᠷᠭᠢ ᠶᠢᠨ ᠬᠦᠷᠢᠶ᠎ᠡ ᠴᠠᠷᠠᠭ᠎ᠠ ᠶᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠭᠤᠣᠯᠳᠠᠯᠭᠠᠲᠤ ᠴᠡᠭ ᠲᠤ ᠣᠷᠣᠭᠤᠯᠵᠤ᠂ ᠳᠡᠯᠡᠬᠡᠢ ᠶᠢᠨ ᠠᠩᠬᠠᠨ ᠤ ᠡᠬᠦᠳᠦᠯᠲᠡ ᠪᠤᠯᠠᠬᠤ ᠨᠡᠭᠦᠷᠡᠰᠦ ᠤᠰᠤᠲᠥ᠋ᠷᠥᠭᠴᠢ ᠶᠢ ᠬᠡᠶᠢᠵᠢᠭᠦᠯᠬᠦ᠂ ᠪᠣᠬᠢᠷᠲᠤᠯ ᠦᠭᠡᠢ ᠠᠭᠠᠷ ᠤᠨ ᠠᠶᠠᠯᠠᠯ ᠤᠨ ᠲᠣᠰᠣ᠂ ᠪᠤᠬᠢᠷᠳᠤᠯ ᠦᠬᠡᠢ ᠮᠧᠲ᠋ᠢᠯ ᠠᠯᠺᠦᠦᠯ᠂ ᠨᠡᠭᠦᠷᠡᠰᠦᠲᠥ᠋ᠷᠥᠭᠴᠢ ᠴᠠᠬᠢᠭᠤᠷ ᠤᠨ ᠪᠢᠯᠢᠭ ᠲᠤᠶᠢᠯ ᠤᠨ ᠮᠠᠲ᠋ᠧᠷᠢᠶᠠᠯ᠂ ᠠᠵᠤ ᠦᠢᠯᠡᠳᠪᠦᠷᠢ ᠶᠢᠨ ᠢᠯᠴᠢ ᠪᠠᠷ ᠡᠨᠧᠷᠭᠢ ᠬᠠᠳᠠᠭᠠᠯᠠᠬᠤ ᠵᠡᠷᠭᠡ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠨᠢ ︽ᠲᠤᠷᠰᠢᠯᠲᠠ ᠶᠢᠨ ᠲᠠᠰᠤᠭ︾᠎ ᠠᠴᠠ ︽ᠦᠢᠯᠡᠳᠪᠦᠷᠢᠯᠡᠯ ᠤᠨ ᠱᠤᠭᠤᠮ ︾ ᠲᠡᠰᠢ ᠰᠢᠯᠵᠢᠪᠡ᠃ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠬᠦᠴᠦᠲᠡᠢ ᠠᠳᠬᠤᠵᠤ᠂ ᠳᠦᠷᠢᠮ ᠤᠨ ᠰᠢᠨ᠎ᠡ ᠶᠢ ᠡᠭᠦᠳᠦᠭᠰᠡᠨ 178 ᠵᠦᠢᠯ ᠤᠨ ᠦᠷ᠎ᠡ ᠪᠦᠲᠦᠭᠡᠯ ᠢ ᠲᠠᠭᠤᠷᠢᠶᠠᠨ ᠳᠡᠯᠭᠡᠷᠡᠭᠦᠯᠪᠡ᠃      ᠭᠤᠷᠪᠠ ᠳᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠪᠴᠢᠯᠡᠨ ᠠᠬᠢᠭᠤᠯᠪᠠ ᠃ ᠤᠯᠠᠮᠵᠢᠯᠠᠯᠲᠤ ᠠᠵᠤ ᠦᠢᠯᠡᠰ ᠢ ᠪᠣᠬᠢᠷᠲᠤᠯ ᠦᠬᠡᠶᠢᠵᠢᠬᠦᠯᠦᠨ᠂ ᠲᠤᠭᠠᠵᠢᠭᠤᠯᠤᠨ ᠦᠬᠡᠷᠡᠴᠢᠯᠡᠬᠦ ᠶᠢ ᠴᠢᠩᠭᠠᠳᠬᠠᠵᠤ᠂ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠥᠭᠡᠷᠡᠴᠢᠯᠡᠯᠲᠡ ᠶᠢ 195 ᠲᠦᠮᠡᠨ ᠺᠢᠯᠣᠸᠠᠲ ᠪᠡᠶᠡᠯᠡᠭᠦᠯᠵᠦ᠂ ᠤᠯᠤᠰ ᠤᠨ ᠲᠠᠰ ᠤᠨ ᠪᠣᠬᠢᠷᠲᠤᠯ ᠦᠭᠡᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ 2᠂ ᠪᠣᠬᠢᠷᠲᠤᠯ ᠦᠭᠡᠢ ᠦᠢᠯᠡᠳᠪᠦᠷᠢ ᠶᠢ 1 ᠰᠢᠨ᠎ᠡ ᠪᠠᠷ  ᠪᠠᠶᠢᠭᠤᠯᠤᠨ ᠪᠦᠲᠦᠬᠡᠵᠤ᠂ ᠥᠪᠥᠷ ᠮᠣᠩᠭᠤᠯ ᠤᠨ ᠨᠡᠭᠦᠷᠡᠰᠦᠨ ᠤ ᠠᠷᠠᠯᠵᠢᠶ᠎ᠠ ᠶᠢᠨ ᠲᠥᠪ ᠢ ᠰᠦᠯᠵᠢᠶᠡᠨ ᠳᠤ ᠭᠠᠷᠭᠠᠵᠤ᠂ ᠤᠶᠤᠨᠴᠢ ᠡᠨᠧᠷᠭᠢ ᠶᠢᠨ ᠦᠢᠯᠡᠴᠢᠯᠡᠭᠡᠨ ᠤ ᠲᠤᠭᠳᠠᠯᠴᠠᠭ᠎ᠠ ᠶᠢ ᠪᠠᠶᠢᠭᠤᠯᠤᠨ ᠠᠵᠢᠯᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠦᠢᠯᠡᠳᠬᠦ ᠦᠢᠯᠡᠰ ᠤᠨ ᠲᠤᠭᠠᠵᠢᠭᠤᠯᠤᠨ ᠬᠡᠯᠪᠡᠷᠢ ᠪᠠᠨ ᠬᠤᠪᠢᠷᠠᠭᠤᠯᠬᠤ ᠲᠤᠷᠰᠢᠯᠲᠠ ᠶᠢᠨ ᠴᠡᠭ ᠤᠨ ᠬᠤᠲᠠ ᠪᠠᠷ ᠵᠥᠪᠰᠢᠶᠡᠷᠡᠭᠳᠡᠪᠡ᠃ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠲᠠᠰ ᠳᠡᠪᠰᠢᠭᠦᠯᠦᠨ ᠲᠠᠭᠤᠷᠢᠶᠠᠯ ᠦᠵᠡᠭᠦᠯᠬᠦ ᠶᠢ ᠠᠬᠢᠭᠤᠯᠵᠤ᠂ ᠪᠥᠬᠦ ᠲᠡᠯᠡᠬᠡᠢ ᠶᠢᠨ ᠭᠠᠭᠴᠠ ᠦᠢᠯᠡᠳᠪᠦᠷᠢ ᠶᠢᠨ ᠬᠡᠪᠴᠢᠶ᠎ᠡ ᠪᠠᠷ ᠬᠠᠮᠤᠭ ᠤᠨ ᠶᠡᠭᠡ ︽ᠨᠣᠭᠤᠭᠠᠨ ᠤᠰᠤᠲᠥ᠋ᠷᠥᠭᠴᠢ +︾ ᠨᠡᠭᠦᠷᠡᠰᠦ ᠪᠠᠷ ᠠᠯᠺᠸᠠ ᠦᠢᠯᠡᠳᠬᠦ ᠲᠥᠷᠥᠯ ᠵᠦᠢᠯ᠂ ᠪᠥᠬᠦ ᠣᠷᠣᠨ ᠤ ᠠᠩᠬᠠᠳᠠᠭᠴᠢ ᠪᠥᠭᠡᠭᠡᠨᠡᠷᠡᠯ ᠬᠤᠶᠠᠷᠴᠢ ᠠᠯᠺᠦᠦᠯ ᠬᠤᠶᠠᠷ ᠮᠧᠲ᠋ᠢᠯᠲᠦ ᠡᠲ᠋ᠧᠷ ᠤᠨ ᠦᠢᠯᠡᠳᠪᠦᠷᠢᠯᠡᠯ ᠤᠨ ᠱᠤᠭᠤᠮ ᠢ ᠪᠠᠶᠢᠭᠤᠯᠤᠨ ᠪᠦᠲᠦᠬᠡᠵᠤ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠨᠢ ᠤᠯᠤᠰ ᠤᠨ ᠲᠠᠰ ᠤᠨ ᠲᠡᠷᠢᠭᠦᠨ ᠤ ᠦᠢᠯᠡᠳᠬᠦ ᠦᠢᠯᠡᠰ ᠤᠨ  ᠪᠦᠯᠦᠭᠵᠢᠯ ᠳᠤ ᠣᠷᠤᠪᠠ᠃ ᠰᠢᠨ᠎ᠡ ᠡᠨᠧᠷᠭᠢ ᠶᠢᠨ ᠦᠢᠯᠡᠰ ᠢ ᠴᠢᠩᠭ᠎ᠠ ᠠᠳᠬᠤᠵᠤ ᠪᠣᠰᠢᠭᠤᠯᠤᠨ ᠬᠢᠵᠤ᠂ ᠪᠦᠬᠦ ᠤᠯᠤᠰ ᠤᠨ ᠳ᠋ᠠᠩ ᠴᠣᠭᠴᠠᠲᠤ ᠬᠠᠮᠤᠭ ᠤᠨ ᠶᠡᠭᠡ ᠨᠡᠭᠦᠷᠡᠰᠦ ᠮᠠᠯᠲᠠᠭᠰᠠᠨ ᠠᠴᠠ ᠪᠣᠯᠵᠤ ᠳᠣᠭᠤᠭᠰᠢ ᠰᠠᠭᠤᠭᠳᠠᠭᠰᠠᠨ ᠣᠷᠣᠨ ᠤ ᠭᠡᠷᠡᠯᠴᠢ ᠴᠡᠨᠡᠭ ᠤᠨ ᠰᠠᠭᠤᠷᠢᠨ ᠭᠠᠵᠠᠷ ᠢ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠵᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ 2124 ᠲᠦᠮᠡᠨ ᠺᠢᠯᠣᠸᠠᠲ ᠬᠦᠷᠴᠦ᠂ ᠴᠠᠬᠢᠯᠭᠠᠨ ᠬᠦᠴᠦᠨ ᠤ ᠶᠡᠷᠦᠩᠬᠡᠢ ᠮᠠᠰᠢᠨ ᠴᠣᠭᠴᠠᠯᠠᠪᠤᠷᠢ ᠳᠤ ᠡᠵᠡᠯᠡᠬᠦ ᠬᠤᠪᠢ ᠶᠢᠨ ᠵᠢᠩ 14 ᠵᠠᠭᠤᠨ ᠤ ᠨᠢᠭᠡᠴᠢ ᠪᠠᠷ ᠳᠡᠭᠡᠭᠰᠢᠯᠡᠪᠡ᠃ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠦᠢᠯᠡᠰ ᠤᠨ ᠪᠦᠯᠦᠭᠵᠢᠯ ᠢ ᠲᠦᠷᠭᠡᠪᠴᠢᠯᠡᠨ ᠪᠤᠵᠠᠭᠠᠶᠢᠷᠠᠭᠤᠯᠵᠤ᠂ ᠵᠢᠩ ᠣᠤ ᠲᠣᠨᠣᠭᠯᠠᠯ᠂ ᠵᠦᠵᠸᠦ ᠰᠢᠨ ᠱᠢ ᠳ᠋ᠠᠢ ᠶᠢᠨ ᠵᠠᠭᠤᠨ ᠮᠧᠲᠷ ᠤᠨ ᠲᠡᠰ ᠤᠨ  ᠳᠡᠯᠪᠢ᠂ ᠺᠠᠠ ᠡᠯ ᠤᠨ ᠬᠥᠳᠡᠯᠭᠡᠭᠴᠢ ᠬᠦᠴᠦᠨ ᠤ ᠤᠶᠤᠨᠴᠢ ᠬᠦᠨᠳᠦ ᠠᠴᠢᠶᠠᠨ ᠤ ᠮᠠᠰᠢᠨ ᠲᠡᠷᠭᠡ ᠵᠡᠷᠭᠡ 23 ︽ᠰᠠᠯᠬᠢᠨ ᠬᠦᠴᠦᠨ ᠭᠡᠷᠡᠯᠴᠢ ᠴᠡᠨᠡᠭ ᠤᠰᠤᠲᠥ᠋ᠷᠥᠭᠴᠢ ᠬᠠᠳᠠᠭᠠᠯᠠᠬᠤ ᠲᠡᠷᠭᠡ︾᠎ ᠶᠢᠨ ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠢ ᠠᠰᠢᠭᠯᠠᠯᠲᠠ ᠳᠤ ᠣᠷᠣᠭᠤᠯᠵᠤ᠂ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠦᠢᠯᠡᠰ ᠤᠨ ᠨᠡᠮᠡᠭᠳᠡᠯ ᠦᠷᠳᠡᠭ 261.3%᠎ ᠪᠠᠷ ᠨᠡᠮᠡᠭᠳᠡᠪᠡ᠃ ᠢᠷᠡᠭᠡᠳᠦᠢ ᠶᠢᠨ ᠠᠵᠤ ᠦᠢᠯᠡᠰ ᠢ ᠢᠳᠡᠪᠬᠢᠲᠡᠢ ᠪᠠᠶᠢᠷᠢᠰᠢᠭᠤᠯᠵᠤ᠂ ᠪᠠᠷᠠᠭᠤᠨ ᠬᠤᠶᠢᠲᠤ ᠣᠷᠣᠨ ᠤ ᠴᠣᠷᠢ ᠶᠢᠨ ᠭᠠᠭᠴᠠ ᠤᠯᠤᠰ ᠤᠨ ᠤᠶᠤᠨᠴᠢ ᠵᠠᠮ ᠬᠠᠷᠢᠯᠴᠠᠭᠠᠨ ᠤ ᠲᠤᠷᠰᠢᠨ ᠬᠡᠷᠡᠭᠯᠡᠬᠦ ᠪᠠ ᠰᠢᠨ᠎ᠡ ᠡᠨᠧᠷᠬᠢ ᠶᠢᠨ ᠮᠠᠰᠢᠨ ᠲᠡᠷᠭᠡ ᠤᠶᠤᠨᠴᠢ ᠵᠠᠰᠠᠮᠠᠯ ᠵᠠᠮ ᠡᠭᠦᠯᠡᠨ ᠪᠣᠳᠣᠯᠲᠠ ᠶᠢ ᠨᠢᠭᠡ ᠴᠣᠭᠴᠠᠵᠢᠭᠤᠯᠬᠤ ︽ᠬᠤᠣᠰ ᠲᠤᠷᠰᠢᠯᠲᠠ ᠤᠨ ᠴᠡᠭ︾᠎ ᠤᠨ ᠬᠤᠳᠠ ᠪᠣᠯᠪᠠ᠃      ᠳᠥᠷᠪᠡ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠡᠯᠪᠡᠭ ᠳᠡᠯᠪᠡᠭ ᠪᠣᠯᠪᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠲᠥᠷᠥ ᠶᠢᠨ ᠪᠣᠳᠣᠯᠭ᠎ᠠ ᠶᠢᠨ 2.0 ᠬᠡᠪᠯᠡᠯ ᠢ ᠲᠡᠰ ᠲᠡᠪᠰᠢᠬᠦᠯᠦᠨ ᠨᠡᠶᠢᠲᠡᠯᠡᠵᠦ᠂ ᠰᠢᠨ᠎ᠡ ᠪᠠᠷ ᠨᠡᠮᠡᠭᠳᠡᠭᠰᠡᠨ ︽ᠭᠤᠷᠪᠠ ᠶᠢ ᠦᠭᠡᠶᠢᠰᠬᠡᠬᠦ︾ ᠠᠵᠤ ᠠᠬᠤᠶᠢᠯᠠᠯ 50 ᠪᠣᠯᠵᠤ᠂ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠶᠡᠷᠦᠩᠬᠡᠢ ᠲᠤᠭ᠎ᠠ 1000᠎ ᠶᠢ ᠳᠠᠪᠠᠵᠤ᠂ ᠪᠥᠬᠦ ᠨᠡᠶᠢᠭᠡᠮ ᠤᠨ ᠰᠤᠳᠤᠯᠤᠨ ᠨᠡᠭᠡᠭᠡᠬᠦ ᠵᠠᠷᠤᠳᠠᠯ ᠤᠨ ᠨᠡᠮᠡᠭᠳᠡᠯ ᠤᠨ ᠬᠤᠪᠢ ᠨᠡᠮᠡᠷᠢ ᠶᠢᠨ ᠨᠣᠷᠮ᠎ᠠ ᠪᠥᠬᠦ ᠣᠷᠣᠨ ᠤ ᠲᠡᠷᠢᠭᠦᠨ ᠳᠤ ᠣᠷᠣᠵᠤ᠂ ᠬᠤᠶᠠᠷ ᠵᠢᠯ ᠳᠠᠷᠠᠭᠠᠯᠠᠨ ᠪᠥᠬᠦ ᠤᠯᠤᠰ ᠤᠨ ᠬᠤᠲᠠ ᠶᠢᠨ ᠰᠢᠨ᠎ᠡ ᠶᠢ ᠡᠭᠦᠳᠬᠦ ᠴᠢᠳᠠᠪᠤᠷᠢ ᠶᠢᠨ ᠵᠠᠭᠤᠨ ᠬᠦᠴᠦᠷᠬᠡᠭ ᠲᠤ ᠣᠷᠣᠪᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠮᠠᠲ᠋ᠧᠷᠢᠶᠠᠯ ᠤᠨ ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠢᠶᠠᠷ ᠵᠦᠪᠰᠢᠶᠡᠷᠡᠭᠳᠡᠵᠦ᠂ ᠣᠷᠳᠣᠰ ᠤᠨ ᠰᠢᠨ᠎ᠡ ᠡᠨᠧᠷᠭᠢ ᠶᠢᠨ ᠰᠤᠳᠤᠯᠭᠠᠨ ᠤ ᠬᠦᠷᠢᠶᠡᠯᠡᠩ ᠢ ᠫᠠᠶᠢᠰᠠ ᠡᠯᠭᠦᠨ ᠠᠵᠢᠯᠯᠠᠭᠤᠯᠵᠤ᠂ ︽ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ᠪᠦᠯᠦᠭᠵᠢᠯ ᠤᠨ ᠪᠦᠲᠦᠭᠡᠨ ᠪᠠᠶᠢᠭᠤᠯᠤᠯᠲᠠ ᠶᠢ  ᠠᠬᠢᠭᠤᠯᠤᠭᠰᠠᠨ︾᠎ ᠨᠢ ᠳᠤᠮᠳᠠᠳᠤ ᠤᠯᠤᠰ ᠤᠨ ᠥᠭᠡᠷᠡᠴᠢᠯᠡᠯᠲᠡ ᠶᠢᠨ ᠣᠨ ᠤ ᠬᠡᠷᠡᠭ ᠤᠨ ᠵᠢᠱᠢᠶ᠎ᠡ ᠪᠠᠷ ᠰᠣᠩᠭᠤᠭᠳᠠᠪᠠ᠃ ᠨᠡᠭᠦᠷᠡᠰᠦ ᠪᠠᠷ ᠰᠠᠭᠤᠷᠢ ᠪᠣᠯᠭᠠᠭᠰᠠᠨ ᠰᠢᠨ᠎ᠡ ᠮᠠᠲ᠋ᠧᠷᠢᠶᠠᠯ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠣᠭ᠎ᠠ ᠶᠢ ᠪᠠᠶᠢᠭᠤᠯᠵᠤ᠂ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠰᠢᠨ᠎ᠡ ᠶᠢ ᠡᠭᠦᠳᠬᠦ ᠮᠡᠷᠭᠡᠵᠢᠯ ᠤᠨ ᠵᠠᠪᠰᠠᠷ ᠤᠨ ᠲᠤᠷᠰᠢᠯᠲᠠ ᠶᠢᠨ ᠰᠠᠭᠤᠷᠢᠨ ᠭᠠᠵᠠᠷ 9 ᠵᠠᠪᠰᠠᠷ ᠤᠨ ᠲᠤᠷᠰᠢᠯᠲᠠ ᠶᠢᠨ ᠲᠦᠷᠦᠯ ᠵᠦᠢᠯ ᠤᠨ ᠭᠡᠷ᠎ᠡ ᠲᠤᠭᠳᠠᠵᠤ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠦᠷᠳᠡᠭ 246.1%᠎ ᠪᠠᠷ ᠨᠡᠮᠡᠭᠳᠡᠪᠡ᠃ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠰᠢᠨ᠎ᠡ ᠡᠨᠧᠷᠭᠢ ᠶᠢᠨ ᠳᠡᠭᠡᠳᠦ ᠰᠤᠷᠭᠠᠭᠤᠯᠢ ᠶᠢ ᠠᠵᠢᠯ ᠡᠬᠢᠯᠡᠭᠦᠯᠦᠨ ᠪᠠᠶᠢᠭᠤᠯᠵᠤ᠂ ᠮᠠᠭᠢᠰᠲᠷ ᠳ᠋ᠤᠺᠲ᠋ᠤᠷ ᠤᠨ ᠰᠣᠳᠣᠯᠣᠨ ᠰᠤᠷᠤᠭᠴᠢ ᠡᠯᠰᠡᠪᠡ᠃ ᠴᠢᠳᠠᠪᠤᠷᠢᠲᠠᠨ ᠤ ᠨᠥᠬᠦᠷᠰᠡᠭ ᠬᠡᠯᠪᠡᠷᠢ ᠶᠢᠨ ᠬᠤᠳᠠ ᠶᠢᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠱᠠᠩᠬᠠᠢ᠂ ᠱᠧᠨᠵᠧᠨ᠂ ᠰᠢᠶᠥ᠋ᠩ ᠠᠨ ᠰᠢᠨ᠎ᠡ ᠲᠣᠭᠤᠷᠢᠭ ᠤᠨ ᠴᠢᠳᠠᠪᠤᠷᠢᠲᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ  ᠬᠠᠷᠢ ᠭᠠᠵᠠᠷ ᠤᠨ ᠠᠵᠢᠯᠯᠠᠬᠤ ᠭᠠᠵᠠᠷ ᠢ ᠪᠠᠶᠢᠭᠤᠯᠤᠨ ᠪᠦᠲᠦᠬᠡᠵᠤ ᠠᠰᠢᠭᠯᠠᠯᠲᠠ ᠳᠤ ᠣᠷᠤᠭᠤᠯᠵᠤ᠂ 5 ᠠᠺᠠᠳᠧᠮᠢᠴᠢ ᠶᠢᠨ ᠠᠵᠢᠯ ᠤᠨ ᠦᠷᠳᠡᠭᠡ ᠶᠢ ᠰᠢᠨ᠎ᠡ ᠪᠠᠷ ᠵᠥᠪᠰᠢᠶᠡᠷᠡᠭᠦᠯᠵᠦ᠂ ᠠᠺᠠᠳᠧᠮᠢᠴᠢ ᠶᠢᠨ ᠰᠢᠨ᠎ᠡ ᠶᠢ ᠡᠭᠦᠳᠬᠦ ᠪᠦᠯᠬᠦᠮ ᠢ 5 ᠡᠯᠰᠡᠵᠦ᠂ ︽ᠬᠠᠮᠤᠭ ᠤᠨ ᠰᠠᠶᠢᠨ ᠴᠢᠳᠠᠪᠤᠷᠢᠲᠠᠨ ᠤ ᠬᠥᠭᠵᠢᠯᠲᠡ ᠶᠢᠨ ᠠᠮᠢ ᠠᠬᠤᠢ ᠶᠢᠨ ᠬᠤᠳᠠ︾᠎ ᠶᠢᠨ ᠪᠦᠬᠦ ᠤᠯᠤᠰ ᠤᠨ ᠡᠮᠦᠨ᠎ᠡ 50 ᠬᠦᠴᠦᠷᠬᠡᠭ ᠲᠤ ᠣᠷᠣᠵᠤ᠂ ᠳᠤᠮᠳᠠᠳᠤ ᠤᠯᠤᠰ ᠤᠨ ᠲᠤᠰᠬᠠᠢ ᠣᠷᠣᠨ ᠤ ᠲᠡᠰ ᠤᠨ ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠵᠢᠭᠠᠯᠲᠠ ᠲᠤᠭ᠎ᠠ ᠶᠢᠨ ᠨᠡᠷᠡᠰ ᠤᠨ ᠵᠢᠭᠰᠠᠭᠠᠯᠲᠠ ᠳᠤ 33 ᠳ᠋ᠤᠭᠠᠷ ᠲᠤ ᠵᠢᠭᠰᠠᠭᠠᠭᠳᠠᠵᠤ᠂ ᠥᠪᠡᠷᠲᠡᠭᠡᠨ ᠵᠠᠰᠠᠬᠤ ᠣᠷᠣᠨ ᠤ ᠴᠣᠷᠢ ᠶᠢᠨ ᠭᠠᠭᠴᠠ ᠨᠡᠷᠡᠰ ᠤᠨ ᠵᠢᠭᠰᠠᠭᠠᠯᠲᠠ ᠳᠤ ᠣᠷᠣᠭᠰᠠᠨ ᠬᠤᠳᠠ ᠪᠣᠯᠪᠠ᠃      ᠲᠠᠪᠤ ᠳᠤ ᠠᠮᠢ ᠠᠬᠤᠢ ᠣᠷᠴᠢᠨ ᠲᠤᠭᠤᠷᠢᠨ ᠦᠷᠭᠦᠯᠵᠢᠯᠡᠨ ᠰᠠᠶᠢᠵᠢᠷᠠᠪᠠ᠃ ᠬᠠᠲᠤᠨ ᠭᠤᠣᠯ ᠤᠨ ᠪᠤᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ ᠂ ︽ᠤᠮᠠᠷᠠᠲᠤ ᠶᠢᠨ ᠭᠤᠷᠪᠠᠨ ᠤᠷᠤᠨ︾᠎ ᠤ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠡᠯᠡᠰᠦᠷᠭᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ 21 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ ᠪᠥᠬᠦ ᠤᠯᠤᠰ ᠤᠨ ᠠᠩᠬᠠᠳᠠᠭᠴᠢ ︽ᠤᠮᠠᠷᠠᠲᠤ ᠶᠢᠨ ᠭᠤᠷᠪᠠᠨ ᠤᠷᠤᠨ︾᠎ ᠤ ᠢᠨᠵᠧᠨᠧᠷᠢᠩ ᠢ ᠠᠬᠢᠭᠤᠯᠬᠤ ᠲᠥᠪ ᠢ ᠪᠠᠶᠢᠭᠤᠯᠵᠤ᠂ ᠡᠯᠡᠰᠦᠷᠬᠡᠭᠵᠢᠭᠰᠡᠨ ᠭᠠᠵᠠᠷ ᠰᠢᠷᠣᠢ ᠶᠢ 500 ᠲᠦᠮᠡᠨ ᠮᠦ ᠵᠠᠰᠠᠵᠤ᠂ ᠬᠥᠪᠴᠢ ᠶᠢᠨ ᠡᠯᠡᠰᠦ᠂ ᠮᠤᠤᠠᠤᠰᠤ ᠶᠢᠨ ᠡᠯᠡᠰᠦᠷᠬᠡᠭ ᠭᠠᠵᠠᠷ ᠢ ᠵᠠᠰᠠᠭᠰᠠᠨ ᠨᠣᠷᠮ᠎ᠠ ᠲᠣᠰ ᠲᠣᠰ 40% ᠪᠠ 80% ᠪᠤᠯᠲᠠᠯ᠎ᠠ ᠳᠡᠭᠡᠭᠰᠢᠯᠡᠪᠡ᠃ ᠬᠠᠲᠤᠨ ᠭᠤᠣᠯ ᠤᠨ ᠰᠠᠪᠠ ᠭᠠᠵᠠᠷ ᠤᠨ ᠬᠠᠮᠠᠭᠠᠯᠠᠯᠲᠠ ᠶᠢᠨ ᠲᠠᠶᠢᠯᠠᠯᠳᠤᠭᠠᠨ ᠢ ᠰᠠᠶᠢᠲᠤᠷ ᠬᠢᠵᠦ᠂ ᠬᠥᠷᠥᠰᠥ ᠰᠢᠷᠣᠢ ᠶᠢᠨ ᠢᠳᠡᠭᠳᠡᠯ ᠢ ᠵᠠᠰᠠᠭᠰᠠᠨ ᠲᠠᠯᠠᠪᠠᠢ 1463 ᠲᠡᠭᠰᠢ ᠳᠥᠷᠪᠡᠯᠵᠢᠨ ᠺᠢᠯᠣᠮᠧᠲᠷ ᠰᠢᠨ᠎ᠡ ᠪᠠᠷ ᠨᠡᠮᠡᠭᠳᠡᠵᠦ᠂ ᠮᠠᠭᠤᠪᠤᠯᠠᠭ ᠬᠦᠨᠳᠡᠢ ᠶᠢᠨ ᠵᠠᠰᠠᠯᠲᠠ ᠶᠢ ᠪᠡᠶᠡᠯᠡᠭᠦᠯᠵᠦ᠂ ︽ᠠᠷᠪᠠᠨ ᠶᠡᠭᠡ ᠬᠦᠨᠳᠡᠢ︾᠎ ᠶᠢᠨ ᠵᠢᠯ ᠤᠨ ᠬᠠᠲᠤᠨ ᠭᠤᠣᠯ ᠳᠤ ᠤᠷᠤᠰᠤᠨ ᠤᠷᠤᠭᠰᠠᠨ ᠡᠯᠡᠰᠦ ᠰᠢᠪᠠᠷ ᠤᠨ ᠬᠡᠮᠵᠢᠶ᠎ᠡ ᠶᠢ 400 ᠲᠦᠮᠡᠨ ᠲᠣᠨ ᠪᠣᠯᠲᠠᠯ᠎ᠠ ᠪᠠᠭᠤᠷᠠᠭᠤᠯᠵᠤ᠂ ᠪᠥᠬᠦ ᠲᠡᠯᠡᠬᠡᠢ ᠶᠢᠨ ︽ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠎ ᠢ ᠬᠠᠳᠠᠭᠠᠯᠠᠭᠰᠠᠨ ᠲᠠᠲᠠᠬᠤ ᠬᠦᠴᠦᠨ ᠲᠠᠢ ᠬᠤᠲᠠ︾᠎ ᠎ ᠪᠠᠷ ᠰᠣᠩᠭᠤᠭᠳᠠᠪᠠ᠃ ᠴᠡᠩᠬᠡᠷ ᠤᠭᠲᠠᠷᠭᠤᠢ ᠬᠥᠬᠡᠮᠳᠦᠭ ᠤᠰᠤ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠡᠭᠦᠷᠭᠡ ᠶᠢ 1307 ᠵᠦᠢᠯ ᠬᠡᠷᠡᠭᠵᠢᠭᠦᠯᠵᠦ᠂ ᠤᠯᠤᠰ ᠤᠨ ᠨᠡᠭᠦᠷᠡᠰᠦᠲᠥ᠋ᠷᠥᠭᠴᠢ ᠶᠢᠨ ᠬᠡᠮᠵᠢᠯᠲᠡ ᠶᠢᠨ ᠲᠥᠪ ᠤᠨ ᠣᠷᠳᠣᠰ ᠤᠨ ᠬᠤᠪᠢᠶᠠᠷᠢ ᠲᠥᠪ ᠢ ᠪᠠᠶᠢᠭᠤᠯᠵᠤ᠂ ᠭᠠᠵᠠᠷ ᠳᠣᠣᠷᠠᠬᠢ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠤᠷᠰᠢᠯᠲᠠ ᠶᠢᠨ ᠣᠷᠣᠨ ᠤ ᠪᠠᠶᠢᠭᠤᠯᠤᠯᠲᠠ ᠶᠢᠨ ᠣᠨ ᠤ ᠬᠢᠨᠠᠨ ᠰᠢᠯᠭᠠᠯᠲᠠ ᠳᠤ ᠪᠦᠬᠦ ᠤᠯᠤᠰ ᠤᠨ ᠨᠢᠭᠡᠳᠦᠭᠡᠷ ᠲᠤ ᠣᠷᠣᠵᠤ᠂ ᠤᠯᠠᠭᠠᠨᠮᠦ᠋ᠷᠡᠨ ᠨᠠᠭᠤᠷ ᠪᠦᠬᠦ ᠤᠯᠤᠰ ᠤᠨ ᠦᠵᠡᠰᠬᠦᠯᠡᠩᠲᠦ ᠰᠠᠶᠢᠬᠠᠨ ᠭᠤᠣᠯ ᠮᠥᠷᠡᠨ ᠨᠠᠭᠤᠷ ᠴᠥᠭᠦᠷᠥᠮ ᠤᠨ ᠰᠢᠯᠢᠳᠡᠭ ᠬᠡᠷᠡᠭ ᠤᠨ ᠵᠢᠱᠢᠶ᠎ᠡ ᠪᠠᠷ ᠰᠣᠩᠭᠤᠭᠳᠠᠪᠠ᠃ ᠨᠢᠭᠡᠴᠢ GDP᠎ ᠶᠢᠨ ᠡᠨᠧᠷᠭᠢ ᠶᠢᠨ ᠬᠤᠷᠣᠭᠳᠠᠭᠤᠯᠤᠯ ᠢ 4.5%᠎ ᠪᠠᠷ ᠪᠠᠭᠤᠷᠠᠭᠤᠯᠵᠤ᠂ ᠤᠷᠢᠳᠴᠢᠯᠠᠨ ᠨᠢᠭᠡ ᠵᠢᠯ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠦᠪᠵᠢᠭᠦᠯᠭᠡ ᠶᠢᠨ ᠬᠢᠵᠠᠭᠠᠷᠯᠠᠬᠤ ᠬᠠᠷᠠᠯᠲᠠ ᠳᠤ  ᠬᠦᠷᠪᠡ᠃      ᠵᠢᠷᠭᠤᠭ᠎ᠠ ᠳᠤ ᠥᠭᠡᠷᠡᠴᠢᠯᠡᠯᠲᠡ ᠨᠡᠭᠡᠭᠡᠯᠲᠡ ᠲᠠᠰᠤᠷᠠᠯᠳᠠ ᠦᠭᠡᠢ ᠬᠦᠨᠵᠡᠬᠡᠶᠢᠷᠡᠪᠡ᠃ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠰᠢᠯᠢᠳᠡᠭᠵᠢᠬᠦᠯᠬᠦ  5.0 ᠬᠡᠪᠯᠡᠯ ᠢ ᠬᠡᠷᠡᠭᠵᠢᠭᠦᠯᠵᠦ᠂ ᠠᠵᠤ ᠠᠬᠤᠶᠢᠯᠠᠯ ᠢ ᠳᠡᠮᠵᠢᠨ ᠬᠦᠴᠢᠷᠳᠡᠯ ᠢ ᠨᠢ ᠰᠢᠢᠳᠪᠦᠷᠢᠯᠡᠬᠦ ᠶᠢ ᠶᠡᠬᠡᠪᠡᠷ ᠥᠷᠨᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠰᠠᠨᠠᠯ ᠢ ᠨᠡᠶᠢᠲᠡᠯᠡᠵᠤ᠂ ᠬᠤᠲᠠ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠦᠢᠯᠡᠴᠢᠯᠡᠭᠡᠨ ᠤ ᠲᠣᠪᠴᠢᠶ᠎ᠠ ᠶᠢ ᠪᠠᠶᠢᠭᠤᠯᠵᠤ᠂ ︽ᠲᠤᠯᠠᠭᠠᠨ ᠬᠤᠲᠠ ᠶᠢᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠲᠠᠭᠠᠳᠬᠠᠯ ᠤᠨ ᠪᠠᠲᠤᠯᠠᠭ᠎ᠠ︾᠎ ᠶᠢᠨ ᠲᠥᠷᠥᠯ ᠵᠦᠢᠯ ᠢ ᠨᠡᠶᠢᠲᠡᠯᠡᠵᠤ᠂ ᠠᠵᠤ ᠠᠬᠤᠶᠢᠯᠠᠯ ᠤᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠵᠤ  78.2 ᠳ᠋ᠦᠩᠰᠢᠭᠤᠷ ᠲᠥᠭᠦᠷᠢᠭ ᠤᠨ ᠭᠠᠶᠢᠯᠢ ᠶᠢ ᠪᠤᠴᠠᠭᠠᠵᠤ᠂ ︽ᠪᠢ ᠠᠵᠤ ᠠᠬᠤᠶᠢᠯᠠᠯ ᠳᠤ ᠵᠠᠬᠢᠶᠠᠯᠠᠭ᠎ᠠ ᠶᠢᠨ ᠬᠠᠭᠤᠳᠠᠰᠤ ᠡᠷᠢᠵᠦ ᠥᠭᠬᠦ︾ ᠠᠵᠢᠯᠯᠠᠭ᠎ᠠ 124 ᠳ᠋ᠦᠩᠰᠢᠭᠤᠷ ᠲᠥᠭᠦᠷᠢᠭ ᠤᠨ ᠭᠡᠷ᠎ᠡ ᠲᠤᠭᠳᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ 7.1%᠎ ᠪᠠᠷ ᠨᠡᠮᠡᠭᠳᠡᠵᠦ᠂ 34.1 ᠲᠦᠮᠡᠨ ᠡᠷᠦᠬᠡ ᠳᠤ ᠬᠦᠷᠪᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠬᠤᠲᠠ ᠶᠢᠨ ᠰᠢᠭᠤᠳ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠳ᠋ ᠬᠥᠷᠥᠩᠭᠡ ᠶᠢᠨ ᠶᠡᠷᠦᠩᠬᠡᠢ ᠲᠤᠭ᠎ᠠ᠂ ᠡᠵᠡᠩᠨᠡᠯᠲᠡ ᠶᠢᠨ ᠣᠷᠣᠯᠭ᠎ᠠ᠂ ᠠᠰᠢᠭ ᠬᠤᠨᠵᠢᠪᠤᠷᠢ ᠶᠢᠨ ᠶᠡᠷᠦᠩᠬᠡᠢ ᠲᠤᠭ᠎ᠠ ᠲᠣᠰ ᠲᠣᠰ 9%᠂ 57.5% ᠪᠠ 17.1%᠎ ᠪᠠᠷ ᠨᠡᠮᠡᠭᠳᠡᠪᠡ᠃ ᠶᠠᠰᠤ ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠪᠠᠶᠢᠭᠤᠯᠤᠯᠲᠠ ᠶᠢ ᠠᠬᠢᠭᠤᠯᠵᠤ᠂ ᠰᠢᠨ᠎ᠡ ᠪᠠᠷ 17 ᠤᠯᠤᠰ ᠤᠨ ᠪᠠᠷᠢᠮᠵᠢᠶ᠎ᠠ ᠪᠠ 75 ᠣᠷᠣᠨ ᠨᠤᠲᠤᠭ ᠤᠨ ᠪᠠᠷᠢᠮᠵᠢᠶ᠎ᠠ ᠶᠢ ᠪᠠᠶᠢᠭᠤᠯᠤᠨ ᠲᠤᠭᠳᠠᠭᠠᠵᠤ᠂ ᠲᠤᠰᠬᠠᠢ ᠠᠰᠢᠭ ᠤᠨ ᠡᠷᠬᠡ ᠣᠯᠭᠤᠭᠰᠠᠨ ᠬᠡᠮᠵᠢᠶ᠎ᠡ 15.6%᠎ ᠪᠠᠷ ᠨᠡᠮᠡᠭᠳᠡᠪᠡ᠃ ᠭᠠᠵᠠᠷ ᠰᠢᠷᠣᠢ ᠬᠡᠷᠡᠭᠯᠡᠬᠦ ᠭᠦᠢᠴᠡᠳᠬᠡᠯ ᠲᠤᠭ᠎ᠠ ᠶᠢ ︽ᠡᠷᠭᠢᠯᠳᠦᠬᠦᠯᠦᠨ ᠲᠦᠷ ᠵᠢᠭᠡᠯᠡᠬᠦ︾ ᠵᠠᠭᠪᠤᠷ ᠢ ᠬᠡᠷᠡᠭᠵᠢᠭᠦᠯᠵᠦ᠂ ᠵᠥᠪᠰᠢᠶᠡᠷᠡᠭᠰᠡᠨ ᠪᠣᠯᠪᠠᠴᠤ  ᠬᠠᠩᠭᠠᠭᠠᠳᠤᠢ ᠪᠠ ᠰᠤᠯᠠ ᠲᠠᠯᠪᠢᠵᠤ ᠪᠠᠶᠢᠭ᠎ᠠ ᠭᠠᠵᠠᠷ ᠰᠢᠷᠣᠢ ᠶᠢ 3.8 ᠲᠦᠮᠡᠨ ᠮᠦ ᠠᠰᠢᠭᠯᠠᠪᠠ᠃ ᠣᠷᠳᠣᠰ ᠤᠨ ᠨᠢᠰᠬᠡᠯ ᠤᠨ ᠪᠠᠭᠤᠳᠠᠯ 9 ᠵᠤᠷᠪᠤᠰ ᠣᠯᠠᠨ ᠤᠯᠤᠰ ︵ᠭᠠᠵᠠᠷ ᠣᠷᠣᠨ︶᠎ ᠎ ᠤᠨ ᠠᠭᠠᠷ ᠤᠨ ᠠᠶᠠᠯᠠᠯ ᠤᠨ ᠱᠤᠭᠤᠮ ᠢ ᠰᠢᠨ᠎ᠡ ᠪᠠᠷ ᠨᠠᠪᠲᠠᠷᠡᠭᠦᠯᠵᠦ᠂ ᠵᠢᠯ ᠤᠨ ᠠᠶᠠᠨᠴᠢᠳ ᠤᠨ ᠬᠡᠮᠵᠢᠶ᠎ᠡ ᠲᠤᠭ᠎ᠠ ᠠᠩᠬ᠎ᠠ ᠤᠳᠠᠭ᠎ᠠ 300 ᠲᠦᠮᠡᠨ ᠬᠥᠮᠥᠨ ᠤᠳᠠᠭ᠎ᠠ ᠶᠢ ᠳᠠᠪᠠᠪᠠ᠃      ᠲᠤᠯᠤᠭ᠎ᠠ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠪᠠ᠃ ᠨᠢᠭᠡᠳᠦᠭᠡᠷ ᠠᠵᠤ ᠦᠢᠯᠡᠰ ᠢ ᠲᠠᠬᠢᠨ ᠴᠤᠭᠴᠠᠯᠠᠬᠤ ᠶᠢ ᠭᠦᠨᠵᠡᠭᠡᠢ ᠠᠬᠢᠭᠤᠯᠵᠤ᠂ 45.6 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠵᠦ᠂ ᠠᠮᠤ ᠪᠤᠳᠠᠭᠠᠨ ᠤ ᠤᠨᠠᠯᠲᠠ 45 ᠳ᠋ᠦᠩᠰᠢᠭᠤᠷ ᠵᠢᠩ ᠢ ᠳᠠᠪᠠᠵᠤ᠂ ︽ᠬᠤᠷᠢᠨ ᠨᠢᠭᠡᠨ ᠵᠢᠯ ᠲᠠᠷᠠᠭᠠᠯᠠᠨ ᠡᠯᠪᠡᠭ ᠬᠤᠷᠢᠶᠠᠯᠲᠠ ᠤᠯᠬᠤ︾᠎ ᠶᠢ ᠪᠡᠶᠡᠯᠡᠬᠦᠯᠵᠤ᠂ ᠳᠥᠬᠦᠬᠡᠷᠦᠮᠵᠢᠲᠦ ᠲᠠᠷᠢᠶᠠᠯᠠᠩ ᠎ ᠢ 4490 ᠮᠦ᠂ ᠬᠠᠰᠢᠶᠠᠯᠠᠨ ᠲᠡᠵᠢᠭᠡᠬᠦ ᠬᠠᠰᠢᠶ᠎ᠠ ᠰᠠᠷᠠᠪᠴᠢ ᠶᠢ 50 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠵᠦ᠂ ᠠᠮᠤ ᠪᠣᠳᠠᠭ᠎ᠠ᠂ ᠨᠣᠣᠯᠤᠭᠤᠷ᠂ ᠦᠬᠡᠷ᠂ ᠬᠤᠨᠢ᠂ ᠰᠦ ᠰᠠᠭᠠᠯᠢ ᠶᠢᠨ ᠪᠥᠬᠦ ᠠᠵᠤ ᠦᠢᠯᠡᠰ ᠤᠨ ᠬᠡᠯᠬᠢᠶᠡᠨ ᠤ ᠦᠢᠯᠡᠳᠬᠦᠨ ᠤ ᠥᠷᠲᠡᠭ 560 ᠳ᠋ᠦᠩᠰᠢᠭᠤᠷ ᠲᠥᠭᠦᠷᠢᠭ ᠲᠤ ᠬᠥᠷᠪᠡ᠃ ᠬᠤᠵᠢᠷᠯᠢᠭ ᠭᠠᠵᠠᠷ ᠤᠨ ᠤᠯᠤᠰ ᠤᠨ ᠰᠢᠨ᠎ᠡ ᠡᠭᠦᠳᠦᠯᠲᠡ ᠶᠢᠨ ᠲᠥᠪ ᠤᠨ ᠣᠷᠳᠣᠰ ᠤᠨ ᠲᠤᠷᠰᠢᠯᠲᠠ ᠶᠢᠨ ᠥᠷᠲᠡᠭᠡ᠂ ᠨᠣᠣᠯᠤᠭᠤᠷ ᠤᠨ ᠠᠵᠤ ᠦᠢᠯᠡᠰ ᠤᠨ ᠠᠺᠠᠳᠧᠮᠢᠴᠢ ᠶᠢᠨ ᠰᠤᠳᠤᠯᠭᠠᠨ ᠤ ᠬᠦᠷᠢᠶᠡᠯᠡᠩ ᠢ ᠪᠠᠶᠢᠭᠤᠯᠤᠨ ᠪᠦᠲᠦᠭᠡᠪᠡ᠃ ᠠᠷᠪᠠᠰ ᠤᠨ ᠢᠮᠠᠭᠠᠨ ᠨᠣᠣᠯᠤᠭᠤᠷ ᠤᠨ ᠤᠯᠤᠰ ᠤᠨ ᠭᠠᠵᠠᠷ ᠵᠦᠢ ᠶᠢᠨ ᠲᠡᠮᠲᠡᠭᠳᠦ ᠶᠢᠨ ᠲᠠᠸᠠᠷ ᠤᠨ ᠲᠡᠮᠳᠡᠭ ᠢ ᠳᠠᠩᠰᠠᠯᠠᠭᠤᠯᠵᠤ᠂ ᠪᠣᠬᠢᠷᠲᠤᠯ ᠦᠭᠡᠢ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠢ ᠰᠢᠨ᠎ᠡ ᠪᠠᠷ 24᠂ ᠨᠡᠷᠡᠳᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢ 10 ᠰᠢᠨ᠎ᠡ ᠪᠠᠷ ᠭᠡᠷᠡᠴᠢᠯᠡᠵᠦ᠂ ︽ᠲᠤᠯᠠᠭᠠᠨ ᠬᠤᠲᠠ ᠶᠢᠨ ᠲᠠᠩᠰᠤᠭ ᠠᠮᠲᠠ︾ ᠪᠦᠬᠦ ᠤᠯᠤᠰ ᠤᠨ ᠣᠷᠣᠨ ᠪᠦᠰᠡ ᠶᠢᠨ ᠲᠠᠷᠢᠶᠠᠯᠠᠩ ᠤᠨ ᠳᠦᠷᠦᠯ ᠲᠡᠮᠳᠡᠭ ᠤᠨ ᠬᠡᠷᠡᠭ ᠤᠨ ᠵᠢᠱᠢᠶ᠎ᠡ ᠪᠠᠷ ᠰᠣᠩᠭᠤᠭᠳᠠᠪᠠ᠃ ᠮᠠᠯᠵᠢᠬᠤ ᠲᠠᠷᠢᠶᠠᠯᠠᠬᠤ ᠣᠷᠣᠨ ᠤ ᠵᠠᠮ ᠢ 875 ᠺᠢᠯᠣᠮᠧᠲᠷ᠂ ᠡᠷᠦᠬᠡ ᠶᠢᠨ ᠵᠣᠷᠯᠣᠩ ᠢ 2265 ᠰᠢᠨ᠎ᠡ ᠪᠠᠷ ᠥᠭᠡᠷᠡᠴᠢᠯᠡᠨ ᠪᠠᠶᠢᠭᠤᠯᠵᠤ᠂ ᠭᠠᠴᠠᠭ᠎ᠠ ᠲᠣᠰᠬᠤᠨ ᠤ ᠭᠤᠪᠢᠭᠤᠯᠬᠤ ᠬᠦᠷᠭᠡᠬᠦ ᠪᠠᠷᠠᠭᠠᠨ ᠤ ᠭᠦᠢᠯᠭᠡᠭᠡᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠴᠡᠭ ᠢ 461 ᠪᠠᠶᠢᠭᠤᠯᠵᠤ᠂ ᠪᠤᠶᠢᠳᠠ ᠪᠥᠭᠯᠡᠭᠦᠦ ᠮᠠᠯᠵᠢᠬᠤ ᠲᠠᠷᠢᠶᠠᠯᠠᠬᠤ ᠣᠷᠣᠨ ᠤ 1219 ᠡᠷᠦᠬᠡ ᠳᠤ ᠴᠠᠬᠢᠯᠭᠠᠨ ᠨᠡᠪᠲᠡᠷᠡᠭᠦᠯᠦᠨ ᠲᠠᠰ ᠳᠡᠪᠰᠢᠭᠦᠯᠬᠦ ᠠᠵᠢᠯ ᠢ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ 17 ᠵᠦᠢᠯ ᠤᠨ ᠢᠨᠵᠧᠨᠧᠷᠢᠩ ᠢ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠳᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ  ᠰᠢᠢᠳᠪᠦᠷᠢᠯᠡᠬᠦ ᠳᠣᠭᠳᠠᠯᠴᠠᠭ᠎ᠠ ᠶᠢ ᠪᠦᠬᠦᠨ ᠢ  ᠪᠦᠷᠬᠦᠭᠦᠯᠪᠡ᠃      ᠨᠠᠢᠮᠠ ᠳᠤ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠲᠠᠰᠤᠷᠠᠯᠲᠠ ᠦᠭᠡᠢ ᠵᠤᠵᠠᠭᠠᠳᠬᠠᠪᠠ ᠃ ᠠᠷᠠᠳ ᠤᠨ ᠠᠮᠢᠳᠤᠷᠠᠯ ᠤᠨ ᠵᠠᠷᠤᠯᠭ᠎ᠠ ᠡᠩ ᠤᠨ ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ 66.4%᠎ ᠶᠢ ᠡᠵᠡᠯᠡᠵᠦ᠂ ᠰᠤᠷᠭᠠᠨ ᠬᠥᠮᠦᠵᠢᠯ᠂ ᠨᠡᠶᠢᠭᠡᠮ ᠤᠨ ᠪᠠᠲᠤᠯᠠᠭ᠎ᠠ᠂ ᠡᠮᠴᠢᠯᠡᠭᠡ ᠲᠤᠰ ᠲᠤᠰ ᠠᠷᠠᠳ ᠤᠨ ᠠᠮᠢᠳᠤᠷᠠᠯ ᠤᠨ ᠵᠠᠷᠤᠯᠭ᠎ᠠ ᠶᠢᠨ 18.7%᠂ 10.8% ᠪᠠ 8.3%᠎ ᠶᠢ ᠡᠵᠡᠯᠡᠪᠡ᠃ ᠬᠤᠳᠠ ᠶᠢᠨ ᠲᠡᠰ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠣᠨ ᠤ 18 ᠬᠤᠪᠢ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠪᠡ᠃ ᠬᠤᠳᠠ ᠪᠠᠯᠭᠠᠰᠤᠨ ᠤ 2.1 ᠲᠦᠮᠡᠨ ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠤᠰ ᠲᠤᠰ 5.1% ᠪᠠ 6.1%᠎ ᠪᠠᠷ ᠨᠡᠮᠡᠭᠳᠡᠪᠡ᠃ ᠳᠤᠯᠠᠭᠠᠨ ᠬᠤᠳᠠ ᠶᠢᠨ ︽ᠬᠤᠳᠠ ᠶᠢᠨ ᠰᠢᠨ᠎ᠡ ᠠᠷᠠᠳ︾᠎ ᠲᠤ ᠦᠢᠯᠡᠴᠢᠯᠡᠬᠦ ᠠᠷᠭ᠎ᠠ ᠬᠡᠮᠵᠢᠶ᠎ᠡ ᠶᠢ ᠨᠡᠶᠢᠲᠡᠯᠡᠵᠦ᠂ 1.2 ᠲᠦᠮᠡᠨ ︽ᠬᠤᠳᠠ ᠶᠢᠨ ᠰᠢᠨ᠎ᠡ ᠠᠷᠠᠳ︾᠎ ᠢ ᠣᠷᠤᠭᠤᠯᠤᠨ ᠠᠪᠴᠢᠷᠠᠪᠠ᠃ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠎ ᠢ 21 ᠰᠢᠨ᠎ᠡ ᠪᠠᠷ ᠥᠭᠡᠷᠡᠴᠢᠯᠡᠵᠦ ᠥᠷᠭᠡᠳᠬᠡᠨ ᠪᠠᠶᠢᠭᠤᠯᠵᠤ᠂  ᠰᠤᠷᠤᠯᠭ᠎ᠠ ᠶᠢᠨ ᠣᠷᠤᠨ ᠢ 1 ᠲᠦᠮᠡ ᠢᠯᠡᠭᠦᠦ ᠨᠡᠮᠡᠭᠳᠡᠭᠦᠯᠵᠦ᠂ ᠬᠢᠶ᠎ᠠ ᠪᠠᠭᠰᠢ ᠲᠣᠭᠤᠷᠢᠭ ᠤᠨ ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠵᠢᠭᠠᠯᠲᠠ ᠲᠤᠭ᠎ᠠ ᠪᠥᠬᠦ ᠤᠯᠤᠰ ᠲᠤ ᠬᠤᠶᠠᠳᠤᠭᠠᠷ ᠲᠤ ᠣᠷᠣᠵᠤ᠂ ᠮᠠᠨ ᠤ ᠬᠤᠲᠠ ᠤᠯᠤᠰ ᠤᠨ ᠰᠠᠭᠤᠷᠢ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠲᠣᠭᠤᠷᠢᠭ ᠢᠶᠠᠷ ᠵᠥᠪᠰᠢᠶᠡᠷᠡᠭᠳᠡᠪᠡ᠃ ︽ᠲᠤᠯᠠᠭᠠᠨ ᠬᠤᠲᠠ ᠶᠢᠨ ᠨᠥᠬᠦᠷᠰᠡᠭ ᠡᠮᠴᠢᠯᠡᠭᠡ︾᠎ ᠶᠢᠨ ᠲᠦᠷᠦᠯ ᠵᠦᠢᠯ ᠢ 284 ᠵᠦᠢᠯ ᠬᠡᠷᠡᠭᠵᠢᠭᠦᠯᠵᠦ᠂ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠨᠡᠯᠭᠡ ᠶᠢᠨ ᠬᠠᠮᠲᠤ ᠶᠢᠨ ᠴᠣᠭᠴᠠ ᠶᠢ 6 ᠪᠠᠶᠢᠭᠤᠯᠵᠤ᠂ ᠬᠥᠩᠭᠡᠵᠢᠬᠦ ᠠᠴᠠ ᠡᠮᠦᠨᠡᠬᠢ ᠪᠠᠶᠢᠴᠠᠭᠠᠯᠲᠠ ᠪᠠ ᠦᠷᠡᠵᠢᠯ ᠤᠨ ᠡᠮᠴᠢᠯᠡᠭᠡᠨ ᠤ ᠵᠠᠷᠤᠳᠠᠯ ᠢ ᠪᠦᠬᠦ ᠲᠤᠭ᠎ᠠ ᠪᠠᠷ ᠨᠢ ᠳᠠᠩᠰᠠᠨ ᠠᠴᠠ ᠲᠠᠶᠢᠯᠵᠤ᠂ ᠡᠮ ᠤᠨ ᠵᠦᠢᠯᠡᠰ ᠢ ᠲᠥᠪᠯᠡᠷᠡᠭᠦᠯᠦᠨ ᠲᠤᠭ᠎ᠠ ᠬᠡᠮᠵᠢᠶ᠎ᠡ ᠲᠠᠢ ᠪᠠᠷ ᠠᠪᠴᠤ ᠤᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ 3.4 ᠳ᠋ᠦᠩᠰᠢᠭᠤᠷ ᠲᠥᠭᠦᠷᠢᠭ ᠬᠥᠩᠭᠡᠷᠡᠭᠦᠯᠪᠡ᠃ ᠬᠤᠳᠠ ᠬᠥᠳᠡᠭᠡ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠶᠢ 188 ᠰᠢᠨ᠎ᠡ ᠪᠠᠷ ᠪᠠᠶᠢᠭᠤᠯᠵᠤ᠂ 1306 ᠢᠵᠢ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠪᠠᠶᠢᠭᠤᠯᠵᠤ᠂ 