ᠯᠢ ᠴᠢᠶᠠᠩ ᠲᠤᠰᠬᠠᠢ ᠮᠡᠷᠭᠡᠵᠢᠯᠲᠡᠨ᠂ ᠠᠵᠤ ᠠᠬᠤᠶᠢᠯᠠᠯᠲᠠᠨ ᠪᠠ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠪᠡᠶ᠎ᠡ ᠶᠢᠨ ᠲᠠᠮᠢᠷ ᠵᠡᠷᠭᠡ ᠬᠦᠷᠢᠶᠡᠨ ᠤ ᠲᠥᠯᠥᠭᠡᠯᠡᠭᠴᠢᠳ ᠯᠦᠭᠡ ᠶᠢᠨ ᠰᠠᠭᠤᠳᠠᠯ ᠤᠨ ᠬᠤᠷᠠᠯ ᠢ ᠡᠷᠬᠢᠯᠡᠨ ᠬᠤᠷᠠᠯᠳᠤᠭᠤᠯᠵᠤ  ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠠᠯ᠎ᠠ ᠪᠠᠷ ᠬᠢ ᠲᠤᠬᠠᠢ ᠰᠠᠨᠠᠯ ᠰᠠᠨᠠᠭᠤᠯᠭ᠎ᠠ ᠶᠢ ᠰᠣᠨᠣᠰᠪᠠ
ᠨᠡᠶᠢᠲᠡᠯᠡᠭᠰᠡᠨ ᠴᠠᠭ᠄
2025/1/22
    ᠰᠢᠨᠬᠤᠸᠠ ᠬᠤᠷᠢᠶᠠᠨ ᠤ ᠪᠡᠭᠡᠵᠢᠩ ᠤᠨ 1 ᠳ᠋ᠦ᠋ᠭᠡᠷ ᠰᠠᠷ᠎ᠠ ᠶᠢᠨ 20᠎ ᠤ ᠡᠳᠦᠷ ᠤᠨ ᠴᠠᠬᠢᠯᠭᠠᠨ ᠮᠡᠳᠡᠭᠡ  ᠳᠤᠮᠳᠠᠳᠤ ᠤᠯᠤᠰ ᠤᠨ ᠡᠪ ᠬᠠᠮᠳ᠋ᠪ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 1 ᠳ᠋ᠦ᠋ᠭᠡᠷ ᠰᠠᠷ᠎ᠠ ᠶᠢᠨ 20᠎ ᠤ ᠡᠳᠦᠷ ᠤᠨ ᠦᠳᠡ ᠶᠢᠨ ᠬᠤᠶᠢᠨ᠎ᠠ ᠲᠤᠰᠬᠠᠢ ᠮᠡᠷᠭᠡᠵᠢᠯᠲᠡᠨ᠂ ᠠᠵᠤ ᠠᠬᠤᠶᠢᠯᠠᠯᠲᠠᠨ ᠪᠠ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠪᠡᠶ᠎ᠡ ᠶᠢᠨ ᠲᠠᠮᠢᠷ ᠵᠡᠷᠭᠡ ᠬᠦᠷᠢᠶᠡᠨ ᠤ ᠲᠥᠯᠥᠭᠡᠯᠡᠭᠴᠢᠳ ᠯᠦᠭᠡ ᠶᠢᠨ ᠰᠠᠭᠤᠳᠠᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠰᠠᠨᠠᠯ ᠬᠤᠷᠢᠶᠠᠭᠰᠠᠨ ᠨᠣᠣᠷᠠᠭ︶︾᠎ ᠤᠨ ᠲᠠᠯ᠎ᠠ ᠪᠠᠷ ᠬᠢ ᠰᠠᠨᠠᠯ ᠰᠠᠨᠠᠭᠤᠯᠭ᠎ᠠ ᠶᠢ ᠰᠣᠨᠣᠰᠪᠠ᠃    ᠰᠠᠭᠤᠳᠠᠯ ᠤᠨ ᠬᠤᠷᠠᠯ ᠳᠡᠭᠡᠷ᠎ᠡ᠂ ᠵᠠᠩ ᠬᠤᠢ᠂ ᠷᠧᠨ ᠱᠤᠤ ᠪᠥᠸᠧ᠂ ᠯᠢᠦ ᠵᠢᠶᠦ᠋ᠨ᠂ ᠯᠢᠶᠠᠩ ᠸᠧᠨ ᠹᠧᠩ᠂ ᠸᠧᠢ ᠬᠤᠩ ᠰᠢᠩ᠂ ᠴᠧᠨ ᠰᠢᠤᠸᠠᠢ ᠳ᠋ᠦᠩ᠂ ᠴᠧᠨ ᠬᠤᠩ ᠶᠠᠨ᠂ ᠳ᠋ᠦ᠋ ᠪᠢᠨ᠂ ᠽᠧᠦ ᠵᠢᠩ ᠶᠤᠸᠠᠨ ᠨᠠᠷ ᠤᠷᠢᠳ ᠬᠤᠵᠢᠳ ᠦᠭᠡ ᠬᠡᠯᠡᠪᠡ᠃ ᠨᠢᠳᠤᠨᠤᠨ ᠭᠠᠳᠠᠭᠠᠳᠤ ᠶᠢᠨ ᠳᠠᠷᠤᠯᠲᠠ ᠶᠡᠬᠡᠰᠴᠦ᠂ ᠳᠣᠲᠣᠭᠠᠳᠤ ᠶᠢᠨ ᠬᠦᠴᠢᠷᠳᠡᠯ ᠨᠡᠮᠡᠭᠳᠡᠭᠰᠡᠨ ᠨᠠᠷᠢᠨ ᠪᠤᠳᠤᠯᠢᠶᠠᠨᠲᠠᠢ ᠪᠠᠶᠢᠳᠠᠯ ᠤᠨ ᠡᠮᠦᠨ᠎ᠡ᠂ ᠮᠠᠨ ᠤ ᠤᠯᠤᠰ ᠬᠤᠷᠸ᠎ᠠ ᠲᠣᠬᠢᠷᠠᠭᠤᠯᠭ᠎ᠠ ᠡᠵᠡᠮᠳᠡᠯ ᠤᠨ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠡᠭᠦᠳᠦᠯᠲᠡ ᠲᠠᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠨᠡᠶᠢᠲᠡᠯᠡᠨ᠂ ᠠᠵᠤ ᠠᠬᠤᠢ ᠶᠢᠨ ᠲᠠᠯ᠎ᠠ ᠳᠤ ᠨᠡᠯᠢᠶᠡᠳ ᠲᠦᠷᠭᠡᠨ ᠨᠡᠮᠡᠭᠳᠡᠯ ᠢ ᠪᠡᠶᠡᠯᠡᠭᠦᠯᠵᠦ᠂ ᠡᠯ᠎ᠡ ᠵᠦᠢᠯ ᠤᠨ ᠠᠵᠢᠯ ᠦᠢᠯᠡᠰ ᠰᠢᠨ᠎ᠡ ᠠᠬᠢᠴᠠ ᠲᠠᠢ ᠪᠣᠯᠵᠤ᠂ ᠵᠠᠬ᠎ᠠ ᠳᠡᠯᠭᠡᠭᠦᠷ ᠤᠨ ᠵᠢᠱᠢᠯᠲᠡ ᠪᠠ ᠨᠡᠶᠢᠭᠡᠮ ᠤᠨ ᠢᠲᠡᠭᠡᠯ ᠵᠣᠷᠢᠭ ᠪᠦᠲᠦᠮᠵᠢᠲᠡᠶ ᠳᠡᠭᠡᠭᠰᠢᠯᠡᠵᠦ᠂ ᠣᠯᠣᠭᠰᠠᠨ ᠠᠮᠵᠢᠯᠲᠠ ᠪᠦᠲᠦᠮᠵᠢ ᠴᠦ ᠬᠢᠯᠪᠠᠷ ᠪᠤᠰᠤ ᠶᠤᠮ ᠭᠡᠵᠦ ᠣᠯᠠᠨ ᠢᠶᠠᠷ ᠢᠶᠠᠨ ᠦᠵᠡᠵᠡᠭᠡᠪᠡ᠃ ᠣᠯᠠᠨ ᠢᠶᠠᠷ ᠢᠶᠠᠨ ᠪᠠᠰᠠ ᠥᠪᠡᠷᠰᠡᠳ ᠤᠨ ᠢᠶᠠᠨ ᠬᠦᠷᠢᠶ᠎ᠡ ᠯᠦᠭᠡ ᠤᠶᠠᠯᠳᠤᠭᠤᠯᠤᠨ᠂ ᠣᠳᠣᠬᠠᠨ ᠤ ᠬᠥᠭᠵᠢᠯᠲᠡ ᠶᠢᠨ ᠳᠤᠮᠳᠠᠬᠢ ᠠᠰᠠᠭᠤᠳᠠᠯ ᠢ ᠰᠢᠢᠳᠪᠦᠷᠢᠯᠡᠬᠦ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠲᠤᠬᠠᠢ ᠰᠠᠨᠠᠯ ᠰᠠᠨᠠᠭᠤᠯᠭ᠎ᠠ ᠳᠤᠷᠠᠳᠪᠠ᠃
6387307305405227984648087.jpg
    1 ᠳ᠋ᠦ᠋ᠭᠡᠷ ᠰᠠᠷ᠎ᠠ ᠶᠢᠨ 20᠎ ᠤ ᠡᠳᠦᠷ ᠤᠨ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠪᠡᠭᠡᠵᠢᠩ ᠳᠤ ᠲᠤᠰᠬᠠᠢ ᠮᠡᠷᠭᠡᠵᠢᠯᠲᠡᠨ᠂ ᠠᠵᠤ ᠠᠬᠤᠶᠢᠯᠠᠯᠲᠠᠨ ᠪᠠ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠪᠡᠶ᠎ᠡ ᠶᠢᠨ ᠲᠠᠮᠢᠷ ᠵᠡᠷᠭᠡ ᠬᠦᠷᠢᠶᠡᠨ ᠤ ᠲᠥᠯᠥᠭᠡᠯᠡᠭᠴᠢᠳ ᠯᠦᠭᠡ ᠶᠢᠨ ᠰᠠᠭᠤᠳᠠᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠰᠠᠨᠠᠯ ᠬᠤᠷᠢᠶᠠᠭᠰᠠᠨ ᠨᠣᠣᠷᠠᠭ︶︾᠎ ᠤᠨ ᠲᠠᠯ᠎ᠠ ᠪᠠᠷ ᠬᠢ ᠰᠠᠨᠠᠯ ᠰᠠᠨᠠᠭᠤᠯᠭ᠎ᠠ ᠶᠢ ᠰᠣᠨᠣᠰᠪᠠ᠃ ᠰᠢᠨᠬᠤᠸᠠ ᠬᠤᠷᠢᠶᠠᠨ ᠤ ᠰᠣᠷᠪᠤᠯᠵᠢᠯᠠᠬᠴᠢ  ᠷᠣᠣ ᠠᠢ ᠮᠢᠨ  ᠰᠡᠭᠦᠳᠡᠷᠯᠡᠪᠡ    ᠣᠯᠠᠨ ᠤ ᠶᠠᠷᠢᠶ᠎ᠠ ᠶᠢ ᠬᠢᠨᠠᠮᠠᠭᠠᠢ ᠰᠣᠨᠣᠰᠤᠭᠰᠠᠨ ᠤ ᠳᠠᠷᠠᠭ᠎ᠠ᠂ ᠯᠢ ᠴᠢᠶᠠᠩ ᠵᠢᠭᠠᠵᠤ ᠭᠠᠷᠭᠠᠬᠤ ᠳᠤ ᠪᠠᠨ᠂ ᠥᠩᠭᠡᠷᠡᠭᠰᠡᠨ ᠨᠢᠭᠡ ᠵᠢᠯ ᠳᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠥᠬᠦ ᠤᠯᠤᠰ ᠢᠶᠠᠷ ᠢᠶᠠᠨ ᠡᠷᠡᠮᠡᠬᠡᠶᠢᠯᠡᠨ ᠤᠷᠤᠭᠰᠢᠯᠠᠵᠤ᠂ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠤ ᠪᠠᠨ ᠲᠣᠭᠲᠠᠭᠤᠨ ᠪᠥᠭᠡᠳ ᠲᠣᠭᠲᠠᠭᠤᠨ ᠤ ᠳᠤᠮᠳᠠ ᠤᠷᠤᠭᠰᠢᠯᠠᠵᠤ᠂ ᠪᠥᠬᠦ ᠵᠢᠯ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠪᠠᠨ ᠤᠷᠤᠭᠰᠢᠲᠠᠢ ᠪᠡᠶᠡᠯᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ︽ᠲᠣᠭᠲᠠᠭᠤᠨ︾᠎ ᠤ ᠰᠠᠭᠤᠷᠢ ᠨᠠᠩ ᠪᠠᠬᠢᠵᠢᠵᠦ᠂ ︽ᠤᠷᠤᠭᠰᠢᠯᠠᠯᠲᠠ︾᠎ ᠶᠢᠨ ᠬᠥᠳᠡᠯᠭᠡᠭᠴᠢ ᠡᠨᠧᠷᠭᠢ ᠲᠠᠰᠤᠷᠠᠯᠲᠠ ᠦᠭᠡᠢ ᠴᠢᠩᠭᠠᠷᠠᠪᠠ᠃ ᠡᠭᠦᠨ ᠤ ᠬᠠᠮᠲᠤ᠂ ᠮᠠᠨ ᠤ ᠤᠯᠤᠰ ᠤᠨ ᠬᠥᠭᠵᠢᠯᠲᠡ ᠳᠤ ᠪᠠᠰᠠ ᠴᠥᠭᠡᠨ ᠪᠤᠰᠤ ᠬᠦᠴᠢᠷᠳᠡᠯ ᠪᠠ ᠥᠷᠢᠰᠦᠯᠳᠦᠭᠡᠨ ᠲᠤᠯᠭᠠᠷᠠᠵᠤ᠂ ᠢᠯᠠᠩᠭᠤᠶ᠎ᠠ ᠭᠠᠳᠠᠭᠠᠳᠤ ᠣᠷᠴᠢᠨ ᠨᠥᠬᠦᠴᠡᠯ ᠤᠨ ᠲᠣᠭᠲᠠᠪᠤᠷᠢ ᠦᠭᠡᠢ ᠡᠯᠧᠮᠧᠨ᠋ᠲ ᠳᠡᠭᠡᠭᠰᠢᠯᠡᠵᠦ ᠪᠣᠢ᠂ ᠡᠳᠡᠭᠡᠷ ᠪᠠᠶᠢᠳᠠᠯ ᠢ ᠣᠨᠣᠪᠴᠢᠲᠠᠢ ᠡᠵᠡᠮᠳᠡᠵᠦ᠂ ᠠᠶᠤᠯ ᠲᠦᠭᠰᠢᠭᠦᠷᠢ ᠶᠢ ᠠᠵᠠ ᠲᠣᠬᠢᠶᠠᠯ ᠪᠣᠯᠭᠠᠨ ᠬᠤᠪᠢᠷᠠᠭᠤᠯᠬᠤ ᠳᠤ ᠴᠢᠳᠠᠮᠠᠭᠠᠢ ᠪᠠᠶᠢᠬᠤ ᠬᠡᠷᠡᠭᠲᠡᠢ᠃ ᠮᠠᠨ ᠤ ᠤᠯᠤᠰ ᠲᠤ ᠪᠠᠶᠢᠭᠤᠯᠤᠯ᠂ ᠵᠠᠬ᠎ᠠ ᠳᠡᠯᠭᠡᠭᠦᠷ᠂ ᠠᠵᠤ ᠦᠢᠯᠡᠰ᠂ ᠴᠢᠳᠠᠪᠤᠷᠢᠲᠠᠨ ᠵᠡᠷᠭᠡ ᠶᠡᠷᠦᠩᠬᠡᠶᠢᠯᠡᠭᠰᠡᠨ ᠳᠠᠪᠠᠭᠤᠯᠢᠭ ᠲᠠᠢ ᠪᠠᠶᠢᠵᠤ᠂ ᠠᠵᠤ ᠠᠬᠤᠢ ᠶᠢᠨ ᠤᠷᠲᠤ ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠬᠠᠨᠳᠤᠰᠢ ᠬᠤᠪᠢᠷᠠᠭᠰᠠᠨ ᠦᠭᠡᠢ ᠮᠥᠷᠲᠡᠭᠡᠨ ᠬᠤᠪᠢᠷᠠᠬᠤ ᠴᠤ ᠦᠭᠡᠢ ᠶᠤᠮ᠂ ᠥᠪᠡᠷ ᠤᠨ ᠠᠵᠢᠯ ᠶᠠᠪᠤᠳᠠᠯ ᠢᠶᠠᠨ ᠡᠷᠡᠰ ᠭᠤᠶᠢᠪᠢᠰᠢ ᠦᠭᠡᠢ ᠰᠠᠶᠢᠲᠤᠷ ᠬᠢᠳᠡᠭ ᠯᠡ ᠶᠤᠮ ᠪᠣᠯ ᠮᠠᠨ ᠤ ᠤᠯᠤᠰ ᠤᠨ ᠠᠵᠤ ᠠᠬᠤᠢ ᠶᠢᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠯᠠᠪᠲᠠᠢ ᠠᠬᠢᠭᠤᠯᠵᠤ ᠴᠢᠳᠠᠨ᠎ᠠ ᠭᠡᠵᠡᠢ᠃    ᠯᠢ ᠴᠢᠶᠠᠩ ᠴᠢᠬᠤᠯᠠᠴᠢᠯᠠᠬᠤ ᠳᠤ ᠪᠠᠨ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠨᠡᠩ ᠢᠳᠡᠪᠬᠢᠲᠡᠢ ᠡᠳ᠋ ᠤᠨ ᠵᠠᠰᠠᠭ ᠤᠨ ᠲᠦᠷᠦ ᠶᠢᠨ ᠪᠣᠳᠣᠯᠭ᠎ᠠ ᠪᠠ ᠵᠣᠬᠢᠰᠲᠠᠢ ᠠᠭᠤᠵᠢᠭᠤ ᠪᠠᠶᠢᠯᠭᠠᠬᠤ ᠵᠣᠭᠤᠰᠤᠨ ᠤ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠂ ᠡᠳ᠋ ᠤᠨ ᠵᠠᠰᠠᠭ ᠤᠨ ᠲᠦᠷᠦ ᠶᠢᠨ ᠪᠣᠳᠣᠯᠭ᠎ᠠ ᠶᠢ ᠰᠠᠨᠠᠭᠠᠴᠢᠯᠠᠭ᠎ᠠ ᠠᠴᠠ ᠪᠠᠨ ᠤᠷᠤᠭᠰᠢ ᠪᠠᠨ ᠬᠦᠴᠦᠯᠡᠵᠦ᠂ ᠪᠣᠳᠠᠲᠠᠢ ᠵᠠᠷᠤᠯᠭ᠎ᠠ ᠶᠢ ᠲᠦᠷᠭᠡᠨ ᠪᠦᠷᠢᠯᠳᠦᠭᠦᠯᠵᠦ᠂ ᠵᠣᠭᠤᠰᠤᠨ ᠤ ᠲᠦᠷᠦ ᠶᠢᠨ ᠪᠣᠳᠣᠯᠭ᠎ᠠ ᠳᠤ ᠬᠥᠳᠡᠯᠦᠩᠭᠦᠢ ᠴᠢᠨᠠᠷ ᠢᠶᠠᠨ ᠭᠦᠢᠴᠡᠳ ᠪᠠᠶᠢᠯᠭᠠᠬᠤ ᠶᠢ ᠪᠠᠲᠤᠯᠠᠨ᠂ ᠪᠡᠯᠡ ᠮᠥᠩᠭᠦ ᠶᠢ ᠪᠣᠳᠠᠲᠤ ᠴᠣᠭᠴᠠ ᠶᠢᠨ ᠠᠵᠤ ᠠᠬᠤᠢ ᠲᠡᠶᠢᠰᠢ ᠭᠦᠢᠴᠡᠳ ᠰᠢᠯᠵᠢᠬᠦ ᠶᠢ ᠠᠬᠢᠭᠤᠯᠵᠤ᠂ ᠲᠦᠷᠦ ᠶᠢᠨ ᠪᠣᠳᠣᠯᠭ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠬᠤᠯᠠᠴᠢᠯᠠᠵᠤ᠂ ᠥᠷᠢᠰᠦᠯᠳᠦᠭᠡᠨ ᠢ ᠠᠷᠭᠠᠴᠠᠭᠠᠬᠤ᠂ ᠬᠥᠭᠵᠢᠯᠲᠡ ᠶᠢ ᠠᠬᠢᠭᠤᠯᠬᠤ ᠳᠤ ᠴᠢᠩᠭ᠎ᠠ ᠬᠦᠴᠦᠲᠡᠢ ᠲᠦᠷᠦ ᠶᠢᠨ ᠪᠣᠳᠣᠯᠭ᠎ᠠ ᠶᠢᠨ ᠳᠡᠮᠵᠢᠯᠭᠡ ᠬᠠᠩᠭᠠᠬᠤ ᠬᠡᠷᠡᠭᠲᠡᠢ᠃ ᠡᠭᠦᠨ ᠤ ᠬᠠᠮᠲᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠤᠨ ᠬᠤᠪᠢᠷᠠᠯᠲᠠ ᠶᠢ ᠲᠠᠭᠠᠨ ᠮᠥᠷᠳᠡᠵᠦ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠴᠠᠭ ᠲᠤᠬᠠᠢ ᠳᠤ ᠨᠢ ᠲᠣᠬᠢᠷᠠᠭᠤᠯᠵᠤ᠂ ᠲᠥᠷᠥ ᠶᠢᠨ ᠪᠣᠳᠣᠯᠭ᠎ᠠ ᠶᠢᠨ ᠬᠠᠮ ᠠᠷᠭ᠎ᠠ ᠬᠡᠮᠵᠢᠶ᠎ᠡ ᠶᠢ ᠭᠦᠢᠴᠡᠳ ᠲᠡᠭᠦᠯᠳᠡᠷᠵᠢᠭᠦᠯᠬᠦ ᠬᠡᠷᠡᠭᠲᠡᠢ᠃ ᠥᠭᠡᠷᠡᠴᠢᠯᠡᠯᠲᠡ ᠨᠡᠭᠡᠭᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ ᠥᠷᠭᠡᠳᠬᠡᠵᠦ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ ᠲᠦᠭᠵᠢᠷᠡᠯ ᠢ ᠨᠡᠪᠲᠡᠷᠡᠭᠦᠯᠬᠦ ᠶᠢᠨ ᠲᠣᠭᠤᠷᠢᠨ ᠳᠤ᠂ ᠲᠡᠷᠢᠭᠦᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠪᠦᠲᠦᠭᠡᠵᠦ᠂ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠪᠡᠶ᠎ᠡ ᠪᠠᠨ ᠳᠠᠭᠠᠭᠠᠵᠤ ᠨᠡᠭᠡᠭᠡᠯᠲᠡ ᠬᠢᠬᠦ᠂ ᠭᠠᠭᠴᠠ ᠲᠠᠯ᠎ᠠ ᠪᠠᠷ ᠨᠡᠭᠡᠭᠡᠯᠲᠡ ᠬᠢᠬᠦ ᠶᠢ ᠡᠮᠬᠢ ᠵᠢᠷᠤᠮ ᠲᠠᠢ ᠥᠷᠭᠡᠳᠬᠡᠬᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠠᠷ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠰᠣᠯᠢᠭᠳᠠᠯ ᠢ ᠠᠬᠢᠭᠤᠯᠵᠤ᠂ ᠬᠦᠴᠦ ᠪᠠᠨ ᠲᠥᠪᠯᠡᠷᠡᠭᠦᠯᠦᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠪᠣᠯᠣᠨ ᠬᠤᠰᠢᠭᠤᠷᠠᠯ ᠮᠡᠷᠭᠡᠵᠢᠯ ᠳᠤ ᠰᠢᠪᠲᠤᠯᠤᠯᠲᠠ ᠭᠠᠷᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢᠶᠠᠨ ᠠᠵᠤ ᠦᠢᠯᠡᠰᠵᠢᠭᠦᠯᠬᠦ ᠶᠢ ᠲᠦᠷᠭᠡᠳᠬᠡᠨ ᠠᠬᠢᠭᠤᠯᠵᠤ᠂ ᠨᠡᠩ ᠤᠯᠠᠨ ᠠᠵᠤ ᠠᠬᠤᠢ ᠶᠢᠨ ᠰᠢᠨ᠎ᠡ ᠨᠡᠮᠡᠭᠳᠡᠯ ᠴᠡᠭ ᠢ ᠴᠢᠷᠮᠠᠶᠢᠨ ᠪᠣᠶᠢᠵᠢᠭᠤᠯᠬᠤ ᠬᠡᠷᠡᠭᠲᠡᠢ᠃ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠪᠠᠷ ᠨᠡᠩ ᠴᠢᠷᠮᠠᠶᠢᠨ ᠬᠦᠴᠦᠯᠡᠵᠦ᠂ ᠰᠠᠭᠤᠭᠠᠯᠢ ᠠᠷᠠᠳ ᠤᠨ ᠣᠷᠣᠯᠭ᠎ᠠ ᠪᠠᠨ ᠨᠡᠮᠡᠭᠳᠡᠭᠦᠯᠦᠨ ᠳᠠᠷᠤᠭᠠᠰᠤ ᠪᠠᠨ ᠬᠥᠩᠭᠡᠷᠡᠭᠦᠯᠬᠦ ᠶᠢ ᠨᠢ ᠠᠬᠢᠭᠤᠯᠵᠤ᠂ ᠠᠮᠢᠳᠤᠷᠠᠯ ᠤᠨ ᠴᠢᠨᠠᠷ ᠴᠢᠨᠰᠠᠭ᠎ᠠ ᠶᠢ ᠨᠢ ᠳᠡᠭᠡᠭᠰᠢᠯᠡᠭᠦᠯᠬᠦ ᠬᠡᠷᠡᠭᠲᠡᠢ ᠭᠡᠵᠡᠢ᠃    ᠯᠢ ᠴᠢᠶᠠᠩ᠂ ᠤᠯᠠᠨ ᠢᠶᠠᠷ ᠢᠶᠠᠨ ᠥᠪᠡᠷᠰᠡᠳ ᠤᠨ ᠢᠶᠠᠨ ᠬᠦᠷᠢᠶᠡᠨ ᠳᠤ ᠪᠠᠨ ᠬᠦᠴᠦᠯᠡᠨ ᠴᠢᠷᠮᠠᠶᠢᠵᠤ᠂ ᠠᠵᠢᠯ ᠬᠢᠵᠦ ᠦᠢᠯᠡᠰ ᠪᠣᠰᠬᠠᠬᠤ ᠶᠢᠨ ᠬᠠᠮᠲᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠢᠳᠡᠪᠬᠢᠲᠡᠢ ᠲᠤᠰᠬᠠᠵᠤ᠂ ᠨᠡᠩ ᠤᠯᠠᠨ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠴᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠶᠢ ᠬᠦᠰᠡᠪᠡ᠃    ᠦ᠋ ᠵᠧᠩ ᠯᠦᠩ ᠰᠠᠭᠤᠳᠠᠯ ᠤᠨ ᠬᠤᠷᠠᠯ ᠳᠤ ᠣᠷᠣᠯᠴᠠᠪᠠ᠃    ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠰᠠᠨᠠᠯ ᠬᠤᠷᠢᠶᠠᠭᠰᠠᠨ ᠨᠣᠣᠷᠠᠭ︶︾᠎ ᠨᠢ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠠᠴᠠ ᠵᠡᠷᠭᠡ ᠳᠤ ᠨᠢ ᠰᠠᠨᠠᠯ ᠬᠤᠷᠢᠶᠠᠪᠠ᠃ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠨᠡᠶᠢᠲᠡᠯᠡᠯ