2024 ᠣᠨ ᠳᠠᠬᠢ ᠪᠦᠬᠦ ᠣᠷᠣᠨ ᠤ ᠠᠵᠤ ᠠᠬᠤᠢ ᠶᠢᠨ ᠶᠡᠷᠦᠩᠬᠡᠢ ᠬᠡᠮᠵᠢᠶ᠎ᠡ 2.6 ᠲᠦᠮᠡᠨ ᠳ᠋ᠦᠩᠰᠢᠭᠤᠷ ᠲᠥᠭᠦᠷᠢᠭ ᠢ ᠳᠠᠪᠠᠪᠠ
ᠨᠡᠶᠢᠲᠡᠯᠡᠭᠰᠡᠨ ᠴᠠᠭ᠄
2025/1/22
     ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ ᠨᠢᠭᠡᠳᠦᠯᠲᠡᠢ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ ᠮᠠᠨ ᠤ ᠣᠷᠣᠨ ᠤ 2024 ᠣᠨ ᠳᠠᠬᠢ ᠦᠢᠯᠡᠳᠪᠦᠷᠢᠯᠡᠯ ᠤᠨ ᠶᠡᠷᠦᠩᠬᠡᠢ ᠥᠷᠲᠡᠭ 26315 ᠳ᠋ᠦᠩᠰᠢᠭᠤᠷ ᠲᠥᠭᠦᠷᠢᠭ ᠪᠠᠶᠢᠵᠤ᠂ ᠬᠤᠪᠢᠷᠠᠯᠲᠠ ᠦᠭᠡᠢ ᠦᠨ᠎ᠡ ᠪᠠᠷ ᠪᠣᠳᠣᠪᠠᠯ᠂ ᠲᠦᠷᠦᠭᠦᠦ ᠵᠢᠯ ᠤᠨ ᠬᠢ ᠠᠴᠠ 5.8% ᠪᠠᠷ ᠨᠡᠮᠡᠭᠳᠡᠪᠡ᠃ ᠪᠦᠬᠦ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢᠶᠠᠷ ᠢᠶᠠᠨ ᠪᠦᠬᠦ ᠤᠯᠤᠰ ᠤᠨ 20 ᠳ᠋ᠤᠭᠠᠷ ᠲᠤ ᠵᠢᠭᠰᠠᠭᠠᠭᠳᠠᠵᠤ᠂ 2023 ᠣᠨ ᠤ ᠬᠢ ᠲᠠᠢ ᠠᠳᠠᠯᠢᠳᠬᠠᠪᠠᠯ 1 ᠨᠡᠷᠡᠰ ᠤᠷᠤᠭᠰᠢᠯᠠᠪᠠ᠃ ᠠᠵᠤ ᠦᠢᠯᠡᠰ ᠢᠶᠠᠷ ᠠᠩᠭᠢᠯᠠᠪᠠᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 2873 ᠳ᠋ᠦᠩᠰᠢᠭᠤᠷ ᠲᠥᠭᠦᠷᠢᠭ ᠲᠤ ᠬᠦᠷᠴᠦ᠂ ᠪᠦᠬᠦ ᠤᠯᠤᠰ ᠤᠨ 15 ᠳ᠋ᠤᠭᠠᠷ ᠲᠤ ᠵᠢᠭᠰᠠᠭᠠᠭᠳᠠᠪᠠ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 11604 ᠳ᠋ᠦᠩᠰᠢᠭᠤᠷ ᠲᠥᠭᠦᠷᠢᠭ ᠲᠤ ᠬᠦᠷᠴᠦ᠂ ᠪᠦᠬᠦ ᠤᠯᠤᠰ ᠤᠨ 16 ᠳ᠋ᠤᠭᠠᠷ ᠲᠤ ᠵᠢᠭᠰᠠᠭᠠᠭᠳᠠᠵᠤ᠂ ᠡᠭᠦᠨ ᠳᠤ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠨᠢ ᠠᠩᠬ᠎ᠠ ᠤᠳᠠᠭ᠎ᠠ ᠲᠦᠮᠡᠨ ᠳ᠋ᠦᠩᠰᠢᠭᠤᠷ ᠤᠨ ᠶᠡᠭᠡ ᠪᠣᠭᠤᠮᠲᠠ ᠶᠢ ᠳᠠᠪᠠᠵᠤ᠂ 10002 ᠳ᠋ᠦᠩᠰᠢᠭᠤᠷ ᠲᠥᠭᠦᠷᠢᠭ ᠲᠤ ᠬᠦᠷᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 11838 ᠳ᠋ᠦᠩᠰᠢᠭᠤᠷ ᠲᠥᠭᠦᠷᠢᠭ ᠲᠤ ᠬᠦᠷᠴᠦ᠂ ᠪᠦᠬᠦ ᠤᠯᠤᠰ ᠤᠨ 22 ᠳ᠋ᠤᠭᠠᠷ ᠲᠤ ᠵᠢᠭᠰᠠᠭᠠᠭᠳᠠᠪᠠ᠃ ᠪᠦᠬᠦ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠡᠮᠡᠭᠳᠡᠯ ᠬᠤᠷᠳᠤᠴᠠ ᠪᠠᠷ ᠢᠶᠠᠨ ᠪᠦᠬᠦ ᠤᠯᠤᠰ ᠤᠨ 3 ᠳ᠋ᠤᠭᠠᠷ ᠲᠤ ᠵᠢᠭᠰᠠᠭᠠᠭᠳᠠᠵᠤ᠂ ᠬᠤᠶᠠᠷ ᠵᠢᠯ ᠳᠠᠷᠠᠭᠠᠯᠠᠨ ᠪᠦᠬᠦ ᠤᠯᠤᠰ ᠤᠨ ᠡᠮᠦᠨ᠎ᠡ ᠭᠤᠷᠪᠠ ᠳᠤ ᠪᠠᠶᠢᠷᠢᠯᠠᠬᠤ ᠨᠡᠮᠡᠭᠳᠡᠯ ᠬᠤᠷᠳᠤᠴᠠ ᠶᠢ ᠪᠠᠲᠤᠯᠠᠪᠠ᠃ ᠠᠵᠤ ᠦᠢᠯᠡᠰ ᠢᠶᠠᠷ ᠠᠩᠭᠢᠯᠠᠪᠠᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.6% ᠪᠠᠷ ᠨᠡᠮᠡᠭᠳᠡᠵᠦ᠂ ᠪᠦᠬᠦ ᠤᠯᠤᠰ ᠤᠨ 5 ᠳ᠋ᠤᠭᠠᠷ ᠲᠤ ᠵᠢᠭᠰᠠᠭᠠᠭᠳᠠᠪᠠ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 7% ᠪᠠᠷ ᠨᠡᠮᠡᠭᠳᠡᠵᠦ᠂ ᠪᠦᠬᠦ ᠤᠯᠤᠰ ᠤᠨ 5 ᠳ᠋ᠤᠭᠠᠷ ᠲᠤ ᠵᠢᠭᠰᠠᠭᠠᠭᠳᠠᠪᠠ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 4.9% ᠪᠠᠷ ᠨᠡᠮᠡᠭᠳᠡᠵᠦ᠂ ᠪᠦᠬᠦ ᠤᠯᠤᠰ ᠤᠨ 14 ᠳ᠋ᠦ᠋ᠭᠡᠷ ᠲᠤ ᠵᠢᠭᠰᠠᠭᠠᠭᠳᠠᠪᠠ᠃  ︵ᠲᠤᠭ᠎ᠠ ᠪᠦᠷᠢᠳᠬᠡᠯ ᠤᠨ ᠲᠣᠪᠴᠢᠶ᠎ᠠ︶  
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠨᠡᠶᠢᠲᠡᠯᠡᠯ