80 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠵᠤ᠂ 10665 ᠢᠵᠢ ︽ᠪᠠᠲᠤᠯᠠᠨ ᠲᠤᠰᠢᠶᠠᠬᠤ ᠠᠰᠠᠷ︾᠎ ᠢ ᠲᠤᠰᠢᠶᠠᠵᠤ ᠳᠠᠭᠤᠰᠬᠠᠪᠠ᠃ ᠤᠯᠤᠰ ᠤᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ︱ ᠮᠠᠩᠬᠠᠨ ᠠᠶᠠᠯᠭᠤ  ᠹᠷᠠᠨᠼᠢ ᠶᠢᠨ ᠫᠠᠷᠢᠰ ᠤᠨ ᠤᠯᠠᠨ ᠤᠯᠤᠰ ᠤᠨ ᠦᠵᠡᠰᠬᠦᠯᠡᠩ ᠤᠨ ᠴᠤᠭᠯᠠᠭᠠᠨ ᠢ ᠴᠤᠤᠷᠢᠶᠠᠳᠠᠭᠤᠯᠵᠤ᠂ ᠫᠢᠩᠫᠠᠩ ᠪᠥᠮᠪᠦᠭᠡ ᠶᠢᠨ ᠪᠦᠬᠦ ᠤᠯᠤᠰ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ᠂ ︽ᠲᠠᠯ᠎ᠠ ᠨᠤᠲᠤᠭ ᠤᠨ ᠠᠯᠠᠭᠠᠳᠠᠬᠤ ᠪᠥᠮᠪᠦᠭᠡ︾᠂ ︽ᠤᠳᠤᠨ ᠣᠭᠲᠠᠷᠭᠤᠢ ᠲᠠᠢ ᠣᠷᠳᠣᠰ ᠤᠨ ᠮᠠᠷᠠᠽᠤᠨ︾ ᠵᠡᠷᠭᠡ ᠰᠣᠶᠣᠯ ᠲᠠᠮᠢᠷ ᠤᠨ ᠠᠵᠢᠯᠯᠠᠭ᠎ᠠ ᠬᠦᠷ ᠬᠥᠭᠵᠢᠶᠡᠨ ᠲᠠᠢ ᠶᠠᠪᠤᠭᠳᠠᠪᠠ᠃ ᠵᠠᠬᠢᠳᠠᠯ ᠰᠣᠷᠪᠤᠯᠵᠢᠯᠠᠭ᠎ᠠ ᠶᠢᠨ ᠶᠡᠷᠦᠩᠬᠡᠢ ᠬᠡᠮᠵᠢᠶ᠎ᠡ 27.7%᠎ ᠪᠠᠷ ᠪᠠᠭᠤᠷᠠᠵᠤ᠂ ᠡᠷᠡᠭᠦᠦ ᠶᠢᠨ ᠬᠡᠷᠡᠭ᠂ ᠠᠮᠤᠷ ᠢ ᠬᠠᠮᠠᠭᠠᠯᠠᠬᠤ ᠬᠡᠷᠡᠭ ᠤᠨ ᠪᠠᠶᠢᠳᠠᠯ ᠲᠤᠰ ᠲᠤᠰ 62% ᠪᠠ 50%᠎ ᠪᠠᠷ ᠪᠠᠭᠤᠷᠠᠵᠤ᠂ ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠭᠠᠷᠤᠭᠰᠠᠨ ᠲᠤᠭ᠎ᠠ᠂ ᠠᠳᠡᠭᠰᠡᠨ ᠬᠥᠮᠥᠨ ᠤ ᠲᠤᠭ᠎ᠠ ᠲᠤᠰ ᠲᠤᠰ 25% ᠪᠠ 32.6%᠎ ᠪᠠᠷ ᠪᠠᠭᠤᠷᠠᠪᠠ᠃      ᠦᠨᠳᠦᠰᠦᠲᠡᠨ ᠱᠠᠰᠢᠨ ᠰᠤᠷᠲᠠᠬᠤᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠴᠡᠷᠢᠭ  ᠤᠨ ᠠᠯᠪᠠᠨ ᠠᠴᠠ ᠪᠠᠭᠤᠭᠰᠠᠳ᠂ ᠲᠤᠭ᠎ᠠ ᠪᠦᠷᠢᠳᠬᠡᠯ  ᠤᠨ ᠪᠠᠶᠢᠴᠠᠭᠠᠯᠲᠠ᠂ ᠭᠠᠵᠠᠷ ᠬᠥᠳᠡᠯᠦᠯᠲᠡ ᠴᠠᠭ ᠠᠭᠤᠷ᠂ ᠨᠡᠶᠢᠭᠡᠮ ᠤᠨ ᠰᠢᠨᠵᠢᠯᠡᠬᠦ ᠤᠬᠠᠭᠠᠨ᠂ ᠲᠠᠩᠰᠠ ᠡᠪᠬᠡᠮᠡᠯ ᠲᠡᠦᠬᠡ ᠣᠶᠢᠯᠠᠯᠭ᠎ᠠ᠂ ᠭᠠᠳᠠᠭᠠᠳᠤ ᠶᠠᠪᠤᠳᠠᠯ ᠬᠠᠷᠢᠶᠠᠲᠤ ᠨᠠᠷ ᠤᠨ ᠶᠠᠪᠤᠳᠠᠯ ᠵᠡᠷᠭᠡ ᠠᠵᠢᠯ ᠰᠢᠨ᠎ᠡ ᠠᠮᠵᠢᠯᠲᠠ ᠣᠯᠵᠤ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠎ ᠤᠨ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠠᠷᠠᠯᠵᠢᠶ᠎ᠠ ᠶᠢ ᠠᠬᠢᠭᠤᠯᠬᠤ ᠵᠦᠪᠯᠡᠯ᠂ ᠵᠡᠮᠳᠡᠭᠴᠦᠳ ᠪᠣᠯᠣᠨ ᠬᠤᠶᠢᠴᠢ ᠦᠶ᠎ᠡ ᠪᠠᠨ ᠬᠠᠯᠠᠮᠵᠢᠯᠠᠬᠤ ᠵᠡᠷᠭᠡ ᠠᠵᠢᠯ ᠰᠢᠨ᠎ᠡ ᠲᠠᠪᠰᠢᠯᠳᠠ ᠲᠠᠢ ᠪᠣᠯᠪᠠ᠃      ᠨᠢᠭᠡ ᠵᠢᠯ ᠤᠨ ᠲᠤᠷᠰᠢ᠂ ᠪᠢᠳᠡ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ  ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠴᠢᠨᠠᠭᠰᠢᠳᠠ ᠴᠢᠩᠭᠠᠷᠠᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠣᠷᠣᠨ ᠨᠤᠲᠤᠭ ᠤᠨ ᠴᠢᠨᠠᠷᠲᠠᠢ 3 ᠬᠠᠤᠯᠢ ᠲᠣᠭᠲᠠᠭᠠᠯ ᠢ ᠳᠡᠪᠰᠢᠭᠦᠯᠦᠨ ᠬᠢᠨᠠᠨ ᠵᠥᠪᠯᠡᠭᠦᠯᠵᠦ᠂ 6 ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠶᠢ 190 ᠬᠤᠪᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ 298 ᠬᠤᠪᠢ ᠰᠢᠢᠳᠪᠦᠷᠢᠯᠡᠵᠦ ᠳᠠᠭᠤᠰᠬᠠᠪᠠ᠃ ︽ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠳᠡᠭᠡᠭᠰᠢᠯᠡᠭᠦᠯᠬᠦ ᠣᠨ︾᠎ ᠤ ᠠᠵᠢᠯᠯᠠᠭ᠎ᠠ ᠶᠢ ᠥᠷᠨᠢᠭᠦᠯᠵᠦ᠂ ᠬᠤᠳᠠ ᠶᠢᠨ ᠲᠤᠰ ᠱᠠᠲᠤᠨ ᠳᠤ ᠪᠠᠴᠢᠮ ᠬᠡᠷᠡᠭᠴᠡᠭᠡᠲᠦ ᠪᠤᠰᠤ᠂ ᠦᠨᠳᠦᠰᠦᠨ ᠪᠤᠰᠤ ᠵᠠᠷᠤᠯᠭ᠎ᠠ ᠶᠢ 8.9 ᠳ᠋ᠦᠩᠰᠢᠭᠤᠷ ᠲᠥᠭᠦᠷᠢᠭ ᠪᠠᠭᠠᠰᠬᠠᠵᠤ᠂ ᠵᠠᠰᠠᠭ ᠤᠨ ᠣᠷᠳᠣᠨ ᠤ ᠲᠠᠯᠳᠠ ᠥᠭᠴᠡᠭᠡ ᠶᠢ ᠠᠷᠢᠯᠭᠠᠬᠤ ᠣᠨ ᠤ ᠡᠭᠦᠷᠭᠡ ᠶᠢ 236%᠎ ᠪᠠᠷ ᠪᠡᠶᠡᠯᠡᠭᠦᠯᠪᠡ᠃ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠶᠢ ᠶᠡᠬᠡᠪᠡᠷ ᠦᠷᠨᠢᠬᠦᠯᠵᠤ ᠦᠨᠳᠦᠰᠦᠨ ᠱᠠᠲᠤᠨ ᠤ ᠳᠠᠷᠤᠭᠠᠰᠤ ᠶᠢ ᠬᠦᠩᠭᠡᠯᠡᠵᠤ᠂ ︽ᠰᠠᠭᠤᠷᠢ ᠳ᠋ᠠᠶᠢᠲ᠋ᠠ ᠬᠥᠮᠥᠷᠭᠡ︾ ᠦᠨᠳᠦᠰᠦᠨ ᠱᠠᠲᠤᠨ ᠤ ᠬᠦᠰᠦᠨᠦᠭ ᠲᠠᠭᠯᠠᠬᠤ ᠳᠠᠷᠤᠭᠠᠰᠤ ᠶᠢ 50%᠎ ᠠᠴᠠ ᠳᠡᠭᠡᠭᠰᠢ ᠬᠦᠩᠭᠡᠯᠡᠵᠦ᠂ ᠳᠤᠮᠳᠠᠳᠤ ᠤᠯᠤᠰ ᠤᠨ ᠣᠷᠣᠨ ᠨᠤᠲᠤᠭ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢᠨ ︽ᠵᠠᠭᠤᠨ ᠥᠨᠳᠥᠷ ᠬᠤᠲᠠ︾᠎ ᠳᠤ ᠰᠣᠩᠭᠤᠭᠳᠠᠪᠠ᠃      ᠲᠥᠯᠥᠭᠡᠯᠡᠭᠴᠢᠳ ᠠ᠋︕ ᠥᠩᠭᠡᠷᠡᠭᠰᠡᠨ ᠨᠢᠭᠡ ᠵᠢᠯ ᠳᠤ ᠣᠯᠣᠭᠰᠠᠨ ᠠᠮᠵᠢᠯᠲᠠ ᠪᠦᠲᠦᠮᠵᠢ ᠶᠢᠨ ᠦᠨᠳᠦᠰᠦᠨ ᠰᠢᠯᠲᠠᠭᠠᠨ ᠨᠢ ᠶᠡᠷᠦᠩᠬᠡᠢ ᠱᠦᠵᠢ ᠰᠢ ᠶᠢᠨ ᠫᠢᠩ ᠤᠨ ᠵᠠᠯᠠᠭᠤᠷ ᠢ ᠡᠵᠡᠮᠳᠡᠨ ᠵᠠᠮᠴᠢᠯᠠᠭᠰᠠᠨ ᠪᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠤ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠨᠠᠮ  ᠤᠨ ᠬᠤᠷᠢᠶ᠎ᠠ᠂ ᠵᠠᠰᠠᠭ ᠤᠨ ᠣᠷᠳᠣᠨ ᠤ ᠡᠷᠡᠰ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠪᠣᠯᠬᠤ ᠶᠤᠮ᠂ ᠬᠤᠳᠠ ᠶᠢᠨ ᠨᠠᠮ ᠤᠨ ᠬᠤᠷᠢᠶ᠎ᠠ ᠶᠢᠨ ᠳᠠᠭᠠᠭᠤᠯᠭ᠎ᠠ ᠳᠣᠣᠷ᠎ᠠ᠂ ᠪᠦᠬᠦ ᠬᠤᠳᠠ ᠶᠢᠨ ᠠᠷᠠᠳ ᠲᠦᠮᠡᠨ ᠬᠠᠮᠲᠤᠪᠠᠷ ᠲᠡᠮᠡᠴᠡᠵᠦ᠂ ᠬᠠᠮᠲᠤᠪᠠᠷ ᠵᠢᠳᠬᠦᠵᠤ᠂ ᠬᠠᠮᠲᠤᠪᠠᠷ ᠠᠵᠢᠯᠯᠠᠭᠰᠠᠨ ᠤ ᠦᠷ᠎ᠡ ᠳ᠋ᠦᠩ ᠮᠥᠨ᠃ ᠠᠳᠡ᠂ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠢ ᠲᠦᠯᠦᠬᠡᠯᠡᠨ᠂ ᠣᠷᠳᠣᠰ ᠬᠤᠳᠠ ᠶᠢᠨ ᠥᠭᠡᠷᠡᠴᠢᠯᠡᠯᠲᠡ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠤᠢ ᠪᠦᠬᠦᠢ ᠨᠥᠬᠦᠳ᠂ ᠨᠠᠶᠢᠵᠠ ᠨᠠᠷ ᠲᠤ ᠡᠷᠬᠢᠮ ᠳᠡᠭᠡᠳᠦ ᠬᠦᠨᠳᠦᠳᠬᠡᠯ  ᠪᠠ  ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕      ᠪᠢᠳᠡ ᠪᠠᠰᠠ ᠠᠵᠢᠯ ᠤᠨ ᠳᠤᠮᠳᠠ ᠲᠤᠯᠭᠠᠷᠠᠵᠤ ᠪᠠᠶᠢᠭ᠎ᠠ ᠬᠦᠴᠢᠷᠳᠡᠯ ᠪᠠ ᠥᠷᠢᠰᠦᠯᠳᠦᠭᠡᠨ ᠢ ᠭᠦᠨᠵᠡᠭᠡᠢ ᠲᠠᠨᠢᠵᠤ ᠣᠯᠪᠠ᠃ ᠣᠬᠤᠷ ᠬᠤᠭᠤᠴᠠᠭᠠᠨ ᠤ ᠪᠠᠶᠢᠳᠠᠯ ᠠᠴᠠ ᠦᠵᠡᠪᠡᠯ᠂ ᠵᠠᠬ᠎ᠠ ᠳᠡᠯᠭᠡᠭᠦᠷ ᠤᠨ ᠶᠡᠷᠦᠩᠬᠡᠢ ᠬᠡᠷᠡᠭᠴᠡᠭᠡ ᠬᠦᠷᠦᠯᠴᠡᠬᠦ ᠦᠭᠡᠢ ᠪᠠᠶᠢᠵᠤ᠂ ᠦᠷᠭᠡᠨ ᠬᠡᠷᠡᠭᠴᠡᠭᠡᠨ ᠤ ᠠᠵᠤ ᠦᠢᠯᠡᠳᠪᠦᠷᠢ ᠶᠢᠨ ᠲᠠᠸᠠᠷ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠨ᠎ᠡ ᠬᠠᠩᠰᠢ ᠪᠠᠭᠤᠷᠠᠵᠤ᠂ ᠬᠡᠰᠡᠭ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠦᠢᠯᠡᠳᠪᠦᠷᠢᠯᠡᠯ ᠡᠵᠡᠩᠨᠡᠯᠲᠡ ᠬᠦᠴᠢᠷᠳᠡᠯ ᠲᠠᠢ ᠪᠠᠶᠢᠨ᠎ᠠ︔ ᠴᠢᠬᠤᠯᠠ ᠶᠡᠭᠡ ᠲᠥᠷᠥᠯ ᠵᠦᠢᠯ ᠤᠨ ᠨᠥᠭᠡᠴᠡ ᠬᠦᠷᠦᠯᠴᠡᠬᠦ ᠦᠭᠡᠢ ᠪᠠᠶᠢᠵᠤ᠂ ᠢᠯᠠᠩᠭᠤᠶ᠎ᠠ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠪᠣᠶᠢᠵᠢᠭᠤᠯᠬᠤ ᠳᠤ ᠬᠤᠯᠪᠣᠭᠳᠠᠬᠤ ᠴᠢᠬᠤᠯᠠ ᠶᠡᠭᠡ ᠠᠵᠤ ᠦᠢᠯᠡᠰ ᠤᠨ ᠲᠥᠷᠥᠯ ᠵᠦᠢᠯ ᠬᠦᠷᠦᠯᠴᠡᠬᠦ ᠦᠭᠡᠢ ᠪᠠᠶᠢᠨ᠎ᠠ︔ ᠬᠡᠷᠡᠭᠯᠡᠭᠡᠨ ᠤ ᠪᠠᠶᠢᠳᠠᠯ ᠲᠡᠭᠦᠯᠳᠡᠷ ᠪᠤᠰᠤ᠂ ᠬᠡᠷᠡᠭᠯᠡᠭᠡᠨ ᠤ ᠰᠢᠨ᠎ᠡ ᠶᠢ ᠡᠭᠦᠳᠬᠦ ᠦᠢᠯᠡᠳᠬᠦᠨ ᠤ ᠬᠠᠩᠭᠠᠯᠭ᠎ᠠ ᠬᠦᠷᠦᠯᠴᠡᠬᠦ ᠦᠭᠡᠢ ᠪᠠᠶᠢᠵᠤ᠂ ᠰᠣᠶᠣᠯ ᠵᠢᠭᠤᠯᠴᠢᠯᠠᠯ ᠤᠨ ᠬᠡᠷᠡᠭᠯᠡᠭᠡ ᠪᠠᠰᠠ ᠬᠠᠯᠠᠮᠰᠢᠯ ᠴᠡᠭ ᠢᠶᠠᠷ ᠳᠤᠲᠠᠮᠠᠭ ᠪᠠᠶᠢᠨ᠎ᠠ︔ ᠭᠠᠳᠠᠭᠠᠳᠤ ᠨᠡᠭᠡᠭᠡᠯᠲᠡ ᠶᠢᠨ ᠲᠠᠪᠴᠠᠩ ᠤᠨ ᠡᠨᠧᠷᠭᠢ ᠶᠢᠨ ᠲᠡᠰ ᠥᠨᠳᠥᠷ ᠪᠢᠰᠢ ᠪᠠᠶᠢᠵᠤ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠵᠡᠷᠭᠡ ᠭᠠᠳᠠᠭᠠᠳᠤ ᠭᠠᠷᠭᠠᠯᠲᠠ ᠶᠢᠨ ᠵᠠᠮ ᠪᠠᠰᠠ ᠲᠦᠭᠵᠢᠷᠡᠯ ᠲᠠᠢ ᠪᠠᠶᠢᠵᠤ᠂ ᠪᠠᠷᠠᠭᠠᠨ ᠤ ᠭᠦᠢᠯᠭᠡᠭᠡᠨ ᠤ ᠥᠪᠡᠷ ᠤᠨ ᠦᠷᠳᠡᠭ ᠦᠨᠳᠦᠷ ᠪᠠᠶᠢᠨ᠎ᠠ︔ ᠠᠵᠢᠯ ᠣᠯᠭᠤᠯᠲᠠ ᠶᠢᠨ ᠪᠦᠲᠦᠴᠡ ᠶᠢᠨ ᠴᠢᠨᠠᠷᠲᠠᠢ ᠵᠥᠷᠢᠴᠡᠯ ᠨᠡᠯᠢᠶᠡᠳ ᠲᠣᠪᠣᠶᠢᠮ᠎ᠠ ᠪᠠᠶᠢᠵᠤ᠂ ᠬᠦᠴᠢᠷᠳᠡᠯ ᠲᠠᠢ ᠬᠦᠮᠦᠰ ᠢᠯᠠᠩᠭᠤᠶ᠎ᠠ ᠬᠤᠳᠠ ᠪᠠᠯᠭᠠᠰᠤᠨ ᠤ ᠣᠷᠣᠯᠭ᠎ᠠ ᠪᠠᠭᠠᠲᠠᠢ ᠬᠦᠮᠦᠰ ᠢ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠶᠢ ᠪᠠᠰᠠ ᠨᠡᠩ ᠣᠨᠣᠪᠴᠢᠲᠠᠶ ᠪᠥᠭᠡᠳ ᠪᠦᠲᠦᠮᠵᠢᠲᠡᠶ ᠪᠠᠶᠢᠯᠭᠠᠬᠤ ᠴᠢᠬᠤᠯᠠᠲᠠᠢ ᠪᠠᠶᠢᠨ᠎ᠠ᠃ ᠤᠷᠳᠤ ᠬᠤᠭᠤᠴᠠᠭᠠᠨ ᠤ ᠪᠠᠶᠢᠳᠠᠯ ᠠᠴᠠ ᠦᠵᠡᠪᠡᠯ᠂ ᠠᠵᠤ ᠦᠢᠯᠡᠰ ᠤᠨ ᠪᠦᠲᠦᠴᠡ ᠶᠢᠨ ︽ᠭᠠᠭᠴᠠ ᠨᠡᠭᠦᠷᠡᠰᠦ ᠪᠠᠷ ᠭᠤᠣᠯᠯᠠᠭᠤᠯᠬᠤ︾ ᠠᠰᠠᠭᠤᠳᠠᠯ ᠢ ᠶᠡᠭᠡ ᠬᠦᠴᠦ ᠣᠷᠣᠭᠤᠯᠤᠨ ᠰᠢᠢᠳᠪᠦᠷᠢᠯᠡᠬᠦ ᠴᠢᠬᠤᠯᠠᠲᠠᠢ ᠪᠠᠶᠢᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠲᠡᠷᠢᠭᠦᠨ ᠤ ᠦᠢᠯᠡᠳᠬᠦ ᠦᠢᠯᠡᠰ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠲᠦᠷᠭᠡᠪᠴᠢᠯᠡᠨ ᠪᠣᠶᠢᠵᠢᠭᠤᠯᠤᠨ ᠪᠤᠵᠠᠭᠠᠶᠢᠷᠠᠭᠤᠯᠬᠤ ᠴᠢᠬᠤᠯᠠᠲᠠᠢ ᠪᠠᠶᠢᠨ᠎ᠠ︔ ᠪᠦᠬᠦ ᠨᠡᠶᠢᠭᠡᠮ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠡᠷᠴᠢᠮ ᠪᠦᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ ᠳᠣᠣᠷ᠎ᠠ ᠪᠠᠶᠢᠵᠤ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠬᠠᠮᠲᠤᠷᠠᠯᠴᠠᠭ᠎ᠠ ᠲᠡᠶᠢᠮᠦ ᠨᠢᠭᠲᠠ ᠪᠣᠰᠤ ᠪᠠᠶᠢᠵᠤ᠂ ᠰᠤᠳᠤᠯᠤᠨ ᠨᠡᠭᠡᠭᠡᠬᠦ ᠠᠴᠠ ᠵᠠᠪᠰᠠᠷ ᠤᠨ ᠲᠤᠷᠰᠢᠯᠲᠠ ᠬᠦᠷᠲᠡᠯ᠎ᠡ᠂ ᠲᠠᠬᠢᠨ ᠠᠵᠤ ᠦᠢᠯᠡᠰᠵᠢᠭᠦᠯᠬᠦ ᠬᠦᠷᠲᠡᠯᠡᠬᠢ ᠵᠠᠮ ᠪᠠᠰᠠ  ᠰᠢᠯᠤᠭᠤᠨ ᠪᠤᠰᠤ ᠪᠠᠶᠢᠨ᠎ᠠ︔ ᠠᠮᠢ ᠠᠬᠤᠢ ᠶᠢᠨ ᠶᠡᠷᠦᠩᠬᠡᠶᠢᠯᠡᠭᠰᠡᠨ ᠳᠠᠭᠠᠭᠠᠴᠠ ᠪᠠ ᠣᠷᠴᠢᠨ ᠠᠬᠤᠢ ᠶᠢᠨ ᠪᠠᠭᠲᠠᠭᠠᠮᠵᠢ ᠬᠦᠷᠦᠯᠴᠡᠬᠦ ᠦᠭᠡᠢ ᠪᠠᠶᠢᠵᠤ᠂ ᠤᠰᠤ᠂ ᠭᠠᠵᠠᠷ ᠰᠢᠷᠣᠢ᠂ ᠡᠨᠧᠷᠭᠢ ᠶᠢᠨ ᠬᠤᠷᠣᠭᠳᠠᠯ ᠵᠡᠷᠭᠡ ᠡᠬᠢ ᠪᠠᠶᠠᠯᠢᠭ ᠤᠨ ᠬᠦᠴᠦᠨ ᠵᠦᠢᠯ ᠤᠨ ᠪᠠᠲᠤᠯᠠᠭ᠎ᠠ ᠶᠢᠨ ᠬᠢᠷᠢ ᠲᠦᠪᠰᠢᠨ ᠪᠠᠰᠠ ᠥᠨᠳᠥᠷ ᠪᠣᠰᠤ ᠪᠠᠶᠢᠨ᠎ᠠ︔ ᠤᠰᠤ᠂ ᠴᠠᠬᠢᠯᠭᠠᠨ᠂ ᠵᠠᠮ ᠪᠠ ᠬᠡᠢ ᠶᠢᠨ ᠲᠣᠣᠷ ᠵᠡᠷᠭᠡ ᠰᠠᠭᠤᠷᠢ ᠲᠥᠬᠦᠭᠡᠷᠦᠮᠵᠢ ᠶᠢ ᠪᠠᠰᠠ ᠲᠦᠷᠭᠡᠪᠴᠢᠯᠡᠨ ᠲᠡᠭᠦᠯᠳᠡᠷᠵᠢᠭᠦᠯᠬᠦ ᠴᠢᠬᠤᠯᠠᠲᠠᠢ ᠪᠠᠶᠢᠵᠤ᠂ ᠬᠤᠳᠠ ᠪᠠᠯᠭᠠᠰᠤᠨ ᠤ ᠪᠦᠲᠦᠭᠡᠨ ᠪᠠᠶᠢᠭᠤᠯᠤᠯᠲᠠ᠂ ᠰᠤᠷᠭᠠᠨ ᠬᠥᠮᠦᠵᠢᠯ᠂ ᠡᠮᠴᠢᠯᠡᠭᠡ᠂ ᠨᠠᠰᠤᠵᠢᠯ ᠤᠨ ᠠᠰᠠᠷᠠᠮᠵᠢ᠂ ᠨᠢᠯᠬᠠᠰ ᠤᠨ ᠬᠥᠮᠦᠵᠢᠯ ᠵᠡᠷᠭᠡ ᠲᠠᠯ᠎ᠠ ᠪᠠᠷ ᠪᠠᠰᠠ ᠴᠥᠭᠡᠨ ᠪᠤᠰᠤ ᠳᠤᠲᠠᠭᠤᠳᠠᠯ ᠲᠠᠢ ᠪᠠᠶᠢᠵᠤ᠂ ᠬᠤᠳᠠ ᠶᠢᠨ ᠴᠢᠳᠠᠮᠵᠢ ᠴᠢᠨᠠᠷ ᠴᠢᠨᠰᠠᠭ᠎ᠠ ᠶᠢ ᠪᠠᠰᠠ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ︔ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠳᠤ ᠪᠠᠰᠠ ᠬᠦᠴᠦ ᠨᠡᠮᠡᠬᠦ ᠴᠢᠬᠤᠯᠠᠲᠠᠢ ᠪᠠᠶᠢᠵᠤ᠂ ᠡᠬᠢ ᠪᠠᠶᠠᠯᠢᠭ ᠢ ᠠᠮᠢᠳᠤᠯᠢᠭ ᠪᠣᠯᠭᠠᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠵᠡᠷᠭᠡ ᠬᠦᠷᠢᠶᠡᠨ ᠳᠠᠬᠢ ᠳᠦᠷᠢᠮ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠴᠢᠬᠤᠯᠠᠲᠠᠢ ᠪᠠᠶᠢᠨ᠎ᠠ᠃ ᠵᠠᠰᠠᠭ ᠤᠨ ᠣᠷᠳᠣᠨ ᠤ ᠲᠣᠰ ᠪᠡᠶ᠎ᠡ ᠠᠴᠠ ᠠᠪᠴᠤ ᠦᠵᠡᠪᠡᠯ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢ ᠬᠡᠷᠡᠭᠯᠡᠨ ᠠᠵᠤ ᠠᠬᠤᠢ ᠶᠢᠨ ᠬᠥᠭᠵᠢᠯᠲᠡ᠂ ᠨᠡᠶᠢᠭᠡᠮ ᠤᠨ ᠵᠠᠰᠠᠯᠲᠠ᠂ ᠣᠯᠠᠨ ᠲᠦᠮᠡᠨ ᠳᠤ ᠦᠢᠯᠡᠴᠢᠯᠡᠬᠦ ᠬᠢᠷᠢ ᠲᠦᠪᠰᠢᠨ ᠢ ᠳᠡᠭᠡᠰᠢᠯᠡᠬᠦᠯᠬᠦ ᠲᠠᠯ᠎ᠠ ᠪᠠᠷ ᠠᠨᠠᠢ ᠪᠠᠶᠢᠨ᠎ᠠ᠃ ᠠᠵᠢᠯ ᠢ ᠨᠢᠭᠡᠳᠦᠯᠲᠡᠢ ᠲᠥᠯᠥᠪᠯᠡᠬᠦ ᠴᠢᠳᠠᠪᠤᠷᠢ᠂ ᠰᠢᠨ᠎ᠡ ᠶᠢ ᠡᠭᠦᠳᠬᠦ ᠴᠢᠳᠠᠪᠤᠷᠢ᠂ ᠥᠭᠡᠷᠡᠴᠢᠯᠡᠯᠲᠡ ᠶᠢᠨ ᠴᠢᠳᠠᠪᠤᠷᠢ ᠴᠢᠩᠭ᠎ᠠ ᠪᠤᠰᠤ ᠪᠠᠶᠢᠵᠤ᠂ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠠᠵᠢᠯ ᠢᠶᠠᠨ ᠠᠬᠢᠭᠤᠯᠵᠤ᠂ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠪᠠᠰᠠ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ︔ ᠵᠠᠰᠠᠭ ᠤᠨ ᠣᠷᠳᠣᠨ ᠤ ᠪᠦᠬᠦ ᠴᠢᠳᠠᠯ ᠢᠶᠠᠷ ᠠᠵᠤ ᠠᠬᠤᠶᠢᠯᠠᠯ ᠤᠨ ᠬᠡᠷᠡᠭᠴᠡᠭᠡ᠂ ᠣᠯᠠᠨ ᠲᠦᠮᠡᠨ ᠤ ᠬᠦᠰᠡᠯ ᠡᠷᠡᠮᠡᠯᠵᠡᠯ ᠢ ᠪᠡᠶᠡᠯᠡᠬᠦᠯᠬᠦ ᠲᠠᠯ᠎ᠠ ᠪᠠᠷ ᠪᠠᠰᠠ ᠨᠠᠷᠢᠯᠢᠭ ᠪᠤᠰᠤ ᠪᠦᠲᠦᠮᠵᠢᠲᠡᠶ ᠪᠤᠰᠤ ᠪᠠᠶᠢᠵᠤ᠂ ︽ᠤᠳᠠᠭᠠᠨ ᠪᠦᠳᠦᠭᠦᠯᠢᠭ ᠬᠤᠭᠤᠰᠤᠨ︾ ᠪᠠᠶᠢᠬᠤ ᠠᠰᠠᠭᠤᠳᠠᠯ ᠮᠥᠨ ᠬᠦ ᠣᠷᠣᠰᠢᠭᠰᠠᠭᠠᠷ ᠪᠠᠶᠢᠨ᠎ᠠ᠃ ᠪᠢᠳᠡ ᠠᠰᠠᠭᠤᠳᠠᠯ ᠳᠤ ᠰᠢᠭᠤᠳ ᠬᠠᠨᠳᠤᠵᠤ᠂ ᠵᠥᠷᠢᠶ᠎ᠡ ᠳᠤ ᠵᠥᠪ ᠢᠶᠠᠷ ᠬᠠᠨᠳᠤᠵᠤ᠂ ᠬᠦᠴᠦᠲᠡᠢ ᠪᠥᠭᠡᠳ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠬᠢᠨᠠᠮᠠᠭᠠᠢ ᠰᠢᠢᠳᠪᠦᠷᠢᠯᠡᠨ᠎ᠡ᠃      ᠬᠤᠶᠠᠷ᠂ 2025 ᠣᠨ ᠤ ᠠᠵᠢᠯ ᠤᠨ ᠲᠣᠬᠢᠷᠠᠭᠤᠯᠤᠯᠲᠠ      2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ ᠮᠥᠨ᠂ ᠪᠠᠰᠠ ᠴᠤ ︽ᠠᠷᠪᠠᠨ ᠲᠠᠪᠤᠳᠤᠭᠠᠷ ᠲᠠᠪᠤᠨ ᠵᠢᠯ︾᠎ ᠤᠨ ᠲᠥᠯᠦᠪᠵᠢᠭᠦᠯᠭᠡ ᠶᠢ ᠲᠥᠯᠥᠪᠯᠡᠨ ᠪᠠᠶᠢᠷᠢᠯᠠᠭᠤᠯᠬᠤ ᠵᠢᠯ ᠪᠣᠯᠤᠨ᠎ᠠ᠃ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠪᠦᠭᠡᠳ ᠬᠠᠷᠢᠭᠤᠴᠠᠯᠭ᠎ᠠ ᠬᠦᠨᠳᠦ ᠶᠡᠭᠡ ᠶᠤᠮ᠃ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠲᠠᠪᠤᠷᠢᠵᠢᠭᠤᠯᠵᠤ᠂ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠳᠡᠭᠡᠷ᠎ᠡ ᠲᠣᠭᠲᠠᠭᠠᠭᠰᠠᠨ ᠬᠠᠷᠠᠯᠲᠠ ᠡᠭᠦᠷᠭᠡ ᠶᠢᠨ ᠶᠣᠰᠣᠭᠠᠷ᠂ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠵᠤ᠂ ᠲᠥᠪ ᠶᠣᠰᠤ ᠶᠢ ᠪᠠᠷᠢᠮᠲᠠᠯᠠᠨ ᠰᠢᠨ᠎ᠡ ᠶᠢ ᠡᠬᠦᠳᠴᠦ᠂ ᠠᠵᠢᠯ ᠬᠢᠬᠦ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠤᠯᠭᠠᠵᠤ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾᠎ ᠢ ᠵᠠᠯᠭᠠᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾᠎ ᠶᠢ ᠯᠠᠪᠳᠠᠭᠤᠨ ᠪᠠᠲᠤᠲᠠᠢ ᠥᠷᠨᠢᠭᠦᠯᠵᠦ᠂ ︽ᠭᠤᠷᠪᠠᠨ ᠳᠥᠷᠪᠡ︾᠎ ᠶᠢᠨ ᠠᠵᠢᠯ ᠤᠨ ᠡᠭᠦᠷᠭᠡ ᠶᠢ ᠲᠦᠷᠭᠡᠳᠬᠡᠨ ᠠᠬᠢᠭᠤᠯᠵᠤ᠂ ᠲᠦᠯᠦᠪᠵᠢᠬᠦᠯᠬᠦ ᠴᠢᠳᠠᠪᠤᠷᠢ᠂ ᠨᠢᠭᠡᠳᠦᠯᠲᠡᠢ ᠲᠥᠯᠥᠪᠯᠡᠬᠦ ᠴᠢᠳᠠᠪᠤᠷᠢ᠂ ᠰᠢᠨ᠎ᠡ ᠶᠢ ᠡᠭᠦᠳᠬᠦ ᠴᠢᠳᠠᠪᠤᠷᠢ᠂ ᠨᠠᠶᠢᠳᠠᠪᠤᠷᠢᠵᠢᠭᠤᠯᠬᠤ ᠴᠢᠳᠠᠪᠤᠷᠢ᠂ ᠬᠡᠷᠡᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠵᠦ᠂ ᠴᠢᠳᠠᠪᠤᠷᠢᠲᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠤᠨ ᠲᠠᠯ᠎ᠠ ᠪᠠᠷ ᠰᠢᠨ᠎ᠡ ᠵᠠᠮ ᠭᠠᠷᠭᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ᠂ ᠣᠯᠠᠨ ᠲᠦᠮᠡᠨ ᠤ ᠴᠢᠨᠠᠷ ᠰᠠᠶᠢᠲᠠᠢ ᠠᠮᠢᠳᠤᠷᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠠᠯ᠎ᠠ ᠪᠠᠷ ᠲᠡᠷᠢᠬᠦᠨ ᠳᠤ ᠶᠠᠪᠤᠵᠤ᠂ ᠲᠠᠭᠤᠷᠢᠶᠠᠯ ᠦᠵᠡᠬᠦᠯᠵᠤ᠂ ᠪᠤᠴᠠᠯᠲᠠ ᠦᠬᠡᠢ ᠪᠠᠷ  ᠰᠢᠨ᠎ᠡ ᠵᠠᠮ ᠢ ᠨᠡᠬᠡᠬᠡᠵᠤ᠂ ᠡᠮᠦᠨ᠎ᠡ ᠡᠩᠨᠡᠭᠡᠨ ᠳᠤ ᠤᠷᠤᠵᠤ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠦᠪᠵᠢᠭᠦᠯᠭᠡ ᠶᠢ ᠠᠮᠵᠢᠯᠲᠠ ᠲᠠᠢ ᠲᠠᠭᠤᠰᠬᠠᠬᠤ ᠶᠢ ᠪᠠᠲᠤᠯᠠᠵᠤ᠂ ︽ᠠᠷᠪᠠᠨ ᠲᠠᠪᠤᠳᠤᠭᠠᠷ ᠲᠠᠪᠤᠨ ᠵᠢᠯ︾᠎ ᠤᠨ ᠲᠥᠯᠦᠪᠵᠢᠭᠦᠯᠭᠡ ᠶᠢ ᠰᠠᠶᠢᠲᠤᠷ ᠡᠬᠢᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠤ᠂ ᠪᠦᠬᠦ ᠣᠷᠤᠨ ᠤ ᠬᠦᠭᠵᠢᠯᠲᠡ ᠶᠢᠨ ᠲᠤᠯᠭᠠᠭᠤᠷᠢᠯᠠᠭᠴᠢ ᠲᠠᠭᠠᠭᠤᠯᠤᠭᠴᠢ ᠪᠣᠯᠬᠤ ᠪᠠᠷ ᠰᠠᠶᠢᠲᠤᠷ ᠴᠢᠷᠮᠠᠶᠢᠨ᠎ᠠ᠃       ᠡᠨᠡ ᠵᠢᠯ ᠤᠨ ᠭᠤᠣᠯ ᠵᠢᠱᠢᠭᠰᠡᠨ ᠬᠠᠷᠠᠯᠲᠠ ᠪᠣᠯ ᠄ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠣᠷᠴᠢᠮ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ 6.5%᠎ ᠠᠴᠠ ᠳᠡᠭᠡᠭᠰᠢ ᠨᠡᠮᠡᠭᠳᠡᠬᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 10%᠎ ᠠᠴᠠ ᠳᠡᠭᠡᠭᠰᠢ ᠨᠡᠮᠡᠭᠳᠡᠭᠦᠯᠵᠦ᠂ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ ᠠᠳᠠᠯᠢ ᠪᠠᠷᠢᠮᠵᠢᠶ᠎ᠠ ᠪᠠᠷ 2% ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠤᠯᠠᠭᠤᠯᠤᠭᠰᠠᠨ ᠶᠡᠷᠦᠩᠬᠡᠢ ᠲᠤᠭ᠎ᠠ ᠶᠢ 5%᠎ ᠠᠴᠠ ᠳᠡᠭᠡᠭᠰᠢ ᠨᠡᠮᠡᠭᠳᠡᠭᠦᠯᠵᠦ᠂ ᠬᠤᠳᠠ ᠪᠠᠯᠭᠠᠰᠤᠨ ᠤ 2.2 ᠲᠦᠮᠡ ᠠᠴᠠ ᠳᠡᠭᠡᠭᠰᠢ ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠯᠦᠭᠡ ᠦᠨᠳᠦᠰᠦᠨ ᠳᠡᠭᠡᠨ ᠠᠳᠠᠯᠢ ᠠᠯᠬᠤᠮ ᠲᠠᠢ ᠪᠠᠶᠢᠯᠭᠠᠵᠤ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠶᠢ ᠲᠣᠭᠲᠠᠭᠤᠨ ᠪᠠᠶᠢᠯᠭᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠦᠪᠵᠢᠭᠦᠯᠭᠡ ᠶᠢᠨ ᠬᠤᠭᠤᠴᠠᠭᠠᠨ ᠤ ᠡᠨᠧᠷᠭᠢ ᠶᠢᠨ ᠬᠤᠷᠣᠭᠳᠠᠯ ᠤᠨ ᠬᠡᠮᠵᠢᠶ᠎ᠡ ᠶᠢ ᠪᠠᠭᠤᠷᠠᠭᠤᠯᠬᠤ ᠬᠠᠷᠠᠯᠲᠠ ᠶᠢ ᠪᠡᠶᠡᠯᠡᠭᠦᠯᠦᠨ᠎ᠡ᠃      ᠳᠡᠭᠡᠷᠡᠬᠢ ᠬᠠᠷᠠᠯᠲᠠ ᠨᠢ ᠲᠥᠪ ᠤᠨ ᠵᠣᠷᠢᠭ ᠰᠠᠨᠠᠭ᠎ᠠ ᠶᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠲᠣᠮᠣ ᠬᠤᠳᠠ ᠶᠢᠨ  ᠴᠢᠬᠤᠯᠠ ᠡᠬᠦᠷᠭᠡ ᠶᠢ ᠡᠬᠦᠷᠭᠡᠯᠡᠬᠦ ᠬᠠᠷᠢᠭᠤᠴᠠᠯᠭ᠎ᠠ ᠡᠬᠦᠷᠭᠡᠯᠡᠯ ᠢ ᠢᠯᠡᠷᠡᠭᠦᠯᠵᠦ᠂ ᠰᠢᠨ᠎ᠡ ᠵᠠᠮ ᠢ ᠨᠡᠭᠡᠭᠡᠵᠦ᠂ ᠡᠮᠦᠨ᠎ᠡ ᠡᠩᠨᠡᠭᠡᠨ ᠳᠤ ᠣᠷᠣᠬᠤ ᠢᠲᠡᠭᠡᠯ ᠵᠣᠷᠢᠭ ᠢ ᠢᠯᠡᠷᠡᠭᠦᠯᠪᠡ᠃ ᠪᠢᠳᠡ ᠪᠦᠬᠦ ᠬᠤᠳᠠ ᠶᠢᠨ ᠬᠥᠭᠵᠢᠯᠲᠡ ᠳᠤ ᠲᠤᠯᠭᠠᠷᠠᠵᠤ ᠪᠠᠶᠢᠭ᠎ᠠ ᠪᠠᠶᠢᠳᠠᠯ ᠢ ᠣᠨᠣᠪᠴᠢᠲᠠᠶ ᠡᠵᠡᠮᠳᠡᠵᠦ᠂ ᠬᠥᠭᠵᠢᠯᠲᠡ ᠶᠢᠨ ᠶᠡᠭᠡ ᠬᠠᠨᠳᠤᠰᠢ ᠶᠢ ᠲᠣᠳᠣᠷᠬᠠᠢ ᠲᠠᠨᠢᠵᠤ᠂ ᠭᠠᠳᠠᠭᠠᠳᠤ ᠣᠷᠴᠢᠨ ᠨᠥᠬᠦᠴᠡᠯ ᠨᠡᠩ ᠪᠡᠷᠬᠡ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠪᠠᠶᠢᠬᠤ᠂ ᠤᠯᠤᠰ ᠤᠨ ᠳᠣᠲᠣᠭᠠᠳᠤ ᠶᠢᠨ ᠬᠤᠷᠸ᠎ᠠ ᠠᠵᠤ ᠠᠬᠤᠢ ᠶᠢᠨ ᠠᠵᠢᠯᠯᠠᠭᠠᠨ ᠳᠠᠷᠤᠭᠠᠰᠤ ᠲᠠᠢ ᠪᠠᠶᠢᠬᠤ᠂ ᠨᠡᠭᠦᠷᠡᠰᠦᠨ ᠤ ᠦᠨ᠎ᠡ ᠬᠠᠩᠰᠢ ᠲᠤᠭᠳᠠᠪᠤᠷᠢ ᠦᠬᠡᠢ ᠪᠠᠶᠢᠬᠤ ᠶᠢ ᠣᠯᠵᠤ ᠬᠠᠷᠠᠬᠤ ᠬᠡᠷᠡᠭᠲᠡᠢ ᠮᠥᠷᠲᠡᠭᠡᠨ ᠨᠡᠩ ᠴᠤ ᠪᠦᠷᠢᠯᠳᠦᠭᠦᠯᠦᠭᠰᠡᠨ ᠠᠰᠢᠭᠲᠠᠢ ᠨᠥᠬᠦᠴᠡᠯ ᠪᠠ ᠢᠳᠡᠪᠬᠢᠲᠡᠢ ᠬᠦᠴᠦᠨ ᠵᠦᠢᠯ ᠢ ᠣᠯᠵᠤ ᠬᠠᠷᠠᠵᠤ᠂ ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ ᠪᠠᠲᠤᠳᠬᠠᠵᠤ᠂ ᠠᠵᠢᠯᠯᠠᠬᠤ ᠡᠷᠴᠢ ᠵᠣᠷᠢᠭ ᠢᠶᠠᠨ ᠴᠢᠩᠭᠠᠷᠠᠭᠤᠯᠵᠤ᠂ ᠰᠢᠨ᠎ᠡ ᠵᠠᠮ ᠢ ᠨᠡᠭᠡᠭᠡᠬᠦ ᠳᠤᠮᠳᠠ ᠪᠦᠬᠦ ᠬᠦᠴᠦᠨ ᠢᠶᠠᠷ ᠢᠶᠠᠨ ᠰᠢᠨ᠎ᠡ ᠪᠠᠶᠢᠳᠠᠯ ᠢ ᠨᠡᠭᠡᠭᠡᠬᠦ ᠬᠡᠷᠡᠭᠲᠡᠢ᠃ ᠨᠢᠭᠡ ᠳᠤ ᠲᠥᠪ ᠤᠨ ᠲᠥᠷᠥ ᠎ ᠶᠢᠨ ᠪᠣᠳᠣᠯᠭ᠎ᠠ ᠶᠢᠨ ᠠᠵᠠ ᠳᠣᠬᠢᠶᠠᠯ ᠪᠤᠢ᠃ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠶᠡᠭᠡ ᠬᠡᠪᠴᠢᠶᠡᠨ ᠤ ᠤᠯᠤᠰ ᠤᠨ ᠤᠷᠳᠤ ᠬᠤᠭᠤᠴᠠᠭᠠᠲᠤ ᠣᠨᠴᠠᠭᠠᠢ ᠵᠢᠭᠡᠯᠡᠯᠭᠡ ᠪᠣᠯᠣᠨ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠢᠭᠡᠯᠡᠯᠭᠡ ᠶᠢᠨ ᠲᠡᠮᠳᠡᠭᠲᠦ ᠶᠢ ᠲᠠᠷᠬᠠᠭᠠᠵᠤ᠂ ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭ᠎ᠠ ᠶᠢ ᠬᠡᠷᠡᠭᠵᠢᠭᠦᠯᠵᠦ᠂ ︽ᠡᠯᠡᠰᠦ ᠮᠠᠩᠬ᠎ᠠ ᠡᠯᠡᠰᠦᠨ ᠭᠤᠪᠢ ᠡᠯᠡᠰᠦᠨ ᠴᠦᠯ︾᠎ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠵᠦ᠂ ᠨᠢᠭᠡ ᠪᠦᠯᠦᠭ ᠨᠡᠭᠦᠷᠡᠰᠦᠲᠥ᠋ᠷᠥᠭᠴᠢ ᠥᠯᠦ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠢ ᠪᠠᠶᠢᠭᠤᠯᠬᠤ ᠵᠡᠷᠭᠡ ᠠᠯᠢ ᠤᠯᠠᠨ ᠠᠰᠢᠭᠲᠠᠢ ᠲᠦᠷᠦ ᠶᠢᠨ ᠪᠣᠳᠣᠯᠭ᠎ᠠ ᠲᠠᠢ ᠪᠠᠶᠢᠵᠤ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ᠰᠠᠨᠠᠯ︾  ᠭᠠᠷᠭᠠᠵᠤ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠵᠦ᠂ ᠪᠢᠳᠡᠨ ᠤ ᠲᠥᠷᠥᠯ ᠵᠦᠢᠯ ᠢ ᠰᠦᠪᠡᠭᠴᠢᠯᠡᠬᠦ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ᠂ ᠨᠡᠮᠡᠭᠳᠡᠯ ᠢ ᠲᠣᠭᠲᠠᠪᠤᠷᠢᠵᠢᠭᠤᠯᠬᠤ ᠳᠤ ᠣᠯᠠᠨ ᠳᠠᠪᠬᠤᠷ ᠠᠵᠠ ᠲᠣᠬᠢᠶᠠᠯ ᠬᠠᠩᠭᠠᠭᠰᠠᠨ ᠪᠠᠶᠢᠨ᠎ᠠ᠃ ᠬᠤᠶᠠᠷ ᠲᠤ ᠥᠪᠡᠷᠲᠡᠭᠡᠨ ᠵᠠᠰᠠᠬᠤ ᠣᠷᠣᠨ ᠤ ᠬᠦᠴᠦᠲᠡᠢ ᠳᠡᠮᠵᠢᠯᠭᠡ ᠪᠤᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠣᠷᠳᠣᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠮᠠᠰᠢ ᠶᠡᠭᠡ ᠬᠦᠰᠡᠯ ᠡᠷᠡᠮᠡᠯᠵᠡᠯ ᠲᠠᠯᠪᠢᠵᠤ᠂ ᠪᠢᠳᠡᠨ ᠢ ᠪᠦᠬᠦ ᠣᠷᠣᠨ ᠤ ᠬᠥᠭᠵᠢᠯᠲᠡ ᠶᠢᠨ ᠲᠤᠯᠭᠠᠭᠤᠷᠢᠯᠠᠭᠴᠢ ᠳᠠᠭᠠᠭᠤᠯᠤᠭᠴᠢ ᠪᠣᠯᠬᠤ ᠶᠢ ᠱᠠᠭᠠᠷᠳᠠᠬᠤ ᠶᠢᠨ ᠬᠠᠮᠲᠤ ᠣᠷᠳᠣᠰ ᠬᠤᠳᠠ ᠶᠢᠨ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠲᠠᠭᠤᠷᠢᠶᠠᠯ ᠦᠵᠡᠭᠦᠯᠬᠦ ᠲᠣᠭᠤᠷᠢᠭ ᠢ ᠪᠠᠶᠢᠭᠤᠯᠬᠤ᠂ ᠤᠯᠤᠰ ᠤᠨ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠤᠨ ᠰᠢᠨ᠎ᠡ ᠶᠢ ᠡᠭᠦᠳᠬᠦ ᠲᠠᠭᠤᠷᠢᠶᠠᠯ ᠦᠵᠡᠭᠦᠯᠬᠦ ᠲᠣᠭᠤᠷᠢᠭ ᠢ ᠪᠠᠶᠢᠭᠤᠯᠬᠤ ᠵᠡᠷᠭᠡ ᠶᠢ ᠲᠡᠮᠵᠢᠬᠦ ᠲᠦᠷᠦ ᠪᠣᠳᠣᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠵᠤ᠂ ᠠᠵᠤ ᠦᠢᠯᠡᠰ ᠤᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠵᠡᠷᠭᠡ ᠲᠠᠯ᠎ᠠ ᠪᠠᠷ ᠬᠦᠴᠦᠲᠡᠢ ᠳᠡᠮᠵᠢᠯᠭᠡ ᠦᠵᠡᠭᠦᠯᠪᠡ᠃ ᠭᠤᠷᠪᠠ ᠳᠤ ᠨᠡᠯᠢᠶᠡᠳ ᠰᠠᠶᠢᠨ ᠬᠥᠭᠵᠢᠯᠲᠡ ᠶᠢᠨ ᠰᠠᠭᠤᠷᠢ ᠪᠤᠢ᠃ ᠣᠷᠳᠣᠰ ᠬᠤᠲᠠ ᠶᠢᠨ ᠡᠬᠢ ᠪᠠᠶᠠᠯᠢᠭ ᠤᠨ ᠳᠠᠪᠠᠭᠤᠯᠢᠭ ᠲᠣᠪᠣᠶᠢᠮ᠎ᠠ ᠪᠠᠶᠢᠵᠤ᠂ ᠠᠵᠤ ᠦᠢᠯᠡᠰ ᠤᠨ ᠰᠠᠭᠤᠷᠢ ᠪᠠᠲᠤ ᠪᠠᠬᠢ ᠪᠠᠶᠢᠵᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠰᠢᠨ᠎ᠡ ᠳᠡᠭᠲᠡᠷ ᠲᠤ ᠠᠯᠬᠤᠨ ᠣᠷᠣᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠰᠢᠨ᠎ᠡ ᠰᠢᠪᠲᠤᠯᠤᠯᠲᠠ ᠲᠠᠢ ᠪᠣᠯᠵᠤ᠂ ᠠᠵᠤ ᠠᠬᠤᠢ ᠨᠡᠶᠢᠭᠡᠮ ᠨᠡᠯᠢᠶᠡᠳ ᠰᠠᠶᠢᠨ ᠬᠥᠭᠵᠢᠯᠲᠡ ᠶᠢᠨ ᠪᠠᠶᠢᠳᠠᠯ ᠢᠶᠠᠨ ᠪᠠᠲᠤᠯᠠᠪᠠ︔ ᠢᠯᠠᠩᠭᠤᠶ᠎ᠠ ᠬᠤᠭᠤᠴᠠᠭ᠎ᠠ ᠪᠦᠷᠢ ᠶᠢᠨ ᠤᠳᠤᠷᠢᠳᠬᠤ ᠪᠠᠭ ᠤᠨ ᠬᠢᠨ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠬᠦᠴᠦ ᠵᠠᠯᠭᠠᠨ ᠲᠡᠮᠡᠴᠡᠵᠦ᠂ ᠥᠷᠭᠡᠨ ᠤᠯᠠᠨ ᠺᠠᠳ᠋ᠷ ᠵᠣᠷᠢᠭᠲᠠᠢ ᠪᠠᠷ ᠭᠠᠪᠰᠢᠭᠠᠶᠢᠯᠠᠨ ᠠᠵᠢᠯᠯᠠᠵᠤ᠂ ᠵᠣᠷᠢᠭᠲᠠᠢ ᠪᠠᠷ ᠴᠢᠷᠮᠠᠶᠢᠨ ᠵᠢᠳᠬᠦᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠨᠢᠭᠡ ᠰᠡᠳᠬᠢᠯ ᠨᠡᠶᠢᠲᠡ ᠶᠢᠨ ᠵᠣᠷᠢᠭ ᠢᠶᠠᠷ᠂ ᠠᠳᠠᠯᠢ ᠴᠢᠭᠯᠡᠯ ᠵᠦᠭ ᠬᠠᠮᠲᠤᠪᠠᠷ ᠤᠷᠤᠭᠰᠢᠯᠠᠵᠤ᠂ ᠴᠢᠨᠠᠷ ᠰᠠᠶᠢᠲᠠᠢ ᠬᠥᠭᠵᠢᠯᠲᠡ ᠨᠢ ᠮᠠᠰᠢ ᠰᠠᠶᠢᠨ ᠰᠠᠭᠤᠷᠢ ᠪᠠ ᠣᠷᠴᠢᠨ ᠲᠣᠭᠤᠷᠢᠨ ᠲᠠᠢ ᠪᠣᠯᠤᠭᠰᠠᠨ ᠪᠠᠶᠢᠨ᠎ᠠ᠃      ᠠᠵᠢᠯ ᠤᠨ ᠳᠤᠮᠳᠠ ᠪᠠᠨ ᠪᠢᠳᠡ᠄ ︽ᠲᠠᠪᠤ ᠶᠢ ᠡᠷᠬᠡᠪᠰᠢ ᠨᠢᠭᠡᠳᠦᠯᠲᠡᠢ ᠲᠥᠯᠥᠪᠯᠡᠬᠦ︾᠎ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ ᠶᠢᠨ ᠠᠵᠤ ᠠᠬᠤᠢ ᠶᠢᠨ ᠠᠵᠢᠯ ᠤᠨ ᠵᠢᠮ᠎ᠡ ᠶᠣᠰᠣᠴᠢ ᠴᠢᠨᠠᠷ ᠤᠨ ᠲᠤᠬᠠᠢ ᠲᠠᠨᠢᠯᠲᠠ ᠶᠢ ᠤᠬᠠᠮᠰᠠᠷ ᠠᠴᠠ ᠪᠠᠨ ᠬᠡᠷᠡᠭᠯᠡᠨ ᠰᠢᠨ᠎ᠡ ᠶᠢ ᠡᠭᠦᠳᠴᠦ᠂ ᠦᠢᠯᠡᠳᠦᠯᠭᠡ ᠶᠢ ᠵᠢᠯᠤᠭᠤᠳᠴᠤ᠂ ᠬᠥᠭᠵᠢᠯᠲᠡ ᠶᠢ ᠠᠬᠢᠭᠤᠯᠤᠨ᠎ᠠ᠃ ᠬᠥᠭᠵᠢᠯᠲᠡ ᠶᠢᠨ ᠪᠥᠬᠦ ᠲᠠᠯ᠎ᠠ ᠳᠤ ᠵᠣᠭᠰᠣᠬᠤ ᠶᠢ ᠪᠠᠷᠢᠮᠲᠠᠯᠠᠵᠤ᠂ ᠣᠷᠳᠣᠰ ᠤᠨ ᠪᠥᠬᠦ ᠤᠯᠤᠰ᠂ ᠪᠥᠬᠦ ᠣᠷᠣᠨ ᠳᠠᠬᠢ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠶ ᠡᠷᠢᠵᠦ᠂ ᠬᠠᠷᠭᠤᠭᠤᠯᠬᠤ ᠪᠠᠷᠢᠮᠵᠢᠶ᠎ᠠ ᠶᠢ ᠲᠣᠬᠢᠷᠠᠭᠤᠯᠤᠨ ᠳᠡᠭᠡᠭᠰᠢᠯᠡᠭᠦᠯᠵᠦ᠂ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾᠎ ᠢ ᠠᠬᠢᠭᠤᠯᠵᠤ᠂ ︽ᠵᠢᠷᠭᠤᠭᠠᠨ ᠠᠵᠢᠯᠯᠠᠭ᠎ᠠ︾᠎ ᠶᠢ ᠥᠷᠨᠢᠭᠦᠯᠦᠨ᠎ᠡ᠃ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠪᠠᠷ ᠬᠥᠲᠥᠯᠥᠮᠵᠢ ᠪᠣᠯᠭᠠᠵᠤ ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠬᠦᠯᠵᠦ᠂ ᠠᠯᠳᠠᠭ᠎ᠠ ᠪᠤᠷᠤᠭᠤ ᠪᠠᠨ ᠵᠠᠰᠠᠬᠤ᠂ ᠲᠣᠭᠲᠠᠴᠠ ᠪᠠᠨ ᠥᠭᠡᠷᠡᠴᠢᠯᠡᠬᠦ᠂ ᠪᠠᠶᠢᠷᠢᠰᠢᠭᠤᠯᠤᠯᠲᠠ ᠪᠠᠨ ᠥᠭᠡᠷᠡᠴᠢᠯᠡᠬᠦ᠂ ᠰᠤᠷᠲᠠᠯ ᠢᠶᠠᠨ ᠰᠠᠶᠢᠵᠢᠷᠠᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠤᠨ᠎ᠠ︔ ᠰᠢᠨ᠎ᠡ ᠡᠨᠧᠷᠭᠢ ᠪᠠᠷ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ ᠶᠢ ᠲᠠᠶᠢᠴᠢᠯᠠᠵᠤ᠂ ᠥᠭᠡᠷᠡᠴᠢᠯᠡᠯᠲᠡ᠂ ᠰᠢᠨᠵᠢᠯᠡᠬᠦ ᠤᠬᠠᠭᠠᠨ ᠮᠡᠷᠭᠡᠵᠢᠯ᠂ ᠬᠥᠷᠥᠩᠭᠡ᠂ ᠪᠤᠬᠢᠷᠳᠤᠯ ᠦᠭᠡᠢ ᠴᠠᠬᠢᠯᠭᠠᠨ᠂ ᠲᠦᠷᠦᠯ ᠲᠡᠮᠳᠡᠭᠲᠦ ᠪᠠᠷ ᠠᠵᠤ ᠦᠢᠯᠡᠰ ᠲᠤ ᠬᠦᠴᠦᠨ ᠣᠯᠭᠤᠵᠤ᠂ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠳᠤ ᠬᠠᠯᠢᠨ ᠨᠢᠰᠬᠦ ᠵᠢᠭᠦᠷ ᠣᠷᠤᠭᠤᠯᠤᠨ᠎ᠠ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠦᠨᠳᠦᠳᠬᠡᠬᠦ ᠶᠢ ᠪᠠᠷᠢᠮᠲᠠᠯᠠᠵᠤ᠂ ᠠᠵᠤ ᠠᠬᠤᠶᠢᠯᠠᠯ ᠢᠶᠠᠷ ᠭᠤᠣᠯ ᠳᠦᠷᠢ ᠲᠣᠭᠯᠠᠭᠤᠯᠵᠤ᠂ ᠪᠡᠶ᠎ᠡ ᠲᠠᠢ ᠪᠠᠨ ᠠᠳᠠᠯᠢ ᠠᠵᠤ ᠠᠬᠤᠶᠢᠯᠠᠯ ᠤᠨ ᠲᠥᠯᠥᠭᠡ  ᠪᠣᠳᠣᠯᠬᠢᠯᠠᠵᠤ᠂ ᠤᠷᠤᠨ ᠨᠤᠲᠤᠭ ᠤᠨ ᠠᠵᠤ ᠠᠬᠤᠶᠢᠯᠠᠯ ᠪᠠ ᠭᠠᠳᠠᠨ᠎ᠠ ᠠᠴᠠ ᠢᠷᠡᠭᠰᠡᠨ ᠠᠵᠤ ᠠᠬᠤᠶᠢᠯᠠᠯ ᠳᠤ ᠠᠳᠠᠯᠢᠬᠠᠨ ᠢᠶᠠᠷ ᠡᠷᠬᠡ ᠲᠡᠭᠰᠢ ᠪᠠᠷ ᠬᠠᠨᠳᠤᠵᠤ᠂ ᠲᠣᠮᠣ ᠳᠤᠮᠳᠠ ᠵᠢᠵᠢᠭ ᠠᠵᠤ ᠠᠬᠤᠶᠢᠯᠠᠯ ᠢ ᠨᠢᠭᠡ ᠯᠡ ᠠᠳᠠᠯᠢ ᠪᠠᠷ ᠦᠵᠡᠵᠤ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠵᠣᠷᠢᠭᠵᠢᠭᠤᠯᠤᠨ ᠳᠡᠮᠵᠢᠵᠦ ᠬᠥᠲᠥᠯᠥᠨ ᠵᠢᠯᠤᠭᠤᠳᠴᠤ᠂ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠤᠨ ᠬᠥᠭᠵᠢᠯᠲᠡ ᠶᠢ ᠶᠡᠬᠡᠪᠡᠷ ᠳᠡᠮᠵᠢᠨ ᠳᠡᠳᠬᠦᠵᠦ᠂ ᠨᠥᠬᠦᠴᠡᠯ ᠡᠭᠦᠳᠴᠦ ᠪᠠᠶᠢᠭᠠᠳ ᠭᠠᠳᠠᠭᠰᠢ ᠭᠠᠷᠤᠭᠰᠠᠨ ᠣᠷᠳᠣᠰ ᠨᠤᠲᠤᠭ ᠲᠠᠢ ᠰᠢᠯᠢᠳᠡᠭ ᠴᠢᠳᠠᠪᠤᠷᠢᠲᠠᠨ ᠤ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠶᠢ ᠵᠣᠷᠢᠭᠵᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠳᠤ ᠡᠷᠬᠡ ᠲᠡᠭᠰᠢ ᠠᠵᠠ ᠲᠣᠬᠢᠶᠠᠯ᠂ ᠨᠠᠩ ᠰᠢᠯᠢᠳᠡᠭ ᠦᠢᠯᠡᠴᠢᠯᠡᠭᠡ ᠪᠠ ᠨᠠᠩ ᠴᠢᠩᠭ᠎ᠠ ᠪᠠᠲᠤᠯᠠᠭ᠎ᠠ ᠶᠢ ᠬᠠᠤᠯᠢ ᠶᠣᠰᠣᠭᠠᠷ ᠬᠠᠩᠭᠠᠨ᠎ᠠ᠃ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠪᠠᠷᠢᠮᠲᠠᠯᠠᠵᠤ᠂ ᠲᠡᠷᠢᠭᠦᠨ ᠤ ᠵᠠᠰᠠᠭ ᠤᠨ ᠶᠠᠪᠤᠳᠠᠯ᠂ ᠵᠠᠬ᠎ᠠ ᠳᠡᠯᠭᠡᠭᠦᠷ᠂ ᠬᠠᠤᠯᠢᠵᠢᠯ ᠪᠠ ᠬᠤᠳᠠ ᠶᠢᠨ ᠣᠷᠴᠢᠨ ᠨᠥᠬᠦᠴᠡᠯ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠬᠤᠯᠠ ᠣᠶᠢᠷ᠎ᠠ ᠶᠢᠨ ᠠᠩᠬᠠᠷᠤᠯ ᠢ ᠲᠠᠲᠠᠬᠤ ︽ᠴᠢᠩᠭ᠎ᠠ ᠰᠣᠷᠢᠨᠵᠢᠨ ᠣᠷᠣᠨ︾᠎ ᠢ ᠴᠣᠭᠴᠠᠯᠠᠨ ᠪᠠᠶᠢᠭᠤᠯᠤᠨ᠎ᠠ᠃ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠬᠠᠮᠲᠤ ᠪᠠᠷ ᠴᠢᠨᠡᠭᠡᠯᠢᠭᠵᠢᠬᠦ ᠪᠠᠷ ᠬᠠᠷᠠᠯᠲᠠ ᠪᠣᠯᠭᠠᠵᠤ᠂ ᠤᠯᠠᠨ ᠲᠦᠮᠡᠨ ᠤ ᠠᠮᠢᠳᠤᠷᠠᠯ ᠤᠨ ᠠᠮᠤᠷ ᠲᠤᠭᠳᠠᠭᠤᠨ ᠢ ᠲᠡᠷᠢᠭᠦᠨ ᠪᠠᠶᠢᠷᠢᠨ ᠳᠤ ᠲᠠᠯᠪᠢᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠴᠢᠩᠭᠠᠳᠬᠠᠵᠤ᠂ ᠬᠦᠴᠢᠷᠳᠡᠯ ᠲᠠᠢ ᠬᠦᠮᠦᠰ ᠢ ᠬᠠᠯᠠᠮᠵᠢᠯᠠᠨ ᠬᠠᠶᠢᠷᠠᠯᠠᠵᠤ᠂ ᠠᠷᠠᠳ ᠤᠨ ᠠᠮᠢᠳᠤᠷᠠᠯ ᠢ ᠦᠷᠭᠦᠯᠵᠢᠯᠡᠨ ᠨᠠᠷᠢᠯᠢᠭ ᠣᠨᠣᠴᠠᠲᠠᠢ ᠪᠠᠷ ᠰᠠᠶᠢᠵᠢᠷᠠᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠲᠠᠰᠤᠷᠠᠯᠳᠠ ᠦᠭᠡᠢ  ᠴᠢᠩᠭᠠᠳᠬᠠᠬᠤ ᠶᠢ ᠪᠡᠶᠡᠯᠡᠭᠦᠯᠬᠦ ᠬᠡᠷᠡᠭᠲᠡᠢ ᠪᠠᠶᠢᠨ᠎ᠠ᠃      ᠡᠨᠡ ᠵᠢᠯ ᠳᠣᠣᠷᠠᠬᠢ ᠠᠷᠪᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠃      ︵ᠨᠢᠭᠡ︶ ᠪᠦᠲᠦᠮᠵᠢᠲᠡᠶ ᠪᠡᠯᠡ ᠣᠷᠣᠭᠤᠯᠤᠯᠲᠠ ᠶᠢ ᠦᠷᠭᠦᠯᠵᠢᠯᠡᠨ ᠬᠦᠴᠦᠯᠡᠨ ᠥᠷᠭᠡᠳᠬᠡᠨ᠎ᠡ᠃ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠠᠵᠤ ᠦᠢᠯᠡᠰ᠂ ᠠᠵᠤ ᠠᠬᠤᠶᠢᠯᠠᠯ᠂ ᠲᠥᠷᠥᠯ ᠵᠦᠢᠯ ᠢ ᠬᠠᠮᠵᠢᠯᠴᠠᠨ ᠠᠳᠬᠤᠬᠤ ᠶᠢ ᠪᠠᠷᠢᠮᠲᠠᠯᠠᠵᠤ᠂ ᠠᠵᠤ ᠦᠢᠯᠡᠰ ᠤᠨ ᠲᠥᠷᠥᠯ ᠵᠦᠢᠯ ᠢ ᠲᠣᠪᠣᠶᠢᠮ᠎ᠠ ᠰᠠᠶᠢᠲᠤᠷ ᠠᠳᠬᠤᠵᠤ᠂ ᠠᠵᠤ ᠦᠢᠯᠡᠳᠪᠦᠷᠢ ᠶᠢᠨ ᠲᠥᠷᠥᠯ ᠵᠦᠢᠯ ᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠲᠥᠷᠥᠯ ᠵᠦᠢᠯ ᠢᠶᠠᠷ ᠠᠵᠤ ᠦᠢᠯᠡᠰ ᠢ ᠬᠡᠯᠬᠢᠶᠡᠵᠢᠭᠦᠯᠦᠨ᠂ ᠢᠵᠢ ᠪᠦᠷᠢᠳᠦᠭᠦᠯᠦᠨ᠂ ᠪᠥᠯᠥᠭᠵᠢᠯᠡᠨ ᠬᠥᠭᠵᠢᠭᠦᠯᠬᠦ ᠶᠢ ᠳᠠᠶᠢᠴᠢᠯᠠᠨ᠎ᠠ᠃      ᠪᠡᠯᠡ ᠣᠷᠣᠭᠤᠯᠤᠯᠲᠠ ᠶᠢ ᠥᠷᠭᠡᠳᠬᠡᠬᠦ ᠭᠤᠣᠯᠳᠠᠯᠭ᠎ᠠ ᠨᠢ ᠲᠥᠷᠥᠯ ᠵᠦᠢᠯ ᠢ ᠠᠳᠬᠤᠬᠤ ᠳᠤ ᠪᠤᠢ ᠃ ᠲᠥᠷᠥ ᠶᠢᠨ ᠪᠣᠳᠣᠯᠭ᠎ᠠ ᠶᠢᠨ ᠲᠣᠭᠤᠷᠢᠨ ᠳᠤ ᠲᠥᠷᠥᠯ ᠵᠦᠢᠯ ᠢ ᠲᠥᠯᠦᠪᠵᠢᠭᠦᠯᠵᠦ᠂ ᠲᠥᠪ ᠠᠴᠠ ︽ᠬᠤᠶᠠᠷ ᠢ ᠰᠢᠨᠡᠳᠭᠡᠬᠦ︾ ᠲᠥᠷᠥ ᠶᠢᠨ ᠪᠣᠳᠣᠯᠭ᠎ᠠ ᠶᠢ ᠥᠷᠭᠡᠳᠬᠡᠨ ᠬᠡᠷᠡᠭᠵᠢᠭᠦᠯᠬᠦ᠂ ︽ᠬᠤᠶᠠᠷ ᠴᠢᠬᠤᠯᠠ︾ ᠲᠥᠷᠥᠯ ᠵᠦᠢᠯ ᠢ ᠨᠠᠩ ᠶᠡᠭᠡ ᠡᠷᠴᠢᠮ ᠢᠶᠠᠷ ᠳᠡᠮᠵᠢᠬᠦ ᠵᠡᠷᠭᠡ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠡᠵᠡᠮᠳᠡᠵᠦ᠂ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ᠂ ᠤᠯᠤᠰ ᠤᠨ ᠣᠷᠳᠣ ᠬᠤᠭᠤᠴᠠᠭᠠᠲᠤ ᠣᠨᠴᠠᠭᠠᠶ ᠵᠢᠭᠡᠯᠡᠯᠭᠡ ᠪᠠ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠢᠭᠡᠯᠡᠯᠭᠡ ᠶᠢᠨ ᠲᠥᠷᠥᠯ ᠵᠦᠢᠯ ᠢ ᠢᠳᠡᠪᠬᠢᠲᠡᠢ ᠪᠠᠷ ᠲᠥᠯᠦᠪᠵᠢᠭᠦᠯᠵᠦ᠂ ᠳᠡᠭᠡᠳᠦ ᠱᠠᠲᠤᠨ ᠤ ᠪᠡᠯᠡ ᠮᠥᠩᠭᠦ ᠶᠢ 300 ᠳ᠋ᠦᠩᠰᠢᠭᠤᠷ ᠲᠥᠭᠦᠷᠢᠭ ᠠᠴᠠ ᠳᠡᠭᠡᠭᠰᠢ ᠣᠯᠬᠤ ᠪᠠᠷ ᠴᠢᠷᠮᠠᠶᠢᠨ᠎ᠠ᠃ ᠠᠵᠤ ᠦᠢᠯᠡᠰ ᠤᠨ ᠬᠥᠭᠵᠢᠯᠲᠡ ᠶᠢᠨ ᠲᠣᠭᠤᠷᠢᠨ ᠳᠤ ᠲᠥᠷᠥᠯ ᠵᠦᠢᠯ ᠢ ᠲᠥᠯᠦᠪᠵᠢᠭᠦᠯᠵᠦ᠂ ᠥᠪᠡᠷᠲᠡᠭᠡᠨ ᠵᠠᠰᠠᠬᠤ ᠣᠷᠣᠨ ᠠᠴᠠ ᠭᠤᠣᠯᠳᠠᠯᠭ᠎ᠠ ᠲᠠᠢ ᠠᠵᠤ ᠦᠢᠯᠡᠰ ᠤᠨ ᠪᠠᠶᠢᠷᠢᠰᠢᠭᠤᠯᠤᠯᠲᠠ ᠶᠢ ᠴᠢᠨᠠᠭᠰᠢᠳᠠ ᠰᠢᠯᠢᠳᠡᠭᠵᠢᠭᠦᠯᠬᠦ ᠠᠵᠠ ᠲᠣᠬᠢᠶᠠᠯ ᠢ ᠠᠳᠬᠤᠵᠤ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠳᠠᠪᠠᠭᠤᠯᠢᠭ ᠣᠨᠴᠠᠯᠢᠭᠲᠤ ᠠᠵᠤ ᠦᠢᠯᠡᠰ ᠢ ᠬᠦᠴᠦᠷᠬᠡᠭᠵᠢᠭᠦᠯᠬᠦ᠂ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠢ ᠰᠢᠯᠢᠳᠡᠭᠵᠢᠭᠦᠯᠬᠦ᠂ ᠢᠷᠡᠭᠡᠳᠦᠢ ᠶᠢᠨ ᠠᠵᠤ ᠦᠢᠯᠡᠰ ᠢ ᠪᠤᠵᠠᠭᠠᠶᠢᠷᠠᠭᠤᠯᠬᠤ ᠲᠠᠯ᠎ᠠ ᠪᠠᠷ ᠨᠢᠭᠡ ᠪᠦᠯᠦᠭ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠦᠨ᠎ᠡ᠃ ᠬᠦᠴᠦᠨ ᠵᠦᠢᠯ ᠤᠨ ᠪᠠᠲᠤᠯᠠᠭ᠎ᠠ ᠶᠢᠨ ᠲᠣᠭᠤᠷᠢᠨ ᠳᠤ ᠲᠥᠷᠥᠯ ᠵᠦᠢᠯ ᠢ ᠲᠥᠯᠥᠪᠵᠢᠭᠦᠯᠵᠦ᠂ ᠨᠢᠭᠡ ᠪᠦᠯᠦᠭ ᠤᠰᠤ᠂ ᠴᠠᠬᠢᠯᠭᠠᠨ᠂ ᠵᠠᠮ᠂ ᠴᠢᠮᠡᠭᠡ ᠬᠤᠯᠪᠣᠭᠠᠨ ᠤ ᠲᠣᠣᠷ ᠪᠠ ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠲᠥᠷᠥᠯ ᠵᠦᠢᠯ ᠢ ᠲᠥᠯᠥᠪᠵᠢᠭᠦᠯᠦᠨ ᠪᠦᠲᠦᠭᠡᠨ ᠪᠠᠶᠢᠭᠤᠯᠤᠨ᠎ᠠ᠃ ︽ᠠᠷᠪᠠᠨ ᠲᠠᠪᠤᠳᠤᠭᠠᠷ ᠲᠠᠪᠤᠨ ᠵᠢᠯ ︾᠎ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠴᠠ ᠨᠡᠶᠢᠲᠡᠯᠡᠬᠦ ᠬᠤᠭᠤᠴᠠᠭ᠎ᠠ ᠶᠢᠨ ᠲᠣᠭᠤᠷᠢᠨ ᠳᠤ ᠲᠥᠷᠥᠯ ᠵᠦᠢᠯ ᠢ ᠲᠥᠯᠦᠪᠵᠢᠭᠦᠯᠵᠦ᠂ ᠨᠢᠭᠡ ᠪᠦᠯᠦᠭ ᠲᠥᠷᠥᠯ ᠵᠦᠢᠯ ᠢ ᠤᠯᠤᠰ᠂ ᠥᠪᠡᠷᠲᠡᠭᠡᠨ ᠵᠠᠰᠠᠬᠤ ᠣᠷᠣᠨ ᠤ ︽ᠪᠣᠷᠣ ᠲᠥᠯᠦᠪ︾᠎ ᠲᠤ ᠣᠷᠣᠭᠤᠯᠬᠤ ᠪᠠᠷ ᠴᠢᠷᠮᠠᠶᠢᠵᠤ᠂ ᠨᠥᠭᠡᠴᠡᠯᠡᠬᠦ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠶᠢᠨ ᠲᠤᠭ᠎ᠠ ᠶᠢ 3 ᠲᠦᠮᠡᠨ ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠦᠨ᠎ᠡ᠃      ᠪᠡᠯᠡ ᠣᠷᠣᠭᠤᠯᠤᠯᠲᠠ ᠶᠢ ᠥᠷᠭᠡᠳᠬᠡᠬᠦ ᠪᠣᠳᠠᠲᠠᠢ ᠨᠢ ᠲᠦᠷᠦᠯ ᠵᠦᠢᠯ ᠢ ᠰᠢᠯᠢᠳᠡᠭᠵᠢᠭᠦᠯᠬᠦ ᠳᠤ ᠪᠤᠢ ᠃ ᠲᠥᠷᠥᠯ ᠵᠦᠢᠯ᠂ ᠪᠡᠯᠡ ᠣᠷᠣᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠬᠦ ᠠᠴᠠ ᠭᠠᠷᠳᠠᠵᠤ᠂ ᠠᠵᠤ ᠦᠢᠯᠡᠰ ᠤᠨ ᠪᠦᠲᠦᠴᠡ ᠪᠠ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠵᠦ᠂ ᠪᠡᠯᠡ ᠣᠷᠣᠭᠤᠯᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠲᠥᠷᠥᠯ ᠵᠦᠢᠯ ᠢ ᠲᠥᠪᠯᠡᠷᠡᠭᠦᠯᠦᠨ ᠨᠢᠭᠡᠳᠦᠯᠲᠡᠢ ᠬᠢᠨᠠᠨ ᠵᠥᠪᠰᠢᠶᠡᠷᠡᠬᠦ ᠲᠣᠭᠲᠠᠴᠠ ᠶᠢ ᠨᠠᠶᠢᠳᠠᠪᠤᠷᠢᠵᠢᠭᠤᠯᠵᠤ᠂ 433 ᠭᠤᠣᠯᠳᠠᠯᠭ᠎ᠠ ᠲᠠᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠨᠢᠭᠡᠳᠦᠭᠡᠷ ᠤᠯᠠᠷᠢᠯ ᠳᠤ ᠦᠨᠳᠦᠰᠦᠨ ᠳᠡᠭᠡᠨ ᠭᠦᠢᠴᠡᠳᠭᠡᠨ ᠳᠠᠭᠤᠰᠬᠠᠵᠤ᠂ ᠳᠡᠭᠡᠷ᠎ᠡ ᠬᠠᠭᠠᠰ ᠵᠢᠯ ᠳᠤ ᠪᠦᠬᠦᠨ ᠢ ᠠᠵᠢᠯ ᠡᠬᠢᠯᠡᠭᠦᠯᠦᠨ ᠰᠡᠷᠭᠦᠭᠡᠨ ᠪᠠᠶᠢᠭᠤᠯᠵᠤ᠂ ᠲᠥᠷᠥᠯ ᠵᠦᠢᠯ ᠤᠨ ᠪᠡᠯᠡ ᠣᠷᠣᠭᠤᠯᠤᠯᠲᠠ ᠶᠢ 1700 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠬᠦ ᠪᠠᠷ ᠴᠢᠷᠮᠠᠶᠢᠨ᠎ᠠ᠃ ᠲᠥᠷᠥᠯ ᠵᠦᠢᠯ ᠢ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠵᠤ᠂ ᠭᠤᠣᠯᠳᠠᠯᠭ᠎ᠠ ᠲᠠᠢ ᠲᠥᠷᠥᠯ ᠵᠦᠢᠯ ᠢ ᠬᠤᠶᠠᠷ ᠰᠠᠷ᠎ᠠ ᠪᠦᠷᠢ ᠨᠢᠭᠡ ᠤᠳᠠᠭ᠎ᠠ ᠲᠣᠬᠢᠷᠠᠭᠤᠯᠤᠨ ᠨᠥᠬᠦᠪᠦᠷᠢᠯᠡᠵᠦ᠂ ᠲᠥᠷᠥᠯ ᠵᠦᠢᠯ ᠤᠨ ᠲᠤᠭ᠎ᠠ ᠬᠡᠮᠵᠢᠶ᠎ᠡ᠂ ᠪᠡᠯᠡ ᠣᠷᠣᠭᠤᠯᠤᠯᠲᠠ ᠶᠢᠨ ᠲᠤᠭ᠎ᠠ ᠬᠡᠮᠵᠢᠶ᠎ᠡ ᠶᠢ ᠨᠡᠮᠡᠭᠳᠡᠭᠦᠯᠬᠦ ᠠᠴᠠ ᠪᠢᠰᠢ ᠬᠠᠰᠤᠭᠳᠠᠭᠤᠯᠬᠤ ᠦᠭᠡᠢ ᠪᠠᠶᠢᠬᠤ ᠶᠢ ᠦᠨᠡᠨᠬᠦ ᠪᠠᠲᠤᠯᠠᠨ᠎ᠠ᠃ ᠴᠢᠬᠤᠯᠠ ᠬᠦᠴᠦᠨ ᠵᠦᠢᠯ ᠤᠨ ᠬᠢᠵᠠᠭᠠᠷᠯᠠᠯ ᠢ ᠡᠪᠳᠡᠬᠦ ᠪᠣᠭᠤᠮᠲᠠ ᠰᠢᠪᠲᠤᠯᠬᠤ ᠣᠨ ᠤ ᠠᠵᠢᠯᠯᠠᠭ᠎ᠠ ᠶᠢ ᠥᠷᠨᠢᠭᠦᠯᠵᠦ᠂ ᠴᠢᠬᠤᠯᠠ ᠬᠦᠴᠦᠨ ᠵᠦᠢᠯ ᠨᠢ ᠲᠥᠷᠥᠯ ᠵᠦᠢᠯ ᠢᠶᠠᠨ ᠳᠠᠭᠠᠬᠤ ᠶᠢ ᠪᠠᠷᠢᠮᠲᠠᠯᠠᠵᠤ᠂ ᠡᠨᠧᠷᠭᠢ ᠶᠢᠨ ᠬᠤᠷᠣᠭᠳᠠᠭᠤᠯᠤᠯ ᠢ ᠲᠤᠰᠠᠭᠠᠷ ᠵᠢᠭᠰᠠᠭᠠᠬᠤ᠂ ᠠᠶᠢᠮᠠᠭ ᠬᠤᠲᠠ ᠠᠯᠤᠰᠯᠠᠨ ᠤᠰᠤᠨ ᠤ ᠡᠷᠬᠡ ᠶᠢ ᠰᠢᠯᠵᠢᠭᠦᠯᠦᠨ ᠡᠷᠭᠢᠯᠳᠦᠭᠦᠯᠬᠦ ᠵᠡᠷᠭᠡ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠣᠯᠬᠤ ᠪᠠᠷ ᠢᠳᠡᠪᠬᠢᠲᠡᠢ ᠴᠢᠷᠮᠠᠶᠢᠵᠤ᠂ ᠲᠥᠷᠥᠯ ᠵᠦᠢᠯ ᠤᠨ ᠭᠠᠵᠠᠷ᠂ ᠡᠨᠧᠷᠭᠢ ᠪᠠ ᠤᠰᠤ ᠬᠡᠷᠡᠭᠯᠡᠬᠦ ᠶᠢ ᠪᠠᠲᠤᠯᠠᠬᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠲᠥᠷᠥᠯ ᠵᠦᠢᠯ ᠤᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠲᠣᠭᠲᠠᠴᠠ ᠶᠢ ᠰᠢᠯᠢᠳᠡᠭᠵᠢᠭᠦᠯᠵᠦ᠂ ᠤᠯᠠᠨ ᠲᠡᠰ ᠳᠠᠪᠬᠤᠷᠭ᠎ᠠ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠰᠠᠭᠤᠷᠢ ᠮᠥᠩᠭᠦ ᠶᠢᠨ ᠬᠡᠪᠴᠢᠶ᠎ᠡ ᠶᠢ ᠥᠷᠭᠡᠳᠬᠡᠵᠦ᠂ ᠲᠥᠷᠥᠯ ᠵᠦᠢᠯ ᠤᠨ ᠪᠡᠯᠡ ᠮᠥᠩᠭᠦ ᠶᠢᠨ ᠬᠡᠷᠡᠭᠴᠡᠭᠡ ᠶᠢ ᠪᠦᠲᠦᠮᠵᠢᠲᠡᠶ ᠪᠠᠲᠤᠯᠠᠨ᠎ᠠ᠃      ᠪᠡᠯᠡ ᠣᠷᠣᠭᠤᠯᠤᠯᠲᠠ ᠶᠢ ᠥᠷᠭᠡᠳᠬᠡᠬᠦ ᠵᠠᠩᠭᠢᠯᠠᠭ᠎ᠠ ᠨᠢ ᠠᠷᠠᠯᠵᠢᠶᠠᠴᠢᠨ ᠤᠷᠢᠬᠤ ᠶᠢ ᠴᠢᠩᠭᠠᠳᠬᠠᠬᠤ ᠳᠤ ᠪᠤᠢ᠃ ᠪᠥᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠪᠠᠷ ᠠᠭᠤᠰᠤᠯᠴᠠᠨ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠵᠤ᠂ ᠠᠵᠤ ᠦᠢᠯᠡᠰ ᠤᠨ ᠬᠡᠯᠬᠢᠶ᠎ᠡ ᠪᠠᠷ ᠠᠷᠠᠯᠵᠢᠶᠠᠴᠢᠨ ᠤᠷᠢᠬᠤ᠂ ᠠᠬᠤᠢ ᠲᠠᠯᠠᠪᠠᠶ ᠪᠠᠷ  ᠠᠷᠠᠯᠵᠢᠶᠠᠴᠢᠨ ᠤᠷᠢᠬᠤ᠂ ᠰᠠᠭᠤᠷᠢ ᠮᠥᠩᠭᠦ ᠪᠠᠷ ᠠᠷᠠᠯᠵᠢᠶᠠᠴᠢᠨ ᠤᠷᠢᠬᠤ᠂ ᠣᠲᠣ ᠪᠠᠶᠢᠭ᠎ᠠ ᠲᠥᠷᠥᠯ ᠵᠦᠢᠯ ᠤᠨ ᠬᠡᠪᠴᠢᠶ᠎ᠡ ᠶᠢ ᠥᠷᠭᠡᠳᠭᠡᠬᠦ ᠪᠠᠷ ᠠᠷᠠᠯᠵᠢᠶᠠᠴᠢᠨ ᠤᠷᠢᠬᠤ᠂ ᠨᠡᠶᠢᠯᠡᠭᠦᠯᠦᠨ ᠬᠤᠳᠠᠯᠳᠤᠨ ᠠᠪᠴᠤ ᠳᠠᠬᠢᠨ ᠵᠣᠬᠢᠶᠠᠨ ᠪᠠᠶᠢᠭᠤᠯᠬᠤ ᠪᠠᠷ ᠠᠷᠠᠯᠵᠢᠶᠠᠴᠢᠨ ᠤᠷᠢᠬᠤ ᠶᠢ ᠨᠠᠷᠢᠯᠢᠭ ᠣᠨᠣᠴᠠᠲᠠᠢ ᠪᠦᠭᠡᠳ ᠪᠦᠲᠦᠮᠵᠢᠲᠡᠶ ᠪᠠᠷ ᠬᠡᠷᠡᠭᠵᠢᠭᠦᠯᠵᠦ᠂ ᠵᠠᠭᠤᠨ ᠳ᠋ᠦᠩᠰᠢᠭᠤᠷ ᠲᠥᠭᠦᠷᠢᠭ ᠤᠨ ᠲᠠᠰ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ 5᠎ ᠠᠴᠠ ᠳᠡᠭᠡᠭᠰᠢ᠂ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢᠨ ᠲᠥᠷᠥᠯ ᠵᠦᠢᠯ ᠢ 40 ᠣᠷᠴᠢᠮ ᠣᠷᠣᠭᠤᠯᠤᠨ᠎ᠠ᠃ ᠪᠥᠬᠦ ᠬᠤᠲᠠ ᠶᠢᠨ ︽ᠨᠢᠭᠡ ᠬᠥᠯᠭᠡ ᠰᠢᠲᠠᠷ᠎ᠠ︾᠎ ᠶᠢ ᠪᠠᠷᠢᠮᠲᠠᠯᠠᠵᠤ᠂ ᠬᠤᠰᠢᠭᠤ ᠲᠣᠭᠤᠷᠢᠭ ᠤᠨ ᠭᠤᠣᠯᠳᠠᠯᠭ᠎ᠠ ᠲᠠᠢ ᠠᠵᠤ ᠦᠢᠯᠡᠰ ᠪᠠ ᠲᠥᠷᠥᠯ ᠵᠦᠢᠯ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ︽ᠨᠠᠵᠠᠭᠠᠢ ᠮᠠᠶ᠋ᠢᠭ︾᠎ ᠤᠨ ᠥᠷᠢᠰᠦᠯᠳᠦᠭᠡᠨ ᠠᠴᠠ ᠵᠠᠶᠢᠯᠠᠰᠬᠢᠵᠦ᠂ ︽ᠬᠠᠷᠢᠯᠴᠠᠨ ᠨᠥᠬᠦᠪᠦᠷᠢᠯᠡᠬᠦ ᠮᠠᠶ᠋ᠢᠭ︾᠎ ᠤᠨ ᠬᠠᠮᠲᠤᠷᠠᠯᠴᠠᠭ᠎ᠠ ᠶᠢ ᠴᠢᠩᠭᠠᠳᠬᠠᠨ᠎ᠠ᠃ ᠭᠡᠷ᠎ᠡ ᠲᠣᠭᠲᠠᠭᠰᠠᠨ ᠲᠥᠷᠥᠯ ᠵᠦᠢᠯ ᠤᠨ ᠪᠥᠬᠦ ᠦᠶᠡᠯᠡᠯ ᠤᠨ ᠬᠤᠭᠤᠴᠠᠭᠠᠨ ᠤ ᠲᠣᠬᠢᠷᠠᠭᠤᠯᠬᠤ ᠦᠢᠯᠡᠴᠢᠯᠡᠭᠡ ᠶᠢ ᠴᠢᠩᠭᠠᠳᠬᠠᠵᠤ᠂ ᠭᠡᠷ᠎ᠡ ᠶᠢ ᠭᠦᠢᠴᠡᠳᠬᠡᠭᠰᠡᠨ ᠨᠣᠷᠮ᠎ᠠ᠂ ᠲᠥᠷᠥᠯ ᠵᠦᠢᠯ ᠢ ᠨᠠᠶᠢᠳᠠᠪᠤᠷᠢᠵᠢᠭᠤᠯᠤᠭᠰᠠᠨ ᠨᠣᠷᠮ᠎ᠠ᠂ ᠪᠡᠯᠡ ᠮᠥᠩᠭᠦ ᠶᠢ ᠪᠣᠳᠠᠲᠠᠶᠢᠵᠢᠭᠤᠯᠤᠭᠰᠠᠨ ᠨᠣᠷᠮ᠎ᠠ ᠶᠢ ᠳᠡᠭᠡᠭᠰᠢᠯᠡᠭᠦᠯᠵᠦ᠂ 1000 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠮᠥᠩᠭᠦ ᠶᠢ ᠣᠷᠣᠭᠤᠯᠵᠤ ᠠᠪᠴᠢᠷᠠᠵᠤ ᠪᠣᠳᠠᠲᠠᠶᠢᠵᠢᠭᠤᠯᠤᠨ᠎ᠠ᠃      ︵ᠬᠤᠶᠠᠷ︶ ᠬᠠᠩᠭᠠᠯᠭ᠎ᠠ ᠬᠡᠷᠡᠭᠴᠡᠭᠡ ᠶᠢ ᠬᠠᠮᠵᠢᠯᠴᠠᠭᠤᠯᠤᠨ ᠬᠡᠷᠡᠭᠯᠡᠭᠡᠨ ᠤ ᠳᠠᠯᠳᠠ ᠴᠢᠳᠠᠪᠤᠷᠢ ᠶᠢ ᠬᠥᠭᠵᠢᠭᠡᠨ᠎ᠡ᠃ ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ᠲᠠᠯᠳᠠ ᠬᠦᠴᠦᠨ ᠢ ᠠᠭᠤᠳᠠᠯᠬᠤ᠂ ᠣᠨᠴᠠᠯᠢᠭ ᠢ ᠪᠤᠢ ᠪᠣᠯᠭᠠᠬᠤ᠂ ᠳᠤᠲᠠᠭᠤᠳᠠᠯ ᠢ ᠨᠥᠬᠦᠪᠦᠷᠢᠯᠡᠬᠦ᠂ ᠠᠮᠢᠵᠢᠷᠠᠯ ᠤᠨ ᠬᠦᠴᠦᠨ ᠢ ᠴᠢᠩᠭᠠᠳᠬᠠᠬᠤ ᠶᠢ ᠪᠠᠷᠢᠮᠲᠠᠯᠠᠵᠤ᠂ ᠤᠯᠠᠨ ᠲᠡᠰ ᠳᠠᠪᠬᠤᠷᠭᠠᠲᠤ ᠤᠯᠠᠨ ᠡᠰᠢᠴᠢᠯᠡᠭᠰᠡᠨ ᠬᠡᠷᠡᠭᠯᠡᠭᠡᠨ ᠤ ᠲᠣᠭᠲᠠᠯᠴᠠᠭ᠎ᠠ ᠶᠢ ᠲᠥᠷᠭᠡᠳᠭᠡᠨ ᠪᠠᠶᠢᠭᠤᠯᠤᠨ᠎ᠠ᠃      ᠬᠡᠷᠡᠭᠯᠡᠭᠡᠨ ᠤ ᠠᠬᠤᠢ ᠪᠠᠶᠢᠳᠠᠯ ᠢ ᠪᠠᠶᠠᠯᠢᠭᠵᠢᠭᠤᠯᠤᠨ᠎ᠠ᠃ ᠠᠩᠬ᠎ᠠ ᠲᠠᠷᠬᠠᠭᠠᠬᠤ ᠠᠵᠤ ᠠᠬᠤᠢ᠂ ᠮᠥᠰᠥ ᠴᠠᠰᠤᠨ ᠤ ᠠᠵᠤ ᠠᠬᠤᠢ ᠵᠡᠷᠭᠡ ᠰᠢᠨ᠎ᠡ ᠠᠬᠤᠢ ᠪᠠᠶᠢᠳᠠᠯ ᠢ ᠶᠡᠬᠡᠪᠡᠷ ᠪᠣᠶᠢᠵᠢᠭᠤᠯᠵᠤ᠂ ᠴᠠᠭ ᠤᠨ ᠤᠷᠤᠰᠬᠠᠯ ᠢ ᠳᠠᠭᠠᠭᠰᠠᠨ ᠲᠣᠭᠯᠠᠭᠠᠮ ᠨᠠᠭᠠᠳᠤᠮ ᠤᠨ ᠠᠵᠤ ᠠᠬᠤᠢ᠂ ᠴᠤᠭᠯᠠᠭ᠎ᠠ ᠮᠠᠶᠢᠮᠠᠢ ᠶᠢᠨ ᠠᠵᠤ ᠠᠬᠤᠢ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠵᠡᠷᠭᠡ ᠵᠠᠭᠪᠤᠷ ᠢ ᠢᠳᠡᠪᠬᠢᠲᠡᠢ ᠪᠠᠷ ᠥᠷᠭᠡᠳᠭᠡᠵᠦ᠂ ᠨᠠᠷᠠᠲᠤ ᠠᠩᠬᠠᠨ ᠤ  ᠳᠡᠯᠭᠡᠭᠦᠷ᠂ ᠣᠳᠣᠨ ᠲᠠᠰ ᠤᠨ ᠪᠠᠭᠤᠳᠠᠯ᠂ ᠤᠯᠤᠰ ᠤᠨ ᠳᠣᠲᠤᠭᠠᠲᠤ ᠶᠢᠨ ︽ᠭᠠᠩᠭᠠᠩ ᠪᠠᠷᠠᠭ᠎ᠠ︾᠎ ᠶᠢᠨ ᠳᠡᠯᠭᠡᠭᠦᠷ ᠢ 30᠎ ᠠᠴᠠ ᠳᠡᠭᠡᠭᠰᠢ ᠰᠢᠨ᠎ᠡ ᠪᠠᠷ ᠣᠷᠣᠭᠤᠯᠤᠨ ᠠᠪᠴᠢᠷᠠᠵᠤ᠂ ᠮᠥᠰᠥ ᠴᠠᠰᠤᠨ ᠤ ᠴᠡᠩᠭᠡᠯ ᠤᠨ ᠬᠦᠷᠢᠶᠡᠯᠡᠩ ᠢ ᠲᠥᠯᠥᠪᠵᠢᠭᠦᠯᠦᠨ ᠪᠦᠲᠦᠭᠡᠨ ᠪᠠᠶᠢᠭᠤᠯᠤᠨ᠎ᠠ᠃ ᠣᠲᠣ ᠶᠢᠨ ᠪᠠᠶᠢᠭ᠎ᠠ ᠬᠤᠳᠠᠯᠳᠤᠭᠠᠨ ᠤ ᠲᠣᠭᠤᠷᠢᠭ᠂ ᠵᠡᠭᠡᠯᠢ ᠲᠣᠭᠤᠷᠢᠭ ᠢ ᠣᠨᠴᠠᠯᠢᠬᠵᠢᠭᠤᠯᠤᠨ ᠥᠭᠡᠷᠡᠴᠢᠯᠡᠬᠦ᠂ ᠣᠯᠠᠨ ᠡᠰᠢᠵᠢᠭᠦᠯᠦᠨ ᠰᠢᠨ᠎ᠡ ᠶᠢ ᠡᠭᠦᠳᠬᠦ ᠶᠢ ᠠᠬᠢᠭᠤᠯᠵᠤ᠂ ᠸᠠᠨ ᠳ᠋ᠠ ᠶᠢᠨ ᠬᠤᠶᠠᠳᠤᠭᠠᠷ ᠬᠤᠭᠤᠴᠠᠭ᠎ᠠ᠂ ᠲᠦᠩ ᠯᠥᠸᠧ ᠸᠠᠨ ᠠᠭᠤᠳᠠᠮ ᠲᠠᠯᠠᠪᠠᠶ ᠵᠡᠷᠭᠡ ᠲᠣᠮᠣ ᠬᠡᠯᠪᠡᠷᠢ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢ ᠪᠠᠶᠢᠭᠤᠯᠤᠨ ᠪᠦᠲᠦᠭᠡᠵᠦ᠂ ᠪᠠᠷᠠᠭ᠎ᠠ ᠬᠤᠳᠠᠯᠳᠤᠨ ᠠᠪᠬᠤ᠂ ᠢᠳᠡᠭᠡᠨ ᠤᠮᠳᠠᠭᠠᠨ᠂ ᠨᠡᠶᠢᠭᠡᠮ ᠤᠨ ᠬᠠᠷᠢᠯᠴᠠᠭ᠎ᠠ᠂ ᠵᠤᠭ᠎ᠠ ᠴᠡᠩᠭᠡᠯ ᠵᠡᠷᠭᠡ ᠶᠢᠨ ︽ᠨᠢᠭᠡ ᠥᠷᠲᠡᠭᠡᠴᠢᠯᠡᠭᠰᠡᠨ︾ ᠦᠢᠯᠡᠴᠢᠯᠡᠭᠡᠨ ᠤ ᠪᠡᠯᠭᠡ ᠲᠡᠮᠳᠡᠭ ᠤᠨ ᠴᠢᠨᠠᠷᠲᠠᠢ ᠭᠠᠵᠠᠷ ᠢ ᠴᠤᠭᠴᠠᠯᠠᠨ᠎ᠠ᠃ ᠵᠢᠭᠤᠯᠴᠢᠯᠠᠯ ᠤᠨ ᠦᠢᠯᠡᠰ ᠤᠨ ᠬᠡᠯᠪᠡᠷᠢ ᠪᠠᠶᠢᠳᠠᠯ ᠤᠨ ᠠᠭᠤᠰᠤᠯᠴᠠᠯ ᠤᠨ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠨᠢᠭᠡ ᠪᠦᠯᠦᠭ ᠨᠥᠯᠥᠭᠡᠯᠡᠬᠦ ᠬᠦᠴᠦᠨ ᠲᠠᠢ ᠰᠣᠳᠣᠨ ᠵᠢᠭᠤᠯᠴᠢᠯᠠᠯ ᠤᠨ ᠵᠠᠮ ᠱᠤᠭᠤᠮ ᠢ ᠲᠥᠯᠦᠪᠯᠡᠵᠦ᠂ ᠭᠤᠣᠯᠳᠠᠯᠭ᠎ᠠ ᠲᠠᠢ ᠦᠵᠡᠮᠵᠢ ᠶᠢᠨ ᠣᠷᠣᠨ ᠤ ᠤᠯᠤᠰ ᠤᠨ ᠲᠠᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠬᠤ ᠶᠢ ᠳᠡᠮᠵᠢᠵᠦ᠂ ᠡᠯᠡᠰᠦ ᠮᠠᠩᠬ᠎ᠠ ᠪᠠ ᠲᠠᠯ᠎ᠠ ᠨᠤᠲᠤᠭ ᠤᠨ ᠰᠡᠯᠡᠭᠦᠴᠡᠯ ᠠᠮᠠᠷᠠᠯᠲᠠ ᠵᠡᠷᠭᠡ ᠣᠨᠴᠠᠯᠢᠭᠲᠤ ᠨᠠᠷᠠᠲᠤ ᠲᠥᠷᠥᠯ ᠲᠡᠮᠳᠡᠭᠲᠦ ᠶᠢ ᠭᠡᠷᠡᠯᠲᠦᠭᠦᠯᠦᠨ᠂ ᠵᠢᠭᠤᠯᠴᠢᠯᠠᠯ ᠤᠨ ︽ᠳᠥᠷᠪᠡᠨ ᠵᠣᠷᠢᠯᠲᠠ ᠶᠢᠨ ᠭᠠᠵᠠᠷ︾᠎ ᠤᠨ ᠰᠢᠨ᠎ᠡ IP᠎ ᠶᠢ ᠪᠣᠶ ᠪᠣᠯᠭᠠᠨ᠎ᠠ᠃      ᠰᠠᠭᠤᠭᠠᠯᠢ ᠠᠷᠠᠳ ᠤᠨ ᠬᠡᠷᠡᠭᠯᠡᠭᠡ ᠳᠤ ᠨᠡᠩ ᠰᠠᠶᠢᠨ ᠦᠢᠯᠡᠴᠢᠯᠡᠨ᠎ᠡ ᠃ ᠬᠡᠷᠡᠭᠯᠡᠭᠡ ᠶᠢ ᠠᠬᠢᠭᠤᠯᠬᠤ ᠪᠠ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢ ᠤᠶᠠᠯᠳᠤᠭᠤᠯᠵᠤ᠂ ᠣᠷᠣᠯᠭ᠎ᠠ ᠶᠢᠨ ᠲᠠᠯ᠎ᠠ ᠠᠴᠠ ᠰᠠᠭᠤᠭᠠᠯᠢ ᠠᠷᠠᠳ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠶᠢ ᠪᠠᠷᠢᠮᠲᠠᠯᠠᠵᠤ᠂ ᠬᠠᠭᠤᠴᠢᠨ ᠢᠶᠠᠷ ᠰᠢᠨ᠎ᠡ ᠶᠢ ᠰᠣᠯᠢᠬᠤ᠂ ᠬᠡᠷᠡᠭᠯᠡᠭᠡᠨ ᠤ ᠨᠥᠬᠦᠪᠦᠷᠢ ᠥᠭᠬᠦ᠂ ᠳᠠᠮ ᠬᠦᠦ ᠲᠠᠢ ᠵᠢᠭᠡᠯᠡᠯᠭᠡ ᠥᠭᠬᠦ ᠵᠡᠷᠭᠡ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ︽ᠳᠤᠯᠠᠭᠠᠨ ᠬᠤᠳᠠ ᠶᠢᠨ ᠪᠠᠶᠠᠰᠤᠯᠲᠤ ᠬᠤᠳᠠᠯᠳᠤᠭ᠎ᠠ︾ ᠵᠡᠷᠭᠡ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠣᠶᠤᠨᠴᠢ ᠭᠡᠷ ᠤᠨ ᠬᠡᠷᠡᠭᠰᠡᠯ᠂ ᠴᠠᠬᠢᠯᠭᠠᠨ ᠬᠡᠷᠡᠭᠰᠡᠯ ᠵᠡᠷᠭᠡ ᠬᠡᠷᠡᠭᠯᠡᠭᠡᠨ ᠤ ᠬᠡᠷᠡᠭᠴᠡᠭᠡ ᠶᠢ ᠬᠥᠭᠵᠢᠭᠡᠨ᠎ᠡ᠃ ᠪᠤᠭᠤᠷᠤᠯᠴᠤᠳ ᠤᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠨᠡᠶᠢᠭᠡᠮ ᠲᠣᠭᠤᠷᠢᠭ ᠤᠨ ᠰᠢᠭᠢᠳᠬᠡᠯ ᠮᠠᠶ᠋ᠢᠭ ᠤᠨ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠵᠢᠭᠤᠯᠴᠢᠯᠠᠨ ᠰᠣᠪᠢᠯᠠᠬᠤ ᠨᠠᠰᠤᠵᠢᠯ ᠤᠨ ᠠᠰᠠᠷᠠᠮᠵᠢ᠂ ᠬᠤᠳᠠᠯᠳᠤᠭᠠᠨ ᠤ ᠨᠠᠰᠤᠵᠢᠯ ᠤᠨ ᠠᠰᠠᠷᠠᠮᠵᠢ᠂ ᠬᠠᠷᠢᠯᠴᠠᠨ ᠬᠠᠪᠰᠤᠷᠤᠯᠴᠠᠬᠤ ᠨᠠᠰᠤᠵᠢᠯ ᠤᠨ ᠠᠰᠠᠷᠠᠮᠵᠢ᠂ ᠡᠮᠴᠢᠯᠡᠭᠡ ᠰᠣᠪᠢᠯᠠᠯᠲᠠ ᠶᠢ ᠤᠶᠠᠯᠳᠤᠭᠤᠯᠬᠤ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠠᠯᠢᠭᠵᠢᠭᠤᠯᠤᠨ᠎ᠠ᠃ ᠰᠢᠨᠵᠢᠯᠡᠬᠦ ᠤᠬᠠᠭᠠᠨᠴᠢ ᠪᠠᠷ ᠬᠡᠦᠬᠡᠳ ᠪᠣᠶᠢᠵᠢᠭᠤᠯᠬᠤ᠂ ᠡᠴᠢᠭᠡ ᠡᠬᠡᠰ ᠪᠠ ᠦᠷ᠎ᠡ ᠬᠡᠦᠬᠡᠳ ᠤᠨ ᠦᠢᠯᠡᠴᠢᠯᠡᠭᠡ᠂ ᠭᠤᠣᠯ ᠰᠡᠳᠦᠪᠲᠦ ᠵᠤᠭ᠎ᠠ ᠴᠡᠩᠭᠡᠯ ᠵᠡᠷᠭᠡ ᠬᠡᠷᠡᠭᠯᠡᠭᠡᠨ ᠤ ᠬᠠᠨᠳᠤᠰᠢ ᠳᠤ ᠵᠣᠬᠢᠴᠠᠭᠤᠯᠤᠨ᠂ ᠠᠬᠤᠢ ᠲᠠᠯᠠᠪᠠᠶ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠰᠢᠨ᠎ᠡ ᠶᠢ ᠡᠭᠦᠳᠴᠦ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠭᠡᠷ ᠤᠨ ᠠᠳᠠᠯ ᠠᠬᠤᠢ ᠶᠢᠨ ᠦᠢᠯᠡᠴᠢᠯᠡᠭᠡ᠂ ᠰᠤᠷᠭᠠᠨ ᠬᠥᠮᠦᠵᠢᠯ ᠪᠣᠯᠪᠠᠰᠤᠷᠠᠯ ᠵᠡᠷᠭᠡ ᠬᠡᠷᠡᠭᠯᠡᠭᠡᠨ ᠤ ᠬᠠᠩᠭᠠᠯᠭ᠎ᠠ ᠶᠢ ᠴᠢᠩᠭᠠᠳᠬᠠᠵᠤ᠂ ᠲᠣᠭᠠᠵᠢᠭᠤᠯᠤᠯᠲᠠ᠂ ᠪᠣᠬᠢᠷᠲᠤᠯ ᠦᠭᠡᠶᠢᠵᠢᠯᠲᠡ᠂ ᠡᠷᠡᠭᠦᠯ ᠡᠩᠬᠡ ᠵᠡᠷᠭᠡ ᠰᠢᠨ᠎ᠡ ᠬᠡᠯᠪᠡᠷᠢ ᠶᠢᠨ ᠬᠡᠷᠡᠭᠯᠡᠭᠡ ᠶᠢ ᠪᠣᠵᠠᠭᠠᠶᠢᠷᠠᠭᠤᠯᠵᠤ᠂ ᠠᠷᠠᠳ ᠲᠤ ᠲᠥᠬᠦᠮ ᠦᠵᠡᠭᠦᠯᠬᠦ ︽ᠨᠢᠭᠡ ᠮᠥᠴᠡ︾᠎ ᠶᠢᠨ ᠠᠮᠢᠳᠤᠷᠠᠯ ᠤᠨ ᠲᠣᠭᠤᠷᠢᠭ ᠢ 35 ᠰᠢᠨ᠎ᠡ ᠪᠠᠷ ᠪᠠᠶᠢᠭᠤᠯᠵᠤ᠂ ᠣᠯᠠᠨ ᠲᠦᠮᠡᠨ ᠢ ᠳᠤᠷᠠᠲᠠᠶ᠎ᠠ ᠬᠡᠷᠡᠭᠯᠡᠭᠡ ᠬᠢᠵᠦ᠂ ᠬᠡᠷᠡᠭᠯᠡᠭᠡ ᠬᠢᠬᠦ ᠳᠤ ᠲᠥᠬᠦᠮ ᠦᠵᠡᠭᠦᠯᠦᠨ᠎ᠡ᠃      ᠭᠠᠳᠠᠭᠠᠳᠤ ᠶᠢᠨ ᠬᠡᠷᠡᠭᠯᠡᠭᠡ ᠶᠢ ᠶᠡᠬᠡᠪᠡᠷ ᠲᠠᠲᠠᠨ᠎ᠠ ᠃ ᠬᠤᠷᠠᠯ ᠦᠵᠡᠰᠬᠦᠯᠡᠩ ᠤᠨ ᠠᠵᠤ ᠠᠬᠤᠢ ᠶᠢ ᠢᠳᠡᠪᠬᠢᠲᠡᠢ ᠬᠥᠭᠵᠢᠭᠦᠯᠵᠦ᠂ ᠳᠡᠯᠡᠬᠡᠢ ᠶᠢᠨ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠶᠡᠭᠡ ᠬᠤᠷᠠᠯ᠂ ᠣᠯᠠᠨ ᠤᠯᠤᠰ ᠤᠨ ᠢᠮᠠᠭᠠᠨ ᠨᠣᠣᠯᠤᠭᠤᠷ ᠤᠨ ᠦᠵᠡᠭᠦᠯᠦᠯᠭᠡ ᠶᠢᠨ ᠴᠤᠭᠯᠠᠭᠠᠨ᠂ ᠨᠡᠭᠦᠷᠡᠰᠦᠨ ᠤ ᠦᠵᠡᠭᠦᠯᠦᠯᠭᠡ ᠶᠢᠨ ᠴᠤᠭᠯᠠᠭᠠᠨ ᠵᠡᠷᠭᠡ ᠲᠣᠮᠣ ᠬᠡᠯᠪᠡᠷᠢ ᠶᠢᠨ ᠠᠵᠢᠯᠯᠠᠭ᠎ᠠ ᠶᠢ ᠰᠠᠶᠢᠲᠤᠷ ᠡᠷᠭᠢᠯᠡᠵᠦ᠂ ᠲᠥᠪ ᠤᠨ ᠠᠵᠤ ᠠᠬᠤᠶᠢᠯᠠᠯ ᠪᠠ ᠲᠣᠮᠣ ᠬᠡᠯᠪᠡᠷᠢ ᠶᠢᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠳ ᠮᠠᠨ ᠤ ᠬᠤᠲᠠ ᠳᠤ ᠣᠨ ᠤ ᠬᠤᠷᠠᠯ᠂ ᠦᠵᠡᠭᠦᠯᠦᠯᠭᠡ ᠶᠢᠨ ᠴᠤᠭᠯᠠᠭᠠᠨ ᠡᠷᠭᠢᠯᠡᠬᠦ ᠶᠢ ᠳᠡᠮᠵᠢᠨ᠎ᠡ᠃ ︽5 · 19 ᠎ ᠤ ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠎ ᠤᠨ ᠭᠤᠣᠯ ᠲᠠᠯᠠᠪᠤᠷ ᠤᠨ ᠠᠵᠢᠯᠯᠠᠭ᠎ᠠ᠂ ᠪᠦᠬᠦ ᠤᠯᠤᠰ ᠤᠨ ᠵᠠᠰᠠᠮᠠᠯ ᠵᠠᠮ ᠤᠨ ᠳᠤᠭᠤᠢ ᠲᠡᠷᠭᠡᠨ ᠤ ᠮᠠᠩᠯᠠᠢ ᠰᠢᠯᠭᠠᠷᠠᠭᠤᠯᠬᠤ ᠤᠷᠤᠯᠳᠤᠭᠠᠨ᠂ ᠪᠦᠬᠦ ᠤᠯᠤᠰ ᠤᠨ ᠵᠠᠯᠠᠭᠤᠴᠤᠳ ᠤᠨ ᠤᠮᠪᠠᠯᠲᠠ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠵᠡᠷᠭᠡ ᠤᠯᠤᠰ ᠤᠨ ᠲᠡᠰ ᠤᠨ ᠤᠷᠤᠯᠳᠤᠭᠠᠨ ᠪᠠ ᠠᠵᠢᠯᠯᠠᠭ᠎ᠠ ᠶᠢ ᠭᠤᠶᠤᠴᠢᠯᠠᠨ ᠡᠷᠬᠢᠯᠡᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠣᠮᠣ ᠬᠡᠯᠪᠡᠷᠢ ᠶᠢᠨ ᠬᠤᠳᠠᠯᠳᠤᠭᠠᠨ ᠤ ᠲᠣᠭᠯᠠᠯᠲᠠ ᠶᠢᠨ ᠠᠵᠢᠯᠯᠠᠭ᠎ᠠ ᠶᠢ ᠬᠦᠯᠢᠶᠡᠨ ᠠᠪᠬᠤ ᠪᠠ ᠣᠷᠣᠭᠤᠯᠤᠨ ᠠᠪᠴᠢᠷᠠᠬᠤ ᠶᠢ ᠵᠣᠷᠢᠭᠵᠢᠭᠤᠯᠵᠤ᠂ ᠨᠢᠭᠡ ᠪᠦᠯᠦᠭ ᠣᠨᠴᠠ ᠬᠠᠯᠠᠮᠰᠢᠯ ᠲᠠᠢ ᠳᠠᠭᠤᠤ ᠬᠥᠭᠵᠢᠮ ᠤᠨ ᠲᠣᠭᠯᠠᠯᠲᠠ᠂ ᠳᠠᠭᠤᠤ ᠬᠥᠭᠵᠢᠮ ᠤᠨ ᠨᠠᠶᠢᠷ ᠢ ᠳᠠᠭᠠᠭᠠᠴᠢᠯᠠᠨ ᠡᠷᠬᠢᠯᠡᠵᠦ᠂  ᠨᠡᠩ ᠤᠯᠠᠨ ᠬᠡᠦᠬᠡᠳ᠂ ᠵᠠᠯᠠᠭᠤᠴᠤᠳ ᠪᠠᠭᠠᠴᠤᠳ ᠪᠠ ᠳᠡᠭᠡᠳᠦ ᠲᠡᠰ ᠤᠨ ᠬᠡᠷᠡᠭᠯᠡᠭᠴᠢᠳ ᠢ ᠲᠠᠳᠠᠨ ᠠᠪᠴᠢᠷᠠᠵᠤ ᠮᠠᠨ ᠤ ᠬᠤᠳᠠ ᠳᠤ ᠬᠡᠷᠡᠭᠯᠡᠭᠡ ᠬᠢᠯᠭᠡᠵᠦ᠂ ᠬᠡᠷᠡᠭᠯᠡᠭᠡᠨ ᠤ ᠪᠦᠲᠦᠭᠡᠭᠳᠡᠬᠦᠨ ᠢ ᠪᠠᠶᠠᠯᠢᠭᠵᠢᠭᠤᠯᠵᠤ᠂ ᠳᠠᠬᠢᠨ ᠬᠡᠷᠡᠭᠯᠡᠭᠡ ᠬᠢᠬᠦ ᠶᠢ ᠴᠢᠩᠭᠠᠳᠬᠠᠵᠤ᠂ ᠬᠥᠮᠥᠰ ᠢ ᠴᠤᠭᠯᠠᠷᠠᠭᠤᠯᠵᠤ᠂ ᠬᠡᠷᠡᠭᠯᠡᠭᠡ ᠶᠢ ᠬᠥᠭᠵᠢᠭᠡᠨ ᠲᠠᠢ ᠪᠣᠯᠭᠠᠨ᠎ᠠ᠃      ︵ᠭᠤᠷᠪᠠ︶ ᠬᠦᠴᠦᠨ ᠢᠶᠠᠨ ᠲᠥᠪᠯᠡᠷᠡᠭᠦᠯᠦᠨ ᠪᠣᠭᠤᠮᠲᠠ ᠰᠢᠪᠲᠤᠯᠵᠤ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ ᠶᠢ ᠠᠬᠢᠭᠤᠯᠤᠨ᠎ᠠ᠃ ᠲᠥᠷᠥᠯ ᠵᠦᠢᠯ᠂ ᠶᠠᠰᠤ ᠴᠢᠨᠠᠷ᠂ ᠲᠥᠷᠥᠯ ᠲᠡᠮᠳᠡᠭᠲᠦ ᠭᠤᠷᠪᠠ ᠶᠢ  ᠬᠤᠯᠪᠤᠭᠠᠯᠠᠨ ᠬᠥᠳᠡᠯᠦᠯᠴᠡᠭᠦᠯᠬᠦ ᠶᠢ ᠪᠠᠷᠢᠮᠲᠠᠯᠠᠵᠤ᠂ ᠠᠵᠤ ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ᠂ ᠪᠡᠯᠡ ᠮᠥᠩᠭᠦ ᠶᠢᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠵᠡᠷᠭᠡ ︽ᠲᠠᠪᠤᠨ ᠬᠡᠯᠬᠢᠶ᠎ᠡ︾᠎ ᠶᠢᠨ ᠬᠠᠮᠵᠢᠯᠴᠠᠭ᠎ᠠ ᠶᠢ ᠴᠢᠩᠭᠠᠳᠬᠠᠵᠤ᠂ ︽ᠰᠢᠨ᠎ᠡ ᠡᠨᠧᠷᠭᠢ +︾ ︽ᠵᠣᠬᠢᠶᠠᠮᠠᠯ ᠣᠶᠤᠨ ᠴᠢᠳᠠᠪᠤᠷᠢ +︾᠎ ᠶᠢ ᠠᠬᠢᠭᠤᠯᠵᠤ᠂ ᠠᠵᠤ ᠦᠢᠯᠡᠰ ᠢ ᠰᠢᠨ᠎ᠡ ᠶᠢ ᠡᠭᠦᠳᠬᠦ ᠵᠦᠭ ᠬᠥᠭᠵᠢᠭᠦᠯᠬᠦ ᠂ ᠶᠠᠰᠤ ᠴᠢᠨᠠᠷ ᠢᠶᠠᠷ ᠣᠷᠣᠶᠢᠯᠠᠭᠤᠯᠬᠤ ᠪᠠ ᠰᠢᠯᠢᠳᠡᠭᠵᠢᠭᠦᠯᠦᠨ ᠬᠦᠴᠦᠷᠬᠡᠭᠵᠢᠭᠦᠯᠬᠦ ᠶᠢ ᠠᠬᠢᠭᠤᠯᠵᠤ᠂ ᠠᠵᠤ ᠦᠢᠯᠡᠰ ᠦᠢᠯᠡᠳᠬᠦᠨ ᠤ ︽ᠪᠣᠬᠢᠷᠲᠤᠯ ᠦᠭᠡᠢ︾ ᠱᠣᠰᠢᠭ᠎ᠠ ᠶᠢ ᠨᠡᠩ ᠭᠡᠷᠡᠯᠳᠦᠭᠦᠯᠦᠨ᠎ᠡ᠃      ︽ᠳᠡᠯᠡᠬᠡᠢ ᠶᠢᠨ ᠲᠡᠰ ᠤᠨ ᠲᠦᠷᠪᠡᠨ ᠠᠵᠤ ᠦᠢᠯᠡᠰ︾᠎ ᠢ ᠲᠥᠷᠭᠡᠳᠭᠡᠨ ᠪᠠᠶᠢᠭᠤᠯᠤᠨ᠎ᠠ ᠃ ᠤᠯᠠᠮᠵᠢᠯᠠᠯᠲᠤ ᠡᠨᠧᠷᠭᠢ ᠬᠢᠭᠡᠳ ᠰᠢᠨ᠎ᠡ ᠡᠨᠧᠷᠭᠢ ᠶᠢᠨ ᠬᠠᠷᠢᠯᠴᠠᠨ ᠨᠥᠬᠦᠪᠦᠷᠢᠯᠡᠵᠦ ᠠᠭᠤᠰᠤᠯᠴᠠᠬᠤ ᠶᠢ ᠴᠢᠩᠭᠠᠳᠬᠠᠵᠤ᠂ ᠨᠡᠭᠦᠷᠡᠰᠦᠨ ᠤ ᠨᠥᠭᠡᠴᠡ ᠦᠢᠯᠡᠳᠪᠦᠷᠢᠯᠡᠯ ᠤᠨ ᠴᠢᠳᠠᠪᠤᠷᠢ ᠶᠢ 1000 ᠲᠦᠮᠡᠨ ᠲᠣᠨ᠂ ᠨᠡᠭᠦᠷᠡᠰᠦᠨ ᠴᠠᠬᠢᠯᠭᠠᠨ ᠤ ᠮᠠᠰᠢᠨ ᠴᠣᠭᠴᠠᠯᠠᠪᠤᠷᠢ ᠶᠢ 130 ᠲᠦᠮᠡᠨ ᠺᠢᠯᠣᠸᠠᠲ ᠰᠢᠨ᠎ᠡ ᠪᠠᠷ ᠨᠡᠮᠡᠭᠳᠡᠭᠦᠯᠵᠦ᠂ ᠭᠦᠨ ᠳᠠᠪᠬᠤᠷᠭ᠎ᠠ ᠶᠢᠨ ᠨᠡᠭᠦᠷᠡᠰᠦᠨ ᠳᠠᠪᠬᠤᠷᠭ᠎ᠠ ᠶᠢᠨ ᠬᠡᠢ ᠶᠢ ᠬᠠᠶᠢᠨ ᠰᠢᠨᠵᠢᠯᠡᠵᠦ ᠨᠡᠭᠡᠭᠡᠨ ᠠᠰᠢᠭᠯᠠᠬᠤ ᠠᠵᠢᠯ ᠢ ᠥᠷᠨᠢᠭᠦᠯᠦᠨ᠎ᠡ︔ ᠰᠢᠨ᠎ᠡ ᠡᠨᠧᠷᠭᠢ ᠪᠠᠷ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠳᠤ ᠬᠦᠴᠦᠨ ᠣᠯᠭᠤᠵᠤ᠂ ᠰᠢᠨ᠎ᠡ ᠡᠨᠧᠷᠭᠢ ᠶᠢᠨ ᠲᠣᠮᠣ ᠰᠠᠭᠤᠷᠢᠨ ᠭᠠᠵᠠᠷ ᠢ ᠲᠥᠷᠭᠡᠳᠭᠡᠨ ᠠᠵᠢᠯᠯᠠᠭᠤᠯᠵᠤ᠂ ᠬᠥᠪᠴᠢ ᠶᠢᠨ ᠡᠯᠡᠰᠦ ᠠᠴᠠ ᠪᠡᠭᠡᠵᠢᠩ ᠲᠢᠶᠠᠨᠵᠢᠨ ᠾᠧᠪᠸᠢ᠂ ᠱᠠᠩᠬᠠᠢ᠂ ᠵᠢᠶᠠᠩᠰᠤ᠂ ᠳᠣᠷᠣᠨᠠᠲᠤ ᠣᠷᠣᠨ ᠬᠦᠷᠲᠡᠯᠡᠬᠢ ᠴᠠᠬᠢᠯᠭᠠᠨ ᠬᠦᠴᠦᠨ ᠢ ᠭᠠᠳᠠᠭᠰᠢ ᠬᠦᠷᠭᠡᠬᠦ ᠨᠡᠪᠳᠡᠷᠡᠯ ᠵᠠᠮ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ 1000 ᠲᠦᠮᠡᠨ ᠺᠢᠯᠣᠸᠠᠲ ᠰᠢᠨ᠎ᠡ ᠪᠠᠷ ᠨᠡᠮᠡᠭᠳᠡᠭᠦᠯᠦᠨ᠎ᠡ︔ ᠪᠣᠬᠢᠷᠲᠤᠯ ᠦᠭᠡᠢ ᠴᠠᠬᠢᠯᠭᠠᠨ ᠢ ᠬᠦᠷᠢᠶᠡᠯᠡᠩ ᠲᠣᠭᠤᠷᠢᠭ ᠲᠤ ᠣᠷᠣᠭᠤᠯᠬᠤ ᠶᠢ ᠲᠦᠷᠭᠡᠳᠬᠡᠨ ᠠᠬᠢᠭᠤᠯᠵᠤ᠂ ᠨᠢᠭᠡ ᠪᠦᠯᠦᠭ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠲᠥᠷᠥᠯ ᠵᠦᠢᠯ ᠢ ᠰᠢᠨ᠎ᠡ ᠪᠠᠷ ᠪᠠᠶᠢᠭᠤᠯᠵᠤ᠂ ᠪᠣᠬᠢᠷᠲᠤᠯ ᠦᠭᠡᠢ ᠤᠰᠤᠲᠥ᠋ᠷᠥᠭᠴᠢ ᠰᠢᠪᠲᠦᠷᠲᠦ ᠠᠯᠺᠣᠣᠯ ᠵᠡᠷᠭᠡ ᠪᠣᠬᠢᠷᠲᠤᠯ ᠦᠭᠡᠢ ᠴᠠᠬᠢᠯᠭᠠᠨ ᠤ ᠲᠤᠷᠰᠢᠯᠲᠠ ᠶᠢᠨ ᠬᠡᠯᠪᠡᠷᠢ ᠶᠢᠨ ᠠᠵᠤ ᠦᠢᠯᠡᠰ ᠢ ᠪᠣᠶᠢᠵᠢᠭᠤᠯᠤᠨ ᠬᠥᠭᠵᠢᠭᠦᠯᠵᠦ᠂ ᠨᠢᠭᠡ ᠪᠦᠯᠦᠭ ᠬᠡᠷᠡᠯ ᠢᠯᠴᠢ ᠶᠢᠨ ᠲᠥᠷᠥᠯ ᠵᠦᠢᠯ ᠢ ᠪᠠᠶᠢᠷᠢᠰᠢᠭᠤᠯᠵᠤ᠂ ᠰᠢᠨ᠎ᠡ ᠡᠨᠧᠷᠭᠢ ᠪᠠᠷ ᠭᠤᠣᠯᠯᠠᠭᠤᠯᠤᠭᠰᠠᠨ ᠤᠯᠤᠰ ᠤᠨ ᠲᠠᠰ ᠤᠨ ᠪᠥᠬᠦ ᠲᠠᠯ᠎ᠠ ᠪᠠᠷ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠳᠠᠭᠤᠷᠢᠶᠠᠯ ᠦᠵᠡᠭᠦᠯᠬᠦ ᠬᠤᠲᠠ ᠶᠢ ᠴᠢᠷᠮᠠᠶᠢᠨ ᠡᠭᠦᠳᠦᠨ᠎ᠡ᠃ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠳᠡᠭᠡᠳᠦ ᠳᠡᠰᠵᠢᠭᠰᠡᠨ᠂ ᠣᠯᠠᠨ ᠡᠰᠢᠵᠢᠭᠰᠡᠨ᠂ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢᠨ ᠴᠢᠭᠯᠡᠯ ᠢ ᠪᠠᠷᠢᠮᠲᠠᠯᠠᠵᠤ᠂ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠵᠢᠴᠢ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠬᠦ 23 ᠲᠥᠷᠥᠯ ᠵᠦᠢᠯ ᠢ ᠬᠡᠷᠡᠭᠵᠢᠭᠦᠯᠵᠦ᠂ ᠪᠦᠦ ᠹᠧᠩ ᠤᠨ ᠲᠥᠷᠥᠯ ᠵᠦᠢᠯ ᠪᠦᠬᠦ ᠲᠠᠯ᠎ᠠ ᠪᠠᠷ ᠠᠰᠢᠭᠯᠠᠯᠲᠠ ᠳᠤ ᠣᠷᠣᠬᠤ ᠶᠢ ᠠᠬᠢᠭᠤᠯᠵᠤ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠶᠢᠨ ᠨᠡᠭᠦᠷᠡᠰᠦ ᠪᠠᠷ ᠠᠯᠺᠧᠨ ᠦᠢᠯᠡᠳᠬᠦ᠂ ᠬᠤᠢ ᠨᠧᠩ ᠵᠦᠸᠧ ᠵᠧᠩ ᠤᠨ ᠮᠧᠲ᠋ᠢᠯ ᠠᠯᠺᠤᠤᠯ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠷᠦᠩ ᠱᠧᠩ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢ ᠨᠢᠭᠡ ᠴᠣᠭᠴᠠᠵᠢᠭᠤᠯᠬᠤ᠂ ᠳᠤᠮᠳᠠᠳᠤ ᠤᠯᠤᠰ ᠤᠨ ᠴᠢᠯᠠᠭᠤᠨ ᠲᠤᠰᠤᠨ ᠤ ᠡᠲ᠋ᠡᠨ ᠢᠶᠠᠷ ᠡᠲ᠋ᠧᠨ ᠦᠢᠯᠡᠳᠬᠦ᠂ ᠤᠯᠤᠰ ᠤᠨ ᠡᠨᠧᠷᠭᠢ ᠶᠢᠨ ᠨᠡᠭᠦᠷᠡᠰᠦ ᠶᠢ ᠰᠢᠩᠭᠡᠵᠢᠭᠦᠯᠬᠦ ᠶᠢ ᠲᠡᠰ ᠳᠡᠪᠰᠢᠭᠦᠯᠦᠨ ᠳᠠᠭᠤᠷᠢᠶᠠᠯ ᠦᠵᠡᠭᠦᠯᠬᠦ ᠵᠡᠷᠭᠡ ᠲᠥᠷᠥᠯ ᠵᠦᠢᠯ ᠢ ᠪᠣᠳᠠᠲᠠᠶᠢᠵᠢᠭᠤᠯᠬᠤ ᠶᠢ ᠠᠬᠢᠭᠤᠯᠵᠤ᠂ ᠰᠢᠨ᠎ᠡ ᠡᠨᠧᠷᠭᠢ ᠪᠠ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠭᠦᠨᠵᠡᠭᠡᠢ ᠡᠪᠴᠡᠯᠳᠦᠯ ᠢ ᠠᠬᠢᠭᠤᠯᠵᠤ᠂ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠬᠦ ᠴᠢᠳᠠᠪᠤᠷᠢ ᠶᠢ 300 ᠲᠦᠮᠡᠨ ᠲᠣᠨ ᠰᠢᠨ᠎ᠡ ᠪᠠᠷ ᠨᠡᠮᠡᠭᠳᠡᠭᠦᠯᠵᠦ᠂ ᠤᠯᠤᠰ ᠤᠨ ᠲᠦᠷᠪᠡᠨ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠳᠠᠭᠤᠷᠢᠶᠠᠯ ᠦᠵᠡᠭᠦᠯᠬᠦ ᠣᠷᠣᠨ ᠳᠣᠲᠤᠷ᠎ᠠ ᠣᠨᠴᠠᠯᠢᠬᠵᠢᠭᠤᠯᠤᠭᠰᠠᠨ᠂ ᠵᠦᠷᠢᠶᠡᠵᠢᠬᠦᠯᠦᠭᠰᠡᠨ᠂ ᠤᠷᠴᠢᠯᠵᠢᠭᠤᠯᠤᠨ ᠠᠰᠢᠭᠯᠠᠬᠤ ᠬᠥᠭᠵᠢᠯᠲᠡ ᠶᠢᠨ ᠰᠢᠨ᠎ᠡ ᠵᠠᠮ ᠢ ᠨᠡᠭᠡᠭᠡᠨ᠎ᠡ᠃ ᠰᠠᠯᠬᠢᠨ ᠬᠦᠴᠦᠨ ᠭᠡᠷᠡᠯᠴᠢ ᠴᠡᠨᠡᠭ ᠤᠰᠤᠲᠥ᠋ᠷᠥᠭᠴᠢ ᠨᠥᠭᠡᠴᠡᠯᠡᠬᠦ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠦᠢᠯᠡᠰ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠪᠠᠷᠢᠮᠲᠠᠯᠠᠵᠤ᠂ ᠲᠦᠩ ᠸᠧᠢ᠂ ᠪᠦᠦ ᠰᠢᠨ ᠵᠡᠷᠭᠡ ᠭᠡᠷᠡᠯᠴᠢ ᠴᠡᠨᠡᠭ ᠤᠨ ᠲᠣᠨᠣᠭᠯᠠᠯ ᠦᠢᠯᠡᠳᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠥᠷᠭᠡᠳᠭᠡᠵᠦ᠂ ᠭᠡᠷᠡᠯᠴᠢ ᠴᠡᠨᠡᠭ ᠤᠨ ᠲᠣᠨᠣᠭᠯᠠᠭᠠᠰᠤ ᠶᠢᠨ ᠦᠢᠯᠡᠳᠪᠦᠷᠢᠯᠡᠬᠦ ᠴᠢᠳᠠᠪᠤᠷᠢ ᠶᠢ 8GW᠂ ᠭᠡᠷᠡᠯᠴᠢ ᠴᠡᠨᠡᠭ ᠤᠨ ᠰᠢᠯ ᠦᠢᠯᠡᠳᠪᠦᠷᠢᠯᠡᠬᠦ ᠴᠢᠳᠠᠪᠤᠷᠢ ᠶᠢ 1440 ᠲᠦᠮᠡᠨ ᠬᠦᠨᠳᠦ ᠬᠠᠶᠢᠷᠴᠠᠭ ᠰᠢᠨ᠎ᠡ ᠪᠠᠷ ᠨᠡᠮᠡᠭᠳᠡᠭᠦᠯᠦᠨ᠎ᠡ︔ ᠰᠠᠯᠬᠢᠨ ᠬᠦᠴᠦᠨ ᠤ ᠴᠠᠬᠢᠯᠭᠠᠨ ᠲᠣᠨᠣᠭᠯᠠᠯ ᠤᠨ ᠪᠦᠬᠦᠯᠢ ᠰᠠᠭᠤᠷᠢ ᠮᠠᠰᠢᠨ ᠤ ᠦᠢᠯᠡᠳᠪᠦᠷᠢ ᠪᠠ ᠰᠡᠯᠪᠢᠭ ᠲᠣᠨᠤᠭ ᠤᠨ ᠠᠵᠤ ᠠᠬᠤᠶᠢᠯᠠᠯ ᠤᠨ ᠬᠠᠮᠵᠢᠯᠴᠠᠭ᠎ᠠ ᠶᠢ ᠠᠬᠢᠭᠤᠯᠵᠤ᠂ ᠨᠢᠭᠡ ᠪᠦᠯᠦᠭ ᠴᠠᠬᠢᠯᠭᠠᠨ ᠭᠠᠷᠭᠠᠬᠤ ᠮᠠᠰᠢᠨ᠂ ᠰᠤᠪᠤᠷᠭᠠᠯᠢᠭ ᠲᠦᠩᠰᠡ ᠵᠢᠴᠢ ᠴᠢᠳᠬᠤᠮᠠᠯ ᠲᠣᠨᠤᠭ ᠵᠡᠷᠭᠡ ᠲᠥᠷᠥᠯ ᠵᠦᠢᠯ ᠢ ᠣᠷᠣᠭᠤᠯᠤᠨ ᠠᠪᠴᠢᠷᠠᠨ᠎ᠠ︔ ᠤᠰᠤᠲᠥ᠋ᠷᠥᠭᠴᠢ ᠡᠨᠧᠷᠭᠢ᠂ ᠰᠢᠨ᠎ᠡ ᠬᠡᠯᠪᠡᠷᠢ ᠶᠢᠨ ᠡᠨᠧᠷᠭᠢ ᠨᠥᠭᠡᠴᠡᠯᠡᠬᠦ ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ ᠢ ᠪᠣᠶᠢᠵᠢᠭᠤᠯᠵᠤ᠂ ᠭᠦᠸᠧ ᠹᠦ᠋ ᠤᠰᠤᠲᠥ᠋ᠷᠥᠭᠴᠢ ᠡᠨᠧᠷᠭᠢ᠂ ᠷᠦᠩ ᠯᠢ ᠶᠢᠨ ᠨᠢᠭᠡᠳᠦᠭᠡᠷ ᠬᠤᠭᠤᠴᠠᠭ᠎ᠠ᠂ ᠬᠤᠸᠠ ᠵᠢᠩ ᠤᠨ  ᠬᠤᠶᠠᠳᠤᠭᠠᠷ ᠬᠤᠭᠤᠴᠠᠭ᠎ᠠ ᠵᠡᠷᠭᠡ ᠲᠥᠷᠥᠯ ᠵᠦᠢᠯ ᠤᠨ ᠠᠰᠢᠭᠯᠠᠯᠲᠠ ᠳᠤ ᠣᠷᠣᠬᠤ ᠶᠢ ᠠᠬᠢᠭᠤᠯᠵᠤ᠂ ᠡᠨᠧᠷᠭᠢ ᠨᠥᠭᠡᠴᠡᠯᠡᠬᠦ ᠲᠣᠨᠣᠭᠯᠠᠯ ᠤᠨ ᠦᠢᠯᠡᠳᠪᠦᠷᠢᠯᠡᠬᠦ ᠴᠢᠳᠠᠪᠤᠷᠢ ᠶᠢ 2GWh᠂ ᠠᠷᠭ᠎ᠠ ᠪᠢᠯᠢᠭ ᠲᠤᠶᠢᠯ ᠤᠨ ᠮᠠᠲ᠋ᠧᠷᠢᠶᠠᠯ ᠤᠨ ᠦᠢᠯᠡᠳᠪᠦᠷᠢᠯᠡᠬᠦ ᠴᠢᠳᠠᠪᠤᠷᠢ ᠶᠢ 18 ᠲᠦᠮᠡᠨ ᠲᠣᠨ ᠰᠢᠨ᠎ᠡ ᠪᠠᠷ ᠨᠡᠮᠡᠭᠳᠡᠭᠦᠯᠦᠨ᠎ᠡ᠃ ᠬᠦᠴᠦᠨ ᠢᠶᠠᠨ ᠲᠥᠪᠯᠡᠷᠡᠭᠦᠯᠦᠨ ︽ᠳᠡᠯᠡᠬᠡᠢ ᠶᠢᠨ ᠨᠣᠣᠯᠤᠭᠤᠷ ᠤᠨ ᠬᠤᠲᠠ︾᠎ ᠶᠢ ᠴᠣᠭᠴᠠᠯᠠᠨ ᠪᠠᠶᠢᠭᠤᠯᠵᠤ᠂ ᠲᠡᠵᠢᠭᠡᠨ ᠦᠷᠡᠵᠢᠭᠦᠯᠬᠦ ᠰᠠᠭᠤᠷᠢ ᠶᠢ ᠴᠢᠩᠭᠠᠳᠬᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ ᠰᠢᠪᠲᠤᠯᠬᠤ᠂ ᠠᠵᠤ ᠦᠢᠯᠡᠰ ᠤᠨ ᠬᠡᠯᠬᠢᠶᠡᠵᠢᠯ ᠢ ᠴᠢᠩᠭᠠᠳᠬᠠᠬᠤ᠂ ᠠᠷᠠᠯᠵᠢᠶ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠲᠥᠷᠥᠯ ᠲᠡᠮᠳᠡᠭᠲᠦ ᠶᠢ ᠳᠡᠭᠡᠭᠰᠢᠯᠡᠭᠦᠯᠬᠦ ᠶᠢ ᠨᠢᠭᠡ ᠴᠣᠭᠴᠠᠵᠢᠭᠤᠯᠤᠨ ᠠᠬᠢᠭᠤᠯᠵᠤ᠂ 18 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ ︽ᠨᠢᠭᠡ ᠰᠠᠭᠤᠷᠢᠨ ᠭᠠᠵᠠᠷ ᠭᠤᠷᠪᠠᠨ ᠲᠥᠪ︾᠎ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠠᠷᠢᠮᠵᠢᠶᠠᠵᠢᠭᠤᠯᠤᠭᠰᠠᠨ ᠳᠠᠭᠤᠷᠢᠶᠠᠯ ᠦᠵᠡᠭᠦᠯᠬᠦ ᠮᠠᠯᠵᠢᠯ ᠤᠨ ᠲᠠᠯᠠᠪᠠᠶ ᠶᠢ 350᠂ ᠬᠡᠲᠦ ᠨᠠᠷᠢᠨ ᠣᠨᠴᠠ ᠨᠠᠷᠢᠨ ᠨᠣᠣᠯᠤᠭᠤᠷᠲᠤ ᠭᠤᠣᠯ ᠰᠦᠷᠦᠭ ᠢ 100 ᠪᠠᠶᠢᠭᠤᠯᠵᠤ᠂ ᠢᠮᠠᠭᠠᠨ ᠨᠣᠣᠯᠤᠭᠤᠷ ᠤᠨ ᠪᠥᠬᠦ ᠠᠵᠤ ᠦᠢᠯᠡᠰ ᠤᠨ ᠬᠡᠯᠬᠢᠶᠡᠵᠢᠯ ᠤᠨ ᠦᠢᠯᠡᠳᠬᠦᠨ ᠤ ᠥᠷᠲᠡᠭ ᠢ 200 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃      ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠠᠰ ᠳᠡᠪᠰᠢᠭᠦᠯᠦᠨ᠎ᠡ ᠃ ᠬᠠᠳᠠᠭᠠᠯᠠᠯᠲᠠ ᠶᠢᠨ ᠬᠡᠮᠵᠢᠶ᠎ᠡ ᠶᠢ ᠬᠦᠴᠦᠯᠡᠨ ᠰᠢᠯᠢᠳᠡᠭᠵᠢᠭᠦᠯᠵᠦ᠂ ᠤᠯᠠᠮᠵᠢᠯᠠᠯᠲᠤ ᠠᠵᠤ ᠦᠢᠯᠡᠰ ᠤᠨ ᠲᠥᠬᠦᠭᠡᠷᠦᠮᠵᠢ ᠶᠢ ᠰᠢᠨᠡᠳᠬᠡᠬᠦ᠂ ᠤᠷ᠎ᠠ ᠮᠡᠷᠭᠡᠰᠢᠯ ᠢ ᠲᠡᠰ ᠳᠡᠪᠰᠢᠭᠦᠯᠬᠦ᠂ ᠲᠣᠭᠠᠵᠢᠭᠤᠯᠤᠯᠲᠠ ᠪᠠᠷ ᠬᠦᠴᠦᠨ ᠣᠯᠭᠤᠬᠤ ᠶᠢ ᠠᠬᠢᠭᠤᠯᠵᠤ᠂ ᠠᠵᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ 72 ᠬᠡᠷᠡᠭᠵᠢᠭᠦᠯᠵᠦ᠂ ᠭᠤᠣᠯᠳᠠᠯᠭ᠎ᠠ ᠲᠠᠢ ᠠᠵᠢᠯ ᠲᠦᠷᠦᠯ ᠤᠨ ᠬᠡᠪ ᠳᠠᠭᠤᠷᠢᠶᠠᠯ ᠤᠨ ᠬᠢᠷᠢ ᠲᠦᠪᠰᠢᠨ ᠠᠴᠠ ᠳᠡᠭᠡᠭᠰᠢᠬᠢ ᠦᠢᠯᠡᠳᠪᠦᠷᠢᠯᠡᠬᠦ ᠴᠢᠳᠠᠪᠤᠷᠢ ᠶᠢ 30% ᠪᠣᠯᠲᠠᠯ᠎ᠠ ᠳᠡᠭᠡᠭᠰᠢᠯᠡᠭᠦᠯᠦᠨ᠎ᠡ᠃ ᠪᠣᠬᠢᠷᠳᠤᠯ ᠦᠭᠡᠢ ᠴᠠᠬᠢᠯᠭᠠᠨ ᠢᠶᠠᠷ ᠣᠷᠣᠯᠠᠭᠤᠯᠬᠤ ᠪᠠᠷ ᠭᠠᠷᠳᠠᠴᠠ ᠪᠣᠯᠭᠠᠨ ᠲᠡᠮᠦᠷ ᠤᠨ ᠬᠠᠶᠢᠯᠤᠰᠢ ᠶᠢᠨ ᠠᠵᠤ ᠠᠬᠤᠶᠢᠯᠠᠯ ᠤᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠠᠬᠢᠭᠤᠯᠵᠤ᠂ ᠾᠯᠣᠷ ᠱᠦᠯᠲᠦ ᠶᠢᠨ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠤᠨ ᠮᠥᠩᠭᠦᠨ ᠤᠰᠤ ᠦᠭᠡᠶᠢᠵᠢᠭᠦᠯᠬᠦ ᠥᠭᠡᠷᠡᠴᠢᠯᠡᠯᠲᠡ ᠶᠢ ᠲᠥᠷᠭᠡᠳᠭᠡᠵᠦ᠂ ᠬᠡᠦᠷᠰᠢᠭᠦᠯᠬᠦ ᠠᠵᠤ ᠦᠢᠯᠡᠰ ᠢ ᠡᠮᠬᠢᠯᠡᠨ ᠨᠡᠶᠢᠯᠡᠭᠦᠯᠵᠦ ᠲᠠᠰ ᠳᠡᠪᠰᠢᠭᠦᠯᠬᠦ ᠶᠢ ᠪᠡᠶᠡᠯᠡᠭᠦᠯᠦᠨ᠎ᠡ᠃ ᠨᠡᠮᠡᠭᠳᠡᠯ ᠤᠨ ᠬᠡᠮᠵᠢᠶ᠎ᠡ ᠶᠢ ᠬᠦᠴᠦᠯᠡᠨ ᠥᠷᠭᠡᠳᠬᠡᠵᠦ᠂ ᠬᠡᠦᠷᠰᠢᠭᠦᠯᠬᠦ ᠦᠢᠯᠡᠰ ᠤᠨ ᠳᠣᠣᠷᠠᠳᠤ ᠬᠡᠯᠬᠢᠶ᠎ᠡ ᠶᠢᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠾᠧᠩ ᠺᠦᠨ ᠬᠡᠦᠷᠰᠢᠭᠦᠯᠬᠦ ᠵᠢᠴᠢ ᠳᠣᠣᠷᠠᠳᠤ ᠬᠡᠯᠬᠢᠶ᠎ᠡ ᠶᠢᠨ ᠨᠢᠭᠡ ᠴᠣᠭᠴᠠᠵᠢᠭᠤᠯᠬᠤ ᠲᠥᠷᠥᠯ ᠵᠦᠢᠯ ᠢ ᠪᠠᠶᠢᠭᠤᠯᠤᠨ ᠪᠦᠲᠦᠭᠡᠵᠦ᠂ ᠱᠠᠩᠬᠠᠢ ᠶᠢᠨ ᠴᠢᠯᠠᠭᠤᠨ ᠲᠣᠰᠣ ᠬᠢᠮᠢ ᠶᠢᠨ ᠨᠡᠭᠦᠷᠡᠰᠦᠨ ᠰᠢᠷᠬᠡᠭᠯᠢᠭ᠂ ᠵᠢᠶᠠᠨ ᠶᠤᠸᠠᠨ ᠬᠡᠦᠷᠡᠰᠦᠨ ᠵᠤᠤᠬ᠎ᠠ ᠶᠢᠨ ᠨᠡᠭᠦᠷᠡᠰᠦᠨ ᠬᠡᠢ ᠶᠢ ᠶᠡᠷᠦᠩᠬᠡᠶᠢᠯᠡᠨ ᠠᠰᠢᠭᠯᠠᠬᠤ᠂ ᠳ᠋ᠥᠩ ᠿᠢ ᠶᠢᠨ ᠬᠤᠶᠠᠳᠤᠭᠠᠷ ᠬᠤᠭᠤᠴᠠᠭᠠᠨ ᠤ ᠪᠠᠯ ᠴᠢᠯᠠᠭᠤᠨ ᠰᠠᠪᠠ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠬᠠᠶᠢᠯᠤᠰᠢ ᠶᠢᠨ ᠦᠵᠦᠭᠦᠷ ᠲᠡᠰ ᠤᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ᠪᠣᠣᠱᠠᠨ ᠤ ᠪᠣᠯᠣᠳ ᠲᠡᠮᠦᠷ ᠤᠨ ᠦᠢᠯᠡᠳᠪᠦᠷᠢ ᠶᠢᠨ ᠴᠣᠯᠣ ᠴᠡᠪᠡᠷ ᠴᠠᠬᠢᠭᠤᠷ ᠲᠡᠮᠦᠷ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠨᠤᠲᠤᠭᠰᠢᠭᠤᠯᠬᠤ ᠪᠠᠷ ᠴᠢᠷᠮᠠᠶᠢᠨ᠎ᠠ᠃ ᠪᠠᠷᠢᠯᠭ᠎ᠠ ᠶᠢᠨ ᠦᠢᠯᠡᠰ ᠤᠨ ᠪᠡᠯᠡ ᠣᠷᠣᠭᠤᠯᠤᠯᠲᠠ᠂ ᠦᠢᠯᠡᠳᠬᠦᠨ ᠤ ᠥᠷᠲᠡᠭ ᠤᠨ ︽ᠬᠤᠣᠰ ᠳᠡᠭᠡᠭᠰᠢᠯᠡᠯᠲᠡ︾᠎ ᠶᠢ ᠠᠬᠢᠭᠤᠯᠵᠤ᠂ ᠣᠳᠣ ᠪᠠᠶᠢᠭ᠎ᠠ ᠣᠷᠣᠨ ᠰᠠᠭᠤᠴᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ 120 ᠲᠦᠮᠡᠨ ᠲᠡᠭᠰᠢ ᠳᠥᠷᠪᠡᠯᠵᠢᠨ ᠮᠧᠲᠷ ᠬᠡᠷᠡᠭᠵᠢᠭᠦᠯᠵᠦ᠂ ᠪᠠᠷᠢᠯᠭ᠎ᠠ ᠶᠢᠨ ᠠᠮᠤᠷ ᠲᠦᠪᠰᠢᠨ ᠤ ᠪᠡᠯᠡ ᠣᠷᠣᠭᠤᠯᠤᠯᠲᠠ ᠶᠢ 10% ᠣᠷᠴᠢᠮ ᠨᠡᠮᠡᠭᠳᠡᠭᠦᠯᠬᠦ ᠪᠠᠷ ᠴᠢᠷᠮᠠᠶᠢᠵᠤ᠂ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ᠃      ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶᠢᠵᠢᠭᠤᠯᠤᠨ ᠪᠤᠵᠠᠭᠠᠶᠢᠷᠠᠭᠤᠯᠤᠨ᠎ᠠ ᠃ ᠣᠶᠢᠷ᠎ᠠ ᠣᠭᠲᠠᠷᠭᠤᠢ ᠶᠢᠨ ᠠᠵᠤ ᠠᠬᠤᠢ ᠶᠢᠨ ᠳᠠᠭᠤᠷᠢᠶᠠᠯ ᠦᠵᠡᠭᠦᠯᠬᠦ ᠣᠷᠣᠨ ᠢ ᠴᠢᠨᠠᠷ ᠰᠠᠶᠢᠲᠠᠢ ᠪᠦᠲᠦᠭᠡᠨ ᠪᠠᠶᠢᠭᠤᠯᠵᠤ᠂ ᠣᠶᠢᠷ᠎ᠠ ᠣᠭᠲᠠᠷᠭᠤᠢ ᠶᠢᠨ ᠨᠢᠰᠦᠭᠦᠷ ᠤᠨ ᠨᠢᠰᠴᠦ ᠪᠠᠭᠤᠬᠤ ᠲᠠᠯᠠᠪᠤᠷ ︵ᠴᠡᠭ︶᠂ ᠣᠶᠢᠷ᠎ᠠ ᠣᠭᠲᠠᠷᠭᠤᠢ ᠶᠢᠨ ᠨᠢᠰᠦᠯᠲᠡ ᠶᠢᠨ ᠬᠢᠨᠠᠨ ᠠᠵᠢᠭᠯᠠᠬᠤ ᠲᠣᠭᠲᠠᠯᠴᠠᠭ᠎ᠠ ᠵᠡᠷᠭᠡ ᠰᠠᠭᠤᠷᠢ ᠳᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ︽ᠣᠶᠢᠷ᠎ᠠ ᠣᠭᠲᠠᠷᠭᠤᠢ + ᠠᠮᠤᠷ ᠲᠦᠪᠰᠢᠨ ᠤ ᠲᠣᠭᠤᠷᠢᠨ ᠪᠠᠶᠢᠴᠠᠭᠠᠯᠲᠠ᠂ ᠲᠦᠷᠭᠡᠨ ᠬᠦᠷᠭᠡᠬᠦ ᠪᠠᠷᠠᠭᠠᠨ ᠤ ᠭᠦᠢᠯᠭᠡᠭᠡ᠂ ᠰᠣᠶᠣᠯ ᠵᠢᠭᠤᠯᠴᠢᠯᠠᠯ︾ ᠵᠡᠷᠭᠡ ᠣᠯᠠᠨ ᠡᠰᠢᠲᠦ ᠬᠡᠷᠡᠭᠯᠡᠭᠡᠨ ᠤ ᠠᠬᠤᠢ ᠦᠵᠡᠭᠳᠡᠯ ᠢ ᠨᠡᠭᠡᠭᠡᠨ ᠬᠥᠭᠵᠢᠭᠦᠯᠵᠦ᠂ ᠨᠢᠰᠦᠭᠦᠷ ᠲᠤ ᠬᠡᠷᠡᠭᠯᠡᠬᠦ ᠲᠣᠮᠣ ᠮᠣᠯᠧᠺᠦ᠋ᠯᠲᠦ ᠮᠠᠲ᠋ᠧᠷᠢᠶᠠᠯ᠂ ᠪᠣᠬᠢᠷᠲᠤᠯ ᠦᠭᠡᠢ ᠠᠭᠠᠷ ᠤᠨ ᠠᠶᠠᠯᠠᠯ ᠤᠨ ᠲᠣᠰᠣ ᠵᠡᠷᠭᠡ ᠣᠶᠢᠷ᠎ᠠ ᠣᠭᠲᠠᠷᠭᠤᠢ ᠶᠢᠨ ᠦᠢᠯᠡᠳᠬᠦ ᠦᠢᠯᠡᠰ ᠢ ᠬᠥᠭᠵᠢᠭᠦᠯᠦᠨ᠎ᠡ᠃ ᠮᠠᠰᠢᠨ ᠲᠡᠷᠭᠡ ᠦᠢᠯᠡᠳᠬᠦ ᠦᠢᠯᠡᠰ ᠢ ᠶᠡᠬᠡᠪᠡᠷ ᠬᠥᠭᠵᠢᠭᠦᠯᠵᠦ᠂ ᠪᠦᠬᠦᠯᠢ ᠲᠡᠷᠭᠡᠨ ᠤ ᠲᠥᠷᠥᠯ ᠵᠦᠢᠯ ᠳᠤ ᠲᠦᠰᠢᠭᠯᠡᠨ ᠢᠵᠢ ᠪᠦᠷᠢᠳᠦᠭᠦᠯᠬᠦ ᠠᠵᠤ ᠦᠢᠯᠡᠰ ᠢ ᠬᠥᠭᠵᠢᠭᠦᠯᠵᠦ᠂ ᠰᠢᠶᠠᠮᠧᠨ ᠤ ᠶᠢᠨ ᠯᠦᠩ ᠮᠠᠰᠢᠨ ᠲᠡᠷᠭᠡᠨ ᠤ ᠰᠡᠯᠪᠢᠭ ᠲᠣᠨᠤᠭ ᠤᠨ ᠲᠥᠷᠥᠯ ᠵᠦᠢᠯ ᠢ ᠦᠢᠯᠡᠳᠪᠦᠷᠢᠯᠡᠯ ᠤᠨ ᠱᠤᠭᠤᠮ ᠳᠤ ᠭᠠᠷᠭᠠᠬᠤ ᠶᠢ ᠠᠬᠢᠭᠤᠯᠵᠤ᠂ ᠴᠢ ᠷᠦᠢ ᠶᠢᠨ ᠣᠷᠳᠣᠰ ᠤᠨ ᠰᠡᠯᠪᠢᠭ ᠲᠣᠨᠤᠭ ᠤᠨ ᠠᠵᠤ ᠦᠢᠯᠡᠳᠪᠦᠷᠢ ᠶᠢᠨ ᠬᠦᠷᠢᠶᠡᠯᠡᠩ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠣᠶᠤᠨᠴᠢ ᠰᠦᠯᠵᠢᠶ᠎ᠡ ᠬᠤᠯᠪᠤᠭᠠᠨ ᠤ ᠮᠠᠰᠢᠨ ᠲᠡᠷᠭᠡᠨ ᠤ ᠬᠡᠪᠴᠢᠶᠡᠵᠢᠯᠲᠡ᠂ ᠠᠵᠤ ᠦᠢᠯᠡᠰᠵᠢᠯᠲᠡ ᠶᠢᠨ ᠬᠥᠭᠵᠢᠯᠲᠡ ᠶᠢ ᠠᠬᠢᠭᠤᠯᠤᠨ᠎ᠠ᠃ ᠡᠨᠧᠷᠭᠢ ᠶᠢ ᠨᠡᠭᠡᠭᠡᠨ ᠠᠰᠢᠭᠯᠠᠬᠤ ᠶᠢᠨ ᠲᠣᠭᠤᠷᠢᠨ ᠳᠤ᠂ ᠬᠦᠨᠳᠦ ᠠᠴᠢᠶᠠᠨ ᠤ ᠬᠡᠯᠪᠡᠷᠢ ᠶᠢᠨ ᠢᠵᠢ ᠪᠦᠷᠢᠳᠦᠭᠰᠡᠨ ᠲᠥᠬᠦᠭᠡᠷᠦᠮᠵᠢ᠂ ᠪᠠᠷᠢᠯᠭ᠎ᠠ ᠶᠢᠨ ᠮᠠᠰᠢᠨ ᠮᠧᠬᠠᠨᠢᠭ᠂ ᠶᠡᠷᠦᠩᠬᠡᠶᠢᠯᠡᠨ ᠮᠠᠯᠲᠠᠬᠤ ᠲᠣᠨᠣᠭᠯᠠᠯ ᠵᠡᠷᠭᠡ ᠣᠨᠴᠠᠯᠢᠭᠲᠤ ᠲᠣᠨᠣᠭᠯᠠᠯ ᠦᠢᠯᠡᠳᠬᠦ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠤᠨ᠎ᠠ᠃ ᠪᠦᠬᠦ ᠤᠯᠤᠰ ᠤᠨ ᠨᠢᠭᠡ ᠴᠣᠭᠴᠠᠵᠢᠭᠰᠠᠨ ᠪᠣᠳᠣᠬᠤ ᠴᠢᠳᠠᠪᠤᠷᠢ ᠶᠢᠨ ᠲᠣᠣᠷ ᠤᠨ ᠥᠪᠥᠷ ᠮᠣᠩᠭᠤᠯ ᠤᠨ ᠬᠦᠢᠰᠦ ᠪᠣᠯᠬᠤ ᠬᠤᠷᠢᠨᠭᠡᠷ ᠤᠨ ᠳ᠋ᠠᠶᠢᠲ᠋ᠠ ᠶᠢᠨ ᠪᠥᠯᠥᠭᠵᠢᠯ ᠳᠤ ᠣᠷᠣᠭᠤᠯᠬᠤ ᠪᠠᠷ ᠴᠢᠷᠮᠠᠶᠢᠵᠤ᠂ ᠪᠣᠬᠢᠷᠲᠤᠯ ᠦᠭᠡᠢ ᠪᠣᠳᠣᠬᠤ ᠴᠢᠳᠠᠪᠤᠷᠢ ᠶᠢ ᠰᠣᠯᠪᠢᠴᠠᠭᠤᠯᠤᠨ ᠬᠥᠭᠵᠢᠭᠦᠯᠵᠦ᠂ ᠬᠤᠷᠢᠨᠭᠡᠷ ᠤᠨ ᠳ᠋ᠠᠶᠢᠲ᠋ᠠ ᠶᠢᠨ ᠲᠥᠪ ᠯᠦᠭᠡ ᠬᠠᠷᠢᠯᠴᠠᠨ ᠭᠡᠭᠡᠬᠦ ᠠᠴᠠ ᠰᠡᠷᠭᠡᠶᠢᠯᠡᠬᠦ ᠨᠥᠭᠡᠴᠡ ᠬᠢᠬᠦ ᠶᠢ ᠠᠬᠢᠭᠤᠯᠵᠤ᠂ ᠲᠢᠶᠠᠨ ᠳ᠋ᠢ ᠲᠥᠩ᠂ ᠸᠠᠨ ᠬᠦᠸᠧ ᠳ᠋ᠠᠶᠢᠲ᠋ᠠ ᠵᠡᠷᠭᠡ ᠣᠶᠤᠨᠴᠢ ᠪᠣᠳᠣᠯᠭ᠎ᠠ ᠶᠢᠨ ᠲᠥᠪ ᠢ ᠲᠦᠷᠭᠡᠨ ᠪᠠᠶᠢᠭᠤᠯᠵᠤ᠂ ᠡᠨᠧᠷᠭᠢ ᠶᠢᠨ ᠠᠵᠢᠯ ᠲᠦᠷᠦᠯ ᠤᠨ AI ᠲᠣᠮᠣ ᠵᠠᠭᠪᠤᠷ ᠤᠨ ᠪᠦᠲᠦᠭᠡᠨ ᠪᠠᠶᠢᠭᠤᠯᠤᠯᠲᠠ ᠪᠠ ᠬᠡᠷᠡᠭᠯᠡᠭᠡ ᠶᠢ ᠴᠢᠩᠭᠠᠳᠬᠠᠵᠤ᠂ ︽ᠤᠮᠠᠷᠠᠲᠤ ᠶᠢᠨ ᠡᠨᠧᠷᠭᠢ ᠶᠢᠨ ᠶᠡᠭᠡ ᠲᠠᠷᠢᠬᠢᠨ ᠤ ᠰᠠᠭᠤᠷᠢᠨ ᠭᠠᠵᠠᠷ︾ ᠪᠠ ᠪᠦᠬᠦ ᠤᠯᠤᠰ ᠤᠨ ᠭᠤᠣᠯᠳᠠᠯᠭ᠎ᠠ ᠲᠠᠢ ᠭᠠᠵᠠᠷ ᠣᠷᠣᠨ ᠳᠤ ᠬᠠᠨᠳᠤᠭᠤᠯᠤᠭᠰᠠᠨ ᠪᠣᠳᠣᠬᠤ ᠴᠢᠳᠠᠪᠤᠷᠢ ᠶᠢᠨ ᠰᠠᠭᠤᠷᠢᠨ ᠭᠠᠵᠠᠷ ᠢ ᠪᠠᠶᠢᠭᠤᠯᠤᠨ᠎ᠠ᠃      ᠥᠨᠳᠥᠷ ᠬᠢᠷᠢ ᠲᠦᠪᠰᠢᠨ ᠪᠦᠬᠦᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠪᠠᠶᠢᠭᠤᠯᠤᠨ᠎ᠠ᠃ ᠤᠯᠤᠰ ᠤᠨ ᠲᠠᠰ ᠤᠨ ᠨᠡᠭᠡᠭᠡᠯᠲᠡ ᠶᠢᠨ ᠣᠷᠣᠨ᠂ ᠥᠪᠡᠷᠲᠡᠭᠡᠨ ᠵᠠᠰᠠᠬᠤ ᠣᠷᠣᠨ ᠤ ᠥᠨᠳᠥᠷ ᠬᠢᠷᠢ ᠲᠦᠪᠰᠢᠨ ᠪᠦᠬᠦᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠬᠤ ᠪᠠᠷ ᠬᠠᠷᠠᠯᠲᠠ ᠪᠣᠯᠭᠠᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠪᠠᠶᠢᠷᠢ ᠲᠣᠭᠲᠠᠭᠠᠯᠲᠠ᠂ ᠴᠢᠳᠠᠮᠵᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ᠃ ᠬᠦᠷᠢᠶᠡᠯᠡᠩ ᠲᠣᠭᠤᠷᠢᠭ ᠤᠨ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠣᠶᠤᠨᠴᠢᠯᠠᠭᠰᠠᠨ᠂ ᠲᠣᠭᠠᠵᠢᠭᠤᠯᠤᠭᠰᠠᠨ ᠥᠭᠡᠷᠡᠴᠢᠯᠡᠯᠲᠡ ᠶᠢ ᠴᠢᠩᠭᠠᠳᠬᠠᠵᠤ᠂ ᠡᠨᠧᠷᠭᠢ ᠶᠢᠨ ᠠᠷᠠᠯ ᠵᠢᠴᠢ ᠪᠣᠬᠢᠷ ᠤᠰᠤ ᠶᠢ ᠰᠢᠢᠳᠪᠦᠷᠢᠯᠡᠬᠦ᠂ ᠬᠠᠶᠠᠭᠳᠠᠮᠠᠯ ᠪᠣᠳᠠᠰ ᠢ ᠡᠭᠡᠭᠦᠯᠦᠨ ᠬᠤᠷᠢᠶᠠᠬᠤ ᠵᠡᠷᠭᠡ ᠨᠡᠶᠢᠲᠡ ᠶᠢᠨ ᠬᠡᠷᠡᠭᠯᠡᠭᠡᠨ ᠤ ᠢᠨᠵᠧᠨᠧᠷᠢᠩ ᠢ ᠲᠥᠪᠯᠡᠷᠡᠭᠦᠯᠦᠨ ᠲᠥᠯᠥᠪᠵᠢᠭᠦᠯᠦᠨ ᠪᠦᠲᠦᠭᠡᠨ ᠪᠠᠶᠢᠭᠤᠯᠤᠨ᠎ᠠ︔ ᠬᠦᠷᠢᠶᠡᠯᠡᠩ ᠲᠣᠭᠤᠷᠢᠭ ᠤᠨ ᠡᠷᠭᠢᠯᠲᠡᠲᠦ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠵᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠪᠠ ᠳᠠᠭᠠᠯᠲᠠ ᠪᠦᠲᠦᠭᠡᠭᠳᠡᠭᠦᠨ ᠢ ᠬᠠᠷᠢᠯᠴᠠᠨ ᠰᠣᠯᠢᠬᠤ ᠶᠢ ᠠᠬᠢᠭᠤᠯᠤᠨ᠎ᠠ᠃ ᠮᠠᠨ ᠤ ᠬᠤᠲᠠ ᠶᠢᠨ ᠰᠢᠨ᠎ᠡ ᠡᠨᠧᠷᠭᠢ ᠶᠢ ᠭᠠᠳᠠᠭᠰᠢ ᠬᠦᠷᠭᠡᠬᠦ ᠨᠡᠪᠲᠡᠷᠡᠯ ᠵᠠᠮ ᠤᠨ ᠬᠠᠩᠭᠠᠯᠭ᠎ᠠ ᠶᠢᠨ ᠦᠵᠦᠭᠦᠷ ᠤᠨ ᠭᠠᠵᠠᠷ ᠣᠷᠣᠨ ᠤ ᠬᠦᠷᠢᠶᠡᠯᠡᠩ ᠲᠣᠭᠤᠷᠢᠭ ᠯᠤᠭ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠣᠷᠣᠨ ᠪᠦᠰᠡ ᠠᠯᠤᠰᠯᠠᠭᠰᠠᠨ ᠢᠵᠢ ᠪᠦᠷᠢᠳᠦᠭᠦᠯᠬᠦ ᠲᠣᠨᠣᠭᠯᠠᠯ ᠤᠨ ᠠᠵᠤ ᠦᠢᠯᠡᠰ ᠤᠨ ᠲᠣᠭᠲᠠᠯᠴᠠᠭ᠎ᠠ ᠶᠢ ᠪᠠᠶᠢᠭᠤᠯᠤᠨ᠎ᠠ᠃ ᠣᠲᠤᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠦᠬᠠᠢ ᠶᠢᠨ ᠡᠷᠬᠢᠨ ᠲᠣᠭᠤᠷᠢᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠯᠦᠭᠡ ᠶᠢᠨ ᠬᠠᠮᠵᠢᠯᠴᠠᠨ ᠬᠥᠭᠵᠢᠬᠦ ᠲᠣᠭᠲᠠᠴᠠ ᠶᠢ ᠪᠠᠶᠢᠭᠤᠯᠤᠨ᠎ᠠ᠃ ᠬᠦᠷᠢᠶᠡᠯᠡᠩ ᠲᠣᠭᠤᠷᠢᠭ ᠤᠨ ᠬᠡᠪᠴᠢᠶᠡᠵᠢᠯ ᠢ ᠳᠡᠭᠡᠭᠰᠢᠯᠡᠭᠦᠯᠬᠦ᠂ ᠦᠢᠯᠡᠳᠭᠦᠨ ᠤ ᠥᠷᠲᠡᠭ ᠢ ᠨᠡᠮᠡᠭᠳᠡᠭᠦᠯᠬᠦ᠂ ᠦᠷ᠎ᠡ ᠠᠰᠢᠭ ᠢ ᠳᠡᠭᠡᠭᠰᠢᠯᠡᠭᠦᠯᠬᠦ ᠶᠢ ᠠᠬᠢᠭᠤᠯᠵᠤ᠂ ᠮᠢᠩᠭᠠᠨ ᠳ᠋ᠦᠩᠰᠢᠭᠤᠷ ᠳᠡᠰ ᠤᠨ ᠰᠢᠨ᠎ᠡ ᠬᠦᠷᠢᠶᠡᠯᠡᠩ ᠲᠣᠭᠤᠷᠢᠭ ᠢ ᠪᠠᠶᠢᠭᠤᠯᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠦᠢᠯᠡᠳᠬᠦᠨ ᠤ ᠶᠡᠷᠦᠩᠬᠡᠢ ᠥᠷᠲᠡᠭ ᠢ 5000 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃     ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠶᠡᠬᠡᠪᠡᠷ ᠬᠥᠭᠵᠢᠭᠦᠯᠦᠨ᠎ᠡ᠃ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠲᠣᠭᠤᠷᠢᠨ ᠳᠤ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠪᠠᠶᠢᠷᠢᠰᠢᠭᠤᠯᠵᠤ᠂ ᠡᠮᠦᠨᠡᠬᠢ ᠦᠵᠦᠭᠦᠷ ᠲᠤ ᠰᠤᠳᠤᠯᠤᠨ ᠨᠡᠭᠡᠭᠡᠵᠦ ᠦᠢᠯᠡᠳᠬᠦ ᠶᠢ ᠠᠳᠬᠤᠵᠤ᠂ ᠬᠤᠶᠢᠨᠠᠬᠢ ᠦᠵᠦᠭᠦᠷ ᠲᠤ ᠡᠵᠡᠩᠨᠡᠯᠲᠡ ᠬᠠᠮᠠᠭᠠᠯᠠᠯᠲᠠ ᠶᠢ ᠠᠳᠬᠤᠨ᠎ᠠ᠃ ᠨᠢᠭᠡ ᠪᠦᠯᠦᠭ ᠰᠤᠳᠤᠯᠤᠨ ᠨᠡᠭᠡᠭᠡᠵᠦ ᠵᠢᠷᠤᠭᠯᠠᠨ ᠲᠥᠯᠥᠪᠯᠡᠬᠦ᠂ ᠮᠡᠳᠡᠭᠡ ᠵᠠᠩᠭᠢ ᠶᠢᠨ ᠵᠥᠭᠡᠯᠡᠨ ᠲᠣᠨᠤᠭ᠂ ᠰᠢᠯᠭᠠᠨ ᠪᠠᠶᠢᠴᠠᠭᠠᠵᠤ ᠬᠡᠮᠵᠢᠬᠦ᠂ ᠠᠵᠢᠯᠯᠠᠭ᠎ᠠ ᠶᠢ ᠪᠠᠲᠤᠯᠠᠬᠤ ᠦᠢᠯᠡᠴᠢᠯᠡᠭᠡ ᠵᠡᠷᠭᠡ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠢ ᠪᠣᠶᠢᠵᠢᠭᠤᠯᠤᠨ ᠣᠷᠣᠭᠤᠯᠵᠤ᠂ ᠵᠠᠭᠤᠨ ᠳ᠋ᠦᠩᠰᠢᠭᠤᠷ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠢ ᠴᠣᠭᠴᠠᠯᠠᠨ᠎ᠠ᠃ ᠪᠥᠬᠦ ᠨᠡᠶᠢᠭᠡᠮ ᠤᠨ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠬᠤ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠦᠢᠯᠡᠳᠪᠦᠷᠢᠯᠡᠯ ᠦᠢᠯᠡᠴᠢᠯᠡᠭᠡᠨ ᠤ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠲᠥᠪᠰᠢᠨ ᠢ ᠳᠡᠭᠡᠭᠰᠢᠯᠡᠭᠦᠯᠵᠦ᠂ ︽ᠱᠦᠸᠧ ᠵᠸᠤ ᠠᠴᠠ ᠬᠤᠸᠠᠩ ᠬᠤᠸᠠ︾ ᠬᠦᠷᠬᠦ ᠲᠡᠯᠡᠶ ᠳᠤ ᠣᠷᠣᠬᠤ ᠪᠠ ︽ᠬᠤᠯᠪᠣᠭᠠᠯᠵᠢ ᠠᠴᠠ ᠵᠢᠢ ᠠᠨ︾ ᠬᠦᠷᠬᠦ ᠬᠥᠬᠡᠮᠥ᠋ᠷᠡᠨ ᠳᠤ ᠨᠡᠪᠲᠡᠷᠡᠬᠦ ᠲᠡᠮᠦᠷ ᠵᠠᠮ ᠢ ᠪᠥᠬᠦ ᠬᠦᠴᠦᠨ ᠢᠶᠠᠷ ᠢᠶᠠᠨ ᠨᠠᠪᠲᠠᠷᠡᠭᠦᠯᠵᠦ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠡᠵᠡᠩᠨᠡᠯᠲᠡ ᠶᠢᠨ ᠣᠷᠣᠯᠭ᠎ᠠ ᠲᠠᠢ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠢ 10 ᠪᠣᠶᠢᠵᠢᠭᠤᠯᠤᠨ᠎ᠠ᠃     ︵ᠳᠥᠷᠪᠡ︶ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢ ᠬᠦᠴᠦᠯᠡᠨ ᠴᠢᠩᠭᠠᠳᠬᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠦᠷᠭᠦᠯᠵᠢᠯᠡᠨ ᠭᠦᠨᠵᠡᠭᠡᠢ ᠠᠬᠢᠭᠤᠯᠵᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠴᠢᠳᠠᠪᠤᠷᠢᠲᠠᠨ ᠤ ᠨᠢᠭᠡ ᠴᠣᠭᠴᠠᠵᠢᠭᠰᠠᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠳᠡᠯᠡᠬᠡᠢ ᠶᠢᠨ ᠠᠵᠤ ᠦᠢᠯᠡᠰ᠂ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠤᠰᠢᠭᠤᠷᠠᠯ ᠢ ᠣᠨᠢᠯᠠᠵᠤ᠂ ᠬᠢᠵᠦ ᠪᠣᠯᠬᠤ ᠶᠢ ᠨᠢ ᠬᠢᠵᠦ ᠬᠢᠵᠦ ᠦᠯᠦ ᠪᠣᠯᠬᠤ ᠶᠢ ᠨᠢ ᠦᠯᠦ ᠬᠢᠬᠦ ᠶᠢ ᠪᠠᠷᠢᠮᠲᠠᠯᠠᠵᠤ᠂ ᠠᠵᠤ ᠦᠢᠯᠡᠰ ᠤᠨ ᠰᠢᠨ᠎ᠡ ᠶᠢ ᠡᠭᠦᠳᠬᠦ ᠳᠤ ᠠᠩᠬᠠᠷᠤᠯ ᠢᠶᠠᠨ ᠲᠥᠪᠯᠡᠷᠡᠭᠦᠯᠦᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠳᠬᠤᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠠᠬᠤᠢ ᠲᠠᠯᠠᠪᠠᠢ ᠶᠢᠨ ᠬᠡᠷᠡᠭᠯᠡᠭᠡᠨ ᠤ ᠰᠢᠨ᠎ᠡ ᠶᠢ ᠡᠭᠦᠳᠬᠦ ᠬᠤᠳᠠ ᠶᠢ ᠲᠦᠷᠭᠡᠳᠬᠡᠨ ᠪᠠᠶᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠨᠢ ᠡᠬᠢ ᠪᠠᠶᠠᠯᠢᠭ ᠡᠨᠧᠷᠭᠢ ᠪᠣᠯᠣᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠳᠤ ᠲᠦᠰᠢᠭᠯᠡᠬᠦ ︽ᠬᠤᠣᠰ ᠬᠦᠷᠳᠦ ᠪᠠᠷ ᠬᠥᠳᠡᠯᠭᠡᠭᠦᠷ ᠪᠣᠯᠭᠠᠬᠤ︾᠎ ᠶᠢ ᠪᠡᠶᠡᠯᠡᠭᠦᠯᠦᠨ᠎ᠡ᠃      ᠴᠢᠨᠠᠷ ᠰᠠᠶᠢᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠲᠥᠪᠯᠡᠷᠡᠭᠦᠯᠦᠨ᠎ᠡ᠃ ᠣᠯᠠᠨ ᠡᠰᠢᠲᠦ ᠣᠷᠣᠭᠤᠯᠤᠯᠲᠠ ᠶᠢᠨ ᠲᠣᠭᠲᠠᠴᠠ ᠶᠢᠨ ᠰᠢᠨ᠎ᠡ ᠶᠢ ᠡᠭᠦᠳᠦᠨ ᠴᠢᠩᠭᠠᠳᠬᠠᠵᠤ᠂ R&D ᠣᠷᠣᠭᠤᠯᠤᠯᠲᠠ ᠶᠢᠨ ᠬᠦᠴᠦᠯᠡᠴᠡ ᠶᠢ 1%᠎ ᠳᠤ ᠬᠦᠷᠦᠭᠦᠯᠬᠦ ᠪᠠᠷ ᠴᠢᠷᠮᠠᠶᠢᠨ᠎ᠠ᠃ ᠤᠯᠤᠰ ᠤᠨ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠤᠨ ᠰᠢᠨ᠎ᠡ ᠶᠢ ᠡᠭᠦᠳᠬᠦ ᠳᠠᠭᠤᠷᠢᠶᠠᠯ ᠦᠵᠡᠭᠦᠯᠬᠦ ᠣᠷᠣᠨ᠂ ᠬᠥᠬᠡᠬᠤᠲᠠ ᠪᠤᠭᠤᠲᠤ ᠣᠷᠳᠣᠰ ᠤᠨ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠳᠠᠭᠤᠷᠢᠶᠠᠯ ᠦᠵᠡᠭᠦᠯᠬᠦ ᠣᠷᠣᠨ ᠵᠡᠷᠭᠡ ︽ᠬᠤᠶᠠᠷ ᠣᠷᠣᠨ︾᠎ ᠢ ᠬᠠᠮᠲᠤᠪᠠᠷ ᠡᠭᠦᠳᠬᠦ ᠶᠢ ᠠᠬᠢᠭᠤᠯᠵᠤ᠂ ᠵᠥᠩ ᠭᠤᠸᠠᠨ ᠼᠦᠨ ᠤ ᠣᠷᠳᠣᠰ ︵ᠪᠡᠭᠡᠵᠢᠩ︶᠎ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠯᠡᠩ ᠢ ᠬᠠᠮᠲᠤᠷᠠᠯᠴᠠᠨ ᠬᠠᠮᠲᠤᠪᠠᠷ ᠪᠠᠶᠢᠭᠤᠯᠵᠤ᠂ ᠮᠧᠩ ᠰᠤ᠋ ᠠᠵᠤ ᠠᠬᠤᠢ ᠶᠢᠨ ᠨᠡᠭᠡᠭᠡᠯᠲᠡ ᠶᠢᠨ ᠣᠷᠣᠨ᠂ ᠳᠠᠯᠠᠳ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠢ ᠡᠭᠦᠳᠦᠨ ᠪᠠᠶᠢᠭᠤᠯᠬᠤ ᠶᠢ ᠳᠡᠮᠵᠢᠨ᠎ᠡ᠃ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ᠴᠢᠳᠠᠮᠵᠢ ᠶᠢᠨ ᠳᠡᠭᠡᠭᠰᠢᠯᠡᠯᠲᠡ ᠶᠢ ᠠᠬᠢᠭᠤᠯᠵᠤ᠂ ᠤᠯᠤᠰ ᠤᠨ ᠲᠡᠰ ᠤᠨ ᠴᠢᠬᠤᠯᠠ ᠶᠡᠭᠡ ᠰᠢᠨ᠎ᠡ ᠶᠢ ᠡᠭᠦᠳᠬᠦ ᠲᠠᠪᠴᠠᠩ ᠢ ᠴᠢᠷᠮᠠᠶᠢᠨ ᠪᠠᠶᠢᠭᠤᠯᠤᠨ᠎ᠠ᠃ ᠴᠢᠳᠠᠪᠤᠷᠢᠲᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ︽ᠣᠷᠣᠨ ᠠᠯᠤᠰᠯᠠᠭᠰᠠᠨ ᠭᠠᠵᠠᠷ︾᠎ ᠤᠨ ᠵᠢᠭᠰᠠᠭᠠᠯ ᠤᠨ ᠦᠢᠯᠡᠳᠦᠯ ᠢ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠠᠷᠠᠯᠵᠢᠶᠠᠴᠢᠨ ᠤᠷᠢᠬᠤ ᠶᠢ ᠶᠡᠬᠡᠪᠡᠷ ᠥᠷᠨᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠲᠥᠪᠯᠡᠷᠡᠭᠦᠯᠦᠨ ᠲᠠᠰ ᠳᠡᠪᠰᠢᠭᠦᠯᠬᠦ ᠶᠢ ᠠᠬᠢᠭᠤᠯᠤᠨ᠎ᠠ᠃      ᠦᠷ᠎ᠡ ᠪᠦᠲᠦᠭᠡᠯ ᠤᠨ ᠬᠡᠷᠡᠭᠯᠡᠯᠲᠡ ᠬᠤᠪᠢᠷᠠᠭᠤᠯᠤᠯᠲᠠ ᠶᠢ ᠲᠦᠷᠭᠡᠳᠬᠡᠨ᠎ᠡ ᠃ ᠤᠯᠤᠰ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠴᠢᠬᠤᠯᠠ ᠶᠡᠭᠡ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠭᠤᠯᠤᠯᠲᠠ ᠲᠠᠢ ᠢᠳᠡᠪᠬᠢᠲᠡᠢ ᠪᠠᠷ ᠵᠣᠯᠭᠠᠭᠤᠯᠵᠤ᠂ ᠭᠤᠣᠯᠳᠠᠯᠭ᠎ᠠ ᠲᠠᠢ ᠴᠡᠭ ᠪᠠᠶᠢᠷᠢ ᠶᠢᠨ ᠪᠠᠶᠢᠷᠢᠰᠢᠭᠤᠯᠤᠯᠲᠠ ᠶᠢᠨ ᠲᠣᠭᠤᠷᠢᠨ ᠳᠤ ︽ᠵᠠᠷᠯᠠᠨ ᠮᠠᠩᠯᠠᠶᠢᠯᠠᠭᠤᠯᠬᠤ︾᠂ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ︽ᠭᠤᠷᠪᠠ ᠶᠢ ᠦᠭᠡᠶᠢᠰᠬᠡᠬᠦ︾ ︽ᠬᠤᠶᠠᠷ ᠢ ᠳᠠᠬᠢᠨ ᠢᠶᠠᠷ ᠨᠡᠮᠡᠭᠳᠡᠭᠦᠯᠬᠦ︾᠎ ᠶᠢ ᠭᠦᠨᠵᠡᠭᠡᠶᠢᠷᠡᠭᠦᠯᠦᠨ ᠠᠬᠢᠭᠤᠯᠵᠤ᠂ ᠬᠦᠲᠦᠴᠢ ᠠᠵᠤ ᠠᠬᠤᠶᠢᠯᠠᠯ ᠢᠶᠠᠷ ᠲᠦᠷᠦᠭᠦᠯᠡᠭᠦᠯᠦᠭᠰᠡᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠲᠦᠷᠭᠡᠳᠬᠡᠨ ᠪᠠᠶᠢᠭᠤᠯᠵᠤ᠂ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ ᠲᠤᠰᠬᠠᠶᠢᠵᠢᠭᠰᠠᠨ ᠨᠠᠷᠢᠯᠢᠭᠵᠢᠭᠰᠠᠨ ᠣᠨᠴᠠᠯᠢᠭᠲᠤ ᠰᠢᠨ᠎ᠡ ᠠᠵᠤ ᠠᠬᠤᠶᠢᠯᠠᠯ᠂ ︽ᠵᠢᠵᠢᠭ ᠠᠪᠤᠷᠭᠤ︾᠎ ᠶᠢᠨ ᠠᠵᠤ ᠠᠬᠤᠶᠢᠯᠠᠯ ᠢ ᠱᠠᠲᠤᠯᠢᠭ ᠢᠶᠠᠷ ᠬᠥᠮᠥᠵᠢᠭᠦᠯᠬᠦ ᠲᠣᠭᠲᠠᠯᠴᠠᠭ᠎ᠠ ᠶᠢ ᠪᠦᠷᠢᠨᠰᠢᠭᠦᠯᠦᠨ᠎ᠡ᠃ ︽ᠠᠵᠤ ᠠᠬᠤᠶᠢᠯᠠᠯ ᠰᠡᠳᠦᠪ ᠭᠠᠷᠭᠠᠵᠤ᠂ ᠵᠠᠰᠠᠭ ᠤᠨ ᠣᠷᠳᠣᠨ ᠰᠡᠳᠦᠪ ᠲᠣᠭᠲᠠᠭᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠰᠡᠳᠦᠪ ᠬᠠᠷᠢᠭᠤᠯᠬᠤ︾ ᠰᠢᠨᠵᠢᠯᠡᠬᠦ ᠤᠬᠠᠭᠠᠨ ᠤ ᠰᠤᠳᠤᠯᠭᠠᠨ ᠤ ᠪᠣᠭᠤᠮᠲᠠ ᠰᠢᠪᠲᠤᠯᠬᠤ ᠲᠣᠭᠲᠠᠴᠠ ᠶᠢ ᠪᠠᠶᠢᠭᠤᠯᠵᠤ᠂ ᠲᠣᠮᠣ ᠬᠦᠷᠢᠶᠡᠯᠡᠩ ᠲᠣᠮᠣ ᠭᠠᠵᠠᠷ᠂ ᠳᠠᠭᠠᠭᠤᠯᠤᠭᠴᠢ ᠠᠵᠤ ᠠᠬᠤᠶᠢᠯᠠᠯ ᠯᠤᠭ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠰᠠᠭᠤᠷᠢ ᠮᠥᠩᠭᠦ ᠶᠢ ᠪᠠᠶᠢᠭᠤᠯᠵᠤ᠂ ᠴᠢᠩᠬᠤᠸᠠ ᠶᠡᠭᠡ ᠰᠤᠷᠭᠠᠭᠤᠯᠢ ᠶᠢᠨ ᠪᠥᠬᠦ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠣᠷᠳᠣᠰ ᠤᠨ ᠰᠠᠭᠤᠷᠢᠨ ᠭᠠᠵᠠᠷ᠂ ᠤᠯᠤᠰ ᠤᠨ ᠡᠨᠧᠷᠭᠢ ᠶᠢᠨ ᠪᠦᠯᠦᠭᠯᠡᠯ ᠤᠨ ᠶᠡᠷᠥᠩᠬᠡᠶᠢᠯᠡᠨ ᠬᠠᠮᠵᠢᠯᠴᠠᠬᠤ ᠰᠢᠨ᠎ᠡ ᠶᠢ ᠡᠭᠦᠳᠬᠦ ᠳᠠᠭᠤᠷᠢᠶᠠᠯ ᠦᠵᠡᠭᠦᠯᠬᠦ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠠᠵᠤ ᠦᠢᠯᠡᠰᠵᠢᠯᠲᠡ ᠶᠢᠨ ᠵᠠᠪᠰᠠᠷ ᠤᠨ ᠲᠤᠷᠰᠢᠯᠲᠠ ᠶᠢᠨ ᠰᠠᠭᠤᠷᠢᠨ ᠭᠠᠵᠠᠷ ᠤᠨ 10 ᠎ ᠠᠴᠠ ᠳᠡᠭᠡᠭᠰᠢᠬᠢ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃       ᠴᠢᠳᠠᠪᠤᠷᠢᠲᠠᠨ ᠤ ᠨᠥᠬᠦᠷᠰᠡᠭ ᠬᠡᠯᠪᠡᠷᠢ ᠶᠢᠨ ᠬᠤᠳᠠ ᠶᠢ ᠪᠦᠲᠦᠭᠡᠨ ᠪᠠᠶᠢᠭᠤᠯᠤᠨ᠎ᠠ᠃ ︽ᠳᠡᠭᠡᠳᠦ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ + ᠪᠦᠯᠬᠦᠮ ᠨᠡᠶᠢᠲᠡ + ᠲᠠᠪᠴᠠᠩ + ᠲᠥᠷᠥᠯ ᠵᠦᠢᠯ︾᠎ ᠢ ᠪᠦᠬᠦᠯᠢ ᠪᠠᠷ ᠣᠷᠣᠭᠤᠯᠤᠨ ᠠᠪᠴᠢᠷᠠᠬᠤ ᠶᠢ ᠠᠬᠢᠭᠤᠯᠵᠤ᠂ ᠳᠡᠭᠡᠳᠦ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠪᠦᠯᠬᠦᠮ ᠨᠡᠶᠢᠲᠡ ᠶᠢ 10᠂ ᠳ᠋ᠣᠺᠲ᠋ᠣᠷ ᠵᠡᠷᠭᠡ ᠳᠡᠭᠡᠳᠦ ᠲᠠᠰ ᠤᠨ  ᠴᠢᠳᠠᠪᠤᠷᠢᠲᠠᠨ ᠢ 2000 ᠨᠡᠷᠡᠰ ᠠᠴᠠ ᠳᠡᠭᠡᠭᠰᠢ ᠰᠢᠨ᠎ᠡ ᠪᠠᠷ ᠡᠯᠰᠡᠨ᠎ᠡ᠃ ᠭᠤᠣᠯᠳᠠᠯᠭ᠎ᠠ ᠲᠠᠢ ᠠᠵᠤ ᠦᠢᠯᠡᠰ ᠤᠨ ᠴᠢᠳᠠᠪᠤᠷᠢᠲᠠᠨ ᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠶᠢ ᠬᠡᠷᠡᠭᠵᠢᠭᠦᠯᠵᠦ᠂ ︽ᠴᠢᠳᠠᠪᠤᠷᠢᠲᠠᠨ ᠭᠡᠬᠦ‍ ᠨᠢᠭᠡ ᠯᠡ ᠶᠠᠪᠤᠳᠠᠯ᠂ ᠨᠢᠭᠡ ᠥᠷᠲᠡᠭᠡᠴᠢᠯᠡᠨ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠡᠷᠡᠭᠯᠡᠭᠡᠨ ᠤ ᠴᠢᠳᠠᠪᠤᠷᠢ ᠶᠢᠨ ᠴᠢᠳᠠᠪᠤᠷᠢᠲᠠᠨ᠂ ᠵᠠᠯᠠᠭᠤ ᠴᠢᠳᠠᠪᠤᠷᠢᠲᠠᠨ ᠢ 3 ᠲᠦᠮᠡ ᠠᠴᠠ ᠳᠡᠭᠡᠭᠰᠢ ᠣᠷᠣᠭᠤᠯᠤᠨ ᠠᠪᠴᠢᠷᠠᠵᠤ᠂ ᠵᠠᠯᠠᠭᠤᠴᠤᠳ ᠤᠨ ᠬᠥᠭᠵᠢᠯᠲᠡ ᠶᠢᠨ ᠬᠡᠯᠪᠡᠷᠢ ᠶᠢᠨ ᠬᠤᠳᠠ ᠶᠢ ᠲᠦᠷᠭᠡᠳᠬᠡᠨ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠵᠥᠪᠯᠡᠯᠭᠡ ᠥᠭᠬᠦ ᠵᠥᠪᠯᠡᠯ᠂ ᠠᠵᠤ ᠠᠬᠤᠶᠢᠯᠠᠯᠲᠠᠨ ᠤ ᠵᠥᠪᠯᠡᠯᠭᠡ ᠥᠭᠬᠦ ᠵᠥᠪᠯᠡᠯ ᠤᠨ ᠦᠢᠯᠡᠳᠦᠯ ᠢ ᠪᠠᠳᠠᠷᠠᠭᠤᠯᠵᠤ᠂ ᠪᠦᠬᠦ ᠬᠤᠳᠠ ᠶᠢᠨ ᠠᠵᠤ ᠦᠢᠯᠡᠰ᠂ ᠰᠢᠨᠵᠢᠯᠡᠬᠦ ᠤᠬᠠᠭᠠᠨ ᠮᠡᠷᠭᠡᠵᠢᠯ᠂ ᠠᠵᠤ ᠠᠬᠤᠶᠢᠯᠠᠯ ᠳᠤ ᠪᠠᠶᠢᠯᠳᠤᠬᠤ ᠪᠣᠳᠣᠯᠭ᠎ᠠ ᠶᠢᠨ ᠵᠥᠪᠯᠡᠯᠭᠡ ᠬᠠᠩᠭᠠᠨ᠎ᠠ᠃      ᠠᠵᠤ ᠦᠢᠯᠡᠰ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ ᠦᠢᠯᠡᠰ ᠪᠠ ᠬᠦᠷᠢᠶᠡᠯᠡᠩ ᠳᠡᠭᠡᠲᠦ ᠰᠤᠷᠭᠠᠭᠤᠯᠢ᠂ ᠠᠵᠤ ᠦᠢᠯᠡᠰ ᠪᠠ ᠬᠤᠳᠠ ᠶᠢᠨ ᠠᠭᠤᠰᠤᠯᠴᠠᠯ ᠢ ᠭᠦᠨᠵᠡᠭᠡᠶᠢᠷᠡᠭᠦᠯᠦᠨ᠎ᠡ᠃ ᠰᠢᠨ᠎ᠡ ᠶᠢ ᠡᠭᠦᠳᠬᠦ ᠡᠬᠢ ᠪᠠᠶᠠᠯᠢᠭ ᠬᠦᠴᠦᠨ ᠵᠦᠢᠯ ᠢ ᠡᠮᠬᠢᠯᠡᠨ ᠨᠡᠶᠢᠯᠡᠭᠦᠯᠵᠦ ᠴᠤᠭᠯᠠᠷᠠᠭᠤᠯᠤᠨ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠶᠠᠰᠤ ᠴᠢᠨᠠᠷ ᠢ ᠳᠡᠭᠡᠭᠰᠢᠯᠡᠭᠦᠯᠦᠨ ᠳᠡᠰ ᠳᠡᠪᠰᠢᠭᠦᠯᠬᠦ ᠶᠢ ᠠᠬᠢᠭᠤᠯᠵᠤ᠂ ᠣᠷᠳᠣᠰ ᠤᠨ ︽ᠰᠢᠨ᠎ᠡ ᠶᠢ ᠡᠭᠦᠳᠴᠦ ᠴᠢᠳᠠᠬᠤ ᠬᠥᠨᠳᠡᠢ︾᠎ ᠶᠢ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠵᠤ᠂ ᠭᠤᠣᠯ ᠬᠤᠲᠠ ᠲᠣᠭᠤᠷᠢᠭ ᠤᠨ ᠠᠵᠤ ᠦᠢᠯᠡᠰ ᠪᠠ ᠬᠤᠲᠠ ᠶᠢ ᠠᠭᠤᠰᠤᠯᠴᠠᠭᠤᠯᠬᠤ ᠭᠤᠣᠯ ᠵᠢᠭᠰᠠᠭᠠᠯ ᠤᠨ ᠭᠠᠵᠠᠷ᠂ ᠰᠢᠨ᠎ᠡ ᠶᠢ ᠡᠭᠦᠳᠦᠨ ᠬᠥᠭᠵᠢᠭᠦᠯᠬᠦ ᠭᠤᠣᠯ ᠬᠥᠳᠡᠯᠭᠡᠭᠦᠷ ᠢ ᠪᠣᠶ ᠪᠣᠯᠭᠠᠨ᠎ᠠ᠃ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠰᠢᠨ᠎ᠡ ᠡᠨᠧᠷᠭᠢ ᠶᠢᠨ ᠳᠡᠭᠡᠳᠦ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠥᠪᠥᠷ ᠮᠣᠩᠭᠤᠯ ᠤᠨ ᠳᠡᠭᠡᠳᠦ ᠵᠡᠷᠭᠡ ᠶᠢᠨ ᠰᠤᠳᠤᠯᠭᠠᠨ ᠤ ᠬᠦᠷᠢᠶᠡᠯᠡᠩ ᠤᠨ ᠣᠷᠳᠣᠰ ᠤᠨ ᠬᠤᠪᠢᠶᠠᠷᠢ ᠰᠤᠷᠭᠠᠭᠤᠯᠢ ᠶᠢ ᠨᠤᠲᠤᠭᠰᠢᠭᠤᠯᠵᠤ᠂ ᠡᠨᠧᠷᠭᠢ᠂ ᠢᠮᠠᠭᠠᠨ ᠨᠣᠣᠯᠤᠭᠤᠷ᠂ ᠲᠣᠮᠣ ᠨᠢᠰᠬᠡᠯ ᠵᠡᠷᠭᠡ ᠣᠨᠴᠠᠯᠢᠭᠲᠤ ᠠᠵᠤ ᠦᠢᠯᠡᠰ ᠤᠨ ᠳᠡᠭᠡᠳᠦ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠳᠤᠮᠳᠠ ᠵᠡᠷᠭᠡ ᠳᠡᠭᠡᠳᠦ ᠵᠡᠷᠭᠡ ᠪᠠ ᠵᠢᠩᠬᠢᠨᠢ ᠠᠩᠭᠢ ᠶᠢᠨ ᠰᠤᠷᠭᠠᠨ ᠬᠦᠮᠦᠵᠢᠯ ᠢ ᠨᠢᠭᠡ ᠴᠣᠭᠴᠠᠵᠢᠭᠤᠯᠤᠨ ᠨᠡᠪᠲᠡᠷᠡᠭᠦᠯᠦᠨ ᠬᠥᠮᠥᠵᠢᠭᠦᠯᠬᠦ ᠲᠤᠷᠰᠢᠯᠲᠠ ᠶᠢᠨ ᠴᠡᠭ ᠢ ᠴᠢᠷᠮᠠᠶᠢᠨ ᠣᠯᠵᠤ᠂ ᠬᠤᠲᠠ ᠶᠢᠨ ᠬᠡᠪᠴᠢᠶᠡᠨ ᠤ ᠠᠵᠤ ᠦᠢᠯᠡᠰ ᠪᠠ ᠬᠦᠷᠢᠶᠡᠯᠡᠩ ᠳᠡᠭᠡᠳᠦ ᠰᠤᠷᠭᠠᠭᠤᠯᠢ ᠶᠢᠨ  ᠬᠤᠯᠪᠣᠭᠠᠲᠤ ᠴᠣᠭᠴᠠ᠂ ᠠᠵᠢᠯ ᠲᠥᠷᠥᠯ ᠤᠨ ᠠᠵᠤ ᠦᠢᠯᠡᠰ ᠪᠠ ᠬᠦᠷᠢᠶᠡᠯᠡᠩ ᠳᠡᠭᠡᠳᠦ ᠰᠤᠷᠭᠠᠭᠤᠯᠢ ᠶᠢᠨ ᠠᠭᠤᠰᠤᠯᠴᠠᠭᠰᠠᠨ ᠬᠠᠮᠲᠤ ᠶᠢᠨ ᠴᠣᠭᠴᠠ ᠶᠢ ᠰᠠᠶᠢᠲᠤᠷ ᠪᠠᠶᠢᠭᠤᠯᠤᠨ ᠬᠦᠴᠦᠷᠬᠡᠭᠵᠢᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠣᠷᠣᠨ ᠪᠦᠰᠡ ᠶᠢᠨ ᠬᠥᠭᠵᠢᠯᠲᠡ ᠯᠦᠭᠡ ᠬᠠᠷᠢᠯᠴᠠᠨ ᠵᠣᠬᠢᠴᠠᠯᠳᠤᠭᠤᠯᠬᠤ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠬᠠᠷᠢᠯᠴᠠᠨ ᠵᠣᠯᠭᠠᠭᠤᠯᠬᠤ ᠶᠢ ᠠᠬᠢᠭᠤᠯᠤᠨ᠎ᠠ᠃     ︵ᠲᠠᠪᠤ︶ ᠠᠵᠤ ᠦᠢᠯᠡᠰ ᠢᠶᠠᠷ ᠬᠥᠲᠥᠯᠥᠨ ᠳᠠᠭᠠᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ ᠭᠠᠷᠤᠯᠲᠠ ᠪᠠ ᠦᠢᠯᠡᠳᠪᠦᠷᠢᠯᠡᠯ ᠤᠨ ᠴᠢᠳᠠᠪᠤᠷᠢ᠂ ᠦᠢᠯᠡᠳᠪᠦᠷᠢᠯᠡᠯ ᠪᠠ ᠠᠮᠢ ᠠᠬᠤᠢ᠂ ᠭᠠᠷᠤᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠶᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠲᠦᠷᠦᠯ ᠲᠡᠮᠳᠡᠭ ᠢ ᠡᠭᠦᠳᠬᠦ ᠪᠠ ᠨᠠᠷᠢᠯᠢᠭ ᠭᠦᠨᠵᠡᠭᠡᠢ ᠡᠳ᠋ᠰᠢᠭᠦᠯᠬᠦ ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠬᠤ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠵᠦ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠪᠠᠷ ᠬᠥᠳᠡᠭᠡ ᠲᠣᠰᠬᠤᠨ ᠢ ᠪᠦᠬᠦ ᠲᠠᠯ᠎ᠠ ᠶᠢᠨ ᠬᠥᠭᠵᠢᠨ ᠮᠠᠨᠳᠤᠭᠤᠯᠬᠤ ᠶᠢ ᠠᠬᠢᠭᠤᠯᠤᠨ᠎ᠠ᠃      ᠲᠠᠷᠢᠶᠠᠯᠠᠩ ᠮᠠᠯ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ ᠃ ᠤᠨᠠᠯᠲᠠ ᠶᠢ ᠲᠣᠭᠲᠠᠪᠤᠷᠢᠵᠢᠭᠤᠯᠤᠨ ᠶᠠᠰᠤ ᠴᠢᠨᠠᠷ ᠢ ᠳᠡᠭᠡᠭᠰᠢᠯᠡᠭᠦᠯᠦᠨ ᠲᠠᠷᠢᠶᠠᠯᠠᠩ ᠢ ᠬᠥᠭᠵᠢᠭᠦᠯᠵᠦ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾᠎ ᠶᠢ ᠡᠷᠡᠰ ᠬᠤᠷᠢᠭᠯᠠᠵᠤ᠂ ︽ᠠᠮᠤ ᠪᠤᠳᠠᠭᠠᠨ ᠤ ᠪᠤᠰᠤ ᠪᠣᠯᠭᠠᠬᠤ︾᠎ ᠠᠴᠠ ᠰᠡᠷᠭᠡᠶᠢᠯᠡᠵᠦ᠂ ︽ᠦᠷ᠎ᠡ ᠡᠭᠦᠯᠳᠡᠷ ᠤᠨ ᠢᠨᠵᠧᠨᠧᠷᠢᠩ︾᠎ ᠢ ᠶᠡᠭᠡ ᠪᠠᠷ ᠬᠡᠷᠡᠭᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 19 ᠲᠦᠮᠡᠨ ᠮᠤ᠋ ᠰᠢᠨ᠎ᠡ ᠪᠠᠷ ᠪᠠᠶᠢᠭᠤᠯᠵᠤ᠂ ᠬᠤᠵᠢᠷᠯᠢᠭ ᠭᠠᠵᠠᠷ ᠢ 5 ᠲᠦᠮᠡᠨ ᠮᠤ᠋ ᠰᠠᠶᠢᠵᠢᠷᠠᠭᠤᠯᠵᠤ᠂ ᠤᠳᠤ ᠦᠶ᠎ᠡ ᠶᠢᠨ ᠲᠣᠭᠠᠵᠢᠭᠤᠯᠤᠭᠰᠠᠨ ᠣᠶᠤᠨᠴᠢ ᠲᠥᠬᠦᠭᠡᠷᠦᠮᠵᠢᠲᠦ ᠲᠠᠷᠢᠶᠠᠯᠠᠩ ᠢ ᠬᠥᠭᠵᠢᠭᠦᠯᠦᠨ᠎ᠡ᠃ ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡ ᠪᠠᠷ ᠴᠢᠬᠤᠯᠠᠴᠢᠯᠠᠨ ᠮᠠᠯ ᠠᠵᠤ ᠠᠬᠤᠢ ᠶᠢ ᠬᠥᠭᠵᠢᠭᠦᠯᠵᠦ᠂ ᠴᠢᠨᠠᠷ ᠰᠠᠶᠢᠲᠠᠢ ᠡᠪᠡᠰᠦ ᠪᠣᠷᠳᠤᠭ᠎ᠠ ᠶᠢᠨ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠠᠮᠢ ᠠᠬᠤᠢ ᠶᠢᠨ ᠲᠡᠵᠢᠭᠡᠨ ᠦᠷᠡᠵᠢᠭᠦᠯᠬᠦ ᠪᠠ ᠬᠠᠰᠢᠶᠠᠯᠠᠨ ᠲᠡᠵᠢᠭᠡᠬᠦ ᠶᠢ ᠬᠥᠭᠵᠢᠭᠦᠯᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠵᠣᠬᠢᠬᠤ ᠬᠡᠪᠴᠢᠶᠡᠨ ᠤ ᠣᠨᠴᠠᠯᠢᠭᠲᠤ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠵᠦ᠂ ᠪᠠᠷᠠᠭᠤᠨ ᠣᠷᠣᠨ ᠤ ᠠᠯᠠᠰᠢᠨ ᠦᠬᠡᠷ ᠤᠨ ᠳᠡᠭᠡᠳᠦ ᠲᠠᠰ ᠤᠨ ᠪᠥᠬᠦ ᠠᠵᠤ ᠦᠢᠯᠡᠰ ᠤᠨ ᠬᠡᠯᠬᠢᠶᠡᠵᠢᠯ ᠤᠨ ᠰᠠᠭᠤᠷᠢᠨ ᠭᠠᠵᠠᠷ ᠢ ᠪᠣᠶ ᠪᠣᠯᠭᠠᠵᠤ᠂ ᠠᠷᠪᠠᠰ ᠤᠨ ᠢᠮᠠᠭᠠᠨ ᠮᠢᠬᠠᠨ ᠤ ᠲᠥᠷᠥᠯ ᠲᠡᠮᠳᠡᠭᠲᠦ ᠶᠢᠨ ᠦᠨ᠎ᠡ ᠥᠷᠲᠡᠭ ᠢ ᠳᠡᠭᠡᠭᠰᠢᠯᠡᠭᠦᠯᠦᠨ᠎ᠡ᠃ ᠬᠦᠷᠢᠶᠡᠯᠡᠩ ᠲᠣᠭᠤᠷᠢᠭᠴᠢᠯᠠᠬᠤ ᠪᠠᠷ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢ ᠳᠠᠶᠢᠴᠢᠯᠠᠵᠤ᠂ ᠬᠤᠲᠠ ᠶᠢᠨ ᠲᠠᠰ ᠤᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ 3᠂ ᠣᠨᠴᠠᠯᠢᠭᠲᠤ ᠠᠵᠤ ᠦᠢᠯᠡᠰ ᠤᠨ ᠰᠠᠭᠤᠷᠢᠨ ᠭᠠᠵᠠᠷ ᠢ 10 ᠪᠦᠲᠦᠭᠡᠨ ᠪᠠᠶᠢᠭᠤᠯᠤᠨ᠎ᠠ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠡᠳ᠋ᠰᠢᠭᠦᠯᠬᠦ ᠠᠵᠢᠯ ᠢ ᠰᠠᠶᠢᠲᠤᠷ ᠬᠢᠵᠦ᠂ ᠨᠢᠭᠡ ᠪᠦᠯᠦᠭ ᠲᠠᠷᠢᠶᠠᠯᠠᠩ ᠮᠠᠯ ᠠᠵᠤ ᠠᠬᠤᠢ ᠶᠢᠨ ᠡᠳ᠋ᠰᠢᠭᠦᠯᠬᠦ ᠬᠥᠲᠥᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠪᠠ ᠪᠣᠶᠢᠵᠢᠭᠤᠯᠵᠤ᠂ ᠬᠥᠮᠥᠷᠭᠡᠯᠡᠨ ᠬᠠᠳᠠᠭᠠᠯᠠᠵᠤ ᠰᠢᠨ᠎ᠡ ᠰᠣᠷᠭᠤᠭ ᠪᠠᠶᠢᠯᠭᠠᠬᠤ ᠪᠠ ᠬᠦᠢᠲᠡᠨ ᠬᠡᠯᠬᠢᠶᠡᠨ ᠤ ᠪᠠᠷᠠᠭᠠᠨ ᠤ ᠭᠦᠢᠯᠭᠡᠭᠡᠨ ᠤ ᠲᠣᠭᠲᠠᠯᠴᠠᠭ᠎ᠠ ᠶᠢ ᠢᠵᠢ ᠪᠦᠷᠢᠳᠦᠭᠦᠯᠦᠨ ᠲᠡᠭᠦᠯᠳᠡᠷᠵᠢᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠣᠷᠣᠨ ᠪᠦᠰᠡ ᠶᠢᠨ ᠴᠢᠨᠠᠷᠲᠠᠢ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠠᠮᠢᠳᠠᠨ ᠤ ᠬᠢᠵᠢᠭ ᠡᠪᠡᠳᠴᠢᠨ ᠪᠣᠯᠣᠨ ᠤᠷᠭᠤᠮᠠᠯ ᠤᠨ ᠡᠪᠡᠳᠴᠢᠨ ᠬᠤᠷᠣᠬᠠᠢ ᠶᠢᠨ ᠭᠠᠮᠰᠢᠭ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠳᠤᠯᠠᠭᠠᠨ ᠬᠤᠲᠠ ᠶᠢᠨ ᠲᠠᠩᠰᠤᠭ ᠠᠮᠲᠠ︾ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠨᠠᠩ ᠣᠯᠠᠨ ᠴᠢᠨᠠᠷ ᠰᠠᠶᠢᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠡᠷ᠎ᠡ ᠮᠠᠨᠳᠤᠭᠤᠯᠵᠤ᠂ ᠪᠣᠷᠤᠯᠠᠭᠤᠯᠭ᠎ᠠ ᠰᠠᠶᠢᠲᠠᠢ ᠪᠣᠯᠭᠠᠨ᠎ᠠ᠃      ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠤᠨ᠎ᠠ ᠃ ᠡᠵᠡᠩᠨᠡᠯᠲᠡ ᠶᠢᠨ ᠴᠢᠨᠠᠷᠲᠠᠢ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠵᠦ᠂ ︽ᠭᠤᠷᠪᠠ ᠶᠢ ᠨᠢᠭᠡᠳᠦᠯᠲᠡᠢ ᠬᠢᠵᠦ ᠬᠠᠮᠲᠤ ᠪᠠᠷ ᠴᠢᠨᠡᠭᠡᠯᠢᠭᠵᠢᠭᠦᠯᠬᠦ︾ ᠵᠠᠭᠪᠤᠷ ᠢ ᠶᠡᠬᠡᠪᠡᠷ ᠳᠡᠯᠭᠡᠷᠡᠭᠦᠯᠵᠦ᠂ ᠠᠵᠤ ᠦᠢᠯᠡᠳᠪᠦᠷᠢ ᠲᠠᠷᠢᠶᠠᠯᠠᠩ ᠤᠨ ᠬᠠᠷᠢᠯᠴᠠᠨ ᠠᠬᠢᠭᠤᠯᠬᠤ ᠠᠰᠢᠭ ᠲᠤᠰᠠ ᠶᠢ ᠬᠤᠯᠪᠤᠭᠳᠠᠭᠤᠯᠬᠤ 10 ᠲᠥᠷᠥᠯ ᠵᠦᠢᠯ ᠢ ᠬᠡᠷᠡᠭᠵᠢᠭᠦᠯᠦᠨ᠎ᠡ᠃ ᠴᠠᠯᠢᠩ ᠤᠨ ᠴᠢᠨᠠᠷᠲᠠᠢ ᠣᠷᠣᠯᠭ᠎ᠠ ᠶᠢ ᠬᠦᠴᠦᠯᠡᠨ ᠳᠡᠭᠡᠭᠰᠢᠯᠡᠭᠦᠯᠵᠦ ᠂ ᠮᠠᠯᠴᠢᠨ ᠲᠠᠷᠢᠶᠠᠴᠢᠳ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠪᠠ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠠᠵᠢᠯᠯᠠᠭ᠎ᠠ ᠶᠢ 1 ᠲᠦᠮᠡᠨ ᠬᠥᠮᠥᠨ ᠤᠳᠠᠭ᠎ᠠ ᠠᠴᠠ ᠳᠡᠭᠡᠭᠰᠢ ᠥᠷᠨᠢᠭᠦᠯᠵᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠢᠳᠡᠪᠬᠢᠲᠡᠢ ᠪᠠᠷ ᠨᠡᠭᠡᠭᠡᠨ ᠬᠥᠭᠵᠢᠭᠦᠯᠵᠦ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠶᠢᠨ ᠬᠡᠷᠡᠭᠵᠢᠭᠦᠯᠬᠦ ᠬᠦᠷᠢᠶ᠎ᠡ ᠬᠡᠪᠴᠢᠶ᠎ᠡ ᠶᠢ ᠥᠷᠭᠡᠳᠬᠡᠨ᠎ᠡ᠃ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠡᠵᠡᠩᠨᠡᠯᠲᠡ ᠬᠠᠮᠢᠶᠠᠷᠤᠯᠲᠠ ᠶᠢᠨ ᠵᠠᠭᠪᠤᠷ ᠢ ᠥᠭᠡᠷᠡᠴᠢᠯᠡᠨ ᠰᠢᠨ᠎ᠡ ᠶᠢ ᠡᠭᠦᠳᠴᠦ᠂ ︽ᠴᠢᠰᠤ ᠪᠦᠲᠦᠭᠡᠬᠦ︾ ᠴᠢᠳᠠᠮᠵᠢ᠂ ︽ᠳᠠᠶᠢᠴᠢᠯᠠᠨ ᠴᠢᠨᠡᠭᠡᠯᠢᠭᠵᠢᠭᠦᠯᠬᠦ︾ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠴᠢᠳᠠᠪᠤᠷᠢᠲᠠᠨ ᠤ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠣᠶᠤᠲᠠᠳ ᠵᠡᠷᠭᠡ ᠬᠦᠮᠦᠰ ᠤᠨ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠶᠢ ᠳᠡᠮᠵᠢᠨ᠎ᠡ᠃ ᠲᠠᠬᠢᠨ ᠶᠠᠳᠠᠭᠤᠷᠠᠬᠤ ᠶᠢ ᠰᠡᠷᠭᠡᠶᠢᠯᠡᠨ ᠬᠤᠷᠢᠭᠯᠠᠬᠤ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠨᠠᠷᠢᠯᠢᠭ ᠣᠨᠣᠴᠠᠲᠠᠢ ᠪᠠᠷ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠬᠡᠪᠴᠢᠶᠡᠵᠢᠯ ᠤᠨ ᠴᠢᠨᠠᠷᠲᠠᠢ ᠪᠠᠷ ᠲᠠᠬᠢᠨ ᠶᠠᠳᠠᠭᠤᠷᠠᠬᠤ ᠦᠵᠡᠭᠳᠡᠯ ᠦᠯᠦ ᠡᠭᠦᠰᠬᠡᠬᠦ ᠬᠤᠷᠢᠭ᠎ᠠ ᠱᠤᠭᠤᠮ ᠢ ᠡᠷᠡᠰ ᠰᠠᠬᠢᠨ᠎ᠠ᠃      ᠮᠠᠯᠵᠢᠬᠤ ᠲᠠᠷᠢᠶᠠᠯᠠᠬᠤ ᠣᠷᠣᠨ ᠤ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠶᠢ ᠠᠬᠢᠭᠤᠯᠤᠨ᠎ᠠ ᠃ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠬᠥᠳᠡᠭᠡ ᠲᠣᠰᠬᠤᠨ ᠤ ᠲᠥᠯᠥᠪᠵᠢᠭᠦᠯᠦᠨ ᠪᠦᠲᠦᠭᠡᠨ ᠪᠠᠶᠢᠭᠤᠯᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠨᠢᠭᠡ ᠪᠦᠯᠦᠭ ᠣᠨᠴᠠᠯᠢᠭᠲᠤ ᠬᠥᠳᠡᠭᠡ ᠳᠤᠰᠬᠤᠨ ᠢ ᠴᠤᠭᠴᠠᠯᠠᠵᠤ᠂ ᠰᠠᠭᠤᠷᠢ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ ᠢ 274 ᠺᠢᠯᠣᠮᠧᠲᠷ ᠰᠢᠨ᠎ᠡ ᠪᠠᠷ ᠥᠭᠡᠷᠡᠴᠢᠯᠡᠨ ᠵᠠᠰᠠᠵᠤ᠂ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠢᠨᠵᠧᠨᠧᠷᠢᠩ ᠢ 14 ᠬᠡᠷᠡᠭᠵᠢᠭᠦᠯᠦᠨ᠎ᠡ᠃ ᠣᠷᠴᠢᠨ ᠲᠣᠭᠤᠷᠢᠨ ᠤ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠢ 2260᠂ ᠨᠡᠶᠢᠲᠡ ᠶᠢᠨ ᠵᠣᠷᠯᠣᠩ ᠢ 152 ᠰᠢᠨ᠎ᠡ ᠪᠠᠷ ᠪᠠᠶᠢᠭᠤᠯᠵᠤ᠂ ᠠᠮᠢᠳᠤᠷᠠᠯ ᠤᠨ ᠬᠤᠭ ᠨᠣᠪᠰᠢ᠂ ᠪᠣᠬᠢᠷ ᠤᠰᠤ ᠶᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠤᠯᠤᠰ ᠤᠨ ᠲᠠᠰ ᠤᠨ ᠦᠵᠡᠰᠬᠦᠯᠡᠩᠲᠦ ᠰᠠᠶᠢᠬᠠᠨ ᠰᠡᠯᠡᠭᠦᠴᠡᠯ ᠤᠨ ᠬᠥᠳᠡᠭᠡ ᠲᠣᠰᠬᠤᠨ ᠢ ᠴᠢᠷᠮᠠᠶᠢᠨ ᠪᠠᠶᠢᠭᠤᠯᠤᠨ᠎ᠠ᠃ ᠰᠢᠨ᠎ᠡ ᠴᠠᠭ ᠦᠶ᠎ᠡ ᠶᠢᠨ ᠪᠣᠯᠪᠠᠰᠤᠨ ᠬᠥᠳᠡᠭᠡ ᠶᠢᠨ ᠬᠡᠪ ᠰᠤᠷᠲᠠᠯ ᠢ ᠪᠤᠢ ᠪᠣᠯᠭᠠᠵᠤ᠂ ᠨᠢᠭᠡ ᠪᠦᠯᠦᠭ ᠪᠣᠯᠪᠠᠰᠤᠨ ᠲᠣᠰᠬᠤᠨ ᠪᠠᠯᠭᠠᠰᠤ ᠶᠢ ᠡᠭᠦᠳᠦᠨ ᠪᠠᠶᠢᠭᠤᠯᠤᠨ᠎ᠠ᠃      ︵ᠵᠢᠷᠭᠤᠭ᠎ᠠ︶ ᠶᠠᠰᠤ ᠴᠢᠨᠠᠷ ᠢ ᠳᠡᠭᠡᠭᠰᠢᠯᠡᠭᠦᠯᠦᠨ ᠬᠤᠷᠳᠤᠴᠠ ᠶᠢ ᠲᠦᠷᠭᠡᠳᠬᠡᠵᠦ ᠰᠢᠨ᠎ᠡ ᠬᠡᠯᠪᠡᠷᠢ ᠶᠢᠨ ᠬᠤᠲᠠ ᠪᠠᠯᠭᠠᠰᠤ ᠶᠢ ᠪᠦᠲᠦᠭᠡᠨ ᠪᠠᠶᠢᠭᠤᠯᠤᠨ᠎ᠠ ᠬᠥᠮᠥᠨ ᠢᠶᠠᠷ ᠦᠨᠳᠦᠰᠦ ᠪᠣᠯᠭᠠᠭᠰᠠᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠳᠤᠯᠠᠭᠠᠯᠠᠭ᠎ᠠ ᠶᠢᠨ ᠢᠨᠵᠧᠨᠧᠷᠢᠩ ᠢ ᠦᠷᠭᠦᠯᠵᠢᠯᠡᠨ ᠭᠦᠨᠵᠡᠭᠡᠢ ᠠᠬᠢᠭᠤᠯᠵᠤ᠂ ᠪᠦᠬᠦ ᠤᠯᠤᠰ ᠤᠨ ᠪᠣᠯᠪᠠᠰᠤᠨ ᠬᠤᠲᠠ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠂ ᠤᠯᠤᠰ ᠤᠨ ᠴᠡᠴᠡᠷᠯᠢᠭᠵᠢᠭᠰᠡᠨ ᠬᠤᠲᠠ᠂ ᠳᠤᠮᠳᠠᠳᠤ ᠤᠯᠤᠰ ᠤᠨ ᠬᠠᠮᠤᠭ ᠤᠨ ᠵᠣᠯ ᠵᠢᠷᠭᠠᠯᠲᠤ ᠲᠥᠷᠥᠭᠳᠡᠯ ᠲᠠᠢ ᠬᠤᠲᠠ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠳᠠᠭᠤᠷᠢᠶᠠᠯ ᠦᠵᠡᠭᠦᠯᠬᠦ ᠬᠤᠲᠠ ᠵᠡᠷᠭᠡ ︽ᠤᠯᠤᠰ ᠤᠨ ᠨᠡᠷᠡᠲᠦ ᠲᠡᠮᠳᠡᠭᠲᠦ︾᠎ ᠶᠢᠨ ᠢᠷᠠᠭᠤ ᠠᠯᠳᠠᠷ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠰᠤᠷᠭᠠᠨ ᠬᠥᠮᠦᠵᠢᠯ ᠢ ᠴᠢᠨᠠᠭᠰᠢᠳᠠ ᠰᠠᠶᠢᠲᠤᠷ ᠡᠷᠭᠢᠯᠡᠵᠦ᠂ ᠬᠦᠴᠦ ᠣᠷᠣᠭᠤᠯᠤᠨ ᠡᠮᠴᠢᠯᠡᠭᠡ ᠶᠢ ᠰᠠᠶᠢᠲᠤᠷ ᠬᠢᠵᠦ᠂ ᠬᠤᠲᠠ ᠪᠠᠯᠭᠠᠰᠤᠨ ᠤ ᠴᠢᠳᠠᠮᠵᠢ ᠶᠢ ᠲᠡᠭᠦᠯᠳᠡᠷᠵᠢᠭᠦᠯᠵᠦ᠂ ᠨᠠᠩ ᠣᠯᠠᠨ ᠵᠠᠯᠠᠭᠤᠴᠤᠳ᠂ ᠨᠠᠩ ᠣᠯᠠᠨ ᠣᠶᠤᠲᠠᠨ ᠵᠡᠷᠭᠡ ᠥᠨᠳᠥᠷ ᠰᠤᠷᠤᠯᠭ᠎ᠠ ᠶᠢᠨ ᠨᠠᠮᠲᠠᠷ ᠲᠠᠢ ᠴᠢᠳᠠᠪᠤᠷᠢᠲᠠᠨ ᠢ ᠣᠷᠳᠣᠰ ᠬᠤᠲᠠ ᠳᠤ ᠲᠡᠳᠡᠨ ᠠᠪᠴᠢᠷᠠᠵᠤ ᠠᠳᠠᠯ ᠦᠢᠯᠡᠰ ᠴᠤᠭᠴᠠᠯᠠᠵᠤ᠂ ᠠᠵᠢᠯ ᠣᠯᠭᠤᠵᠤ᠂ ᠳᠤᠯᠠᠭᠠᠨ ᠬᠤᠲᠠ ᠶᠢ ᠨᠠᠩ ᠠᠮᠢᠵᠢᠷᠠᠯ ᠤᠨ ᠬᠦᠴᠦᠨ ᠲᠠᠢ᠂ ᠨᠠᠩ ᠨᠥᠯᠥᠭᠡᠯᠡᠬᠦ ᠬᠦᠴᠦᠨ ᠲᠠᠢ᠂ ᠨᠠᠩ ᠠᠯᠳᠠᠷᠰᠢᠯ ᠲᠠᠢ ᠪᠣᠯᠭᠠᠨ᠎ᠠ᠃      ᠬᠤᠳᠠ ᠶᠢᠨ ᠬᠥᠭᠵᠢᠯᠲᠡ ᠶᠢᠨ ᠪᠠᠶᠢᠷᠢᠰᠢᠯ ᠢ ᠰᠢᠯᠢᠳᠡᠭᠵᠢᠭᠦᠯᠦᠨ᠎ᠡ᠃ ᠳ᠋ᠥᠩᠱᠧᠩ ᠬᠢᠶ᠎ᠠ ᠪᠠᠭᠰᠢ ᠠᠯᠲᠠᠨᠰᠢᠷᠡᠭᠡ ᠵᠡᠷᠭᠡ ᠭᠤᠣᠯ ᠬᠤᠳᠠ ᠲᠣᠭᠤᠷᠢᠭ ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠲᠦᠷᠭᠡᠳᠬᠡᠵᠦ᠂ ᠲᠥᠯᠥᠪᠵᠢᠭᠦᠯᠦᠨ ᠬᠡᠷᠡᠭᠵᠢᠭᠦᠯᠬᠦ ᠶᠢ ᠴᠢᠩᠳᠠᠯᠠᠵᠤ᠂ ᠬᠤᠳᠠ ᠶᠢᠨ ᠵᠢᠷᠤᠭ ᠲᠥᠯᠥᠪᠯᠡᠭᠡ ᠶᠢ ᠴᠢᠩᠭᠠᠳᠬᠠᠵᠤ᠂ ᠬᠥᠮᠥᠨ ᠠᠮᠠ ᠶᠢᠨ ᠲᠥᠪᠯᠡᠷᠡᠯ᠂ ᠳᠠᠭᠠᠭᠠᠴᠠ ᠶᠢᠨ ᠴᠢᠳᠠᠪᠤᠷᠢ ᠶᠢ ᠨᠡᠮᠡᠭᠳᠡᠭᠦᠯᠦᠨ᠎ᠡ︔ ᠬᠤᠰᠢᠭᠤ ᠵᠠᠰᠠᠭ ᠤᠨ ᠣᠷᠳᠣᠨ ᠤ ᠪᠠᠶᠢᠭ᠎ᠠ ᠭᠠᠵᠠᠷ ᠤᠨ ᠰᠠᠭᠤᠷᠢ ᠲᠥᠬᠦᠭᠡᠷᠦᠮᠵᠢ ᠪᠠ ᠦᠢᠯᠡᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠵᠤ ᠦᠢᠯᠡᠰ ᠲᠤ ᠲᠦᠰᠢᠭᠯᠡᠨ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠣᠨᠴᠠᠯᠢᠭᠲᠤ ᠭᠤᠣᠯᠳᠠᠯᠭᠠᠲᠤ ᠪᠠᠯᠭᠠᠰᠤ ᠶᠢ ᠬᠥᠭᠵᠢᠭᠦᠯᠦᠨ᠎ᠡ᠃ ᠬᠤᠳᠠ ᠶᠢᠨ ᠣᠷᠭᠠᠨᠢᠭ ᠰᠢᠨᠡᠴᠢᠯᠡᠯᠲᠡ ᠶᠢ ᠠᠬᠢᠭᠤᠯᠵᠤ᠂ ᠢᠯᠴᠢ᠂ ᠤᠰᠤ᠂ ᠴᠠᠬᠢᠯᠭᠠᠨ᠂ ᠬᠡᠢ ᠬᠠᠩᠭᠠᠬᠤ ᠶᠢ ᠥᠭᠡᠷᠡᠴᠢᠯᠡᠨ ᠲᠡᠰ ᠳᠡᠪᠰᠢᠭᠦᠯᠬᠦ ᠲᠥᠷᠥᠯ ᠵᠦᠢᠯ ᠢ 118 ᠵᠦᠢᠯ ᠬᠡᠷᠡᠭᠵᠢᠭᠦᠯᠵᠦ᠂ ᠴᠡᠴᠡᠷᠯᠢᠭ᠂ ᠨᠣᠭᠤ ᠭᠠᠵᠠᠷ ᠤᠨ ᠲᠠᠯᠠᠪᠠᠢ ᠶᠢ 100 ᠲᠦᠮᠡᠨ ᠲᠡᠭᠰᠢ ᠳᠥᠷᠪᠡᠯᠵᠢᠨ ᠮᠧᠲᠷ ᠥᠭᠡᠷᠡᠴᠢᠯᠡᠨ ᠰᠠᠶᠢᠵᠢᠷᠠᠭᠤᠯᠵᠤ᠂ ᠤᠯᠠᠨ ᠨᠡᠶᠢᠲᠡ ᠶᠢᠨ ᠲᠡᠷᠭᠡ ᠵᠣᠭᠰᠣᠬᠤ ᠭᠠᠵᠠᠷ ᠢ 2000 ᠰᠢᠨ᠎ᠡ ᠪᠠᠷ ᠨᠡᠮᠡᠭᠳᠡᠭᠦᠯᠵᠦ᠂ ᠤᠯᠠᠨ ᠨᠡᠶᠢᠲᠡ ᠶᠢᠨ ᠴᠠᠬᠢᠯᠭᠠᠨ ᠴᠡᠨᠡᠭᠯᠡᠬᠦ ᠪᠠᠭᠠᠨ᠎ᠠ ᠶᠢ 1500 ᠰᠢᠨ᠎ᠡ ᠪᠠᠷ ᠪᠠᠶᠢᠭᠤᠯᠤᠨ᠎ᠠ᠃ ᠠᠮᠤᠭᠤᠯᠠᠩ ᠣᠷᠣᠨ ᠰᠠᠭᠤᠴᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ 3600 ᠢᠵᠢ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠪᠡᠯᠡᠳᠬᠡᠨ ᠪᠠᠶᠢᠭᠤᠯᠵᠤ᠂ 30 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠵᠤ᠂ ᠬᠤᠲᠠᠨ ᠳᠠᠬᠢ ᠲᠣᠰᠬᠤᠨ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠢ 6 ᠬᠡᠷᠡᠭᠵᠢᠭᠦᠯᠵᠦ᠂ ︽ᠪᠤᠴᠠᠭᠠᠨ ᠨᠡᠭᠦᠯᠭᠡᠬᠦ ᠳᠤ ᠬᠦᠴᠢᠷᠲᠡᠢ︾᠂ ︽ᠣᠷᠣᠵᠤ ᠰᠠᠭᠤᠬᠤ ᠳᠤ ᠬᠦᠴᠢᠷᠲᠡᠢ︾᠂ ︽ᠦᠨᠡᠮᠯᠡᠯ ᠠᠪᠬᠤ ᠳᠤ ᠬᠦᠴᠢᠷᠲᠡᠢ︾ ᠪᠠᠶᠢᠬᠤ ᠠᠰᠠᠭᠤᠳᠠᠯ ᠢ ᠦᠷᠭᠦᠯᠵᠢᠯᠡᠨ ᠰᠡᠳᠬᠢᠯ ᠲᠠᠯᠪᠢᠨ ᠬᠦᠴᠦ ᠲᠠᠯᠪᠢᠨ ᠰᠢᠢᠳᠪᠦᠷᠢᠯᠡᠨ᠎ᠡ᠃ ᠬᠤᠲᠠ ᠶᠢᠨ ᠮᠡᠳᠡᠭᠡ ᠵᠠᠩᠭᠢ ᠶᠢᠨ ᠵᠠᠭᠪᠤᠷ ᠤᠨ ᠲᠠᠪᠴᠠᠩ ᠤᠨ ᠬᠤᠶᠠᠳᠤᠭᠠᠷ ᠬᠤᠭᠤᠴᠠᠭ᠎ᠠ ᠶᠢ ᠪᠦᠲᠦᠭᠡᠨ ᠪᠠᠶᠢᠭᠤᠯᠵᠤ᠂ ᠪᠣᠷᠣᠭᠠᠨ ᠤ ᠤᠰᠤ ᠪᠠ ᠪᠣᠬᠢᠷ ᠤᠰᠤ ᠶᠢ ᠰᠠᠯᠭᠠᠬᠤ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠰᠢᠲᠠᠮᠠᠬᠠᠢ ᠬᠡᠢ ᠶᠢᠨ ᠬᠤᠭᠤᠯᠠᠢ ᠱᠤᠭᠤᠮ ᠤᠨ ᠪᠣᠳᠠᠰ ᠤᠨ ᠬᠤᠯᠪᠤᠭᠠᠨ ᠤ ᠰᠡᠷᠡᠯ ᠤᠨ ᠠᠮᠤᠷ ᠲᠦᠪᠰᠢᠨ ᠤ ᠪᠠᠶᠢᠭᠤᠯᠤᠯᠲᠠ ᠵᠡᠷᠭᠡ ︽ᠠᠮᠢ ᠨᠠᠰᠤᠨ ᠤ ᠱᠤᠭᠤᠮ ᠤᠨ ᠢᠨᠵᠧᠨᠧᠷᠢᠩ︾᠎ ᠢ ᠬᠡᠷᠡᠭᠵᠢᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ᠂ ᠤᠶᠠᠨ ᠬᠠᠲᠠᠨ ᠴᠢᠨᠠᠷᠲᠠᠢ᠂ ᠣᠶᠦᠨᠴᠢ ᠬᠤᠲᠠ ᠶᠢ ᠪᠦᠲᠦᠭᠡᠨ ᠪᠠᠶᠢᠭᠤᠯᠤᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠠᠶᠢᠭ᠎ᠠ ᠪᠠᠯᠭᠠᠰᠤ ᠶᠢᠨ ᠰᠤᠷᠭᠠᠨ ᠬᠥᠮᠦᠵᠢᠯ᠂ ᠡᠮᠴᠢᠯᠡᠭᠡ᠂ ᠠᠷᠠᠯᠵᠢᠶ᠎ᠠ ᠬᠤᠳᠠᠯᠳᠤᠭ᠎ᠠ᠂ ᠣᠷᠣᠨ ᠰᠠᠭᠤᠴᠠ ᠵᠡᠷᠭᠡ ᠢᠵᠢ ᠪᠦᠷᠢᠳᠦᠭᠦᠯᠬᠦ ᠦᠢᠯᠡᠴᠢᠯᠡᠭᠡᠨ ᠤ ᠲᠥᠬᠦᠭᠡᠷᠦᠮᠵᠢ ᠶᠢᠨ ᠲᠥᠯᠦᠪᠵᠢᠭᠦᠯᠭᠡ ᠶᠢᠨ ᠪᠠᠶᠢᠷᠢᠰᠢᠭᠤᠯᠤᠯᠲᠠ ᠶᠢ ᠴᠢᠩᠭᠠᠳᠬᠠᠵᠤ᠂ ᠬᠦᠮᠦᠨ ᠢ ᠦᠯᠡᠳᠡᠭᠡᠨ ᠬᠥᠮᠥᠨ ᠢ ᠴᠤᠭᠯᠠᠷᠠᠭᠤᠯᠬᠤ᠂ ᠠᠵᠤ ᠦᠢᠯᠡᠰ ᠢ ᠬᠥᠭᠵᠢᠭᠦᠯᠦᠨ ᠠᠵᠤ ᠦᠢᠯᠡᠰ ᠢ ᠬᠦᠴᠦᠷᠬᠡᠭᠵᠢᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃ ᠬᠤᠲᠠ ᠶᠢᠨ ᠳᠣᠲᠣᠷ᠎ᠠ ᠭᠠᠳᠠᠨᠠᠬᠢ ᠶᠢ ᠬᠤᠯᠪᠣᠯᠳᠤᠭᠤᠯᠤᠨ ᠨᠡᠪᠲᠡᠷᠡᠭᠦᠯᠬᠦ ᠶᠢ ᠴᠢᠩᠭᠠᠳᠬᠠᠵᠤ᠂ ᠬᠤᠲᠠ ᠶᠢᠨ ᠳᠣᠲᠣᠭᠠᠳᠤ ᠶᠢᠨ ︽ᠮᠤᠬᠤᠷ ᠵᠠᠮ︾᠎ ᠢ 25 ᠵᠤᠷᠪᠤᠰ ᠨᠡᠪᠲᠡᠷᠡᠭᠦᠯᠵᠦ᠂ ᠦᠦᠰᠢᠨ ᠠᠴᠠ ᠾᠧᠩ ᠱᠠᠨ᠂ ᠠᠮᠠᠨᠴᠢᠷᠭ᠎ᠠ ᠠᠴᠠ ᠪᠠᠭ᠎ᠠ ᠬᠤᠭᠤᠯᠠᠶᠢᠲᠤ ᠵᠡᠷᠭᠡ ᠮᠤᠵᠢ ᠶᠢᠨ ᠬᠤᠭᠤᠷᠣᠨᠳᠣᠬᠢ ︽ᠮᠤᠬᠤᠷ ᠵᠠᠮ︾᠎ ᠤᠨ ᠪᠦᠲᠦᠭᠡᠨ ᠪᠠᠶᠢᠭᠤᠯᠤᠯᠲᠠ ᠶᠢ ᠬᠦᠴᠦ ᠪᠠᠨ ᠬᠠᠮᠲᠤᠳᠬᠠᠨ ᠠᠬᠢᠭᠤᠯᠵᠤ᠂ ᠪᠤᠭᠤᠲᠤ ᠣᠷᠳᠣᠰ ᠲᠡᠮᠡᠭᠡᠲᠦ ᠶᠢᠨ ᠳᠡᠭᠡᠳᠦ ᠬᠤᠷᠳᠤ ᠶᠢᠨ ᠲᠡᠮᠦᠷ ᠵᠠᠮ᠂ S27 ᠬᠥᠬᠡᠬᠤᠲᠠ ᠣᠷᠳᠣᠰ ᠤᠨ ᠳᠡᠭᠡᠳᠦ ᠬᠤᠷᠳᠤ ᠶᠢᠨ ᠵᠠᠰᠠᠮᠠᠯ ᠵᠠᠮ ᠢ ᠠᠵᠢᠯ ᠡᠬᠢᠯᠡᠭᠦᠯᠬᠦ ᠪᠠᠷ ᠴᠢᠷᠮᠠᠶᠢᠵᠤ᠂ ᠬᠠᠩᠭᠢᠨ ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠨ᠎ᠠ᠃      ᠬᠤᠳᠠ ᠶᠢᠨ ᠠᠵᠤ ᠠᠬᠤᠢ ᠶᠢ ᠴᠡᠴᠡᠭᠯᠡᠭᠦᠯᠦᠨ ᠬᠥᠭᠵᠢᠭᠦᠯᠦᠨ᠎ᠡ᠃ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠦᠷᠭᠦᠯᠵᠢᠯᠡᠨ ᠭᠦᠨᠵᠡᠭᠡᠢ ᠠᠬᠢᠭᠤᠯᠵᠤ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠶᠠᠰᠤ ᠴᠢᠨᠠᠷ ᠢ ᠳᠡᠭᠡᠭᠰᠢᠯᠡᠭᠦᠯᠦᠨ ᠣᠷᠣᠨ ᠳᠡᠪᠰᠢᠭᠦᠯᠬᠦ ᠶᠢ ᠠᠬᠢᠭᠤᠯᠵᠤ᠂ ᠪᠠᠷᠠᠭᠠᠨ ᠤ ᠭᠦᠢᠯᠭᠡᠭᠡᠨ ᠤ ᠬᠥᠮᠥᠷᠭᠡᠯᠡᠨ ᠬᠠᠳᠠᠭᠠᠯᠠᠬᠤ᠂ ᠪᠣᠯᠪᠠᠰᠤᠷᠠᠭᠤᠯᠤᠨ ᠦᠢᠯᠡᠳᠬᠦ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠦᠢᠯᠡᠴᠢᠯᠡᠭᠡᠨ ᠤ ᠠᠷᠠᠯᠵᠢᠶ᠎ᠠ ᠶᠢᠨ ᠬᠡᠪᠴᠢᠶ᠎ᠡ ᠶᠢ ᠥᠷᠭᠡᠳᠬᠡᠨ᠎ᠡ᠃ ᠶᠡᠷᠦᠩᠬᠡᠢ ᠬᠡᠯᠲᠡᠰ ᠤᠨ ᠠᠵᠤ ᠠᠬᠤᠢ᠂ ᠠᠰᠠᠷ ᠲᠠᠭᠲᠤ ᠶᠢᠨ ᠠᠵᠤ ᠠᠬᠤᠢ ᠶᠢ ᠢᠳᠡᠪᠬᠢᠲᠡᠢ ᠬᠥᠭᠵᠢᠭᠦᠯᠵᠦ᠂ ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠮᠠᠨ ᠤ ᠬᠤᠲᠠ ᠳᠤ ᠣᠷᠣᠨ ᠪᠦᠰᠡ ᠶᠢᠨ ᠶᠡᠷᠦᠩᠬᠡᠢ ᠬᠡᠯᠲᠡᠰ ᠪᠠ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ ᠰᠤᠳᠤᠯᠤᠨ ᠨᠡᠭᠡᠭᠡᠬᠦ ᠲᠥᠪ᠂ ᠡᠳ᠋ ᠤᠨ ᠶᠠᠪᠤᠳᠠᠯ ᠤᠨ ᠳ᠋ᠦᠩᠨᠡᠨ ᠪᠤᠳᠤᠬᠤ ᠲᠥᠪ᠂ ᠪᠣᠷᠤᠯᠠᠭᠤᠯᠭ᠎ᠠ ᠶᠢᠨ ᠲᠥᠪ ᠪᠠᠶᠢᠭᠤᠯᠬᠤ ᠶᠢ ᠬᠥᠲᠥᠯᠥᠨ ᠵᠢᠯᠤᠭᠤᠳᠬᠤ ᠪᠠ ᠳᠡᠮᠵᠢᠵᠦ᠂ ᠨᠢᠭᠡ ᠪᠦᠯᠦᠭ ᠳᠡᠭᠡᠳᠦ ᠲᠠᠰ ᠤᠨ ᠬᠤᠳᠠᠯᠳᠤᠭᠠᠨ ᠤ ᠶᠠᠪᠤᠳᠠᠯ᠂ ᠮᠥᠩᠭᠦᠨ ᠭᠦᠢᠯᠭᠡᠭᠡ ᠳᠠᠭᠠᠳᠬᠠᠯ ᠵᠡᠷᠭᠡ ᠲᠥᠷᠥᠯ ᠵᠦᠢᠯ ᠢ ᠣᠷᠣᠭᠤᠯᠤᠨ ᠠᠪᠴᠢᠷᠠᠨ᠎ᠠ᠃ ᠪᠥᠬᠦ ᠤᠯᠤᠰ ᠤᠨ ᠲᠡᠷᠢᠭᠦᠨ ᠤ ᠦᠢᠯᠡᠴᠢᠯᠡᠭᠡᠨ ᠤ ᠲᠤᠰᠬᠠᠢ ᠮᠡᠷᠭᠡᠵᠢᠯ ᠤᠨ ᠪᠠᠶᠢᠭᠤᠯᠤᠮᠵᠢ᠂ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠲᠣᠰ ᠭᠠᠵᠠᠷ ᠣᠷᠣᠨ ᠤ ᠡᠨᠧᠷᠭᠢ ᠶᠢᠨ ᠠᠵᠤ ᠠᠬᠤᠶᠢᠯᠠᠯ ᠤᠨ ᠬᠢᠯᠢ ᠠᠯᠤᠰᠯᠠᠨ ᠪᠡᠯᠡ ᠣᠷᠣᠭᠤᠯᠬᠤ ᠶᠢ ᠬᠥᠲᠥᠯᠥᠨ ᠵᠢᠯᠤᠭᠤᠳᠴᠤ᠂ ᠠᠷᠠᠯᠵᠢᠶ᠎ᠠ ᠬᠤᠳᠠᠯᠳᠤᠭ᠎ᠠ᠂ ᠰᠣᠶᠣᠯ ᠲᠠᠮᠢᠷ᠂ ᠡᠷᠡᠭᠦᠯ ᠮᠡᠨᠳᠦ᠂ ᠬᠤᠨᠤᠭ ᠪᠠᠭᠤᠳᠠᠯ᠂ ᠢᠳᠡᠭᠡᠨ ᠤᠮᠳᠠᠭᠠᠨ ᠵᠡᠷᠭᠡ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠵᠡᠷᠭᠡ ᠲᠠᠰ ᠢ ᠳᠡᠪᠰᠢᠭᠦᠯᠦᠨ᠎ᠡ᠃      ᠬᠤᠲᠠ ᠶᠢᠨ ᠳᠦᠷᠢ ᠲᠥᠷᠬᠦ ᠶᠢ ᠨᠡᠩ ᠠᠭᠤᠯᠤᠭᠳᠠᠬᠤᠨ ᠲᠠᠢ ᠪᠣᠯᠭᠠᠨ᠎ᠠ ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠦᠷᠭᠦᠯᠵᠢᠯᠡᠨ ᠭᠦᠨᠵᠡᠭᠡᠢ ᠠᠬᠢᠭᠤᠯᠵᠤ᠂ ᠨᠡᠶᠢᠭᠡᠮ ᠤᠨ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢᠨ ᠳᠦᠷᠢᠮ ᠢ ᠳᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠭᠡᠷ᠎ᠡ ᠪᠠᠨ ᠭᠦᠢᠴᠡᠳᠬᠡᠵᠦ ᠠᠮᠠᠯᠠᠯᠲᠠ ᠪᠠᠨ ᠪᠡᠶᠡᠯᠡᠬᠦᠯᠬᠦ ᠶᠢ ᠣᠨᠴᠠᠭᠠᠢ ᠰᠠᠶᠢᠲᠤᠷ ᠠᠳᠬᠤᠵᠤ᠂ ᠠᠵᠤ ᠠᠬᠤᠶᠢᠯᠠᠯ᠂ ᠵᠠᠬ᠎ᠠ ᠳᠡᠯᠭᠡᠭᠦᠷ᠂ ᠠᠷᠠᠳ ᠣᠯᠠᠨ ᠳᠤ ᠶᠠᠭᠠᠬᠢᠭᠰᠠᠨ ᠴᠤ ᠢᠲᠡᠭᠡᠯ ᠢᠶᠠᠨ ᠠᠯᠳᠠᠵᠤ ᠪᠣᠯᠬᠤ ᠦᠭᠡᠢ︔ ︽ᠢᠲᠡᠭᠡᠮᠵᠢ +︾᠎ ᠶᠢᠨ ᠬᠡᠷᠡᠭᠯᠡᠭᠡᠨ ᠤ ᠪᠠᠶᠢᠳᠠᠯ ᠢ ᠪᠠᠶᠠᠯᠢᠭᠵᠢᠭᠤᠯᠤᠨ ᠥᠷᠭᠡᠳᠬᠡᠵᠦ᠂ ᠪᠥᠬᠦ ᠠᠷᠠᠳ ᠤᠨ ᠦᠨᠡᠨᠴᠢ ᠢᠲᠡᠭᠡᠮᠵᠢ ᠶᠢᠨ ᠬᠥᠮᠦᠵᠢᠯ ᠢ ᠠᠬᠢᠭᠤᠯᠵᠤ᠂ ᠵᠠᠰᠠᠭ ᠤᠨ ᠶᠠᠪᠤᠳᠠᠯ᠂ ᠬᠤᠳᠠᠯᠳᠤᠭᠠᠨ ᠤ ᠶᠠᠪᠤᠳᠠᠯ᠂ ᠨᠡᠶᠢᠭᠡᠮ ᠤᠨ ᠦᠨᠡᠨᠴᠢ ᠢᠲᠡᠭᠡᠮᠵᠢ ᠪᠠ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠤᠲᠠ ᠶᠢᠨ ᠨᠠᠷᠢᠯᠢᠭᠵᠢᠭᠤᠯᠤᠭᠰᠠᠨ᠂ ᠣᠶᠤᠨᠴᠢᠯᠠᠭᠰᠠᠨ ᠬᠠᠮᠢᠶᠠᠷᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠪᠡᠷᠰᠢᠭᠦᠯᠬᠦ᠂ ᠵᠠᠮ ᠬᠠᠷᠢᠯᠴᠠᠭᠠᠨ ᠤ ᠡᠮᠬᠢ ᠳᠢᠭᠯᠢᠮ ᠢ ᠴᠡᠭᠴᠡᠯᠡᠨ ᠵᠠᠰᠠᠬᠤ᠂ ᠬᠤᠲᠠ ᠶᠢᠨ ᠶᠠᠪᠤᠳᠠᠯ ᠤᠨ ᠳᠥᠬᠦᠭᠡᠷᠦᠮᠵᠢ ᠶᠢ ᠬᠠᠮᠢᠶᠠᠷᠤᠨ ᠬᠠᠮᠠᠭᠠᠯᠠᠬᠤ ᠶᠢ ᠣᠨᠴᠠᠭᠠᠢ ᠰᠠᠶᠢᠲᠤᠷ ᠠᠳᠬᠤᠵᠤ᠂ ︽ᠬᠤᠸᠠᠷ ᠬᠠᠳᠬᠤᠬᠤ︾ ᠡᠷᠳᠡᠮ ᠵᠠᠷᠤᠴᠠᠭᠤᠯᠵᠤ ᠬᠤᠲᠠ ᠶᠢᠨ ᠥᠩᠭᠡ ᠳᠦᠷᠰᠦ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠰᠢᠨ᠎ᠡ ᠴᠠᠭ ᠦᠶ᠎ᠡ ᠶᠢᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠪᠣᠯᠪᠠᠰᠤᠨ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠦᠨ᠎ᠡ᠃ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢ ᠴᠢᠩᠭᠠᠳᠬᠠᠵᠤ᠂ ᠪᠦᠬᠦ ᠠᠷᠠᠳ ᠢᠶᠠᠷ ᠢᠶᠠᠨ ᠬᠠᠤᠯᠢ ᠶᠢ ᠰᠤᠷᠤᠯᠴᠠᠬᠤ ᠬᠠᠤᠯᠢ ᠶᠢ ᠬᠦᠨᠳᠦᠳᠬᠡᠬᠦ ᠬᠠᠤᠯᠢ ᠶᠢ ᠵᠢᠷᠤᠮᠯᠠᠬᠤ ᠬᠠᠤᠯᠢ ᠶᠢ ᠬᠡᠷᠡᠭᠯᠡᠬᠦ ᠥᠨᠢᠷ ᠥᠳᠬᠡᠨ ᠠᠭᠤᠷ ᠠᠮᠢᠰᠬᠤᠯ ᠢ ᠪᠤᠢ ᠪᠣᠯᠭᠠᠨ᠎ᠠ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠢ ᠴᠢᠩᠭᠠᠳᠬᠠᠵᠤ᠂ ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠦᠨ᠎ᠡ᠃     ︵ᠳᠤᠯᠤᠭ᠎ᠠ︶ ᠦᠵᠡᠰᠬᠦᠯᠡᠩᠲᠦ ᠰᠠᠶᠢᠬᠠᠨ ᠳᠤᠯᠠᠭᠠᠨ ᠬᠤᠲᠠ ᠶᠢ ᠤᠷᠲᠤ ᠬᠤᠭᠤᠴᠠᠭ᠎ᠠ ᠪᠠᠷ ᠵᠢᠳᠬᠦᠨ ᠴᠢᠷᠮᠠᠶᠢᠵᠤ ᠪᠦᠲᠦᠭᠡᠨ ᠪᠠᠶᠢᠭᠤᠯᠤᠨ᠎ᠠ ᠃ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠤᠯᠤᠰ ᠤᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠲᠣᠭᠲᠠᠴᠠ ᠶᠢᠨ ᠵᠠᠭᠪᠤᠷ ᠤᠨ ᠰᠢᠨ᠎ᠡ ᠶᠢ ᠡᠭᠦᠳᠴᠦ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠠᠵᠤ ᠦᠢᠯᠡᠰ ᠤᠨ ᠬᠥᠭᠵᠢᠯᠲᠡ ᠪᠠ ᠣᠯᠠᠨ ᠲᠦᠮᠡᠨ ᠤ ᠣᠷᠣᠯᠭ᠎ᠠ ᠶᠢᠨ ᠨᠡᠮᠡᠭᠳᠡᠯ ᠲᠠᠢ ᠣᠷᠭᠠᠨᠢᠭ ᠢᠶᠠᠷ ᠤᠶᠠᠯᠳᠤᠭᠤᠯᠬᠤ ᠶᠢ ᠠᠬᠢᠭᠤᠯᠵᠤ᠂ ᠠᠮᠢ ᠠᠬᠤᠢ ᠰᠠᠶᠢᠬᠠᠨ᠂ ᠠᠵᠤ ᠦᠢᠯᠡᠰ ᠰᠢᠯᠢᠳᠡᠭ᠂ ᠠᠷᠠᠳ ᠣᠯᠠᠨ ᠪᠠᠶᠠᠨ ᠴᠢᠨᠡᠭᠡᠯᠢᠭ ᠤᠨ ᠣᠷᠭᠠᠨᠢᠭ ᠨᠢᠭᠡᠳᠦᠯ ᠢ ᠪᠡᠶᠡᠯᠡᠭᠦᠯᠦᠨ᠎ᠡ᠃     ᠬᠠᠳᠤᠨ ᠭᠤᠣᠯ ᠤᠨ ᠲᠣᠬᠤᠢ ᠶᠢᠨ ᠪᠣᠭᠤᠮᠲᠠ ᠰᠢᠪᠲᠤᠯᠬᠤ ᠲᠠᠶᠢᠯᠠᠯᠳᠤᠭᠠᠨ ᠢ ᠰᠠᠶᠢᠲᠤᠷ ᠬᠢᠨ᠎ᠡ ᠃ ︽ᠤᠮᠠᠷᠠᠲᠤ ᠶᠢᠨ ᠭᠤᠷᠪᠠᠨ ᠣᠷᠣᠨ︾᠎ ᠤ ᠢᠨᠵᠧᠨᠧᠷᠢᠩ ᠤᠨ ᠲᠥᠷᠥᠯ ᠵᠦᠢᠯ ᠢ 19 ᠵᠦᠢᠯ ᠬᠡᠷᠡᠭᠵᠢᠭᠦᠯᠵᠦ᠂ ᠬᠥᠪᠴᠢ ᠶᠢᠨ ᠡᠯᠡᠰᠦᠨ ᠤ ᠬᠤᠶᠢᠲᠤ ᠵᠠᠬ᠎ᠠ ᠶᠢᠨ ᠡᠯᠡᠰᠦ ᠶᠢ ᠲᠣᠭᠲᠠᠪᠤᠷᠢᠵᠢᠭᠤᠯᠬᠤ ᠨᠣᠭᠤᠭᠠᠷᠠᠭᠤᠯᠤᠯᠲᠠ ᠶᠢᠨ ᠪᠦᠰᠡ ᠶᠢ ᠪᠥᠬᠦ ᠱᠤᠭᠤᠮ ᠢᠶᠠᠷ ᠨᠡᠪᠲᠡᠷᠡᠭᠦᠯᠵᠤ᠂ ᠡᠯᠡᠰᠦᠷᠬᠡᠭᠵᠢᠭᠰᠡᠨ ᠭᠠᠵᠠᠷ ᠢ 500 ᠲᠦᠮᠡᠨ ᠮᠦ ᠵᠠᠰᠠᠵᠤ᠂ ᠣᠶ ᠰᠢᠭᠤᠢ ᠨᠤᠲᠤᠭ ᠪᠡᠯᠴᠢᠭᠡᠷ ᠨᠤᠭᠤ ᠭᠠᠵᠠᠷ ᠴᠥᠯᠡᠷᠬᠡᠭ ᠭᠠᠵᠠᠷ ᠢ ᠨᠢᠭᠡ ᠴᠣᠭᠴᠠᠵᠢᠭᠤᠯᠤᠨ ᠬᠠᠮᠠᠭᠠᠯᠠᠵᠤ ᠰᠡᠷᠭᠦᠭᠡᠬᠦ ᠶᠢ 1000 ᠲᠦᠮᠡᠨ ᠮᠦ ᠪᠡᠶᠡᠯᠡᠭᠦᠯᠦᠨ᠎ᠡ᠃ ᠡᠯᠡᠰᠦ ᠶᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠦᠷᠭᠦᠯᠵᠢᠯᠡᠨ ᠭᠦᠨᠵᠡᠭᠡᠢ ᠠᠬᠢᠭᠤᠯᠵᠤ᠂ ︽ᠬᠠᠪᠤᠷ ᠪᠣᠯᠣᠮᠠᠭᠴᠠ ᠠᠵᠢᠯ ᠢᠶᠠᠨ ᠡᠬᠢᠯᠡᠬᠦᠯᠬᠦ︾᠎ ᠶᠢ ᠦᠨᠡᠨᠬᠦ ᠪᠠᠲᠤᠯᠠᠵᠤ᠂ 850 ᠲᠦᠮᠡᠨ ᠺᠢᠯᠣᠸᠠᠲ ᠤᠨ ᠨᠢᠭᠡ ᠴᠣᠭᠴᠠᠵᠢᠭᠤᠯᠬᠤ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠵᠦ᠂ ᠭᠡᠷᠡᠯᠴᠢ ᠴᠡᠨᠡᠭ ᠢᠶᠠᠷ ᠡᠯᠡᠰᠦ ᠶᠢ ᠵᠠᠰᠠᠭᠰᠠᠨ ᠲᠠᠯᠠᠪᠠᠶ ᠶᠢ 100 ᠲᠦᠮᠡᠨ ᠮᠦ ᠠᠴᠠ ᠳᠠᠪᠠᠭᠤᠯᠬᠤ ᠶᠢ ᠪᠡᠶᠡᠯᠡᠬᠦᠯᠵᠦ᠂ ᠪᠥᠬᠦ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠲᠤᠬᠠᠢ ᠶᠢᠨ ᠲᠠᠯᠠᠪᠤᠷ ᠤᠨ ᠬᠤᠷᠠᠯ᠂ ᠠᠷᠪᠠᠳᠤᠭᠠᠷ ᠬᠤᠭᠤᠴᠠᠭᠠᠨ ᠤ ᠬᠥᠪᠴᠢ ᠶᠢᠨ ᠣᠯᠠᠨ ᠤᠯᠤᠰ ᠤᠨ ᠡᠯᠡᠰᠦᠨ ᠴᠦᠯ ᠤᠨ ᠶᠠᠷᠢᠶᠠᠨ ᠤ ᠲᠠᠪᠴᠠᠩ ᠢ ᠰᠠᠶᠢᠲᠤᠷ ᠡᠷᠭᠢᠯᠡᠨ᠎ᠡ᠃ ᠬᠠᠲᠤᠨ ᠭᠤᠣᠯ ᠤᠨ ᠰᠠᠪᠠ ᠭᠠᠵᠠᠷ ᠤᠨ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠨ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠵᠦ᠂ ᠬᠤᠶᠠᠳᠤᠭᠠᠷ ᠬᠤᠭᠤᠴᠠᠭᠠᠨ ᠤ ᠡᠯᠡᠰᠦ ᠶᠢ ᠬᠠᠰᠢᠭᠰᠠᠨ ᠬᠡᠮᠵᠢᠶ᠎ᠡ ᠪᠠᠷ ᠤᠰᠤ ᠰᠣᠯᠢᠨ ᠬᠡᠷᠡᠭᠯᠡᠬᠦ ᠢᠨᠵᠧᠨᠧᠷᠢᠩ ᠢ ᠲᠦᠷᠭᠡᠳᠬᠡᠨ ᠪᠠᠶᠢᠭᠤᠯᠵᠤ᠂ ᠭᠤᠣᠯᠳᠠᠯᠭ᠎ᠠ ᠲᠠᠢ ᠵᠢᠵᠢᠭ ᠰᠠᠪᠠ ᠭᠠᠵᠠᠷ ᠤᠨ ᠵᠠᠰᠠᠯᠲᠠ ᠶᠢ ᠠᠬᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ︽ᠳᠥᠷᠪᠡᠨ ᠡᠷᠦᠢ ᠬᠤᠷᠤᠢ ᠦᠭᠡᠢ ᠪᠠᠶᠢᠳᠠᠯ︾᠎ ᠶᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠤ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠪᠥᠬᠦ ᠣᠷᠣᠨ ᠪᠦᠰᠡ ᠪᠠᠷ ᠰᠢᠢᠳᠪᠦᠷᠢᠯᠡᠵᠤ᠂ ᠲᠡᠦᠬᠡᠨ ᠦᠯᠡᠳᠡᠭᠳᠡᠯ ᠪᠣᠯᠵᠤ ᠬᠠᠶᠠᠭᠳᠠᠭᠰᠠᠨ  ᠠᠭᠤᠷᠬᠠᠢ ᠶᠢᠨ ᠠᠮᠢ ᠠᠬᠤᠢ ᠶᠢᠨ ᠵᠠᠰᠠᠨ ᠰᠡᠷᠭᠦᠭᠡᠯᠲᠡ ᠶᠢ ᠴᠢᠨᠠᠷ ᠰᠠᠶᠢᠲᠠᠢ ᠪᠡᠶᠡᠯᠡᠭᠦᠯᠦᠨ᠎ᠡ᠃      ᠤᠰᠤ ᠠᠷᠪᠢᠯᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠦᠨ᠎ᠡ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢ ᠰᠢᠨᠵᠢᠯᠡᠬᠦ ᠤᠬᠠᠭᠠᠨᠴᠢᠯᠠᠬᠤ᠂ ᠤᠰᠤᠨ ᠲᠣᠣᠷ ᠤᠨ ᠪᠦᠲᠦᠭᠡᠨ ᠪᠠᠶᠢᠭᠤᠯᠤᠯᠲᠠ ᠶᠢ ᠲᠣᠭᠲᠠᠯᠴᠠᠭᠠᠵᠢᠭᠤᠯᠬᠤ᠂ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢ ᠡᠷᠴᠢᠮᠵᠢᠭᠦᠯᠬᠦ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠲᠦᠮᠡᠨ ᠲᠥᠭᠦᠷᠢᠭ ᠤᠨ GDP᠎ ᠶᠢᠨ ᠤᠰᠤ ᠬᠡᠷᠡᠭᠯᠡᠬᠦ ᠬᠡᠮᠵᠢᠶ᠎ᠡ ᠶᠢ 2%᠎ ᠢᠶᠠᠷ ᠪᠠᠭᠤᠷᠠᠭᠤᠯᠤᠨ᠎ᠠ᠃ ᠬᠠᠲᠤᠨ ᠭᠤᠣᠯ ᠤᠨ ᠡᠮᠦᠨ᠎ᠡ ᠡᠷᠭᠢ ᠶᠢᠨ ᠤᠰᠤᠯᠠᠯᠲᠠ ᠶᠢᠨ ᠣᠷᠣᠨ ᠤ ᠶᠡᠭᠡ ᠤᠰᠤ ᠪᠠᠷ ᠨᠡᠯᠦᠶᠢᠲᠡᠯ᠎ᠡ ᠤᠰᠤᠯᠠᠬᠤ ᠠᠰᠠᠭᠤᠳᠠᠯ ᠢ ᠠᠯᠬᠤᠮ ᠠᠯᠬᠤᠮ ᠢᠶᠠᠷ ᠰᠢᠢᠳᠪᠦᠷᠢᠯᠡᠵᠤ᠂ ︽ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ︾ ᠤᠰᠤ ᠠᠷᠪᠢᠯᠠᠬᠤ ᠰᠠᠭᠤᠷᠢᠨ ᠭᠠᠵᠠᠷ ᠢ 10 ᠲᠦᠮᠡᠨ ᠮᠤ᠋ ᠪᠠᠶᠢᠭᠤᠯᠵᠤ᠂ ᠲᠠᠷᠢᠶᠠᠯᠠᠩ ᠤᠨ ᠤᠰᠤ ᠠᠷᠪᠢᠯᠠᠯᠲᠠ ᠶᠢ 4000 ᠲᠦᠮᠡᠨ ᠪᠣᠰᠤᠭ᠎ᠠ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠦᠨ᠎ᠡ᠃ ᠭᠤᠣᠯᠳᠠᠯᠭ᠎ᠠ ᠲᠠᠢ ᠠᠵᠢᠯ ᠲᠦᠷᠦᠯ ᠤᠨ ᠤᠰᠤᠨ ᠤ ᠠᠰᠢᠭᠯᠠᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠢ 23 ᠡᠭᠦᠳᠦᠨ ᠪᠠᠶᠢᠭᠤᠯᠵᠤ᠂ ᠠᠵᠤ ᠦᠢᠯᠡᠳᠪᠦᠷᠢ ᠶᠢᠨ ᠤᠰᠤ ᠠᠷᠪᠢᠯᠠᠬᠤ ᠬᠡᠮᠵᠢᠶ᠎ᠡ ᠶᠢ 1800 ᠲᠦᠮᠡᠨ ᠪᠣᠰᠤᠭ᠎ᠠ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠦᠨ᠎ᠡ᠃ ᠡᠯ᠎ᠡ ᠬᠤᠰᠢᠭᠤ ᠲᠣᠭᠤᠷᠢᠭ ᠲᠤ ᠰᠢᠶᠠᠨ ᠤ ᠬᠡᠪᠴᠢᠶᠡᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠢ ᠪᠥᠬᠦᠨ ᠢ ᠪᠠᠶᠢᠭᠤᠯᠤᠨ ᠪᠦᠲᠦᠭᠡᠬᠦ ᠶᠢ ᠠᠬᠢᠭᠤᠯᠵᠤ᠂ ᠬᠤᠲᠠ ᠬᠥᠳᠡᠭᠡ ᠶᠢᠨ ᠠᠮᠢᠳᠤᠷᠠᠯ ᠤᠨ ᠤᠰᠤ ᠠᠷᠪᠢᠯᠠᠯᠲᠠ ᠶᠢ 200 ᠲᠦᠮᠡᠨ ᠪᠣᠰᠤᠭ᠎ᠠ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠤᠰᠤᠨ ᠲᠣᠣᠷ ᠤᠨ ᠬᠤᠰᠢᠭᠤᠴᠢ ᠣᠷᠣᠨ ᠢ ᠲᠦᠷᠭᠡᠳᠬᠡᠨ ᠪᠠᠶᠢᠭᠤᠯᠵᠤ᠂ ᠭᠤᠣᠯ ᠬᠤᠲᠠ ᠲᠣᠭᠤᠷᠢᠭ ᠤᠨ ᠤᠰᠤ ᠬᠠᠩᠭᠠᠬᠤ ᠬᠤᠭᠤᠯᠠᠢ ᠲᠣᠣᠷ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠬᠠᠷᠢᠯᠴᠠᠨ ᠨᠥᠬᠦᠪᠦᠷᠢᠯᠡᠵᠦ ᠬᠠᠷᠢᠯᠴᠠᠨ ᠲᠤᠰᠠᠯᠠᠬᠤ ᠶᠢ ᠠᠬᠢᠭᠤᠯᠵᠤ᠂ ᠬᠠᠲᠤᠨ ᠭᠤᠣᠯ ᠤᠨ ᠤᠰᠤ᠂ ᠨᠡᠭᠦᠷᠡᠰᠦᠨ ᠳᠠᠪᠬᠤᠷᠭ᠎ᠠ ᠶᠢᠨ ᠤᠰᠤ ᠪᠠ ᠤᠰᠤ ᠭᠠᠳᠠᠭᠰᠢᠯᠠᠭᠤᠯᠬᠤ ᠰᠤᠪᠠᠭ ᠤᠨ ᠤᠰᠤᠨ ᠤ ᠤᠰᠤ ᠬᠠᠩᠭᠠᠬᠤ ᠭᠤᠣᠯ ᠰᠤᠪᠠᠭ ᠱᠤᠭᠤᠮ ᠢ ᠨᠠᠪᠲᠠᠷᠡᠭᠦᠯᠵᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠤᠰᠤ ᠬᠠᠩᠭᠠᠬᠤ ᠭᠤᠣᠯ ᠬᠤᠭᠤᠯᠠᠢ ᠲᠣᠣᠷ ᠢ ᠪᠦᠬᠦᠨ ᠢ ᠪᠠᠶᠢᠭᠤᠯᠵᠤ ᠪᠦᠲᠦᠭᠡᠨ᠎ᠡ᠃ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢᠨ ᠬᠦᠴᠦᠯᠡᠴᠡ ᠶᠢᠨ ᠬᠤᠣᠰ ᠡᠵᠡᠮᠳᠡᠯ᠂ ᠲᠥᠰᠥᠪ ᠤᠨ ᠬᠠᠮᠢᠶᠠᠷᠤᠯᠲᠠ᠂ ᠤᠰᠤ ᠲᠠᠲᠠᠬᠤ ᠵᠥᠪᠰᠢᠶᠡᠷᠡᠯ ᠤᠨ ᠳᠦᠷᠢᠮ ᠢ  ᠪᠠᠶᠢᠭᠤᠯᠤᠨ ᠪᠦᠷᠢᠨᠰᠢᠭᠦᠯᠵᠦ᠂ ᠬᠡᠪ ᠤᠨ ᠪᠤᠰᠤ ᠤᠰᠤᠨ ᠤ ᠠᠰᠢᠭᠯᠠᠯᠲᠠ ᠶᠢᠨ ᠨᠣᠷᠮ᠎ᠠ ᠶᠢ 90%᠎ ᠠᠴᠠ ᠳᠡᠭᠡᠭᠰᠢ ᠳᠤ ᠬᠦᠷᠦᠭᠦᠯᠵᠦ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ 8 ᠣᠷᠣᠨ ᠤ ᠲᠠᠲᠠᠬᠤ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠶᠢ ᠠᠬᠢᠭᠤᠯᠤᠨ᠎ᠠ᠃       ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠨ᠎ᠡ ᠃ ᠨᠠᠷᠢᠯᠢᠭ ᠣᠨᠣᠴᠠᠲᠠᠢ ᠪᠠᠷ ᠪᠣᠬᠢᠷᠲᠤᠯ ᠢ ᠵᠠᠰᠠᠬᠤ᠂ ᠰᠢᠨᠵᠢᠯᠡᠬᠦ ᠤᠬᠠᠭᠠᠨᠴᠢ ᠪᠠᠷ ᠪᠣᠬᠢᠷᠲᠤᠯ ᠢ ᠵᠠᠰᠠᠬᠤ᠂ ᠬᠠᠤᠯᠢ ᠶᠣᠰᠣᠭᠠᠷ ᠪᠣᠬᠢᠷᠲᠤᠯ ᠢ ᠵᠠᠰᠠᠬᠤ ᠶᠢ ᠪᠠᠷᠢᠮᠲᠠᠯᠠᠵᠤ᠂ 942 ᠵᠦᠢᠯ ᠤᠨ ᠪᠣᠭᠤᠮᠲᠠ ᠰᠢᠪᠲᠤᠯᠬᠤ ᠡᠭᠦᠷᠭᠡ ᠶᠢ ᠬᠡᠷᠡᠭᠵᠢᠭᠦᠯᠦᠨ᠎ᠡ᠃ ᠠᠵᠤ ᠦᠢᠯᠡᠳᠪᠦᠷᠢ ᠶᠢᠨ ᠢᠷᠡᠯᠲᠡ᠂ ᠬᠥᠳᠡᠯᠭᠡᠭᠡᠨᠲᠦ ᠮᠠᠰᠢᠨ ᠤ ᠮᠧᠬᠠᠨᠢᠭ ᠤᠨ ᠢᠷᠡᠯᠲᠡ᠂ ᠲᠣᠭᠤᠰᠣᠨ ᠤ ᠢᠷᠡᠯᠲᠡ ᠶᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠭᠤᠣᠯᠳᠠᠯᠭ᠎ᠠ ᠲᠠᠢ ᠬᠤᠰᠢᠭᠤ ᠲᠣᠭᠤᠷᠢᠭ ᠤᠨ 28 ᠠᠵᠢᠯ ᠲᠦᠷᠦᠯ ᠤᠨ ᠣᠨᠴᠠᠭᠠᠶ ᠭᠠᠳᠠᠭᠰᠢᠯᠠᠭᠤᠯᠤᠯᠲᠠ ᠶᠢᠨ ᠬᠢᠵᠠᠭᠠᠷ ᠬᠡᠮᠵᠢᠭᠳᠡᠯ ᠤᠨ ᠥᠭᠡᠷᠡᠴᠢᠯᠡᠯᠲᠡ ᠶᠢ ᠠᠬᠢᠭᠤᠯᠤᠨ᠎ᠠ᠃ ᠭᠠᠵᠠᠷ ᠳᠣᠣᠷᠠᠬᠢ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠭᠤᠣᠯᠳᠠᠯᠭ᠎ᠠ ᠲᠠᠢ ᠬᠢᠨᠠᠨ ᠬᠠᠮᠢᠶᠠᠷᠬᠤ ᠨᠢᠭᠡᠴᠢ ᠶᠢᠨ ᠨᠡᠷᠡᠰ ᠤᠨ ᠵᠢᠭᠰᠠᠭᠠᠯᠲᠠ ᠶᠢ ᠪᠠᠶᠢᠭᠤᠯᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷ ᠤᠰᠤ ᠶᠢ ᠪᠦᠬᠦᠨ ᠢ ᠴᠤᠭᠯᠠᠭᠤᠯᠵᠤ ᠪᠦᠬᠦᠨ ᠢ ᠰᠢᠢᠳᠪᠦᠷᠢᠯᠡᠬᠦ ᠶᠢ ᠪᠡᠶᠡᠯᠡᠭᠦᠯᠦᠨ᠎ᠡ᠃ ᠤᠯᠤᠰ ᠤᠨ ︽ᠬᠠᠶᠠᠭᠳᠠᠮᠠᠯ ᠪᠣᠳᠠᠰ ᠦᠭᠡᠢ ᠬᠤᠲᠠ︾᠎ ᠶᠢ ᠴᠢᠨᠠᠷ ᠰᠠᠶᠢᠲᠠᠢ ᠪᠦᠲᠦᠭᠡᠨ ᠪᠠᠶᠢᠭᠤᠯᠵᠤ᠂ ᠮᠧᠩ ᠲᠠᠢ ᠶᠢᠨ ᠳᠡᠭᠡᠳᠦ ᠬᠥᠩᠭᠡᠨ ᠴᠠᠭᠠᠨ ᠤ ᠨᠤᠨᠳᠠᠭ ᠨᠡᠭᠦᠷᠡᠰᠦᠨ ᠤ ᠦᠨᠡᠰᠦ ᠪᠠᠷ ᠬᠥᠩᠭᠡᠨ ᠴᠠᠭᠠᠨ ᠤ ᠴᠠᠬᠢᠭᠤᠷ ᠤᠨ ᠢᠰᠦᠮᠡᠭ ᠦᠢᠯᠡᠳᠬᠦ᠂ ᠬᠤᠢ ᠨᠧᠩ ᠤᠨ ᠨᠡᠭᠦᠷᠡᠰᠦᠨ ᠴᠢᠯᠠᠭᠤ ᠶᠢ ᠡᠬᠢ ᠪᠠᠶᠠᠯᠢᠭᠵᠢᠭᠤᠯᠤᠨ ᠶᠡᠷᠦᠩᠬᠡᠶᠢᠯᠡᠨ ᠠᠰᠢᠭᠯᠠᠬᠤ ᠵᠡᠷᠭᠡ ᠳᠠᠭᠤᠷᠢᠶᠠᠯ ᠦᠵᠡᠭᠦᠯᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠵᠤ᠂ ᠤᠯᠠᠨ ᠲᠦᠮᠡᠨ ᠤ ᠳᠡᠷᠭᠡᠳᠡᠬᠢ ᠠᠮᠢ ᠠᠬᠤᠢ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ ᠪᠣᠳᠠᠲᠠᠢ ᠰᠢᠢᠳᠪᠦᠷᠢᠯᠡᠨ᠎ᠡ᠃     ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤ ᠬᠦᠷᠭᠡᠬᠦ ᠲᠤᠷᠰᠢᠯᠲᠠ ᠶᠢᠨ ᠴᠡᠭ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠎ᠠ᠃ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤ ᠬᠦᠷᠭᠡᠬᠦ ᠲᠦᠷᠦ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠡᠨᠧᠷᠭᠢ ᠶᠢᠨ ᠬᠤᠷᠣᠭᠳᠠᠭᠤᠯᠤᠯ ᠤᠨ ᠬᠤᠣᠰ ᠡᠵᠡᠮᠳᠡᠯ ᠠᠴᠠ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠤᠣᠰ ᠡᠵᠡᠮᠳᠡᠯ ᠪᠣᠯᠭᠠᠨ ᠬᠤᠪᠢᠷᠠᠭᠤᠯᠬᠤ ᠲᠣᠭᠲᠠᠴᠠ ᠶᠢ ᠲᠦᠷᠭᠡᠳᠬᠡᠨ ᠪᠠᠶᠢᠭᠤᠯᠤᠨ᠎ᠠ᠃ ᠨᠡᠭᠦᠷᠡᠰᠦᠲᠥ᠋ᠷᠥᠭᠴᠢ ᠶᠢᠨ ᠬᠡᠮᠵᠢᠯᠲᠡ ᠶᠢᠨ ᠪᠠᠷᠢᠮᠵᠢᠶ᠎ᠠ ᠪᠠ ᠮᠡᠷᠭᠡᠵᠢᠯ ᠤᠨ ᠵᠢᠷᠤᠮᠵᠢᠯ ᠤᠨ ᠵᠦᠢᠯ ᠢ 10 ᠰᠤᠳᠤᠯᠤᠨ ᠲᠣᠭᠲᠠᠭᠠᠵᠤ᠂ ᠦᠢᠯᠡᠳᠬᠦᠨ ᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠪᠠᠶᠢᠳᠠᠯ ᠤᠨ ᠬᠠᠮᠢᠶᠠᠷᠤᠯᠲᠠ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠢᠯᠡᠳᠬᠡᠮᠵᠢ ᠶᠢ ᠭᠡᠷᠡᠴᠢᠯᠡᠬᠦ ᠠᠵᠢᠯ ᠢ ᠠᠬᠢᠭᠤᠯᠤᠨ᠎ᠠ᠃ ᠮᠧᠩ ᠰᠤ᠋ ᠨᠡᠭᠦᠷᠡᠰᠦᠲᠥ᠋ᠷᠥᠭᠴᠢ ᠥᠯᠥ ᠭᠠᠳᠠᠭᠰᠢᠯᠠᠭᠤᠯᠬᠤ ᠠᠵᠤ ᠦᠢᠯᠡᠰ ᠤᠨ ᠬᠦᠷᠢᠶᠡᠯᠡᠩ ᠤᠨ ᠵᠡᠷᠭᠡ ᠳᠡᠪᠰᠢᠭᠦᠯᠦᠭᠰᠡᠨ ᠬᠡᠪᠯᠡᠯ ᠢ ᠡᠭᠦᠳᠴᠦ᠂ ᠨᠢᠩ ᠳ᠋ᠧ ᠱᠢ ᠳ᠋ᠠᠢ ᠶᠢᠨ ︽ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠳᠡᠰ ᠠᠴᠠ ᠳᠠᠪᠠᠭᠰᠠᠨ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ︾᠎ ᠶᠢ ᠰᠤᠳᠤᠯᠤᠨ ᠨᠡᠭᠡᠭᠡᠬᠦ ᠳᠠᠭᠤᠷᠢᠶᠠᠯ ᠦᠵᠡᠭᠦᠯᠬᠦ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠨᠢᠭᠡ ᠪᠦᠯᠦᠭ ᠪᠣᠬᠢᠷᠲᠤᠯ ᠦᠭᠡᠢ ᠬᠠᠩᠭᠠᠯᠭ᠎ᠠ ᠶᠢᠨ ᠬᠡᠯᠬᠢᠶ᠎ᠡ᠂ ᠠᠭᠤᠷᠬᠠᠢ᠂ ᠦᠢᠯᠡᠳᠪᠦᠷᠢ ᠪᠠ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠤᠨ᠎ᠠ᠃      ︵ᠨᠠᠢᠮᠠ︶ ᠥᠭᠡᠷᠡᠴᠢᠯᠡᠯᠲᠡ ᠨᠡᠭᠡᠭᠡᠯᠲᠡ ᠶᠢ ᠡᠷᠡᠰ ᠭᠤᠶᠢᠪᠢᠰᠢ ᠦᠭᠡᠢ  ᠭᠦᠨᠵᠡᠭᠡᠶᠢᠷᠡᠭᠦᠯᠦᠨ᠎ᠡ ᠃ ᠠᠵᠤ ᠠᠬᠤᠢ ᠶᠢᠨ ᠬᠦᠷᠢᠶ᠎ᠡ ᠴᠠᠷᠠᠭᠠᠨ ᠤ ᠥᠭᠡᠷᠡᠴᠢᠯᠡᠯᠲᠡ ᠪᠠᠷ ᠬᠥᠲᠥᠯᠥᠮᠵᠢ ᠪᠣᠯᠭᠠᠵᠤ᠂ ᠥᠭᠡᠷᠡᠴᠢᠯᠡᠯᠲᠡ ᠶᠢ ᠴᠢᠨᠠᠭᠰᠢᠳᠠ ᠪᠥᠬᠦ ᠲᠠᠯ᠎ᠠ ᠪᠠᠷ ᠭᠦᠨᠵᠡᠭᠡᠶᠢᠷᠡᠭᠦᠯᠦᠨ ᠪᠣᠭᠤᠮᠲᠠ ᠰᠢᠪᠲᠤᠯᠵᠤ᠂ ᠥᠨᠳᠥᠷ ᠲᠦᠪᠰᠢᠨ ᠪᠦᠬᠦᠢ ᠨᠡᠭᠡᠭᠡᠯᠲᠡ ᠪᠠᠷ ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ ᠬᠥᠭᠵᠢᠯᠲᠡ ᠶᠢᠨ ᠣᠷᠴᠢᠨ ᠠᠬᠤᠢ ᠶᠢᠨ ᠲᠠᠲᠠᠬᠤ ᠬᠦᠴᠦᠨ᠂ ᠥᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠰᠠᠶᠢᠵᠢᠷᠠᠭᠤᠯᠤᠨ᠎ᠠ᠃      ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠦᠨ᠎ᠡ ᠃ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠰᠢᠯᠢᠳᠡᠭᠵᠢᠭᠦᠯᠬᠦ 6.0 ᠬᠡᠪᠯᠡᠯ ᠢ ᠬᠡᠷᠡᠭᠵᠢᠭᠦᠯᠵᠦ᠂ ︽ᠨᠢᠭᠡ ᠠᠵᠢᠯ ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠢᠴᠡᠳᠬᠦ︾ ᠠᠵᠢᠯ ᠢ ᠥᠭᠡᠷᠡᠴᠢᠯᠡᠨ ᠪᠠᠭᠲᠠᠭᠠᠮᠵᠢ ᠶᠢ ᠥᠷᠭᠡᠳᠬᠡᠬᠦ ᠶᠢ ᠠᠬᠢᠭᠤᠯᠵᠤ᠂ ︽ᠠᠮᠠᠯᠠᠯᠲᠠ ᠶᠢᠨ ᠳᠦᠷᠢᠮ + ᠪᠦᠬᠦᠨ ᠢ ᠣᠷᠣᠯᠠᠨ ᠭᠦᠢᠴᠡᠳᠬᠡᠬᠦ︾ ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠦᠨ᠎ᠡ᠃ ︽ᠲᠥᠷᠥ ᠶᠢᠨ ᠪᠣᠳᠣᠯᠭ᠎ᠠ ᠶᠢᠨ ᠪᠣᠳᠣᠯᠭ᠎ᠠ ᠶᠢᠨ ᠮᠠᠰᠢᠨ︾᠎ ᠤ ᠠᠷᠭ᠎ᠠ ᠠᠪᠴᠠᠯ ᠢ ᠳᠡᠯᠭᠡᠷᠡᠭᠦᠯᠵᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠤᠨ ᠳᠠᠷᠤᠢ ᠳᠤᠨᠢ ᠭᠤᠶᠤᠴᠢᠯᠠᠵᠤ ᠳᠠᠷᠤᠢ ᠳᠤᠨᠢ ᠡᠳ᠋ᠯᠡᠬᠦ᠂ ᠭᠤᠶᠤᠴᠢᠯᠠᠬᠤ ᠠᠴᠠ ᠬᠡᠯᠳᠦᠷᠢᠭᠦᠯᠬᠦ᠂ ᠰᠢᠭᠤᠳ ᠲᠦᠷᠭᠡᠨ ᠡᠳ᠋ᠯᠡᠭᠦᠯᠬᠦ ᠶᠢ ᠪᠡᠶᠡᠯᠡᠭᠦᠯᠦᠨ᠎ᠡ᠃ ᠠᠵᠤ ᠠᠬᠤᠶᠢᠯᠠᠯ ᠢ ᠳᠡᠮᠵᠢᠨ ᠬᠦᠴᠢᠷᠳᠡᠯ ᠢ ᠨᠢ ᠰᠢᠢᠳᠪᠦᠷᠢᠯᠡᠬᠦ ᠶᠢ ᠦᠷᠭᠦᠯᠵᠢᠯᠡᠨ ᠠᠬᠢᠭᠤᠯᠵᠤ᠂ ︽ᠪᠢ ᠠᠵᠤ ᠠᠬᠤᠶᠢᠯᠠᠯ ᠳᠤ ᠵᠠᠬᠢᠶᠠᠯᠠᠭ᠎ᠠ ᠡᠷᠢᠵᠦ ᠥᠭᠬᠦ︾ ᠠᠵᠢᠯᠯᠠᠭ᠎ᠠ ᠶᠢ ᠭᠦᠨᠵᠡᠭᠡᠶᠢᠷᠡᠭᠦᠯᠦᠨ᠎ᠡ᠃ ᠰᠢᠨ᠎ᠡ ᠨᠢᠭᠡᠨ ᠡᠭᠡᠯᠵᠢ ᠶᠢᠨ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠠᠪᠴᠠᠭ᠎ᠠ ᠶᠢᠨ ᠵᠣᠭᠤᠰ ᠤᠨ ᠪᠠᠶᠢᠳᠠᠯ ᠢ ᠣᠶᠢᠯᠠᠭᠠᠬᠤ ᠠᠵᠢᠯ ᠢ ᠥᠷᠨᠢᠭᠦᠯᠵᠦ᠂ ᠠᠵᠤ ᠠᠬᠤᠶᠢᠯᠠᠯ ᠳᠤ ᠬᠤᠯᠪᠣᠭᠳᠠᠬᠤ ᠠᠪᠴᠠᠭ᠎ᠠ ᠶᠢᠨ ᠵᠣᠭᠤᠰ ᠢ ︽ᠪᠥᠬᠦᠨ ᠢ ᠢᠯᠭᠠᠷᠠᠭᠤᠯᠬᠤ︾ ᠠᠵᠢᠯ ᠢ ᠠᠬᠢᠭᠤᠯᠤᠨ᠎ᠠ᠃ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠵᠤ᠂ ︽ᠶᠡᠷᠦᠩᠬᠡᠶᠢᠯᠡᠨ ᠨᠢᠭᠡ ᠤᠳᠠᠭ᠎ᠠ ᠪᠠᠶᠢᠴᠠᠭᠠᠬᠤ︾᠎ ᠶᠢ ᠰᠢᠯᠢᠳᠡᠭᠵᠢᠭᠦᠯᠵᠦ᠂ ᠲᠦᠬᠦᠮ ᠵᠦᠢᠯᠡᠰ ᠢ ︽ᠨᠢᠭᠡ ᠬᠦᠰᠦᠨᠦᠭᠲᠦ ᠪᠠᠷ ᠨᠡᠶᠢᠳᠡᠮ ᠪᠠᠶᠢᠴᠠᠭᠠᠬᠤ︾᠎ ᠶᠢ ᠬᠡᠷᠡᠭᠵᠢᠭᠦᠯᠦᠨ᠎ᠡ᠃ ᠠᠵᠤ ᠠᠬᠤᠶᠢᠯᠠᠯᠲᠠᠨ ᠢ ᠬᠥᠮᠥᠵᠢᠭᠦᠯᠬᠦ ᠪᠠ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠣᠶᠢᠵᠢᠭᠤᠯᠬᠤ ᠶᠢ ᠴᠢᠩᠭᠠᠳᠬᠠᠵᠤ᠂ ᠰᠢᠨ᠎ᠡ ᠨᠢᠭᠡ ᠦᠶ᠎ᠡ ᠶᠢᠨ ᠠᠵᠤ ᠠᠬᠤᠶᠢᠯᠠᠯᠲᠠᠨ ᠢ ᠬᠥᠮᠥᠵᠢᠭᠦᠯᠬᠦ ᠲᠥᠯᠥᠪᠯᠡᠭᠡ ᠶᠢ ᠬᠡᠷᠡᠭᠵᠢᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ 50 ᠡᠷᠦᠬᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ 35 ᠲᠦᠮᠡᠨ ᠡᠷᠦᠬᠡ ᠠᠴᠠ ᠳᠠᠪᠠᠭᠤᠯᠤᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠡᠯᠡ ᠣᠷᠣᠭᠤᠯᠵᠤ ᠪᠡᠯᠡ ᠲᠣᠬᠢᠷᠠᠭᠤᠯᠬᠤ ᠠᠵᠢᠯᠯᠠᠭ᠎ᠠ ᠪᠠ ᠡᠵᠡᠩᠨᠡᠯᠲᠡ ᠬᠠᠮᠢᠶᠠᠷᠤᠯᠲᠠ ᠶᠢ ᠵᠢᠷᠤᠮᠵᠢᠭᠤᠯᠵᠤ᠂ ᠬᠤᠳᠠ ᠶᠢᠨ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠬᠤ ᠶᠢ ᠠᠬᠢᠭᠤᠯᠵᠤ᠂ ᠭᠤᠣᠯᠯᠠᠬᠤ ᠥᠷᠢᠰᠦᠯᠳᠦᠬᠦ ᠬᠦᠴᠦᠨ ᠢ ᠴᠢᠩᠭᠠᠳᠬᠠᠨ᠎ᠠ᠃      ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ ᠃ ᠤᠯᠤᠰ ᠤᠨ ᠲᠡᠰ ᠤᠨ 15 ᠵᠦᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠳᠠᠭᠤᠷᠢᠶᠠᠯ ᠦᠵᠡᠭᠦᠯᠬᠦ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠨᠢᠭᠡ ᠪᠦᠯᠦᠭ ᠣᠷᠣᠨ ᠨᠤᠲᠤᠭ ᠤᠨ ᠣᠨᠴᠠᠯᠢᠭ ᠪᠦᠬᠦᠢ ᠥᠭᠡᠷᠡᠴᠢᠯᠡᠯᠲᠡ ᠶᠢ ᠵᠠᠯᠭᠠᠪᠡᠷ ᠬᠢᠨ᠎ᠡ᠃ ᠴᠠᠬᠢᠯᠭᠠᠨ ᠬᠦᠴᠦᠨ ᠤ ᠪᠠᠶᠢᠭᠤᠯᠤᠯ ᠤᠨ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠵᠤ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠵᠡᠷᠭᠡ ᠯᠦᠭᠡ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠪᠣᠬᠢᠷᠲᠤᠯ ᠦᠭᠡᠢ ᠴᠠᠬᠢᠯᠭᠠᠨ ᠤ ᠠᠷᠠᠯᠵᠢᠶ᠎ᠠ ᠶᠢᠨ ᠬᠡᠪᠴᠢᠶ᠎ᠡ ᠶᠢ ᠥᠷᠭᠡᠳᠬᠡᠵᠦ᠂ ᠠᠵᠤ ᠠᠬᠤᠶᠢᠯᠠᠯ ᠤᠨ ᠡᠨᠧᠷᠭᠢ ᠬᠡᠷᠡᠭᠯᠡᠬᠦ ᠥᠪᠡᠷ ᠤᠨ ᠥᠷᠲᠡᠭ ᠢ ᠪᠠᠭᠤᠷᠠᠭᠤᠯᠤᠨ᠎ᠠ᠃ ᠲᠡᠭ ᠢᠶᠠᠷ ᠰᠠᠭᠤᠷᠢ ᠴᠡᠭ ᠪᠣᠯᠭᠠᠭᠰᠠᠨ ᠲᠥᠰᠥᠪ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠲᠤᠷᠰᠢᠨ ᠬᠡᠷᠡᠭᠵᠢᠭᠦᠯᠵᠦ᠂ ᠬᠤᠲᠠ ᠬᠢᠭᠡᠳ ᠬᠤᠰᠢᠭᠤ ᠲᠣᠭᠤᠷᠢᠭ ᠤᠨ ᠡᠷᠬᠡ ᠬᠠᠷᠢᠭᠤᠴᠠᠯᠭ᠎ᠠ ᠶᠢᠨ ᠲᠣᠬᠢᠷᠠᠭᠤᠯᠤᠯᠲᠠ ᠪᠠ ᠡᠳ᠋ ᠤᠨ ᠬᠦᠴᠦᠨ ᠤ ᠬᠤᠪᠢᠶᠠᠷᠢᠯᠠᠯᠲᠠ ᠶᠢᠨ ᠲᠣᠭᠲᠠᠴᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠦᠨ᠎ᠡ᠃ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠬᠠᠷᠢᠭᠤᠴᠠᠯᠭ᠎ᠠ ᠠᠴᠠ ᠬᠡᠯᠲᠦᠷᠢᠭᠦᠯᠬᠦ ᠲᠣᠭᠲᠠᠴᠠ ᠶᠢ ᠰᠦᠪᠡᠭᠴᠢᠯᠡᠨ ᠦᠢᠯᠡᠳᠦᠯᠭᠡᠵᠢᠭᠦᠯᠵᠦ᠂ ᠰᠢᠨ᠎ᠡ ᠶᠢ ᠡᠭᠦᠳᠬᠦ ᠰᠠᠶᠢᠨ ᠰᠠᠶᠢᠬᠠᠨ ᠠᠮᠢ ᠠᠬᠤᠢ ᠪᠠ ᠥᠭᠡᠷᠡᠴᠢᠯᠡᠯᠲᠡ ᠶᠢᠨ ᠠᠭᠤᠷ ᠠᠮᠢᠰᠬᠤᠯ ᠢ ᠪᠤᠢ ᠪᠣᠯᠭᠠᠨ᠎ᠠ᠃      ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠦᠨ᠎ᠡ ᠃ ︽ᠨᠢᠭᠡ ᠪᠦᠰᠡ ᠨᠢᠭᠡ ᠵᠠᠮ︾᠎ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠪᠠ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠭᠦᠨᠵᠡᠭᠡᠢ ᠠᠭᠤᠰᠤᠯᠴᠠᠵᠤ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠪᠠᠷᠠᠭᠤᠨ ᠱᠤᠭᠤᠮ ᠤᠨ ᠠᠵᠢᠯᠯᠠᠭᠠᠨ ᠢ ᠡᠬᠢᠯᠡᠭᠦᠯᠵᠦ᠂ ᠭᠤᠣᠯᠳᠠᠯᠭ᠎ᠠ ᠎ ᠲᠠᠢ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠪᠦᠯᠬᠦᠮ ᠪᠠᠶᠢᠭᠤᠯᠵᠤ ︽ᠭᠠᠳᠠᠭᠠᠳᠤ ᠳᠤ ᠭᠠᠷᠴᠦ︾ ᠵᠠᠬᠢᠶᠠᠯᠠᠭ᠎ᠠ ᠣᠯᠵᠤ᠂ ᠵᠠᠬ᠎ᠠ ᠳᠡᠯᠭᠡᠭᠦᠷ ᠢ ᠥᠷᠭᠡᠳᠬᠡᠵᠤ᠂ ᠬᠤᠪᠢ ᠶᠢᠨ ᠲᠤᠭ᠎ᠠ ᠶᠢ ᠳᠡᠭᠡᠭᠰᠢᠯᠡᠭᠦᠯᠵᠦ᠂ ᠮᠠᠰᠢᠨ ᠲᠡᠷᠭᠡ᠂ ᠰᠢᠨ᠎ᠡ ᠡᠨᠧᠷᠭᠢ ᠶᠢᠨ ᠲᠣᠨᠣᠭᠯᠠᠯ᠂ ᠡᠨᠧᠷᠭᠢ ᠬᠢᠮᠢ ᠶᠢᠨ ᠠᠵᠤ ᠦᠢᠯᠡᠳᠪᠦᠷᠢ᠂ ᠢᠮᠠᠭᠠᠨ ᠨᠣᠣᠯᠣᠭᠤᠷ ᠤᠨ ᠦᠢᠯᠡᠳᠬᠦᠨ ᠵᠡᠷᠭᠡ ᠳᠠᠪᠠᠭᠤᠯᠢᠭ ᠦᠢᠯᠡᠳᠬᠦᠨ ᠤ ᠭᠠᠳᠠᠭᠠᠳᠤ ᠭᠠᠷᠭᠠᠯᠲᠠ ᠶᠢᠨ ᠬᠡᠪᠴᠢᠶ᠎ᠡ ᠶᠢ ᠥᠷᠭᠡᠳᠬᠡᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠢ ᠬᠡᠮᠵᠢᠶ᠎ᠡ ᠶᠢ 20%᠎ ᠠᠴᠠ ᠳᠡᠭᠡᠭᠰᠢ ᠨᠡᠮᠡᠭᠳᠡᠭᠦᠯᠦᠨ᠎ᠡ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ︽ᠵᠢᠷᠭᠤᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠪᠠ ︽ᠳᠥᠷᠪᠡᠨ ᠠᠵᠢᠯᠯᠠᠭ᠎ᠠ︾᠎ ᠶᠢ ᠭᠦᠨᠵᠡᠭᠡᠢ ᠨᠠᠶᠢᠳᠠᠪᠤᠷᠢᠵᠢᠭᠤᠯᠵᠤ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠵᠡᠷᠭᠡ ᠭᠠᠵᠠᠷ ᠣᠷᠣᠨ ᠤ ᠪᠡᠯᠡ ᠮᠥᠩᠭᠦ᠂ ᠮᠡᠷᠭᠡᠵᠢᠯ᠂ ᠠᠵᠤ ᠦᠢᠯᠡᠰ ᠤᠨ ᠰᠢᠯᠵᠢᠯᠲᠡ ᠶᠢ ᠰᠠᠨᠠᠭᠠᠴᠢᠯᠠᠭ᠎ᠠ ᠠᠴᠠ ᠪᠠᠨ ᠲᠠᠭᠠᠭᠠᠴᠢᠯᠠᠨ ᠠᠪᠴᠤ᠂ ᠠᠵᠤ ᠠᠬᠤᠢ ᠠᠷᠠᠯᠵᠢᠶ᠎ᠠ ᠶᠢᠨ ᠬᠠᠮᠲᠤᠷᠠᠯᠴᠠᠭ᠎ᠠ ᠪᠠᠷ ᠭᠤᠣᠯᠳᠠᠯᠭ᠎ᠠ ᠪᠣᠯᠭᠠᠵᠤ᠂ ᠤᠯᠤᠰ ᠤᠨ ᠭᠠᠳᠠᠭᠠᠳᠤ ᠳᠣᠲᠣᠭᠠᠳᠤ ᠶᠢᠨ ᠨᠥᠬᠦᠷᠰᠡᠭ ᠬᠤᠲᠠ ᠯᠤᠭ᠎ᠠ ᠶᠢᠨ ᠶᠠᠪᠤᠯᠴᠠᠭ᠎ᠠ ᠰᠣᠯᠢᠯᠴᠠᠭ᠎ᠠ ᠪᠠᠨ ᠭᠦᠨᠵᠡᠭᠡᠶᠢᠷᠡᠭᠦᠯᠦᠨ᠎ᠡ᠃ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠨᠢᠭᠡ ᠴᠣᠭᠴᠠᠵᠢᠭᠰᠠᠨ ᠬᠥᠭᠵᠢᠯᠲᠡ ᠶᠢ ᠠᠬᠢᠭᠤᠯᠵᠤ᠂ ᠲᠡᠮᠡᠭᠡᠲᠦ᠂ ᠨᠢᠩᠳᠦ᠋ᠩ ᠵᠡᠷᠭᠡ ᠬᠤᠲᠠ ᠯᠤᠭ᠎ᠠ ᠬᠠᠷᠢᠯᠴᠠᠨ ᠨᠥᠬᠦᠪᠦᠷᠢᠯᠡᠨ ᠬᠠᠮᠵᠢᠯᠴᠠᠬᠤ ᠪᠠᠨ ᠴᠢᠩᠭᠠᠳᠬᠠᠨ᠎ᠠ᠃ ᠬᠤᠰᠢᠭᠤ ᠲᠣᠭᠤᠷᠢᠭ ᠤᠨ ᠬᠤᠭᠤᠷᠣᠨᠳᠣᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠰᠢᠨ᠎ᠡ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃      ︵ᠶᠢᠰᠦ︶ ᠠᠷᠠᠳ ᠤᠨ ᠠᠮᠢᠳᠤᠷᠠᠯ ᠢ ᠰᠡᠳᠬᠢᠯ ᠲᠠᠯᠪᠢᠨ ᠬᠦᠴᠦ ᠲᠠᠯᠪᠢᠨ ᠪᠠᠲᠤᠯᠠᠨ ᠰᠠᠶᠢᠵᠢᠷᠠᠭᠤᠯᠤᠨ᠎ᠠ ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠰᠠᠭᠤᠷᠢᠴᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠥᠨᠳᠥᠷ ᠪᠦᠲᠦᠮᠵᠢᠲᠡᠢ ᠪᠠᠷ ᠰᠠᠶᠢᠲᠤᠷ ᠬᠢᠵᠦ᠂ ᠨᠡᠩ ᠤᠯᠠᠨ ᠪᠣᠳᠠᠲᠠᠢ ᠲᠥᠷᠥᠭᠳᠡᠯ ᠲᠠᠢ ᠪᠦᠲᠦᠮᠵᠢᠲᠡᠢ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠪᠠᠷ ᠪᠦᠬᠦ ᠬᠤᠳᠠ ᠶᠢᠨ ᠠᠷᠠᠳ ᠲᠦᠮᠡᠨ ᠤ ᠰᠡᠳᠬᠢᠯ ᠢ ᠳᠤᠯᠠᠭᠠᠴᠠᠭᠤᠯᠤᠨ᠎ᠠ᠃      ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠦᠨ᠎ᠡ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠠᠵᠢᠯ ᠣᠯᠬᠤ ᠪᠠ ᠠᠳᠠᠯ ᠦᠢᠯᠡᠰ ᠴᠣᠭᠴᠠᠯᠠᠬᠤ ᠨᠥᠬᠦᠷᠰᠡᠭ ᠬᠡᠯᠪᠡᠷᠢ ᠶᠢᠨ ᠬᠤᠳᠠ ᠶᠢ ᠪᠠᠶᠢᠭᠤᠯᠤᠨ᠎ᠠ᠃ ᠬᠠᠩᠭᠠᠯᠭ᠎ᠠ ᠬᠡᠷᠡᠭᠴᠡᠭᠡ ᠶᠢ ᠨᠠᠷᠢᠯᠢᠭ ᠣᠨᠣᠪᠴᠢᠲᠠᠢ ᠪᠠᠷ ᠵᠣᠯᠭᠠᠭᠤᠯᠬᠤ ᠶᠢ ᠴᠢᠩᠭᠠᠳᠬᠠᠵᠤ᠂ ᠠᠵᠢᠯ ᠣᠯᠭᠤᠯᠲᠠ ᠪᠠᠷ ᠤᠳᠤᠷᠢᠳᠤᠮᠵᠢ ᠪᠣᠯᠭᠠᠨ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠪᠠᠶᠢᠷᠢᠯᠠᠭᠤᠯᠤᠯᠲᠠ ᠶᠢ ᠲᠣᠬᠢᠷᠠᠭᠤᠯᠤᠨ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠠᠵᠢᠯ ᠤᠨ ᠪᠠᠶᠢᠷᠢ ᠶᠢᠨ ᠬᠡᠷᠡᠭᠴᠡᠭᠡ ᠶᠢᠨ ᠭᠠᠷᠴᠠᠭ ᠢ ᠴᠠᠭ ᠳᠠᠷᠤᠢ ᠳᠤᠨᠢ ᠰᠢᠨᠡᠳᠬᠡᠨ ᠨᠡᠶᠢᠲᠡᠯᠡᠵᠦ᠂ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ᠂ ᠠᠮᠢᠳᠤᠯᠢᠭ ᠢᠶᠠᠷ ᠠᠵᠢᠯ ᠣᠯᠬᠤ ᠶᠢ ᠠᠬᠢᠭᠤᠯᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠭᠠᠷᠭᠠᠨ᠎ᠠ᠃ ᠠᠵᠢᠯ ᠣᠯᠭᠤᠯᠲᠠ ᠶᠢᠨ ᠪᠥᠬᠦ ᠬᠡᠯᠬᠢᠶ᠎ᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠵᠤ᠂ ᠭᠡᠷ ᠤᠨ ᠡᠭᠦᠳᠡᠨ ᠳᠠᠬᠢ ᠠᠵᠢᠯ ᠣᠯᠭᠤᠯᠲᠠ ᠶᠢᠨ ᠦᠢᠯᠡᠴᠢᠯᠡᠭᠡᠨ ᠤ ᠥᠷᠲᠡᠭᠡ᠂ ᠰᠤᠯᠠ ᠠᠵᠢᠯ ᠤᠨ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠪᠠᠶᠢᠭᠤᠯᠵᠤ᠂ ︽ᠨᠢᠭᠡ ᠮᠥᠴᠡ︾᠎ ᠶᠢᠨ ᠠᠵᠢᠯ ᠣᠯᠭᠤᠬᠤ ᠦᠢᠯᠡᠴᠢᠯᠡᠭᠡᠨ ᠤ ᠲᠤᠭᠤᠷᠢᠭ ᠢ ᠪᠠᠶᠢᠭᠤᠯᠤᠨ ᠪᠦᠲᠦᠭᠡᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠥᠷᠭᠡᠨ ᠢᠶᠠᠷ ᠥᠷᠨᠢᠭᠦᠯᠦᠨ᠎ᠡ᠃ ᠮᠠᠯᠴᠢᠨ ᠲᠠᠷᠢᠶᠠᠴᠢᠨ ᠬᠥᠯᠥᠰᠦᠨ ᠠᠵᠢᠯᠴᠢᠨ ᠤ ᠴᠠᠯᠢᠩ ᠣᠯᠭᠤᠯᠲᠠ ᠶᠢ ᠪᠠᠲᠤᠯᠠᠬᠤ ᠠᠵᠢᠯ ᠢ ᠰᠠᠶᠢᠲᠤᠷ ᠬᠢᠵᠦ᠂ ᠠᠵᠢᠯ ᠲᠠᠢ ᠬᠥᠮᠥᠨ ᠦᠭᠡᠢ ᠭᠡᠷ ᠪᠦᠯᠢ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ᠂ ᠵᠡᠮᠳᠡᠭᠴᠦᠳ ᠵᠡᠷᠭᠡ ᠬᠦᠴᠢᠷᠳᠡᠯᠲᠡᠢ ᠬᠥᠮᠥᠰ ᠢ ᠬᠠᠪᠰᠤᠷᠤᠨ ᠠᠵᠢᠯ ᠣᠯᠭᠤᠬᠤ ᠡᠷᠴᠢᠮ ᠢᠶᠠᠨ ᠴᠢᠩᠭᠠᠳᠬᠠᠨ᠎ᠠ᠃     ᠰᠠᠭᠤᠷᠢ ᠰᠤᠷᠭᠠᠨ ᠬᠥᠮᠦᠵᠢᠯ ᠤᠨ ᠴᠢᠨᠠᠷᠵᠢᠭᠤᠨ ᠲᠡᠩᠴᠡᠭᠦᠷᠢᠲᠡᠢ ᠬᠥᠭᠵᠢᠯᠲᠡ ᠶᠢ ᠠᠬᠢᠭᠤᠯᠤᠨ᠎ᠠ ᠃ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠨ ᠲᠦᠭᠡᠮᠡᠯ ᠬᠠᠷᠠᠭᠠᠯᠵᠠᠯ ᠬᠦᠷᠲᠡᠭᠡᠨ ᠬᠥᠭᠵᠢᠭᠦᠯᠬᠦ ᠶᠢ ᠠᠬᠢᠭᠤᠯᠵᠤ᠂ ᠬᠡᠤᠬᠡᠳ ᠰᠠᠭᠠᠲᠠᠭᠤᠯᠬᠤ ᠨᠢᠭᠡ ᠴᠣᠭᠴᠠᠵᠢᠭᠤᠯᠤᠭᠰᠠᠨ ᠦᠢᠯᠡᠴᠢᠯᠡᠭᠡ ᠶᠢ ᠴᠢᠩᠭᠠᠳᠬᠠᠵᠤ᠂ ᠲᠦᠭᠡᠮᠡᠯ ᠬᠠᠷᠠᠭᠠᠯᠵᠠᠯ ᠬᠦᠷᠲᠡᠭᠡᠬᠦ ᠬᠡᠤᠬᠡᠳ ᠰᠠᠭᠠᠲᠠᠭᠤᠯᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠢ ᠰᠢᠯᠢᠳᠡᠭᠵᠢᠭᠦᠯᠵᠦ ᠥᠷᠭᠡᠳᠬᠡᠨ ᠶᠠᠰᠤ ᠴᠢᠨᠠᠷ ᠢ ᠰᠠᠶᠢᠵᠢᠷᠠᠭᠤᠯᠬᠤ ᠶᠢ ᠠᠬᠢᠭᠤᠯᠵᠤ᠂ ᠣᠷᠣᠨ ᠤ ᠭᠠᠳᠠᠨᠠᠬᠢ ᠨᠠᠷᠠᠲᠤ ᠰᠤᠷᠭᠠᠭᠤᠯᠢ ᠲᠠᠢ ᠬᠠᠮᠲᠤᠷᠠᠨ ᠰᠤᠷᠭᠠᠭᠤᠯᠢ ᠡᠷᠭᠢᠯᠡᠬᠦ ᠡᠷᠴᠢᠮ ᠢᠶᠠᠨ ᠴᠢᠩᠭᠠᠷᠠᠭᠤᠯᠵᠤ᠂ ᠣᠲᠤᠭ ᠤᠨ ᠡᠮᠦᠨᠡᠲᠦ ᠬᠤᠰᠢᠭᠤ᠂ ᠬᠠᠩᠭᠢᠨ ᠬᠤᠰᠢᠭᠤᠨ ᠤ ᠪᠥᠬᠦ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠦᠭᠡᠳ ᠲᠡᠩᠴᠡᠭᠦᠷᠢᠲᠡᠶ ᠬᠥᠭᠵᠢᠯᠲᠡ ᠶᠢᠨ ᠬᠤᠰᠢᠭᠤ ᠰᠢᠶᠠᠨ ᠢ ᠡᠭᠦᠳᠦᠨ ᠪᠠᠶᠢᠭᠤᠯᠬᠤ ᠶᠢ ᠠᠬᠢᠭᠤᠯᠵᠤ᠂ ᠵᠡᠭᠦᠨᠭᠠᠷ ᠬᠤᠰᠢᠭᠤ᠂ ᠣᠲᠤᠭ ᠬᠤᠰᠢᠭᠤ ᠶᠢ ᠤᠯᠤᠰ ᠤᠨ ᠬᠤᠰᠢᠭᠤ ᠰᠢᠶᠠᠨ ᠤ ᠬᠡᠪᠴᠢᠶᠡᠨ ᠤ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠥᠵᠢᠯ ᠢ ᠲᠦᠭᠡᠮᠡᠯᠵᠢᠬᠦᠯᠦᠨ ᠲᠦᠭᠡᠮᠡᠯ ᠬᠠᠷᠠᠭᠠᠯᠵᠠᠯ ᠬᠦᠷᠲᠡᠭᠡᠬᠦ ᠬᠤᠰᠢᠭᠤ ᠰᠢᠶᠠᠨ ᠪᠣᠯᠭᠠᠨ ᠪᠠᠶᠢᠭᠤᠯᠤᠨ ᠪᠦᠲᠦᠭᠡᠵᠦ᠂ ᠨᠠᠩ ᠣᠯᠠᠨ ᠬᠡᠦᠬᠡᠳ ᠢ ︽ᠭᠡᠷ ᠤᠨ ᠢᠶᠠᠨ ᠳᠡᠷᠭᠡᠳᠡ︾ ᠰᠢᠯᠢᠳᠡᠭ ᠬᠥᠮᠥᠵᠢᠯ ᠬᠦᠷᠲᠡᠭᠡᠨ᠎ᠡ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠢ ᠣᠨᠴᠠᠯᠢᠬᠵᠢᠭᠤᠯᠤᠨ ᠣᠯᠠᠨ ᠶᠠᠩᠵᠤᠴᠢᠯᠠᠵᠤ ᠡᠷᠭᠢᠯᠡᠬᠦ ᠶᠢ ᠠᠬᠢᠭᠤᠯᠵᠤ᠂ ᠨᠢᠭᠡ ᠪᠦᠯᠦᠭ ᠥᠪᠡᠷᠲᠡᠭᠡᠨ ᠵᠠᠰᠠᠬᠤ ᠣᠷᠣᠨ ᠤ ᠳᠠᠭᠤᠷᠢᠶᠠᠯ ᠦᠵᠡᠭᠦᠯᠬᠦ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠰᠢᠶᠠᠨ ᠤ ᠬᠡᠪᠴᠢᠶᠡᠨ ᠤ ᠴᠢᠨᠠᠷ ᠰᠠᠶᠢᠲᠠᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠣᠨᠴᠠᠯᠢᠭᠲᠤ ᠳᠤᠮᠳᠠᠳᠤ ᠰᠤᠷᠭᠠᠭᠤᠯᠢ ᠶᠢ ᠴᠣᠭᠴᠠᠯᠠᠨ᠎ᠠ᠃ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠪᠢᠴᠢᠭ ᠮᠠᠲ᠋ᠧᠷᠢᠶᠠᠯ ᠢ ᠬᠡᠷᠡᠭᠯᠡᠬᠦ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠳᠥᠪᠰᠢᠨ ᠤ ᠰᠢᠯᠭᠠᠯᠲᠠ ᠶᠢᠨ ᠰᠢᠨ᠎ᠡ ᠵᠠᠭᠪᠤᠷ᠂ ᠡᠩ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠰᠢᠨ᠎ᠡ ᠵᠠᠭᠪᠤᠷ ᠢ ᠲᠣᠭᠲᠠᠭᠤᠨ ᠢᠶᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠶᠢᠨ ᠵᠠᠩᠭᠢᠯᠠᠭ᠎ᠠ ᠨᠢ ᠰᠠᠶᠢᠨ ᠰᠤᠷᠭᠠᠭᠤᠯᠢ ᠶᠢᠨ ᠵᠠᠬᠢᠷᠤᠯ᠂ ᠰᠠᠶᠢᠨ ᠪᠠᠭᠰᠢ ᠳᠤ ᠪᠤᠢ᠂ ᠰᠤᠷᠭᠠᠨ ᠬᠦᠮᠦᠵᠢᠯᠲᠡᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠨᠡᠷᠡᠳᠦ ᠪᠠᠭᠰᠢ ᠶᠢ ᠬᠥᠮᠥᠵᠢᠭᠦᠯᠬᠦ᠂ ᠤᠷᠢᠨ ᠠᠪᠴᠢᠷᠠᠬᠤ ᠶᠢ ᠴᠢᠩᠭᠠᠳᠬᠠᠵᠤ᠂ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠪᠠᠭᠰᠢ ᠶᠢᠨ ᠡᠩᠨᠡᠭᠡ ᠶᠢ ᠪᠠᠶᠢᠭᠤᠯᠵᠤ᠂ ᠰᠤᠷᠭᠠᠨ ᠬᠥᠮᠥᠵᠢᠯ ᠤᠨ ᠬᠦᠴᠦᠷᠬᠡᠭ ᠬᠤᠲᠠ ᠶᠢ ᠲᠦᠷᠭᠡᠳᠬᠡᠨ ᠪᠠᠶᠢᠭᠤᠯᠤᠨ᠎ᠠ᠃     ᠡᠷᠡᠭᠦᠯ ᠡᠩᠬᠡ ᠣᠷᠳᠣᠰ ᠢ ᠶᠡᠬᠡᠪᠡᠷ ᠪᠦᠲᠦᠭᠡᠨ ᠪᠠᠶᠢᠭᠤᠯᠤᠨ᠎ᠠ ᠃ ᠡᠷᠡᠭᠦᠯ ᠮᠡᠨᠳᠦ ᠶᠢ ᠤᠷᠢᠳᠠᠪᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠥᠨᠳᠥᠷ ᠬᠢᠷᠢ ᠲᠦᠪᠰᠢᠨ ᠪᠦᠬᠦᠢ ᠡᠮᠨᠡᠯᠭᠡ ᠶᠢᠨ ᠬᠤᠷᠢᠶ᠎ᠠ ᠪᠠ ᠣᠨᠴᠠᠯᠢᠭᠲᠤ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠪᠠᠷ ᠭᠤᠣᠯ ᠰᠢᠪᠲᠤᠯᠤᠯᠲᠠ ᠶᠢᠨ ᠴᠡᠭ ᠪᠣᠯᠭᠠᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠳᠥᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠨᠢᠭᠲᠠᠷᠠᠭᠰᠠᠨ ᠬᠡᠯᠪᠡᠷᠢ ᠶᠢᠨ ᠡᠮᠨᠡᠯᠭᠡ ᠶᠢᠨ ᠬᠠᠮᠲᠤ ᠶᠢᠨ ᠴᠣᠭᠴᠠ ᠶᠢ ᠪᠠᠶᠢᠭᠤᠯᠬᠤ ᠭᠤᠷᠪᠠᠨ ᠵᠢᠯ ᠤᠨ ᠪᠣᠭᠤᠮᠲᠠ ᠰᠢᠪᠲᠤᠯᠬᠤ ᠠᠵᠢᠯ ᠢ ᠭᠦᠨᠵᠡᠭᠡᠶᠢᠷᠡᠭᠦᠯᠵᠦ᠂ ᠳ᠋ᠦᠩᠱᠧᠩ ᠲᠣᠭᠤᠷᠢᠭ᠂ ᠬᠢᠶ᠎ᠠ ᠪᠠᠭᠰᠢ ᠲᠣᠭᠤᠷᠢᠭ ᠤᠨ ᠨᠢᠭᠲᠠᠷᠠᠭᠰᠠᠨ ᠬᠡᠯᠪᠡᠷᠢ ᠶᠢᠨ ᠬᠤᠲᠠ ᠶᠢᠨ ᠡᠮᠴᠢᠯᠡᠭᠡᠨ ᠤ ᠪᠦᠯᠦᠭᠯᠡᠯ ᠢ ᠲᠦᠷᠭᠡᠳᠬᠡᠨ ᠪᠠᠶᠢᠭᠤᠯᠵᠤ᠂ 7 ᠰᠢᠶᠠᠨ ᠤ ᠬᠡᠪᠴᠢᠶᠡᠨ ᠤ ᠡᠮᠨᠡᠯᠭᠡ ᠶᠢᠨ ᠬᠠᠮᠲᠤ ᠶᠢᠨ ᠴᠣᠭᠴᠠ ᠶᠢ ᠪᠦᠬᠦᠨ ᠢ ᠤᠯᠤᠰ ᠤᠨ ᠦᠨᠡᠯᠡᠨ ᠰᠢᠯᠭᠠᠬᠤ ᠪᠠᠷᠢᠮᠵᠢᠶ᠎ᠠ ᠳᠤ ᠨᠡᠶᠢᠴᠡᠭᠦᠯᠬᠦ ᠶᠢ ᠠᠬᠢᠭᠤᠯᠵᠤ᠂ ᠤᠯᠤᠰ ᠤᠨ ᠡᠯᠢᠭᠡ ᠰᠥᠰᠥᠨ ᠤ ᠡᠪᠡᠳᠴᠢᠨ ᠢ ᠨᠠᠷᠢᠯᠢᠭ ᠣᠨᠣᠰᠢᠯᠠᠨ ᠡᠮᠨᠡᠬᠦ ᠬᠤᠪᠢᠶᠠᠷᠢ ᠲᠥᠪ᠂ ᠲᠢᠶᠠᠨᠵᠢᠨ ᠬᠤᠲᠠ ᠶᠢᠨ ᠬᠠᠪᠤᠳᠠᠷ ᠤᠨ ᠡᠮᠨᠡᠯᠭᠡ ᠶᠢᠨ ᠬᠤᠷᠢᠶ᠎ᠠ ᠶᠢᠨ ᠣᠷᠣᠨ ᠪᠦᠰᠡ ᠶᠢᠨ ᠬᠠᠪᠤᠳᠠᠷ ᠤᠨ ᠠᠨᠠᠭᠠᠬᠤ ᠤᠬᠠᠭᠠᠨ ᠤ ᠲᠥᠪ ᠵᠡᠷᠭᠡ ᠶᠢ ᠬᠠᠮᠲᠤ ᠪᠠᠷ ᠪᠠᠶᠢᠭᠤᠯᠬᠤ ᠲᠥᠷᠥᠯ ᠵᠦᠢᠯ ᠢ ᠬᠡᠷᠡᠭᠵᠢᠭᠦᠯᠦᠨ᠎ᠡ᠃ ᠡᠮᠨᠡᠯᠭᠡ ᠶᠢᠨ ᠬᠤᠷᠢᠶᠠᠨ ᠳᠤ ᠢᠷᠡᠬᠦ ᠠᠴᠠ ᠡᠮᠦᠨᠡᠬᠢ ᠲᠦᠷᠭᠡᠨ ᠠᠪᠤᠷᠠᠯᠳᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠬᠤᠳᠠ ᠶᠢᠨ ᠰᠢᠭᠤᠳ ᠬᠠᠷᠢᠶ᠎ᠠ ᠲᠦᠷᠭᠡᠨ ᠠᠪᠤᠷᠠᠯᠳᠠ ᠶᠢᠨ ᠦᠷᠳᠡᠭᠡ ᠶᠢ ᠡᠬᠢᠯᠡᠨ ᠪᠠᠶᠢᠭᠤᠯᠵᠤ᠂ ᠲᠦᠷᠭᠡᠨ ᠡᠮᠨᠡᠬᠦ ᠪᠠ ᠲᠦᠷᠭᠡᠨ ᠠᠪᠤᠷᠠᠬᠤ ᠶᠢ ᠰᠠᠯᠭᠠᠬᠤ ᠶᠢ ᠲᠤᠷᠰᠢᠨ ᠬᠡᠷᠡᠭᠵᠢᠭᠦᠯᠦᠨ᠎ᠡ᠃ ︽ᠨᠡᠭᠦᠳᠡᠯ ᠡᠮᠨᠡᠯᠭᠡ ᠶᠢᠨ ᠬᠤᠷᠢᠶ᠎ᠠ︾᠎ ᠶᠢᠨ ᠲᠥᠷᠥᠯ ᠵᠦᠢᠯ ᠢ ᠬᠡᠷᠡᠭᠵᠢᠭᠦᠯᠵᠦ᠂ 90%᠎ ᠶᠢᠨ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ᠤᠯᠤᠰ ᠤᠨ ᠦᠢᠯᠡᠴᠢᠯᠡᠭᠡᠨ ᠤ ᠴᠢᠳᠠᠪᠤᠷᠢ ᠶᠢᠨ ᠦᠨᠳᠦᠰᠦᠨ ᠪᠠᠷᠢᠮᠵᠢᠶ᠎ᠠ ᠳᠤ ᠨᠡᠶᠢᠴᠡᠭᠦᠯᠬᠦ ᠶᠢ ᠠᠬᠢᠭᠤᠯᠤᠨ᠎ᠠ᠃ ᠡᠮᠨᠡᠯᠭᠡ ᠶᠢᠨ ᠬᠤᠷᠢᠶ᠎ᠠ ᠶᠢ ᠰᠠᠶᠢᠲᠤᠷ ᠪᠠᠶᠢᠭᠤᠯᠬᠤ ᠶᠢᠨ ᠵᠠᠩᠭᠢᠯᠠᠭ᠎ᠠ ᠨᠢ ᠰᠠᠶᠢᠨ ᠡᠮᠨᠡᠯᠭᠡ ᠶᠢᠨ ᠬᠤᠷᠢᠶ᠎ᠠ ᠶᠢᠨ ᠳᠠᠷᠤᠭ᠎ᠠ᠂ ᠰᠠᠶᠢᠨ ᠰᠠᠯᠠᠭ᠎ᠠ ᠲᠠᠰᠤᠭ ᠤᠨ ᠡᠷᠬᠢᠯᠡᠭᠴᠢ ᠳᠤ ᠪᠣᠶ᠂ ᠡᠮᠴᠢᠯᠡᠭᠡ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠴᠢᠳᠠᠪᠤᠷᠢᠲᠠᠨ ᠢ ᠶᠡᠬᠡᠪᠡᠷ ᠬᠥᠮᠥᠵᠢᠭᠦᠯᠵᠦ᠂ ᠨᠠᠷᠠᠲᠤ ᠡᠮᠴᠢ ᠶᠢ ᠤᠷᠢᠨ ᠠᠪᠴᠢᠷᠠᠵᠤ ᠬᠥᠮᠥᠵᠢᠭᠦᠯᠬᠦ ᠶᠢ ᠴᠢᠩᠭᠠᠳᠬᠠᠵᠤ᠂ ᠲᠤᠰᠬᠠᠢ ᠮᠡᠷᠭᠡᠵᠢᠯ ᠤᠨ ᠰᠢᠨᠵᠢᠯᠡᠭᠡᠨ ᠤ ᠰᠠᠯᠠᠭ᠎ᠠ ᠶᠢ ᠬᠦᠴᠦᠷᠬᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠣᠯᠳᠠᠯᠭ᠎ᠠ ᠲᠠᠢ ᠲᠤᠰᠬᠠᠢ ᠰᠠᠯᠠᠭ᠎ᠠ ᠶᠢ 2 ᠰᠢᠨ᠎ᠡ ᠪᠠᠷ ᠨᠡᠮᠡᠭᠳᠡᠭᠦᠯᠵᠦ᠂ ᠮᠠᠰᠲ᠋ᠧᠷ᠂ ᠮᠡᠷᠭᠡᠵᠢᠯ ᠤᠨ ᠳᠡᠳ᠋ ᠠᠬᠠᠯᠠᠬᠤ ᠴᠣᠯᠠ ᠶᠢᠨ ᠲᠠᠰ ᠤᠨ ᠵᠢᠴᠢ ᠲᠡᠭᠦᠨ ᠠᠴᠠ ᠳᠡᠭᠡᠭᠰᠢᠬᠢ ᠲᠡᠰ ᠤᠨ ᠴᠢᠳᠠᠪᠤᠷᠢᠲᠠᠨ ᠢ 100 ᠬᠥᠮᠥᠨ ᠠᠴᠠ ᠳᠡᠭᠡᠭᠰᠢ ᠰᠢᠨ᠎ᠡ ᠪᠠᠷ ᠤᠷᠢᠨ ᠠᠪᠴᠢᠷᠠᠨ᠎ᠠ᠃      ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ ᠃ ᠨᠡᠶᠢᠭᠡᠮ ᠤᠨ ᠳᠠᠭᠠᠳᠬᠠᠯ ᠢ ᠨᠠᠷᠢᠯᠢᠭ ᠣᠨᠣᠴᠠᠲᠠᠢ ᠪᠠᠷ ᠥᠷᠭᠡᠳᠬᠡᠬᠦ ᠶᠢ ᠠᠬᠢᠭᠤᠯᠤᠨ᠎ᠠ᠃ ᠠᠵᠢᠯ ᠠᠴᠠ ᠪᠠᠨ ᠠᠮᠠᠷᠠᠭᠰᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠪᠠ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠢ ᠵᠣᠬᠢᠬᠤ ᠬᠡᠮᠵᠢᠶ᠎ᠡ ᠪᠠᠷ ᠨᠡᠮᠡᠭᠳᠡᠭᠦᠯᠦᠨ᠎ᠡ᠃ ︽1+3+N︾ ᠣᠯᠠᠨ ᠲᠠᠰ ᠳᠠᠪᠬᠤᠷᠭ᠎ᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠢ ᠪᠠᠶᠢᠭᠤᠯᠤᠨ᠎ᠠ᠃ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠰᠢᠯᠢᠳᠡᠭᠵᠢᠭᠦᠯᠵᠦ᠂ ᠤᠯᠠᠨ ᠲᠦᠮᠡᠨ ᠤ ︽ᠡᠪᠡᠳᠴᠢᠨ ᠢᠶᠠᠨ ᠦᠵᠡᠭᠦᠯᠬᠦ ᠵᠣᠭᠤᠰ︾᠂ ︽ᠠᠮᠢ ᠠᠪᠤᠷᠠᠬᠤ ᠵᠣᠭᠤᠰ︾᠎ ᠢ ᠰᠠᠶᠢᠲᠤᠷ ᠰᠠᠬᠢᠬᠤ ᠪᠠᠷ ᠪᠠᠷᠠᠬᠤ ᠦᠭᠡᠢ ᠪᠠᠰᠠ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠳᠥᠭᠦᠮ ᠳᠥᠲᠡ ᠴᠢᠨᠠᠷ ᠢ ᠳᠡᠭᠡᠭᠰᠢᠯᠡᠭᠦᠯᠦᠨ᠎ᠡ᠃ ᠵᠡᠮᠳᠡᠭᠴᠦᠳ ᠢ ᠬᠠᠯᠠᠮᠵᠢᠯᠠᠨ ᠬᠠᠷᠠᠭᠠᠯᠵᠠᠬᠤ ᠦᠢᠯᠡᠴᠢᠯᠡᠭᠡ ᠶᠢ ᠴᠢᠩᠭᠠᠳᠬᠠᠵᠤ᠂ ᠵᠡᠮᠳᠡᠭᠴᠦᠳ ᠤᠨ ᠨᠥᠬᠦᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃ ᠪᠦᠬᠦ ᠤᠯᠤᠰ ᠤᠨ ᠦᠢᠯᠡᠴᠢᠯᠡᠭᠡᠨ ᠤ ᠲᠦᠷᠦᠯ ᠤᠨ ᠨᠡᠶᠢᠭᠡᠮ ᠤᠨ ᠠᠪᠤᠷᠠᠨ ᠲᠤᠰᠠᠯᠠᠬᠤ ᠲᠤᠷᠰᠢᠯᠲᠠ ᠶᠢᠨ ᠴᠡᠭ᠂ ᠨᠡᠶᠢᠭᠡᠮ ᠲᠣᠭᠤᠷᠢᠭ ᠤᠨ ᠰᠠᠭᠤᠷᠢ ᠮᠥᠩᠭᠦᠨ ᠤ ᠨᠡᠶᠢᠭᠡᠮᠯᠢᠭ ᠤᠨ ᠦᠢᠯᠡᠴᠢᠯᠡᠭᠡᠨ ᠤ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠴᠢᠩᠭ᠎ᠠ ᠠᠳᠬᠤᠨ᠎ᠠ᠃     ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠦᠨ᠎ᠡ ᠃ ︽ᠤᠮᠠᠷᠠᠲᠤ ᠬᠢᠯᠢ ᠶᠢᠨ ᠰᠣᠶᠣᠯ︾᠎ ᠤᠨ ᠲᠥᠷᠥᠯ ᠲᠡᠮᠲᠡᠭᠲᠦ ᠶᠢ  ᠴᠣᠭᠴᠠᠯᠠᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠣᠬᠢ ᠰᠢᠯᠢᠳᠡᠭ ᠤᠷᠠᠨ ᠰᠠᠶᠢᠬᠠᠨ ᠤ ᠪᠦᠲᠦᠭᠡᠯ ᠢ ᠵᠣᠬᠢᠶᠠᠨ ᠪᠦᠲᠦᠭᠡᠬᠦ ᠶᠢ ᠴᠢᠩᠭᠠᠳᠬᠠᠵᠤ᠂ ᠰᠢᠯᠢᠳᠡᠭ ᠵᠦᠴᠦᠭᠡ ᠶᠢᠨ ᠪᠦᠲᠦᠭᠡᠯ ᠢ ᠪᠥᠬᠦ ᠤᠯᠤᠰ ᠲᠤ ᠲᠣᠭᠤᠷᠢᠨ ᠲᠣᠭᠯᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ︽ᠣᠷᠳᠣᠰ ᠤᠨ ᠰᠣᠶᠣᠯ ᠤᠨ ᠳᠡᠯᠡᠬᠡᠢ ᠶᠢᠨ ᠠᠶᠠᠯᠠᠯ︾ ᠵᠡᠷᠭᠡ ᠲᠥᠷᠥᠯ ᠲᠡᠮᠳᠡᠭᠲᠦ ᠶᠢᠨ ᠠᠵᠢᠯᠯᠠᠭ᠎ᠠ ᠶᠢ ᠰᠠᠶᠢᠲᠤᠷ ᠡᠷᠭᠢᠯᠡᠵᠦ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ 1000 ᠤᠳᠠᠭ᠎ᠠ ᠠᠴᠠ ᠳᠡᠭᠡᠭᠰᠢ ᠡᠷᠭᠢᠯᠡᠨ᠎ᠡ᠃ ᠲᠡᠦᠬᠡ ᠶᠢᠨ ᠳᠤᠷᠠᠰᠬᠠᠯᠲᠤ ᠵᠦᠢᠯ ᠤᠨ ᠠᠮᠤᠷ ᠲᠦᠪᠰᠢᠨ ᠤ ᠢᠨᠵᠧᠨᠧᠷᠢᠩ ᠤᠨ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠣᠷᠳᠣ ᠴᠠᠭᠠᠨ ᠬᠡᠷᠡᠮ᠂ ᠴᠢᠨ ᠤ ᠠᠰᠬᠠᠨ ᠵᠠᠮ ᠵᠡᠷᠭᠡ ᠲᠡᠦᠬᠡᠨ ᠪᠠᠭᠤᠷᠢ ᠶᠢ ᠰᠠᠶᠢᠲᠤᠷ ᠬᠠᠮᠠᠭᠠᠯᠠᠵᠤ᠂ ᠰᠢᠷᠬᠤᠰᠤᠨ ᠭᠤᠣᠯ ᠤᠨ ᠰᠤᠶᠤᠯ ᠤᠨ ᠪᠠᠭᠤᠷᠢ ᠶᠢ ᠪᠣᠳᠠᠰ ᠤᠨ ᠪᠤᠰᠤ ᠰᠣᠶᠣᠯ ᠤᠨ ᠥᠪ ᠤᠨ ᠦᠯᠡᠳᠡᠭᠳᠡᠯ ᠢᠶᠠᠷ ᠭᠤᠶᠤᠴᠢᠯᠠᠨ ᠮᠡᠳᠡᠭᠦᠯᠬᠦ ᠶᠢ ᠠᠬᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠲᠣᠭᠠᠵᠢᠭᠤᠯᠤᠭᠰᠠᠨ ᠪᠡᠶᠡᠴᠢᠯᠡᠨ ᠣᠶᠢᠯᠠᠭᠠᠬᠤ ᠦᠵᠡᠰᠬᠦᠯᠡᠩ ᠤᠨ ᠣᠷᠳᠣᠨ ᠢ ᠪᠦᠲᠦᠭᠡᠨ ᠪᠠᠶᠢᠭᠤᠯᠤᠨ᠎ᠠ᠃ ᠭᠤᠣᠯ ᠰᠢᠵᠢᠮ ᠲᠠᠢ ᠨᠢᠭᠲᠠ ᠤᠶᠠᠯᠳᠤᠭᠤᠯᠤᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠳᠠᠭᠤᠷᠢᠶᠠᠯ ᠦᠵᠡᠭᠦᠯᠦᠨ ᠡᠭᠦᠳᠦᠨ ᠪᠠᠶᠢᠭᠤᠯᠬᠤ ᠶᠢ ᠭᠦᠨᠵᠡᠭᠡᠶᠢᠷᠡᠭᠦᠯᠵᠦ᠂ ᠬᠠᠷᠢᠯᠴᠠᠨ ᠰᠢᠭᠢᠳᠬᠡᠬᠦ ᠮᠠᠶ᠋ᠢᠭ ᠤᠨ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠪᠠ ᠠᠭᠤᠰᠤᠯᠴᠠᠯ ᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠡᠭᠦᠷᠢᠳᠡ ᠴᠡᠴᠡᠭᠯᠡᠨ ᠳᠡᠯᠭᠡᠷᠡᠭᠦᠯᠦᠨ᠎ᠡ᠃     ︵ᠠᠷᠪᠠ︶ ᠰᠠᠨᠠᠭᠠᠴᠢᠯᠠᠭ᠎ᠠ ᠠᠴᠠ ᠪᠠᠨ ᠠᠵᠢᠯᠯᠠᠵᠤ ᠬᠥᠭᠵᠢᠯᠲᠡ ᠶᠢᠨ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠨ᠎ᠡ᠃ ᠲᠦᠭᠰᠢᠭᠦᠷᠢ ᠶᠢᠨ ᠦᠵᠡᠯ ᠤᠬᠠᠮᠰᠠᠷ ᠪᠠ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠠᠬᠢ ᠪᠣᠶ ᠪᠣᠯᠭᠠᠵᠤ᠂ ᠬᠥᠭᠵᠢᠯᠲᠡ ᠨᠢ ᠨᠠᠩ ᠠᠮᠤᠷ ᠲᠦᠪᠰᠢᠨ᠂ ᠨᠡᠶᠢᠭᠡᠮ ᠨᠢ ᠨᠡᠩ ᠠᠮᠤᠷ ᠲᠣᠭᠲᠠᠭᠤᠨ᠂ ᠠᠷᠠᠳ ᠲᠦᠮᠡᠨ ᠨᠢ ᠨᠠᠩ ᠠᠮᠤᠷ ᠲᠠᠶᠢᠪᠤᠩ ᠠᠮᠤᠭᠤᠯᠠᠩ ᠣᠷᠳᠣᠰ ᠢ ᠪᠦᠲᠦᠭᠡᠨ ᠪᠠᠶᠢᠭᠤᠯᠤᠨ᠎ᠠ᠃      ᠭᠤᠣᠯᠳᠠᠯᠭ᠎ᠠ ᠲᠠᠢ ᠠᠶᠤᠯ ᠲᠦᠭᠰᠢᠭᠦᠷᠢ ᠶᠢ ᠢᠳᠡᠪᠬᠢᠲᠡᠢ ᠪᠠᠷ ᠰᠡᠷᠭᠡᠶᠢᠯᠡᠨ ᠠᠷᠢᠯᠭᠠᠨ᠎ᠠ ᠃ ᠵᠠᠰᠠᠭ ᠤᠨ ᠣᠷᠳᠣᠨ ᠤ ᠪᠥᠬᠦ ᠥᠷᠢ ᠥᠭᠴᠡᠭᠡ ᠶᠢ ᠬᠢᠨᠠᠨ ᠬᠡᠮᠵᠢᠵᠦ ᠬᠢᠨᠠᠨ ᠬᠠᠮᠢᠶᠠᠷᠬᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠳᠠᠯᠳᠠ ᠥᠷᠢ ᠥᠭᠴᠡᠭᠡ ᠶᠢ ᠰᠢᠨ᠎ᠡ ᠪᠠᠷ ᠨᠡᠮᠡᠭᠳᠡᠭᠦᠯᠬᠦ ᠶᠢ ᠡᠷᠡᠰ ᠬᠤᠷᠢᠭᠯᠠᠵᠤ᠂ ᠳᠤᠮᠳᠠ ᠳᠣᠣᠷᠠᠳᠤ ᠲᠦᠭᠰᠢᠭᠦᠷᠢ ᠲᠠᠢ ᠬᠤᠰᠢᠭᠤ ᠲᠣᠭᠤᠷᠢᠭ ᠤᠨ ᠥᠷᠢ ᠥᠭᠴᠡᠭᠡ ᠶᠢᠨ ᠲᠦᠭᠰᠢᠭᠦᠷᠢ ᠶᠢᠨ ᠲᠠᠰ ᠤᠨ ︽ᠳᠠᠬᠢᠨ ᠳᠡᠭᠡᠭᠰᠢᠯᠡᠬᠦ︾᠎ ᠠᠴᠠ ᠴᠢᠩᠭ᠎ᠠ ᠰᠡᠷᠭᠡᠶᠢᠯᠡᠨ᠎ᠡ᠃ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢᠨ ᠦᠢᠯᠡᠰ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠬᠢᠵᠦ ᠲᠦᠭᠰᠢᠬᠦᠷᠢ ᠶᠢ ᠠᠷᠢᠯᠭᠠᠬᠤ ᠠᠬᠢᠴᠠ ᠶᠢ ᠲᠦᠷᠭᠡᠳᠬᠡᠵᠤ᠂ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠭᠡᠷ ᠪᠠᠶᠢᠰᠢᠩ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠢ ᠲᠣᠭᠲᠠᠭᠤᠨ ᠪᠠᠶᠢᠯᠭᠠᠬᠤ ᠠᠵᠢᠯ ᠢ ᠰᠠᠶᠢᠲᠤᠷ ᠬᠢᠵᠦ᠂ ᠬᠤᠳᠠᠯᠳᠤᠭᠠᠨ ᠤ ᠦᠯᠡᠳᠡᠭᠡᠯ ᠭᠡᠷ ᠪᠠᠶᠢᠰᠢᠩ ᠤᠨ ᠠᠷᠢᠯᠵᠢᠶ᠎ᠠ ᠶᠢ ᠠᠮᠢᠯᠠᠭᠤᠯᠵᠤ᠂ ᠦᠯᠡᠳᠡᠭᠡᠯ ᠲᠠᠸᠠᠷ ᠤᠨ ᠭᠡᠷ ᠪᠠᠶᠢᠰᠢᠩ ᠢ ᠰᠢᠢᠳᠪᠦᠷᠢᠯᠡᠬᠦ ᠶᠢ ᠲᠦᠷᠭᠡᠳᠬᠡᠵᠤ᠂ ︽ᠪᠠᠲᠤᠯᠠᠨ ᠲᠤᠰᠢᠶᠠᠬᠤ ᠠᠰᠠᠷ︾᠎ ᠤᠨ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃     ᠮᠥᠨ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ ᠃ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠠᠶᠤᠯᠭᠦᠢ ᠦᠢᠯᠡᠳᠪᠦᠷᠢᠯᠡᠯ ᠤᠨ ︽ᠲᠦᠷᠪᠡᠨ ᠲᠣᠭᠲᠠᠯᠴᠠᠭ᠎ᠠ︾᠎ ᠶᠢ ᠲᠦᠷᠭᠡᠳᠬᠡᠨ ᠴᠣᠭᠴᠠᠯᠠᠵᠤ᠂ ᠨᠡᠯᠢᠶᠡᠳ ᠶᠡᠭᠡ ᠵᠢᠴᠢ ᠬᠦᠨᠳᠦ ᠶᠡᠭᠡ ᠡ᠊ᠨᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠨ᠎ᠠ᠃ ᠠᠶᠤᠯᠬᠦᠢ ᠦᠢᠯᠡᠳᠪᠦᠷᠢᠯᠡᠯ ᠤᠨ ᠰᠠᠭᠤᠷᠢ ᠶᠢ ᠪᠠᠬᠢᠵᠢᠭᠦᠯᠵᠦ᠂ ᠬᠤᠲᠠ ᠶᠢᠨ ᠠᠶᠤᠯᠬᠦᠢ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠢ ᠪᠠᠶᠢᠭᠤᠯᠤᠨ ᠬᠦᠴᠦᠷᠬᠡᠭᠵᠢᠭᠦᠯᠵᠦ᠂ ᠤᠯᠤᠰ ᠤᠨ ᠨᠡᠭᠦᠷᠡᠰᠦᠨ ᠠᠭᠤᠷᠬᠠᠢ ᠶᠢᠨ ᠨᠡᠭᠡᠭᠡᠨ ᠮᠠᠯᠲᠠᠬᠤ ᠠᠮᠤᠷ ᠲᠦᠪᠰᠢᠨ ᠤ ᠢᠨᠵᠧᠨᠧᠷᠢᠩᠵᠢᠭᠰᠡᠨ ᠬᠤᠷᠠᠮᠠᠯ ᠰᠢᠨ᠎ᠡ ᠶᠢ ᠡᠭᠦᠳᠬᠦ ᠲᠥᠪ ᠢ ᠪᠦᠲᠦᠭᠡᠨ ᠪᠠᠶᠢᠭᠤᠯᠬᠤ ᠶᠢ ᠠᠬᠢᠭᠤᠯᠵᠤ᠂ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠮᠤᠷ ᠳᠥᠪᠰᠢᠨ ᠤ ᠲᠦᠭᠰᠢᠭᠦᠷᠢ ᠶᠢᠨ ᠲᠠᠰ ᠢ ᠪᠦᠭᠦᠳᠡ ᠶᠢ D ᠲᠡᠰ ᠲᠤ ᠬᠦᠷᠭᠡᠨ᠎ᠡ᠃ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠪᠠ ᠭᠠᠮᠰᠢᠭ ᠠᠴᠠ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃     ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢ ᠴᠢᠩᠭᠠᠳᠬᠠᠨ᠎ᠠ ᠃ ᠪᠥᠬᠦ ᠤᠯᠤᠰ ᠤᠨ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠢ ᠡᠭᠦᠳᠦᠨ ᠪᠠᠶᠢᠭᠤᠯᠤᠭᠰᠠᠨ ᠦᠷ᠎ᠡ ᠪᠦᠲᠦᠮᠵᠢ ᠶᠢ ᠪᠠᠲᠤᠳᠬᠠᠨ ᠳᠡᠭᠡᠭᠰᠢᠯᠡᠭᠦᠯᠵᠦ᠂ ︽ᠳ᠋ᠦᠸᠧ ᠳ᠋ᠦᠸᠧ ᠫᠢᠩ + ᠬᠦᠰᠡᠯ ᠱᠠᠭᠠᠷᠳᠠᠯᠭ᠎ᠠ ᠶᠢ ᠭᠥᠯᠢᠶᠡᠨ ᠠᠪᠤᠮᠠᠭᠴᠠ ᠳᠠᠷᠤᠶᠢᠬᠠᠨ ᠰᠢᠢᠳᠪᠦᠷᠢᠯᠡᠬᠦ + ᠵᠠᠭᠤᠴᠢᠯᠠᠭᠤᠷ ᠤᠨ ᠬᠢᠨᠠᠯᠲᠠ ᠲᠠᠯᠪᠢᠬᠤ︾ ᠵᠡᠷᠭᠡ ᠦᠨᠳᠦᠰᠦᠨ ᠱᠠᠲᠤᠨ ᠤ ᠵᠠᠰᠠᠯᠲᠠ ᠶᠢᠨ ᠵᠠᠭᠪᠤᠷ ᠢ ᠠᠰᠢᠭᠯᠠᠨ ᠬᠡᠷᠡᠭᠯᠡᠵᠦ᠂ ᠤᠯᠤᠰ ᠤᠨ ᠣᠶᠤᠨᠴᠢ ᠨᠡᠶᠢᠭᠡᠮ ᠤᠨ ᠵᠠᠰᠠᠯᠲᠠ ᠶᠢᠨ ᠲᠤᠷᠰᠢᠯᠲᠠ ᠶᠢᠨ ᠶᠡᠷᠦᠩᠬᠡᠶᠢᠯᠡᠭᠰᠡᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾᠎ ᠶᠢ ᠪᠠᠷᠢᠮᠲᠠᠯᠠᠨ ᠬᠥᠭᠵᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠲᠦᠷᠢᠮ᠂ ︽ᠭᠤᠷᠪᠠ ᠶᠢ ᠰᠠᠯᠭᠠᠵᠤ ᠡᠶᠡᠳᠡᠭᠦᠯᠦᠨ ᠰᠢᠢᠳᠪᠦᠷᠢᠯᠡᠬᠦ︾ ᠠᠷᠭ᠎ᠠ ᠶᠢ ᠳᠡᠯᠭᠡᠷᠡᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠤᠯᠢᠵᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ︽ᠬᠠᠤᠯᠢ ᠴᠠᠭᠠᠵᠠ ᠶᠢᠨ ᠦᠢᠯᠡᠴᠢᠯᠡᠭᠡ ᠶᠢ ᠮᠢᠩᠭᠠᠨ ᠲᠣᠰᠬᠤᠨ ᠳᠤ ᠣᠷᠣᠭᠤᠯᠬᠤ︾᠎ ᠶᠢ ᠬᠡᠷᠡᠭᠵᠢᠭᠦᠯᠵᠦ᠂ ᠵᠥᠷᠢᠴᠡᠯ ᠵᠢᠭᠤᠷᠠᠯᠳᠤᠭᠠᠨ ᠢ ᠠᠷᠢᠯᠭᠠᠵᠤ ᠰᠢᠢᠳᠪᠦᠷᠢᠯᠡᠬᠦ ᠨᠤᠷᠮ᠎ᠠ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃      ᠤᠯᠠᠨ ᠨᠡᠶᠢᠲᠡ ᠶᠢᠨ ᠠᠮᠤᠷ ᠲᠦᠪᠰᠢᠨ ᠤ ᠰᠢᠰᠲ᠋ᠧᠮ ᠤᠨ ᠵᠠᠰᠠᠯᠲᠠ ᠶᠢ ᠴᠢᠩᠭᠠᠳᠬᠠᠨ᠎ᠠ ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠶᠠᠷᠢᠶ᠎ᠠ ᠬᠡᠯᠡᠯᠴᠡᠭᠡ ᠪᠠᠷ ᠬᠥᠲᠥᠯᠥᠨ ᠵᠢᠯᠤᠭᠤᠳᠬᠤ ᠪᠠ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠬᠤ ᠬᠠᠮᠵᠢᠯᠴᠠᠬᠤ ᠲᠣᠭᠲᠠᠴᠠ ᠶᠢ ᠪᠦᠷᠢᠨᠰᠢᠭᠦᠯᠦᠨ᠎ᠡ᠃ ᠳᠣᠲᠣᠭᠠᠳᠤ ᠶᠢ ᠬᠠᠮᠠᠭᠠᠯᠠᠬᠤ ᠠᠵᠢᠯ ᠤᠨ ᠣᠳᠣᠬᠢᠴᠢᠯᠠᠯᠲᠠ ᠶᠢ ᠯᠠᠪᠳᠠᠭᠤᠨ ᠢᠶᠠᠷ ᠠᠬᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠤᠯᠠᠨ ᠨᠡᠶᠢᠲᠡ ᠶᠢᠨ ᠠᠮᠤᠷ ᠲᠦᠪᠰᠢᠨ ᠤ ᠬᠦᠨᠳᠦ ᠶᠡᠭᠡ ᠬᠡᠷᠡᠭ ᠢ ᠴᠢᠩᠭ᠎ᠠ ᠰᠡᠷᠭᠡᠶᠢᠯᠡᠨ᠎ᠡ᠃ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠢᠳᠡᠭᠡᠨ ᠪᠠ ᠡᠮ ᠤᠨ ᠵᠦᠢᠯ ᠤᠨ ᠪᠥᠬᠦ ᠬᠡᠯᠬᠢᠶ᠎ᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠰᠢᠨ᠎ᠡ ᠴᠠᠭ ᠦᠶ᠎ᠡ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠬᠤᠶᠠᠷ ᠢ ᠬᠦᠷᠢᠶᠡᠯᠡᠨ ᠬᠠᠮᠲᠤ ᠪᠠᠷ ᠪᠠᠶᠢᠭᠤᠯᠬᠤ ᠶᠢ ᠭᠦᠨᠵᠡᠭᠡᠶᠢᠷᠡᠭᠦᠯᠵᠦ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠨᠢᠭᠲᠠᠷᠠᠯ ᠢ ᠪᠠᠬᠢᠵᠢᠭᠦᠯᠦᠨ᠎ᠡ᠃      ᠭᠤᠷᠪᠠ᠂ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠦᠨ᠎ᠡ      ᠪᠢᠳᠡ ᠠᠷᠠᠳ ᠲᠦᠮᠡᠨ ᠬᠠᠨᠤᠮᠵᠢᠲᠠᠢ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠵᠤ᠂ ᠠᠵᠢᠯ ᠶᠠᠪᠤᠳᠠᠯ ᠢ ᠲᠥᠯᠥᠪᠵᠢᠭᠦᠯᠬᠦ ᠳᠤᠮᠳᠠ ᠬᠥᠭᠵᠢᠯᠲᠡ ᠶᠢ ᠠᠬᠢᠭᠤᠯᠵᠤ᠂ ᠠᠵᠢᠯ ᠶᠠᠪᠤᠳᠠᠯ ᠬᠢᠬᠦ ᠳᠤᠮᠳᠠ ᠳᠦᠷᠢ ᠲᠥᠷᠬᠦ ᠶᠢ ᠱᠤᠭᠤᠵᠤ᠂ ᠠᠵᠢᠯ ᠶᠠᠪᠤᠳᠠᠯ ᠪᠦᠲᠦᠭᠡᠬᠦ ᠳᠤᠮᠳᠠ ᠠᠷᠠᠳ ᠤᠨ ᠰᠡᠳᠬᠢᠯ ᠢ ᠣᠯᠣᠨ᠎ᠠ᠃     ᠡᠷᠡᠰ ᠦᠨᠡᠨᠴᠢ ᠰᠢᠳᠤᠷᠭᠤ ᠪᠠᠶᠢᠬᠤ ᠤᠯᠤᠰ ᠲᠦᠷᠦ ᠶᠢᠨ ᠬᠡᠪ ᠰᠤᠷᠲᠠᠯ ᠢ ᠪᠠᠲᠤᠲᠠᠢ ᠳᠠᠪᠲᠠᠨ ᠪᠣᠯᠪᠠᠰᠤᠷᠠᠭᠤᠯᠤᠨ᠎ᠠ᠃ ︽ᠬᠤᠶᠠᠷ ᠢ ᠲᠤᠭᠲᠠᠭᠠᠰᠠᠨ︾᠎ ᠢ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠬᠦ ᠶᠢ ᠢᠮᠠᠭᠲᠠ ᠬᠠᠮᠤᠭ ᠤᠨ ᠳᠡᠭᠡᠳᠦ ᠤᠯᠤᠰ ᠲᠥᠷᠥ ᠶᠢᠨ ᠵᠠᠷᠴᠢᠮ ᠪᠠ ᠦᠨᠳᠦᠰᠦᠨ ᠤᠯᠤᠰ ᠲᠥᠷᠥ ᠶᠢᠨ ᠶᠣᠰᠣ ᠳᠦᠷᠢᠮ ᠪᠣᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠲᠠᠷᠠᠭᠤᠯᠤᠨ ᠰᠦᠭ ᠰᠦᠨᠡᠰᠦ ᠪᠠᠨ ᠱᠤᠭᠤᠬᠤ ᠶᠢ ᠰᠢᠨᠲᠠᠷᠠᠰᠢ ᠦᠭᠡᠢ ᠪᠠᠷᠢᠮᠲᠠᠯᠠᠵᠤ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠳᠡᠭᠡᠷ᠎ᠡ ᠪᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠤᠬᠠᠮᠰᠠᠷ ᠠᠴᠠ ᠪᠠᠨ ᠪᠠᠲᠤᠯᠠᠵᠤ᠂ ᠰᠠᠶᠢᠨ ᠬᠡᠷᠡᠭᠵᠢᠭᠦᠯᠦᠭᠴᠢ᠂ ᠦᠢᠯᠡᠳᠦᠯᠭᠡᠵᠢᠭᠦᠯᠦᠭᠴᠢ᠂ ᠪᠣᠳᠠᠲᠠᠢ ᠠᠵᠢᠯᠯᠠᠭᠴᠢ ᠪᠣᠯᠬᠤ ᠶᠢ ᠪᠠᠷᠢᠮᠲᠠᠯᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠨᠠᠶᠢᠳᠠᠪᠤᠷᠢᠵᠢᠭᠤᠯᠤᠯᠲᠠ ᠶᠢ ᠨᠠᠷᠢᠨ ᠪᠣᠳᠠᠲᠠᠢ ᠨᠠᠶᠢᠳᠠᠪᠤᠷᠢᠵᠢᠭᠤᠯᠵᠤ᠂ ᠪᠦᠲᠦᠮᠵᠢ ᠲᠠᠢ ᠦᠢᠯᠡᠳᠦᠯᠭᠡᠵᠢᠭᠦᠯᠬᠦ ᠶᠢ ᠪᠠᠲᠤᠯᠠᠨ᠎ᠠ᠃     ᠬᠠᠤᠯᠢ ᠶᠣᠰᠣᠭᠠᠷ ᠵᠠᠰᠠᠭ ᠶᠠᠪᠤᠭᠤᠯᠬᠤ ᠬᠠᠤᠯᠢᠵᠢᠯ ᠤᠨ ᠰᠡᠳᠬᠢᠬᠦᠢ ᠶᠢ ᠴᠢᠩᠭᠠᠳᠬᠠᠨ᠎ᠠ ᠃ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠬᠠᠤᠯᠢᠵᠢᠯ ᠤᠨ ᠰᠡᠳᠬᠢᠬᠦᠢ ᠪᠠ ᠬᠠᠤᠯᠢᠵᠢᠯ ᠤᠨ ᠠᠷᠭ᠎ᠠ ᠬᠡᠯᠪᠡᠷᠢ ᠪᠠᠷ ︽ᠢᠯᠡ ᠭᠠᠷ︾᠎ ᠢ ᠰᠠᠶᠢᠲᠤᠷ ᠬᠡᠷᠡᠭᠯᠡᠨ᠎ᠡ᠃ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠠᠪᠤᠴᠠ ᠶᠢᠨ ᠬᠡᠷᠡᠭᠵᠢᠭᠦᠯᠬᠦ ᠠᠷᠭ᠎ᠠ ᠶᠢ ᠨᠠᠶᠢᠳᠠᠪᠤᠷᠢᠵᠢᠭᠤᠯᠵᠤ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠴᠢᠩᠳᠠᠯᠠᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠴᠢᠨᠠᠷ ᠰᠠᠶᠢᠲᠠᠢ ᠰᠢᠢᠳᠪᠦᠷᠢᠯᠡᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ︽ᠠᠷᠠᠳ ᠤᠨ ᠬᠦᠰᠡᠯ ᠱᠠᠭᠠᠷᠳᠠᠯᠭ᠎ᠠ︾᠎ ᠶᠢ ︽ᠬᠠᠨᠤᠮᠵᠢᠲᠠᠢ︾ ᠪᠣᠯᠭᠠᠨ᠎ᠠ      ᠲᠥᠷᠥ ᠶᠢᠨ ᠪᠣᠳᠣᠯᠭ᠎ᠠ ᠶᠢ ᠡᠵᠡᠮᠳᠡᠬᠦ ᠴᠢᠳᠠᠪᠤᠷᠢ ᠬᠢᠷᠢ ᠳᠥᠪᠰᠢᠨ ᠢᠶᠠᠨ ᠳᠡᠭᠡᠭᠰᠢᠯᠡᠭᠦᠯᠦᠨ᠎ᠡ᠃ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠦᠷᠭᠦᠯᠵᠢᠯᠡᠨ ᠭᠦᠨᠵᠡᠭᠡᠢ ᠠᠬᠢᠭᠤᠯᠵᠤ᠂ ᠲᠥᠷᠥ ᠶᠢᠨ ᠪᠣᠳᠣᠯᠭ᠎ᠠ ᠶᠢ ᠰᠤᠷᠤᠯᠴᠠᠨ ᠰᠤᠳᠤᠯᠬᠤ ᠳᠠᠭᠠᠨ ᠴᠢᠳᠠᠮᠠᠭᠠᠢ ᠪᠠᠶᠢᠵᠤ᠂ ᠲᠥᠷᠥ ᠶᠢᠨ ᠪᠣᠳᠣᠯᠭ᠎ᠠ ᠶᠢ ᠰᠠᠶᠢᠲᠤᠷ ᠭᠦᠢᠴᠡᠳ ᠬᠡᠷᠡᠭᠯᠡᠵᠦ᠂ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠪᠠᠲᠤ ᠡᠵᠡᠮᠳᠡᠵᠦ᠂ ᠤᠶᠠᠯᠳᠤᠯ ᠤᠨ ᠴᠡᠭ᠂ ᠭᠠᠷᠳᠠᠬᠤ ᠴᠡᠭ ᠢ ᠣᠨᠣᠪᠴᠢᠲᠠᠶ ᠣᠯᠵᠤ᠂ ᠪᠣᠳᠠᠲᠠᠢ ᠶᠢ ᠡᠷᠬᠢᠮᠯᠡᠭᠰᠡᠨ ᠪᠦᠲᠦᠮᠵᠢᠲᠡᠢ ᠢᠵᠢ ᠪᠦᠷᠢᠳᠦᠭᠰᠡᠨ ᠠᠷᠭ᠎ᠠ ᠬᠡᠮᠵᠢᠶ᠎ᠡ ᠶᠢ ᠪᠦᠷᠢᠯᠳᠦᠭᠦᠯᠵᠦ᠂ ᠲᠦᠷᠦ ᠶᠢᠨ ᠪᠣᠳᠣᠯᠭ᠎ᠠ ᠶᠢᠨ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠤᠨ᠎ᠠ᠃ ︽ᠶᠠᠮᠤᠨ ᠳᠤ ᠬᠦᠷᠴᠦ ᠲᠢᠩᠬᠢᠮ ᠳᠤ ᠣᠷᠣᠬᠤ︾ ᠡᠷᠴᠢᠮ ᠢ ᠨᠡᠩ ᠴᠢᠩᠭᠠᠳᠬᠠᠵᠤ᠂ ᠠᠷᠭ᠎ᠠ ᠪᠦᠬᠦᠨ ᠢ ᠰᠦᠪᠡᠭᠴᠢᠯᠡᠨ ᠲᠦᠷᠦᠯ ᠵᠦᠢᠯ ᠪᠠ ᠪᠡᠯᠡ ᠮᠥᠩᠭᠦ ᠡᠷᠢᠯᠬᠢᠯᠡᠵᠦ᠂ ᠪᠦᠬᠦ ᠬᠤᠳᠠ ᠶᠢᠨ ᠬᠥᠭᠵᠢᠯᠲᠡ ᠳᠤ ᠨᠡᠩ ᠴᠢᠩᠭ᠎ᠠ ᠲᠤᠯᠭᠠᠭᠤᠷᠢᠯᠠᠯ ᠬᠠᠩᠭᠠᠨ᠎ᠠ᠃      ᠲᠡᠷᠢᠭᠦᠨ ᠤ ᠬᠢ ᠪᠣᠯᠬᠤ ᠪᠠᠷ ᠲᠡᠮᠡᠴᠡᠨ ᠪᠣᠳᠠᠲᠠᠢ ᠠᠵᠢᠯᠯᠠᠬᠤ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠶᠢ ᠪᠤᠢ ᠪᠣᠯᠭᠠᠨ᠎ᠠ᠃ ︽ᠮᠣᠩᠭᠤᠯ ᠮᠣᠷᠢᠨ ᠤ ᠵᠣᠷᠢᠭ ᠰᠠᠨᠠᠭ᠎ᠠ︾ ᠪᠣᠯᠤᠨ ︽ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ︾᠎ ᠶᠢ ᠶᠡᠬᠡᠪᠡᠷ ᠪᠠᠳᠠᠷᠠᠭᠤᠯᠵᠤ᠂ ᠰᠢᠨ᠎ᠡ ᠵᠠᠮ ᠢᠶᠠᠷ ᠵᠠᠮᠨᠠᠬᠤ᠂ ᠡᠮᠦᠨ᠎ᠡ ᠡᠩᠨᠡᠭᠡᠨ ᠳᠤ ᠣᠷᠣᠬᠤ ᠬᠠᠷᠠᠯᠲᠠ ᠶᠢ ᠪᠠᠲᠤ ᠡᠵᠡᠮᠳᠡᠵᠦ᠂ ︽ᠰᠣᠯᠪᠢᠴᠠᠯ ᠤᠨ ᠰᠢᠰᠲ᠋ᠧᠮ︾᠎ ᠢ ᠶᠡᠬᠡᠰᠬᠡᠵᠦ᠂ ︽ᠬᠠᠷᠭᠤᠭᠤᠯᠬᠤ ᠪᠠᠷᠢᠮᠵᠢᠶ᠎ᠡ︾᠎ ᠶᠢ ᠣᠨᠣᠪᠴᠢᠲᠠᠶ ᠡᠷᠢᠵᠦ᠂ ᠥᠨᠳᠥᠷ ᠲᠤ ᠭᠠᠷᠬᠤ ᠪᠠᠷ ᠮᠡᠷᠡᠶᠢᠬᠦ ᠮᠥᠷᠲᠡᠭᠡᠨ ᠪᠠᠰᠠ ᠯᠠᠪᠳᠠᠭᠤᠨ ᠪᠠᠲᠤᠲᠠᠢ ᠠᠵᠢᠯᠯᠠᠵᠤ᠂ ᠬᠠᠷᠠᠯᠲᠠ᠂ ᠠᠵᠢᠯ᠂ ᠦᠷ᠎ᠡ ᠪᠦᠲᠦᠮᠵᠢ ᠶᠢ ᠥᠨᠳᠥᠷ ᠪᠠᠷᠢᠮᠵᠢᠶ᠎ᠠ ᠳᠠᠰᠢ ᠳᠠᠪᠰᠢᠨ ᠣᠷᠣᠭᠤᠯᠬᠤ ᠶᠢ ᠠᠬᠢᠭᠤᠯᠤᠨ᠎ᠠ᠃ ︽ᠰᠢᠢᠳᠪᠦᠷᠢᠯᠡᠬᠦ ᠰᠡᠳᠬᠢᠬᠦᠢ ᠪᠠᠶᠢᠬᠤ︾ ᠪᠠ ︽ᠰᠢᠯᠢᠳᠡᠭ ᠰᠢᠢᠳᠪᠦᠷᠢᠯᠡᠬᠦ ᠰᠡᠳᠬᠢᠬᠦᠢ︾᠎ ᠶᠢ ᠴᠢᠩᠭᠠᠳᠬᠠᠵᠤ᠂ ︽ᠵᠣᠷ ᠦᠭᠡᠢ ᠪᠣᠯ ᠡᠮ ᠥᠭᠴᠦ ᠴᠢᠳᠠᠬᠤ ᠦᠭᠡᠢ︾ ᠠᠷᠭ᠎ᠠ ᠬᠢᠳᠡᠯ ᠢ ᠰᠢᠢᠳᠪᠦᠷᠢᠯᠡᠵᠦ᠂ ᠠᠰᠠᠭᠤᠳᠠᠯ ᠢ ᠰᠢᠢᠳᠪᠦᠷᠢᠯᠡᠬᠦ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠪᠠ ᠡᠷᠳᠡᠮ ᠴᠢᠳᠠᠪᠤᠷᠢ ᠶᠢ ᠳᠡᠭᠡᠭᠰᠢᠯᠡᠭᠦᠯᠦᠨ᠎ᠡ᠃ ᠵᠣᠷᠢᠭᠲᠠᠢ ᠪᠠᠷ ᠬᠥᠮᠥᠨ ᠠᠴᠠ ᠲᠦᠷᠦᠭᠦᠯᠡᠬᠦ᠂ ᠪᠣᠳᠠᠲᠠᠢ ᠠᠵᠢᠯᠯᠠᠬᠤ ᠶᠢ ᠲᠡᠷᠢᠭᠦᠨ ᠳᠤ ᠲᠠᠯᠪᠢᠬᠤ᠂ ᠡᠷᠡᠯᠬᠡᠭᠯᠡᠨ ᠲᠡᠮᠡᠴᠡᠵᠦ ᠲᠡᠷᠢᠭᠦᠨ ᠳᠤ ᠣᠷᠣᠬᠤ ᠤᠳᠤᠷᠢᠳᠤᠮᠵᠢ ᠶᠢ ᠴᠢᠩᠭᠠᠳᠬᠠᠵᠤ᠂ ᠨᠡᠶᠢᠲᠡ ᠶᠢᠨ ᠬᠥᠭᠵᠢᠯᠲᠡ ᠶᠢᠨ ᠴᠢᠭᠯᠡᠯ᠂ ᠲᠥᠷᠥ ᠶᠢᠨ ᠪᠣᠳᠣᠯᠭ᠎ᠠ ᠶᠢᠨ ᠬᠠᠨᠳᠤᠰᠢ ᠪᠣᠯᠣᠨ ᠲᠥᠯᠦᠪᠵᠢᠭᠦᠯᠭᠡ ᠶᠢᠨ ᠱᠠᠭᠠᠷᠳᠠᠯᠭ᠎ᠠ ᠳᠤ ᠨᠡᠶᠢᠴᠡᠭᠰᠡᠨ ᠪᠣᠯ ᠨᠢᠭᠡ ᠵᠢᠷᠤᠭ ᠲᠥᠰᠥᠪ ᠢ ᠡᠴᠦᠰ ᠲᠤᠨᠢ ᠲᠤᠯᠲᠠᠯ᠎ᠠ ᠵᠢᠷᠤᠭᠯᠠᠬᠤ ᠶᠢ ᠪᠠᠷᠢᠮᠲᠠᠯᠠᠵᠤ᠂ ᠳᠠᠷᠤᠭ᠎ᠠ ᠰᠣᠯᠢᠭᠳᠠᠭᠰᠠᠨ ᠴᠤ ᠠᠵᠢᠯ ᠵᠣᠭᠰᠤᠬᠤ ᠦᠭᠡᠢ᠂ ᠬᠢᠵᠦ ᠳᠠᠭᠤᠰᠤᠭᠠᠳᠤᠢ ᠠᠵᠢᠯ ᠢ ᠲᠤᠶᠢᠯᠪᠤᠷᠢᠲᠠᠢ ᠬᠢᠵᠦ᠂ ︽ᠳᠠᠷᠤᠭᠠᠰᠤ ᠶᠢ ᠬᠥᠩᠭᠡᠷᠡᠭᠦᠯᠬᠦ᠂ ᠬᠦᠴᠦᠨ ᠣᠯᠭᠤᠬᠤ᠂ ᠬᠦᠴᠢᠷᠳᠡᠯ ᠢ ᠨᠢ ᠰᠢᠢᠳᠪᠦᠷᠢᠯᠡᠬᠦ᠂ ᠴᠡᠭᠴᠡᠯᠡᠨ ᠰᠠᠶᠢᠵᠢᠷᠠᠭᠤᠯᠬᠤ᠂ ᠱᠠᠯᠠᠪᠳᠠᠭᠤᠯᠬᠤ︾᠎ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠵᠠᠰᠠᠭ ᠤᠨ ᠣᠷᠳᠣᠨ ᠤ ︽ᠪᠣᠳᠠᠲᠠᠢ ᠠᠵᠢᠯᠯᠠᠬᠤ ᠢᠯᠡᠳᠬᠡᠮᠵᠢ︾᠎ ᠪᠠᠷ ᠴᠢᠨᠠᠷ ᠰᠠᠶᠢᠲᠠᠢ ︽ᠬᠥᠭᠵᠢᠯᠲᠡ ᠶᠢᠨ ᠵᠢᠭᠠᠯᠲᠠ ᠲᠤᠭ᠎ᠠ︾᠎ ᠶᠢ ᠣᠯᠬᠤ ᠪᠠᠷ ᠴᠢᠷᠮᠠᠶᠢᠨ᠎ᠠ᠃     ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢᠨ ᠤᠬᠠᠮᠰᠠᠷ ᠢ ᠬᠢᠴᠢᠶᠡᠩᠭᠦᠶᠢᠯᠡᠨ ᠵᠢᠷᠤᠮᠯᠠᠨ᠎ᠠ᠃ ᠵᠥᠪ ᠣᠨᠣᠪᠴᠢᠲᠠᠶ ᠵᠠᠰᠠᠭ ᠤᠨ ᠠᠵᠢᠯ ᠤᠨ ᠪᠦᠲᠦᠮᠵᠢ ᠶᠢᠨ ᠦᠵᠡᠯᠲᠡ᠂ ᠡᠷᠬᠡ ᠶᠢᠨ ᠲᠤᠬᠠᠢ ᠦᠵᠡᠯᠲᠡ᠂ ᠠᠵᠢᠯ ᠦᠢᠯᠡᠰ ᠤᠨ ᠦᠵᠡᠯᠲᠡ ᠶᠢ ᠪᠤᠶ ᠪᠣᠯᠭᠠᠬᠤ ᠪᠠ ᠦᠢᠯᠡᠳᠦᠯᠭᠡᠵᠢᠭᠦᠯᠵᠦ᠂ ᠠᠷᠠᠳ ᠲᠦᠮᠡᠨ ᠳᠤ ᠦᠢᠯᠡᠴᠢᠯᠡᠬᠦ ᠶᠢ ᠵᠠᠰᠠᠭ ᠤᠨ ᠣᠷᠳᠣᠨ ᠤ ᠠᠵᠢᠯ ᠤᠨ ᠡᠬᠢᠨ ᠠᠴᠠ ᠨᠢ ᠳᠠᠭᠤᠰᠲᠠᠯ᠎ᠠ ᠲᠤᠭᠤᠰᠢᠯᠠᠭᠤᠯᠵᠤ᠂ ᠤᠬᠠᠮᠰᠠᠷ ᠠᠴᠠ ᠪᠠᠨ ᠤᠯᠠᠨ ᠲᠦᠮᠡᠨ ᠤ ᠵᠣᠭᠰᠣᠴᠠ ᠠᠴᠠ ᠠᠰᠠᠭᠤᠳᠠᠯ ᠢ ᠪᠣᠳᠣᠯᠬᠢᠯᠠᠵᠤ᠂ ᠰᠢᠢᠳᠪᠦᠷᠢᠲᠦ ᠪᠣᠳᠣᠯᠭ᠎ᠠ ᠲᠣᠭᠲᠠᠭᠠᠨ᠎ᠠ᠃ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ ᠤᠯᠠᠮᠵᠢᠯᠠᠯ ᠢ ᠤᠯᠠᠮᠵᠢᠯᠠᠨ ᠪᠠᠳᠠᠷᠠᠭᠤᠯᠵᠤ᠂ ᠵᠢᠯ ᠪᠦᠷᠢ ᠨᠢᠭᠡ ᠪᠦᠯᠦᠭ ᠣᠯᠠᠨ ᠲᠦᠮᠡᠨ ᠤ ᠪᠤᠬᠢᠨᠢᠳᠤᠵᠤ ᠪᠠᠶᠢᠭ᠎ᠠ ᠶᠠᠪᠤᠳᠠᠯ᠂ ᠠᠵᠤ ᠠᠬᠤᠶᠢᠯᠠᠯ ᠤᠨ ᠬᠦᠰᠡᠨ ᠡᠷᠡᠮᠡᠯᠵᠡᠵᠦ ᠪᠠᠶᠢᠭ᠎ᠠ ᠶᠠᠪᠤᠳᠠᠯ᠂ ᠦᠨᠳᠦᠰᠦᠨ ᠱᠠᠲᠤᠨ ᠤ ᠬᠦᠴᠢᠷᠳᠡᠵᠦ ᠪᠠᠶᠢᠭ᠎ᠠ ᠶᠠᠪᠤᠳᠠᠯ ᠢ ᠪᠣᠳᠠᠲᠠᠢ ᠰᠠᠶᠢᠲᠤᠷ ᠰᠢᠢᠳᠪᠦᠷᠢᠯᠡᠵᠤ᠂ ᠳᠤᠯᠠᠭᠠᠨ ᠬᠤᠲᠠ ᠶᠢᠨ ᠠᠷᠠᠳ ᠤᠨ ᠠᠮᠢᠳᠤᠷᠠᠯ ᠢ ᠨᠡᠩ ᠲᠠᠭᠠᠯᠠᠮᠵᠢᠲᠠᠢ ᠵᠢᠷᠭᠠᠯᠲᠠᠢ ᠪᠣᠯᠭᠠᠨ᠎ᠠ᠃     ᠠᠷᠢᠭᠤᠨ ᠴᠢᠬᠡᠴᠢ ᠪᠠᠷ ᠨᠡᠶᠢᠲᠡ ᠶᠢᠨ ᠲᠥᠯᠥᠭᠡ ᠵᠢᠳᠬᠦᠬᠦ ᠰᠠᠬᠢᠯᠭ᠎ᠠ ᠪᠠᠲᠤ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ᠂ ᠤᠷᠳᠤ ᠬᠤᠭᠤᠴᠠᠭ᠎ᠠ ᠪᠠᠷ ᠪᠦᠲᠦᠮᠵᠢᠲᠡᠢ ᠪᠠᠶᠢᠯᠭᠠᠬᠤ ᠶᠢ ᠠᠬᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠵᠠᠩᠭᠢᠯᠠᠭ᠎ᠠ ᠶᠢᠨ ᠭᠤᠭᠴᠤᠭ᠎ᠠ ᠳᠠᠬᠢ ᠴᠢᠬᠡᠴᠢ ᠵᠠᠰᠠᠭ ᠤᠨ ᠲᠦᠭᠰᠢᠭᠦᠷᠢ ᠶᠢᠨ ᠰᠡᠷᠭᠡᠶᠢᠯᠡᠨ ᠡᠵᠡᠮᠳᠡᠯ ᠢ ᠭᠦᠨᠵᠡᠭᠡᠶᠢᠷᠡᠭᠦᠯᠦᠨ᠎ᠡ᠃ ᠵᠠᠰᠠᠭ ᠤᠨ ᠣᠷᠳᠣᠨ ᠪᠠ ᠠᠷᠢᠯᠵᠢᠶᠠᠴᠢᠨ ᠤ ᠳᠣᠲᠣᠨᠣ ᠴᠢᠭᠡᠴᠢ ᠬᠠᠷᠢᠴᠠᠭ᠎ᠠ ᠶᠢ ᠪᠠᠶᠢᠭᠤᠯᠵᠤ᠂ ᠦᠨᠡᠨ ᠰᠡᠳᠬᠢᠯ ᠠᠴᠠ ᠪᠠᠨ ᠶᠠᠪᠤᠯᠴᠠᠬᠤ ᠠᠴᠠ ᠪᠢᠰᠢ ᠶᠣᠰᠣ ᠳᠦᠷᠢᠮ ᠢ ᠵᠥᠷᠢᠴᠡᠬᠦ ᠦᠭᠡᠢ ᠪᠠᠶᠢᠬᠤ᠂ ᠬᠠᠯᠠᠭᠤᠮᠰᠤᠭ ᠢᠶᠠᠷ ᠬᠠᠪᠰᠤᠷᠬᠤ ᠠᠴᠠ ᠪᠢᠰᠢ ᠬᠤᠪᠢ ᠶᠢᠨ ᠠᠰᠢᠭ ᠲᠤᠰᠠ ᠶᠢ ᠬᠥᠭᠡᠭᠡᠴᠡᠯᠳᠦᠬᠦ ᠦᠭᠡᠢ ᠪᠠᠶᠢᠬᠤ ᠶᠢ ᠪᠠᠷᠢᠮᠲᠠᠯᠠᠨ᠎ᠠ᠃ ︽ᠠᠷᠪᠢᠯᠠᠨ ᠭᠠᠮᠨᠠᠵᠤ ᠠᠮᠢᠳᠤᠷᠠᠬᠤ︾ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ ᠡᠩ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠨᠡᠩ ᠤᠯᠠᠨ ᠡᠳ᠋ ᠤᠨ ᠬᠦᠴᠦᠨ ᠪᠠ ᠡᠬᠢ ᠪᠠᠶᠠᠯᠢᠭ ᠢ ᠬᠥᠭᠵᠢᠯᠲᠡ ᠪᠠ ᠠᠷᠠᠳ ᠤᠨ ᠠᠮᠢᠳᠤᠷᠠᠯ ᠤᠨ ᠪᠠᠴᠢᠮ ᠬᠡᠷᠡᠭᠴᠡᠭᠡ ᠳᠤ ᠬᠡᠷᠡᠭᠯᠡᠨ᠎ᠡ᠃      ᠲᠥᠯᠥᠭᠡᠯᠡᠭᠴᠢᠳ ᠡ︕  ᠴᠠᠭ ᠡᠷᠢᠨ ᠴᠢᠷᠮᠠᠶᠢᠨ ᠲᠡᠮᠡᠴᠡᠭᠰᠡᠨ ᠠᠴᠠ ᠪᠣᠯᠵᠤ ᠨᠡᠩ ᠴᠡᠴᠡᠭᠯᠡᠨ ᠬᠥᠭᠵᠢᠵᠦ᠂ ᠳᠤᠯᠠᠭᠠᠨ ᠬᠤᠲᠠ ᠵᠢᠳᠬᠦᠯ ᠴᠢᠷᠮᠠᠶᠢᠯᠭ᠎ᠠ ᠳᠣᠣᠷ᠎ᠠ ᠨᠡᠩ ᠭᠤᠶᠢᠳᠠ ᠰᠠᠶᠢᠬᠠᠨ ᠪᠣᠯᠬᠤ ᠶᠤᠮ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠵᠤ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠦᠪᠵᠢᠭᠦᠯᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠣᠷᠳᠣᠰ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠡᠭᠡᠶ᠎ᠡ︕ 
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