| | 1 ᠰᠠᠷ᠎ᠠ ᠶᠢᠨ 19 ᠤ ᠡᠳᠤᠷ ᠤᠨ ᠦᠳᠡ ᠶᠢᠨ ᠡᠮᠤᠨ᠎ᠡ᠂ ᠤᠯᠤᠰ ᠲᠥᠷᠤ ᠶᠢᠨ ᠵᠦᠪᠯᠡᠯᠭᠡᠨ ᠤ ᠤᠷᠳᠤᠰ ᠬᠤᠲᠠ ᠶᠢᠨ ᠲᠠᠪᠤᠳᠤᠭᠠᠷ ᠬᠤᠭᠤᠴᠠᠭᠠᠨ ᠤ | ᠬᠤᠷᠢᠶ᠎ᠠ ᠶᠢᠨ ᠳᠦᠷᠪᠡᠳᠦᠭᠡᠷ ᠤᠳᠠᠭᠠᠨ ᠤ ᠬᠤᠷᠠᠯ ᠤᠨ ᠬᠤᠶᠠᠳᠤᠭᠠᠷ ᠪᠦᠭᠦᠳᠡ ᠬᠤᠷᠠᠯ ᠢ ᠬᠤᠷᠠᠯᠳᠤᠭᠤᠯᠵᠤ᠂ ᠬᠤᠲᠠ ᠶᠢᠨ ᠤᠯᠤᠰ ᠲᠥᠷᠤ ᠶᠢᠨ ᠵᠥᠪᠯᠡᠯᠭᠡᠨ ᠤ 8 | ᠪᠠᠶᠢᠩᠭᠤ ᠶᠢᠨ ᠭᠡᠰᠢᠭᠦᠨ᠂ ᠭᠡᠰᠢᠭᠦᠨ ᠶᠡᠭᠡ ᠬᠤᠷᠠᠯ ᠳᠡᠭᠡᠷ᠎ᠡ ᠶᠠᠷᠢᠶ᠎ᠠ ᠲᠠᠯᠪᠢᠪᠠ᠃ | ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠯᠢ ᠯᠢ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠣᠷᠣᠯᠠᠭᠴᠢ ᠳᠠᠷᠤᠭ᠎ᠠ ᠢᠦᠢ | ᠬᠠᠢ ᠢᠦᠢ᠂ ᠬᠤᠲᠠ ᠶᠢᠨ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠡᠷᠬᠢᠯᠡᠭᠴᠢ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ᠂ ᠬᠤᠲᠠ ᠶᠢᠨ ᠤᠯᠤᠰ ᠲᠦᠷᠤ ᠶᠢᠨ ᠵᠥᠪᠯᠡᠯᠭᠡᠨ ᠤ ᠲᠡᠷᠢᠭᠦᠯᠡᠭᠴᠢ ᠰᠦ᠋ ᠵᠦᠩ ᠱᠧᠩ᠂ ᠬᠤᠲᠠ ᠶᠢᠨ | ᠤᠯᠤᠰ ᠲᠦᠷᠤ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠳᠡᠳ᠋ ᠲᠠᠷᠢᠭᠦᠯᠡᠭᠴᠢ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ ᠰᠤ᠋ | ᠼᠦᠢ ᠪᠠᠩ᠂ ᠬᠤᠲᠠ ᠶᠢᠨ ᠤᠳᠤᠷᠢᠳᠤᠯᠭ᠎ᠠ ᠵᠵᠧᠨ ᠬᠤᠸᠠ᠂ ᠵᠠᠩ ᠸᠧᠢ᠂ ᠭᠤᠣ ᠸᠧᠨ ᠡᠾᠧ᠂ ᠺᠦᠩ ᠹᠠᠨ ᠹᠸᠢ᠂ ᠪᠦᠷᠢᠨᠴᠢᠮᠡᠭ᠂ ᠯᠢᠦ ᠹᠧᠩ ᠶᠦᠨ᠂ | ᠡᠷᠳᠡᠨᠢᠪᠢᠯᠢᠭ᠂ ᠬᠤᠸᠠᠩ ᠶᠠᠨ ᠵᠠᠩ᠂ ᠤᠯᠠᠭᠠᠨ᠂ ᠹᠠᠩ ᠵᠢᠶᠠᠨ ᠬᠤᠸᠠ᠂ ᠯᠢ ᠮᠧᠢ ᠷᠦᠩ᠂ ᠵᠠᠩ ᠵᠦᠩ ᠵᡁᠢ᠂ ᠰᠤ᠋ ᠰᠢᠨ ᠶᠠ᠂ ᠸᠠᠩ ᠵᠢᠶᠠᠨ᠂ ᠵᠠᠩ ᠲᠣᠣ᠂ | ᠬᠤᠳᠠ ᠶᠢᠨ ᠤᠯᠤᠰ ᠲᠥᠷᠤ ᠶᠢᠨ ᠵᠥᠪᠯᠡᠯᠭᠡᠨ ᠤ ᠨᠠᠷᠢᠨ ᠪᠢᠴᠢᠭ ᠤᠨ ᠳᠠᠷᠤᠭ᠎ᠠ ᠴᠧᠨ ᠵᠢᠩ ᠨᠠᠷ ᠲᠠᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃ ᠪᠠᠩ ᠵᠢᠶᠠᠨ | ᠬᠤᠸᠠ ᠬᠤᠷᠠᠯ ᠢ ᠡᠷᠬᠢᠯᠡᠪᠡ᠃ | ᠬᠤᠷᠠᠯ ᠳᠡᠭᠡᠷ᠎ᠡ᠂ ᠭᠤᠤ ᠸᠧᠨ ᠾᠧ ᠤᠯᠤᠰ ᠲᠥᠷᠤ ᠶᠢᠨ ᠵᠥᠪᠯᠡᠯᠭᠡᠨ ᠤ ᠤᠷᠳᠤᠰ ᠬᠤᠲᠠ ᠶᠢᠨ ᠳᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ | ᠤᠳᠠᠭᠠᠨ ᠤ ᠬᠤᠷᠠᠯ ᠤᠨ ᠠᠵᠢᠯᠲᠠᠨ ᠤ ᠶᠠᠪᠤᠳᠠᠯ ᠤᠨ ᠲᠤᠬᠠᠢ ᠲᠤᠲᠤᠷᠬᠠᠶᠢᠯᠠᠯᠲᠠ ᠬᠢᠪᠡ᠃ | ᠬᠤᠲᠠ ᠶᠢᠨ ᠤᠯᠤᠰ ᠲᠥᠷᠤ ᠶᠢᠨ ᠵᠦᠪᠯᠡᠯᠭᠡᠨ ᠤ ᠪᠠᠶᠢᠩᠭᠤ ᠶᠢᠨ ᠭᠡᠰᠢᠭᠦᠨ ᠸᠠᠩ ᠰᠢᠶᠣᠣ ᠶᠠᠨ ᠠᠷᠠᠳᠴᠢᠯᠠᠭᠰᠠᠨ ᠬᠤᠯᠪᠣᠭ᠎ᠠ ᠶᠢᠨ ᠬᠤᠲᠠ ᠶᠢᠨ ᠬᠤᠷᠢᠶ᠎ᠠ ᠶᠢ | ᠲᠦᠯᠥᠭᠡᠯᠡᠨ ︽ᠢᠳᠡᠪᠬᠢᠲᠠᠢ ᠪᠠᠶᠢᠷᠢᠯᠠᠭᠤᠯᠤᠨ ᠵᠣᠷᠢᠭᠲᠠᠢ ᠦᠷᠢᠰᠤᠯᠳᠤᠵᠤ᠂ ᠮᠠᠨ ᠤ ᠬᠤᠲᠠ ᠶᠢᠨ ᠳᠣᠣᠷ᠎ᠠ ᠠᠭᠠᠷ ᠤᠨ ᠠᠵᠤ ᠠᠬᠤᠢ ᠶᠢᠨ ᠬᠦᠭᠵᠢᠯᠲᠡ ᠶᠢ | ᠠᠬᠢᠭᠤᠯᠤᠶ᠎ᠠ︾ ᠭᠡᠬᠦ ᠰᠡᠳᠤᠪ ᠢᠶᠠᠷ ᠶᠠᠷᠢᠶ᠎ᠠ ᠲᠠᠯᠪᠢᠵᠤ᠂ ᠦᠵᠦ ᠲᠦᠯᠤᠪᠯᠡᠭᠡ ᠶᠢ ᠴᠢᠩᠭᠠᠳᠬᠠᠵᠤ᠂ ᠲᠦᠭᠦᠭᠡᠷᠤᠮᠵᠢ ᠶᠢ ᠢᠵᠢ ᠪᠦᠷᠢᠳᠦᠭᠦᠯᠬᠦ ᠶᠢ ᠳᠡᠭᠡᠭᠰᠢᠯᠡᠭᠦᠯᠦᠨ᠂ | ᠠᠬᠤᠢ ᠲᠠᠯᠡᠪᠤᠷ ᠤᠨ ᠬᠡᠷᠡᠭᠯᠡᠯᠲᠡ ᠶᠢ ᠪᠠᠶᠠᠯᠢᠭᠵᠢᠭᠤᠯᠵᠤ᠂ ᠴᠢᠳᠠᠪᠤᠷᠢᠳᠠᠨ ᠤ ᠬᠦᠴᠦᠨ ᠨᠡᠮᠡᠷᠢᠯᠡᠬᠦ ᠶᠢ ᠠᠬᠢᠭᠤᠯᠤᠨ᠂ ᠮᠠᠨ ᠤ ᠬᠤᠲᠠ ᠶᠢᠨ ︽ᠲᠣᠣᠷ᠎ᠠ ᠠᠭᠠᠷ ᠤᠨ | ᠠᠵᠤ ᠠᠬᠤᠢ︾ ᠶᠢᠨ ᠲᠦᠷᠭᠡᠨ ᠬᠥᠭᠵᠢᠯᠲᠡ ᠶᠢ ᠠᠬᠢᠭᠤᠯᠬᠤ ᠰᠠᠨᠠᠭᠤᠯᠭ᠎ᠠ ᠳᠤᠷᠠᠳᠤᠪᠠ᠃ | ᠬᠤᠲᠠ ᠶᠢᠨ ᠤᠯᠤᠰ ᠲᠥᠷᠤ ᠶᠢᠨ ᠵᠦᠪᠯᠡᠯᠭᠡᠨ ᠤ ᠪᠠᠶᠢᠩᠭᠤ ᠶᠢᠨ ᠭᠡᠰᠢᠭᠦᠨ ᠵᠠᠩ ᠱᠢ ᠽᠠᠢ ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ ᠤᠨ | ᠬᠤᠲᠠ ᠶᠢᠨ ᠬᠤᠷᠢᠶ᠎ᠠ ᠶᠢ ᠲᠦᠯᠥᠭᠡᠯᠡᠨ ︽ᠮᠠᠨ ᠤ ᠬᠤᠲᠠ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠨᠠᠷ ᠰᠠᠶᠢᠲᠠᠢ ᠬᠥᠭᠵᠢᠯᠲᠠ ᠶᠢ ᠠᠬᠢᠭᠤᠯᠬᠤ | ᠲᠤᠬᠠᠢ ᠰᠠᠨᠠᠭᠤᠯᠭ᠎ᠠ︾ ᠭᠡᠬᠦ ᠰᠡᠳᠤᠪ ᠢᠶᠠᠷ ᠶᠠᠷᠢᠶ᠎ᠠ ᠲᠠᠯᠪᠢᠵᠤ᠂ ᠡᠮᠴᠢᠯᠡᠭᠡ ᠪᠠ ᠨᠠᠰᠤᠵᠢᠯ ᠤᠨ ᠠᠰᠠᠷᠠᠮᠵᠢ ᠶᠢ ᠤᠶᠠᠯᠳᠤᠭᠤᠯᠬᠤ ᠶᠢ ᠳᠠᠬᠢᠨ ᠰᠢᠨ᠎ᠡ ᠳᠡᠭᠳᠡᠷ ᠲᠤ | ᠭᠠᠷᠭᠠᠬᠤ ᠶᠢ ᠰᠦᠪᠡᠭᠴᠢᠯᠡᠵᠦ᠂ ᠳᠤᠰᠬᠠᠶᠢᠵᠢᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠡᠩᠨᠡᠭᠡ ᠶᠢ ᠪᠠᠶᠢᠭᠤᠯᠤᠨ᠂ ᠦᠳᠡᠯᠬᠦ ᠳᠤ ᠠᠰᠠᠷᠠᠮᠵᠢ ᠲᠠᠢ ᠪᠠ | ᠦᠳᠡᠯᠬᠦ ᠳᠤ ᠪᠠᠶᠠᠷ ᠬᠦᠷ ᠲᠠᠢ ᠪᠠᠶᠢᠬᠤ ᠠᠵᠢᠯ ᠢ ᠵᠡᠷᠭᠡᠪᠡᠷ ᠠᠬᠢᠭᠤᠯᠵᠤ᠂ ᠣᠶᠣᠨᠴᠢ ᠨᠠᠰᠤᠵᠢᠯ ᠤᠨ ᠠᠰᠠᠷᠠᠮᠵᠢ ᠶᠢ ᠲᠠᠰᠤᠷᠠᠯᠲᠠ ᠦᠭᠡᠢ ᠠᠬᠢᠭᠤᠯᠤᠨ᠂ | ᠪᠤᠭᠤᠷᠤᠯᠴᠤᠳ ᠤᠨ ᠠᠵᠤ ᠠᠬᠤᠢ ᠶᠢ ᠶᠡᠬᠡᠪᠡᠷ ᠬᠥᠭᠵᠢᠭᠦᠯᠵᠤ᠂ ᠨᠠᠰᠤᠳᠠᠶᠢᠴᠤᠳ ᠤᠨᠠᠮᠢᠳᠤᠷᠠᠯ ᠢ ᠨᠡᠩ ᠳᠠᠭᠠᠯᠠᠮᠵᠢᠲᠠᠢ ᠪᠣᠯᠭᠠᠬᠤ ᠰᠠᠨᠠᠭᠤᠯᠭ᠎ᠠ ᠳᠤᠷᠠᠳᠤᠪᠠ᠃ | ᠬᠤᠲᠠ ᠶᠢᠨ ᠤᠯᠤᠰ ᠲᠥᠷᠤ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ ᠱᠢ ᠰᠢᠣᠸᠠᠢ ᠰᠦᠩ ︽ᠶᠢᠰᠦ ᠭᠤᠷᠪᠡ︾ ᠡᠷᠳᠡᠮ ᠰᠢᠨᠵᠢᠯᠡᠭᠡᠨ ᠤ | ᠨᠡᠶᠢᠭᠡᠮᠯᠢᠭ ᠤᠨ ᠬᠤᠲᠠ ᠶᠢᠨ ᠬᠤᠷᠢᠶ᠎ᠠ ᠶᠢ ᠲᠦᠯᠥᠭᠡᠯᠡᠨ ︽ᠦᠢᠯᠡᠳᠭᠦᠨ ᠤ ᠨᠡᠭᠦᠷᠡᠰᠦᠳᠦ᠋ᠷᠣᠭ᠍ᠴᠢ ᠶᠢᠨ ᠤᠯᠠ ᠮᠥᠷ ᠤᠨ ᠬᠠᠮᠢᠶᠠᠷᠤᠯᠲᠠ ᠶᠢᠨ ᠲᠣᠭᠳᠠᠯᠴᠠᠭ᠎ᠠ ᠶᠢ | ᠪᠠᠶᠢᠭᠤᠯᠬᠤ ᠲᠤᠬᠠᠢ ᠬᠡᠳᠤᠨ ᠰᠠᠨᠠᠭᠤᠯᠭ᠎ᠠ︾ ᠭᠡᠬᠦ ᠰᠡᠳᠦᠪ ᠢᠶᠠᠷ ᠶᠠᠷᠢᠶ᠎ᠠ ᠲᠠᠯᠪᠢᠵᠤ᠂ ᠳᠡᠭᠡᠲᠤ ᠪᠠᠶᠢᠷᠢᠨ ᠳᠤ ᠠᠬᠢᠭᠤᠯᠬᠤ ᠶᠢ ᠪᠠᠷᠢᠮᠲᠠᠯᠠᠨ᠂ᠲᠥᠷᠥ ᠶᠢᠨ | ᠪᠣᠳᠣᠯᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠤᠨ᠂ ᠦᠢᠯᠡᠳᠬᠦᠨ ᠤ ᠪᠠᠷᠢᠮᠵᠢᠶ᠎ᠠ ᠶᠢ ᠲᠣᠭᠲᠠᠭᠠᠵᠤ᠂ ᠦᠢᠯᠠᠴᠢᠯᠡᠭᠡᠨ ᠤ ᠲᠠᠪᠴᠠᠩ ᠢ ᠪᠠᠶᠢᠭᠤᠯᠤᠨ᠂ | ᠴᠢᠳᠡᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠠᠨ ᠤ ᠬᠤᠲᠠ ᠶᠢᠨ ᠦᠢᠯᠡᠳᠬᠦᠨ ᠤ ᠨᠡᠭᠦᠷᠡᠰᠤᠳᠦ᠋ᠷᠣᠭ᠍ᠴᠢ ᠶᠢᠨ ᠤᠯᠠ ᠮᠥᠷ ᠤᠨ ᠬᠠᠮᠢᠶᠠᠷᠤᠯᠲᠠ ᠶᠢᠨ | ᠲᠣᠭᠲᠠᠯᠴᠠᠭ᠎ᠠ ᠶᠢ ᠪᠠᠶᠢᠭᠤᠯᠬᠤ ᠶᠢ ᠠᠬᠢᠭᠤᠯᠬᠤ ᠰᠠᠨᠠᠭᠤᠯᠭ᠎ᠠ ᠳᠤᠷᠠᠳᠤᠪᠠ᠃ | ᠬᠤᠲᠠ ᠶᠢᠨ ᠤᠯᠤᠰ ᠲᠥᠷᠤ ᠶᠢᠨ ᠵᠥᠪᠯᠡᠯᠭᠡᠨ ᠤ ᠭᠡᠰᠢᠭᠦᠨ ᠢᠦᠢ ᠬᠠᠢ ᠵᠦᠩ ︽ᠠᠵᠢᠯ ᠲᠦᠷᠤᠯ ᠤᠨ ᠬᠠᠶᠢᠷ᠎ᠠ ᠰᠡᠳᠭᠢᠯᠭᠡ ᠪᠠᠨ ᠪᠠᠲᠤᠯᠠᠵᠤ᠂ ᠡᠬᠢ | ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ ᠬᠠᠮᠳ᠋ᠳᠤᠷᠠᠨ ᠣᠷᠤᠰᠢᠬᠤ ᠲᠣᠮᠣ ᠵᠢᠭᠤᠯᠴᠢᠯᠠᠯ ᠤᠨ ᠪᠠᠶᠢᠷᠢᠰᠢᠯ ᠢ ᠪᠥᠬᠦ ᠬᠦᠴᠦᠨ ᠢᠶᠠᠷ ᠢᠶᠠᠨ ᠴᠤᠭᠴᠠᠯᠠᠶ᠎ᠠ— | ᠣᠷᠳᠣᠰ ᠤᠨ ᠵᠢᠭᠤᠯᠴᠢᠯᠡᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠣᠯᠬᠢᠯᠠᠯ ᠪᠠ ᠰᠠᠨᠠᠭᠤᠯᠭ᠎ᠠ︾ ᠭᠡᠬᠦ ᠰᠡᠳᠤᠪ ᠢᠶᠠᠷ ᠶᠠᠷᠢᠶ᠎ᠠ | ᠲᠠᠯᠪᠢᠵᠤ᠂ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠪᠡᠯᠡ ᠣᠷᠣᠭᠤᠯᠤᠯᠲᠠ ᠶᠢᠨ ᠤᠷᠢᠳᠴᠢᠯᠠᠨ ᠮᠠᠭᠠᠳᠯᠠᠯᠲᠠ ᠶᠢ | ᠴᠢᠩᠭᠠᠳᠬᠠᠨ᠂ ᠬᠥᠭᠵᠢᠯᠲᠠ ᠶᠢᠨ ᠰᠠᠭᠤᠷᠢ ᠮᠦᠩᠬᠦ ᠶᠢ ᠪᠠᠶᠢᠭᠤᠯᠵᠤ᠂ ᠰᠣᠶᠣᠯ ᠤᠨ ᠰᠠᠭᠤᠷᠢ ᠡᠭᠦᠳᠦᠯᠲᠠ ᠶᠢ ᠬᠥᠭᠵᠢᠭᠦᠯᠵᠦ᠂ ᠬᠦᠯᠢᠶᠡᠨ ᠠᠪᠬᠤ ᠬᠦᠴᠦᠨ | ᠵᠦᠢᠯ ᠢ ᠲᠡᠭᠦᠯᠳᠡᠷᠵᠢᠭᠦᠯᠦᠨ᠂ ᠢᠷᠡᠭᠡᠳᠦᠢ ᠶᠢᠨ ᠬᠥᠭᠵᠢᠯᠲᠡ ᠶᠢ ᠲᠦᠯᠤᠪᠯᠡᠨ ᠰᠡᠲᠤᠵᠤ᠂ ᠤᠷᠳᠤᠰ ᠤᠨ ᠵᠢᠭᠤᠯᠴᠢᠯᠡᠯ ᠤᠨ ᠦᠢᠯᠡᠰ ᠤᠨ ᠴᠢᠨᠠᠷ ᠰᠠᠶᠢᠲᠠᠢ | ᠬᠦᠭᠵᠢᠯᠲᠡ ᠶᠢ ᠠᠬᠢᠭᠤᠯᠬᠤ ᠰᠠᠨᠠᠭᠤᠯᠭ᠎ᠠ ᠳᠤᠷᠠᠳᠤᠪᠠ᠃ | ᠬᠤᠲᠠ ᠶᠢᠨ ᠤᠯᠤᠰ ᠲᠥᠷᠤ ᠶᠢᠨ ᠵᠥᠪᠯᠡᠯᠭᠡᠨ ᠤ ᠭᠡᠰᠢᠭᠦᠨ ᠲᠢᠶᠠᠨ ᠹᠧᠨ ᠴᠢᠩ ᠡᠵᠡᠨ ᠬᠤᠷᠤᠭ᠎ᠠ ᠬᠤᠰᠢᠭᠤᠨ ᠤ ᠤᠯᠤᠰ ᠲᠥᠷᠤ ᠶᠢᠨ ᠵᠥᠪᠯᠡᠯᠭᠡᠨ ᠢ | ᠲᠦᠯᠥᠭᠡᠯᠡᠨ᠂ ︽ᠦᠨᠡᠨ ᠢ ᠪᠠᠷᠢᠮᠳᠠᠯᠠᠵᠤ᠂ ᠴᠢᠨᠠᠷ ᠲᠡᠰ ᠢ ᠳᠡᠭᠡᠭᠰᠢᠯᠡᠭᠦᠯᠦᠨ ᠦᠷ᠎ᠡ ᠪᠦᠲᠣᠮᠵᠢ ᠶᠢ ᠨᠡᠮᠡᠭᠳᠡᠭᠦᠯᠵᠦ᠂ ᠡᠳᠡᠭᠡᠳ ᠤᠨ ᠢᠯᠭᠠᠯ ᠤᠨ ᠳᠠᠪᠠᠭᠤᠯᠢᠭ ᠢᠶᠠᠷ | ᠤᠯᠤᠰ ᠲᠥᠷᠤ ᠶᠢᠨ ᠵᠥᠪᠯᠡᠯᠭᠡᠨ ᠤ ᠲᠤᠰᠢᠶᠠᠯ ᠬᠠᠷᠢᠭᠤᠴᠠᠯᠭ᠎ᠠ ᠪᠠᠨ ᠴᠢᠨᠠᠷ ᠰᠠᠶᠢᠲᠠᠢ ᠭᠦᠢᠴᠡᠳᠭᠡᠬᠦ ᠶᠢ ᠠᠬᠢᠭᠤᠯᠤᠶ᠎ᠠ︾ ᠭᠡᠬᠦ ᠰᠡᠳᠦᠪ ᠢᠶᠠᠷ ᠶᠠᠷᠢᠶ᠎ᠠ ᠲᠠᠯᠪᠢᠵᠤ᠂ | ᠡᠳᠡᠭᠡᠳ ᠤᠨ ᠢᠯᠭᠠᠯ ᠤᠨ ᠤᠬᠠᠮᠰᠠᠷ ᠢ ᠴᠢᠩᠭᠠᠳᠬᠠᠵᠤ ᠳᠠᠪᠠᠭᠤᠯᠢᠭ ᠢ ᠪᠠᠲᠠᠷᠠᠭᠤᠯᠤᠨ᠂ ᠡᠳᠡᠭᠡᠳ ᠤᠨ ᠢᠯᠭᠠᠯ ᠤᠨ ᠨᠦᠯᠥᠭᠡ ᠶᠢ ᠦᠷᠭᠡᠳᠭᠡᠵᠦ᠂ ᠶᠡᠭᠡ ᠲᠠᠯ᠎ᠠ ᠳᠤ | ᠨᠡᠩ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠦᠢᠯᠡᠴᠢᠯᠠᠵᠦ᠂ ᠤᠯᠤᠰ ᠲᠥᠷᠥ ᠶᠢᠨ ᠵᠥᠪᠯᠡᠯᠭᠡᠨ ᠤ ᠡᠭᠦᠷᠭᠡ ᠴᠢᠳᠡᠪᠬᠢ ᠪᠠᠨ ᠬᠢᠨᠠᠮᠠᠭᠠᠢ ᠭᠦᠢᠴᠡᠳᠭᠡᠨ᠂ | ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠤᠯᠤᠰ ᠲᠥᠷᠤ ᠶᠢᠨ ᠵᠥᠪᠯᠡᠯᠭᠡᠨ ᠤ ᠣᠶᠣᠨ ᠤᠬᠠᠭᠠᠨ ᠪᠠ ᠬᠦᠴᠦᠨ | ᠴᠢᠳᠠᠯ ᠢᠶᠠᠨ ᠲᠠᠰᠤᠷᠠᠯᠲᠠ ᠦᠭᠡᠢ ᠨᠡᠮᠡᠷᠢᠯᠡᠬᠦ ᠰᠠᠨᠠᠭᠤᠯᠭ᠎ᠠ ᠳᠤᠷᠠᠳᠤᠪᠠ᠃ | ᠬᠤᠲᠠ ᠶᠢᠨ ᠤᠯᠤᠰ ᠲᠥᠷᠥ ᠶᠢᠨ ᠵᠦᠪᠯᠡᠯᠭᠡᠨ ᠤ ᠭᠡᠰᠢᠭᠦᠨ ᠷᠧᠨ ᠷᠥᠸᠧ ᠯᠢᠩ ︽ᠭᠡᠰᠢᠭᠦᠳ ᠤᠨ ᠲᠤᠰᠬᠠᠢ ᠮᠡᠷᠭᠡᠵᠢᠯ ᠢ ᠪᠠᠳᠠᠷᠠᠭᠤᠯᠤᠨ᠂ ᠭᠡᠰᠢᠭᠦᠳ ᠤᠨ | ᠡᠭᠦᠷᠭᠡᠯᠡᠯ ᠬᠠᠷᠢᠭᠤᠴᠠᠯᠭ᠎ᠠ ᠶᠢ ᠢᠯᠡᠷᠡᠭᠦᠯᠵᠦ᠂ ᠤᠯᠤᠰ ᠲᠦᠷᠦ ᠶᠢᠨ ᠵᠥᠪᠯᠡᠯᠭᠡᠨ+ ᠰᠢᠭᠦᠬᠦ ᠬᠤᠷᠢᠶ᠎ᠠ ᠳᠤ ᠲᠦᠰᠢᠭᠯᠡᠨ ᠨᠡᠶᠢᠭᠡᠮ ᠤᠨ ᠵᠠᠰᠠᠯᠲᠠ ᠳᠤ ᠬᠦᠴᠣᠨ | ᠨᠡᠮᠡᠷᠢᠯᠡᠶ᠎ᠡ︾ ᠭᠡᠬᠦ ᠰᠡᠳᠦᠪ ᠢᠶᠠᠷ ᠶᠠᠷᠢᠶ᠎ᠠ ᠲᠠᠯᠪᠢᠵᠤ᠂ ᠤᠯᠤᠰ ᠲᠥᠷᠤ ᠶᠢᠨ ᠵᠥᠪᠯᠡᠯᠭᠡᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠰᠢᠨ᠎ᠡ ᠳᠣᠭᠲᠠᠴᠠ ᠶᠢ | ᠬᠠᠶᠢᠨ ᠰᠦᠪᠡᠭᠴᠢᠯᠡᠵᠦ᠂ ᠭᠡᠰᠢᠭᠦᠳ ᠤᠨ ᠲᠤᠰᠢᠶᠡᠯ ᠬᠠᠷᠢᠭᠤᠴᠠᠯᠭ᠎ᠠ ᠪᠠᠨ ᠭᠦᠢᠴᠡᠳᠭᠡᠬᠦ ᠰᠢᠨ᠎ᠡ ᠬᠦᠷᠢᠶ᠎ᠡ ᠴᠠᠷᠠᠭ᠎ᠠ ᠶᠢ ᠦᠷᠭᠡᠳᠭᠡᠨ᠂ ᠦᠢᠯᠡᠳᠤᠯ ᠢᠶᠠᠨ | ᠪᠠᠲᠠᠷᠠᠭᠤᠯᠬᠤ ᠰᠢᠨ᠎ᠡ ᠲᠠᠪᠴᠡᠩ ᠢ ᠪᠠᠶᠢᠭᠤᠯᠵᠤ᠂ ᠨᠡᠶᠢᠭᠡᠮ ᠤᠨ ᠵᠠᠰᠠᠯᠲᠠ ᠶᠢᠨ ᠠᠵᠢᠯ ᠤᠨ ᠬᠦᠨᠵᠡᠭᠡᠶᠢᠷᠡᠨ ᠪᠤᠳᠠᠲᠠᠶᠢᠵᠢᠬᠤ ᠶᠢ ᠦᠷᠭᠦᠯᠵᠢᠯᠡᠨ | ᠠᠬᠢᠭᠤᠯᠬᠤ ᠰᠠᠨᠠᠭᠤᠯᠭ᠎ᠠ ᠳᠤᠷᠠᠳᠤᠪᠠ᠃ | ᠬᠤᠲᠠ ᠶᠢᠨ ᠤᠯᠤᠰ ᠲᠥᠷᠤ ᠶᠢᠨ ᠵᠥᠪᠯᠡᠯᠭᠡᠨ ᠤ ᠭᠡᠰᠢᠭᠦᠨ ᠹᠧᠩ ᠶᠡ ᠫᠢᠩ ︽ᠪᠡᠶ᠎ᠡ ᠶᠢᠨ ᠲᠠᠮᠢᠷ ᠤᠨ ᠬᠥᠳᠡᠯᠭᠡᠭᠡᠨ ᠢ ᠬᠡᠣᠬᠡᠳ ᠤᠨ ᠡᠷᠡᠭᠦᠯ ᠮᠠᠨᠳᠣ ᠶᠢ | ᠬᠠᠮᠠᠭᠠᠯᠠᠬᠤ ᠵᠠᠪᠠᠯ ᠰᠤᠷᠬᠤ ᠬᠢᠴᠢᠶᠡᠯ ᠪᠣᠯᠭᠠᠶ᠎ᠠ︾ ᠭᠡᠬᠦ ᠰᠡᠳᠤᠪ ᠢᠶᠠᠷ ᠶᠠᠷᠢᠶ᠎ᠠ ᠲᠠᠯᠪᠢᠵᠤ᠂ ᠰᠢᠯᠭᠠᠯᠲᠠ ᠶᠢ ᠠᠷᠭᠠᠴᠠᠭᠠᠬᠤ ᠰᠤᠷᠭᠠᠨ ᠬᠥᠮᠤᠵᠢᠯ ᠤᠨ ᠦᠵᠡᠯ | ᠤᠬᠠᠮᠰᠠᠷ ᠢᠶᠠᠨ ᠬᠤᠪᠢᠷᠠᠭᠤᠯᠵᠤ᠂ ᠡᠷᠡᠭᠦᠯ ᠮᠠᠨᠳᠤ ᠳᠤ ᠠᠰᠢᠭᠲᠠᠢ ᠢᠳᠡᠭᠡᠨ ᠤᠮᠳᠠᠭᠠᠨ ᠤ ᠤᠬᠠᠮᠰᠠᠷ ᠢ ᠪᠣᠢ ᠪᠣᠯᠭᠠᠨ᠂ ᠰᠣᠷᠣᠭᠴᠢᠳ ᠤᠨ ᠪᠡᠶ᠎ᠡ ᠶᠢᠨ ᠳᠠᠮᠢᠷ ᠤᠨ | ᠴᠤᠭᠯᠠᠭᠠᠨ ᠢ ᠣᠯᠠᠨ ᠬᠡᠯᠪᠡᠷᠢ ᠮᠠᠶ᠋ᠢᠭ ᠢᠶᠠᠷ ᠡᠷᠬᠢᠯᠡᠵᠤ᠂ ᠰᠣᠷᠣᠭᠴᠢᠳ ᠡᠳᠤᠷ ᠪᠦᠷᠢ ᠨᠢᠭᠡ ᠴᠠᠭ ᠪᠡᠶ᠎ᠡ ᠪᠠᠨ ᠪᠣᠯᠪᠡᠰᠤᠷᠠᠭᠤᠯᠬᠤ ᠶᠢ ᠪᠠᠲᠤᠯᠠᠨ᠂ ᠬᠡᠣᠬᠡᠳ ᠤᠨ | ᠪᠡᠶ᠎ᠡ ᠮᠠᠬᠠᠪᠤᠳ ᠤᠨ ᠡᠷᠡᠭᠦᠯ ᠮᠠᠨᠳᠤ ᠶᠢᠨ ᠬᠢᠷᠢ ᠲᠦᠪᠰᠢᠨ ᠢ ᠦᠨᠡᠨ ᠬᠦ ᠪᠦᠲᠦᠮᠵᠢᠲᠠᠢ ᠳᠡᠭᠡᠭᠰᠢᠯᠡᠭᠦᠯᠬᠦ ᠰᠠᠨᠠᠭᠤᠯᠭ᠎ᠠ ᠳᠤᠷᠠᠳᠤᠪᠠ᠃ | ᠬᠤᠲᠠ ᠶᠢᠨ ᠤᠯᠤᠰ ᠲᠥᠷᠤ ᠶᠢᠨ ᠵᠥᠪᠯᠡᠯᠭᠡᠨ ᠤ ᠭᠡᠰᠢᠭᠦᠨ ᠸᠠᠩ ᠵᠠᠨ ᠱᠠᠨ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦ | ᠬᠦᠴᠦᠨ ᠪᠣᠯᠭᠠᠵᠤ᠂ ᠪᠤᠬᠢᠷᠳᠦᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠪᠠᠷ ᠡᠭᠦᠷᠭᠡ ᠪᠣᠯᠭᠠᠨ᠂ ᠲᠤᠯᠠᠭᠠᠨ ᠬᠤᠲᠠ ᠶᠢᠨ ᠬᠦᠩᠬᠡᠨᠨᠴᠠᠭᠠᠨ ᠤ ᠦᠢᠯᠡᠰ ᠤᠨ | ᠴᠢᠨᠠᠷ ᠰᠠᠶᠢᠲᠠᠢ ᠬᠥᠭᠵᠢᠯᠲᠠ ᠶᠢ ᠠᠬᠢᠭᠤᠯᠤᠶ᠎ᠠ︾ ᠭᠡᠬᠦ ᠰᠡᠳᠤᠪ ᠢᠶᠠᠷ ᠶᠠᠷᠢᠶ᠎ᠠ ᠲᠠᠯᠪᠢᠵᠤ᠂ ᠠᠵᠤ ᠦᠢᠯᠡᠰ ᠤᠨ ᠬᠡᠯᠬᠢᠶ᠎ᠠ ᠪᠠᠷ ᠠᠷᠠᠯᠵᠢᠶᠠᠴᠢᠨ ᠤᠷᠢᠬᠤ ᠶᠢ | ᠴᠢᠩᠭᠠᠳᠬᠠᠵᠤ᠂ ᠬᠦᠩᠬᠡᠨᠴᠠᠭᠠᠨ ᠤ ᠲᠦᠭᠦᠬᠡᠢ ᠮᠠᠲ᠋ᠧᠷᠢᠢᠶᠠᠯ ᠢ ᠲᠤᠬᠠᠢ ᠶᠢᠨ ᠭᠠᠵᠠᠷ ᠲᠤᠨᠢ ᠬᠤᠪᠢᠷᠠᠭᠤᠯᠬᠤ ᠶᠢ ᠠᠬᠢᠭᠤᠯᠵᠤ᠂ ︽ᠪᠣᠬᠢᠷᠳᠤᠯ ᠦᠭᠡᠢ ᠴᠠᠬᠢᠯᠭᠠᠨ︾ ᠢ | ᠳᠡᠯᠭᠡᠷᠡᠭᠦᠯᠦᠨ ᠬᠡᠷᠡᠭᠯᠡᠵᠦ᠂ ︽ᠳᠣᠣᠷ᠎ᠠ ᠨᠡᠭᠦᠷᠡᠰᠦᠳᠦ᠋ᠷᠣᠭ᠍ᠴᠢᠲᠦ ᠬᠦᠩᠭᠡᠨᠴᠠᠭᠠᠨ︾ ᠦᠢᠯᠡᠳᠪᠤᠷᠢᠯᠡᠬᠦ ᠶᠢ ᠵᠣᠷᠢᠭᠵᠢᠭᠤᠯᠵᠤ᠂ ᠬᠦᠩᠬᠡᠨᠴᠠᠭᠠᠨ ᠤ ᠠᠵᠤ ᠦᠢᠯᠡᠰ ᠢ | ᠳᠡᠭᠡᠲᠦ ᠳᠡᠰ ᠤᠨ᠂ ᠣᠶᠤᠨᠴᠢᠯᠠᠭᠰᠠᠨ᠂ ᠪᠣᠬᠢᠷᠳᠤᠯ ᠦᠭᠡᠢ ᠲᠠᠶᠢᠰᠢ ᠬᠥᠭᠵᠢᠭᠦᠯᠬᠦ ᠶᠢ ᠠᠬᠢᠭᠤᠯᠵᠤ᠂ ᠤᠷᠳᠤᠰ ᠤᠨ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠳᠤ ᠬᠦᠴᠣᠨ ᠴᠢᠳᠠᠯ ᠢᠶᠠᠨ ᠡᠷᠭᠦᠬᠦ ᠰᠠᠨᠠᠭᠤᠯᠭ᠎ᠠ ᠳᠤᠷᠠᠳᠤᠪᠠ᠃ | ᠣᠶᠢᠯᠠᠭᠠᠭᠰᠠᠨ ᠢᠶᠠᠷ᠂ ᠬᠤᠲᠠ ᠶᠢᠨ ᠤᠯᠤᠰ ᠲᠥᠷᠤ ᠶᠢᠨ ᠵᠥᠪᠯᠡᠯᠭᠡᠨ ᠤ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠤᠳᠠᠭᠠᠨ ᠤ | ᠬᠤᠷᠠᠯ ᠳᠤ ᠶᠡᠭᠡ ᠬᠤᠷᠠᠯ ᠤᠨ ᠶᠠᠷᠢᠶ᠎ᠠ ᠶᠢ ᠨᠠᠶᠢᠳᠠ 90 ᠬᠤᠪᠢ ᠬᠤᠷᠢᠶᠠᠨ ᠣᠯᠵᠠᠢ᠃ ᠬᠤᠷᠠᠯ ᠤᠨ ᠲᠠᠷᠠᠭ᠎ᠠ᠂ ᠬᠤᠲᠠ ᠶᠢᠨ ᠤᠯᠤᠰ ᠲᠥᠷᠦ ᠶᠢᠨ ᠵᠥᠪᠯᠡᠯᠭᠡᠨ ᠤ | ᠠᠯᠪᠠᠨ ᠭᠡᠷ ᠠᠴᠠ ᠡᠳᠡᠭᠡᠷ ᠶᠠᠷᠢᠶ᠎ᠠ ᠶᠢᠨ ᠮᠠᠲ᠋ᠧᠷᠢᠶᠠᠯ ᠳᠤ ᠲᠤᠰᠬᠠᠭᠰᠠᠨ ᠴᠢᠬᠤᠯᠠ ᠪᠠᠶᠢᠳᠠᠯ ᠪᠠ ᠳᠤᠷᠠᠳᠤᠭᠰᠠᠨ ᠰᠠᠨᠠᠯ ᠰᠠᠨᠠᠭᠤᠯᠭ᠎ᠠ ᠶᠢ ᠨᠠᠷᠢᠨ ᠬᠢᠨᠡᠮᠠᠭᠠᠢ ᠡᠮᠬᠢᠯᠡᠵᠦ᠂ | ᠭᠡᠰᠢᠭᠦᠳ ᠤᠨ ᠰᠠᠨᠠᠯ ᠳᠤᠷᠠᠳᠤᠯᠭ᠎ᠠ ᠪᠠ ᠰᠠᠨᠠᠯ ᠰᠠᠨᠠᠭᠤᠯᠭ᠎ᠠ ᠶᠢᠨ ᠲᠤᠰᠬᠠᠢ ᠮᠡᠳᠡᠭᠦᠯᠦᠯᠲᠡ ᠪᠤᠶᠤ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠭᠰᠠᠨ | ᠮᠡᠳᠡᠭᠡ ᠵᠠᠩᠬᠢ ᠶᠢᠨ ᠬᠡᠯᠪᠡᠷᠢ ᠪᠠᠷ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ | ᠬᠦᠷᠭᠡᠵᠦ ᠯᠠᠪᠯᠠᠯᠲᠠ ᠪᠣᠯᠭᠠᠨ᠎ᠠ᠃ | | | |