| ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ ᠨᠢᠭᠡᠳᠦᠯᠲᠡᠢ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ ᠮᠠᠨ ᠤ ᠣᠷᠣᠨ ᠤ | 2024 ᠣᠨ ᠳᠠᠬᠢ ᠦᠢᠯᠡᠳᠪᠦᠷᠢᠯᠡᠯ ᠤᠨ ᠶᠡᠷᠦᠩᠬᠡᠢ ᠥᠷᠲᠡᠭ 26315 ᠳ᠋ᠦᠩᠰᠢᠭᠤᠷ ᠲᠥᠭᠦᠷᠢᠭ ᠪᠠᠶᠢᠵᠤ᠂ ᠬᠤᠪᠢᠷᠠᠯᠲᠠ ᠦᠭᠡᠢ ᠦᠨ᠎ᠡ ᠪᠠᠷ ᠪᠣᠳᠣᠪᠠᠯ᠂ | ᠲᠦᠷᠦᠭᠦᠦ ᠵᠢᠯ ᠤᠨ ᠬᠢ ᠠᠴᠠ 5.8% ᠪᠠᠷ ᠨᠡᠮᠡᠭᠳᠡᠪᠡ᠃ ᠪᠦᠬᠦ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢᠶᠠᠷ ᠢᠶᠠᠨ ᠪᠦᠬᠦ ᠤᠯᠤᠰ ᠤᠨ 20 | ᠳ᠋ᠤᠭᠠᠷ ᠲᠤ ᠵᠢᠭᠰᠠᠭᠠᠭᠳᠠᠵᠤ᠂ 2023 ᠣᠨ ᠤ ᠬᠢ ᠲᠠᠢ ᠠᠳᠠᠯᠢᠳᠬᠠᠪᠠᠯ 1 ᠨᠡᠷᠡᠰ ᠤᠷᠤᠭᠰᠢᠯᠠᠪᠠ᠃ ᠠᠵᠤ ᠦᠢᠯᠡᠰ ᠢᠶᠠᠷ ᠠᠩᠭᠢᠯᠠᠪᠠᠯ᠂ ᠨᠢᠭᠡᠳᠦᠭᠡᠷ ᠠᠵᠤ | ᠦᠢᠯᠡᠰ ᠤᠨ ᠨᠡᠮᠡᠭᠳᠡᠯ ᠥᠷᠲᠡᠭ 2873 ᠳ᠋ᠦᠩᠰᠢᠭᠤᠷ ᠲᠥᠭᠦᠷᠢᠭ ᠲᠤ ᠬᠦᠷᠴᠦ᠂ ᠪᠦᠬᠦ ᠤᠯᠤᠰ ᠤᠨ 15 ᠳ᠋ᠤᠭᠠᠷ ᠲᠤ ᠵᠢᠭᠰᠠᠭᠠᠭᠳᠠᠪᠠ︔ ᠬᠤᠶᠠᠳᠤᠭᠠᠷ ᠠᠵᠤ | ᠦᠢᠯᠡᠰ ᠤᠨ ᠨᠡᠮᠡᠭᠳᠡᠯ ᠥᠷᠲᠡᠭ 11604 ᠳ᠋ᠦᠩᠰᠢᠭᠤᠷ ᠲᠥᠭᠦᠷᠢᠭ ᠲᠤ ᠬᠦᠷᠴᠦ᠂ ᠪᠦᠬᠦ ᠤᠯᠤᠰ ᠤᠨ 16 ᠳ᠋ᠤᠭᠠᠷ ᠲᠤ ᠵᠢᠭᠰᠠᠭᠠᠭᠳᠠᠵᠤ᠂ ᠡᠭᠦᠨ ᠳᠤ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠨᠢ ᠠᠩᠬ᠎ᠠ ᠤᠳᠠᠭ᠎ᠠ ᠲᠦᠮᠡᠨ ᠳ᠋ᠦᠩᠰᠢᠭᠤᠷ ᠤᠨ ᠶᠡᠭᠡ ᠪᠣᠭᠤᠮᠲᠠ ᠶᠢ ᠳᠠᠪᠠᠵᠤ᠂ 10002 ᠳ᠋ᠦᠩᠰᠢᠭᠤᠷ ᠲᠥᠭᠦᠷᠢᠭ ᠲᠤ | ᠬᠦᠷᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 11838 ᠳ᠋ᠦᠩᠰᠢᠭᠤᠷ ᠲᠥᠭᠦᠷᠢᠭ ᠲᠤ ᠬᠦᠷᠴᠦ᠂ ᠪᠦᠬᠦ ᠤᠯᠤᠰ ᠤᠨ 22 ᠳ᠋ᠤᠭᠠᠷ ᠲᠤ | ᠵᠢᠭᠰᠠᠭᠠᠭᠳᠠᠪᠠ᠃ ᠪᠦᠬᠦ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠡᠮᠡᠭᠳᠡᠯ ᠬᠤᠷᠳᠤᠴᠠ ᠪᠠᠷ ᠢᠶᠠᠨ ᠪᠦᠬᠦ ᠤᠯᠤᠰ ᠤᠨ 3 ᠳ᠋ᠤᠭᠠᠷ ᠲᠤ | ᠵᠢᠭᠰᠠᠭᠠᠭᠳᠠᠵᠤ᠂ ᠬᠤᠶᠠᠷ ᠵᠢᠯ ᠳᠠᠷᠠᠭᠠᠯᠠᠨ ᠪᠦᠬᠦ ᠤᠯᠤᠰ ᠤᠨ ᠡᠮᠦᠨ᠎ᠡ ᠭᠤᠷᠪᠠ ᠳᠤ ᠪᠠᠶᠢᠷᠢᠯᠠᠬᠤ ᠨᠡᠮᠡᠭᠳᠡᠯ ᠬᠤᠷᠳᠤᠴᠠ ᠶᠢ ᠪᠠᠲᠤᠯᠠᠪᠠ᠃ ᠠᠵᠤ ᠦᠢᠯᠡᠰ ᠢᠶᠠᠷ | ᠠᠩᠭᠢᠯᠠᠪᠠᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.6% ᠪᠠᠷ ᠨᠡᠮᠡᠭᠳᠡᠵᠦ᠂ ᠪᠦᠬᠦ ᠤᠯᠤᠰ ᠤᠨ 5 ᠳ᠋ᠤᠭᠠᠷ ᠲᠤ | ᠵᠢᠭᠰᠠᠭᠠᠭᠳᠠᠪᠠ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 7% ᠪᠠᠷ ᠨᠡᠮᠡᠭᠳᠡᠵᠦ᠂ ᠪᠦᠬᠦ ᠤᠯᠤᠰ ᠤᠨ 5 ᠳ᠋ᠤᠭᠠᠷ ᠲᠤ ᠵᠢᠭᠰᠠᠭᠠᠭᠳᠠᠪᠠ︔ ᠭᠤᠷᠪᠠᠳᠤᠭᠠᠷ | ᠠᠵᠤ ᠦᠢᠯᠡᠰ ᠤᠨ ᠨᠡᠮᠡᠭᠳᠡᠯ ᠥᠷᠲᠡᠭ 4.9% ᠪᠠᠷ ᠨᠡᠮᠡᠭᠳᠡᠵᠦ᠂ ᠪᠦᠬᠦ ᠤᠯᠤᠰ ᠤᠨ 14 ᠳ᠋ᠦ᠋ᠭᠡᠷ ᠲᠤ ᠵᠢᠭᠰᠠᠭᠠᠭᠳᠠᠪᠠ᠃ ︵ᠲᠤᠭ᠎ᠠ ᠪᠦᠷᠢᠳᠬᠡᠯ ᠤᠨ ᠲᠣᠪᠴᠢᠶ᠎ᠠ︶ | | | | |