ᠯᠢ ᠯᠢ ᠴᠠᠭᠠᠨ ᠰᠠᠷ᠎ᠠ ᠶᠢᠨ ᠠᠶᠢᠯᠴᠢᠯᠠᠨ ᠳᠣᠬᠤᠨᠢᠭᠤᠯᠬᠤ ᠠᠵᠢᠯᠯᠠᠭ᠎ᠠ ᠦᠷᠨᠢᠭᠦᠯᠪᠠ
ᠨᠡᠶᠢᠲᠡᠯᠡᠭᠰᠡᠨ ᠴᠠᠭ᠄
2025/1/24
     ᠴᠠᠭᠠᠨ ᠰᠠᠷ᠎ᠠ ᠬᠦᠷᠴᠤ ᠢᠷᠡᠬᠦ ᠲᠡᠰᠢᠷᠡᠮ ᠢᠶᠠᠷ ᠣᠶᠢᠷ᠎ᠠ ᠶᠢᠨ ᠡᠳᠤᠷ ᠤᠷᠳᠤᠰ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠯᠢ ᠯᠢ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ᠂ ᠠᠷᠠᠳ ᠤᠨ ᠴᠠᠭᠳᠠᠭ᠎ᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ᠂ ᠡᠮᠤᠨ᠎ᠠ ᠹᠷᠤᠨᠲ ᠤᠨ ᠠᠵᠢᠯᠴᠢᠨ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠲᠦᠯᠥᠭᠡᠯᠡᠭᠴᠢᠳ ᠢ ᠳᠤᠬᠤᠨᠢᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠮᠤᠨ᠎ᠠ ᠠᠴᠠ ᠲᠡᠳᠡᠨ ᠳᠤ ᠪᠠᠶᠠᠷ ᠤᠨ ᠡᠳᠤᠷ ᠤᠨ ᠴᠢᠩ ᠰᠡᠳᠭᠢᠯ ᠤᠨ ᠮᠠᠨᠳᠤᠴᠢᠯᠡᠯ ᠪᠣᠯᠣᠨ ᠴᠠᠭᠠᠨ ᠰᠠᠷ᠎ᠠ ᠶᠢᠨ ᠰᠠᠶᠢᠨ ᠰᠠᠶᠢᠬᠠᠨ ᠵᠦᠩᠨᠡᠯ ᠢ ᠳᠡᠪᠰᠢᠭᠦᠯᠦᠨ᠂ ᠤᠯᠠᠨ ᠤ ᠤᠷᠳᠤᠰ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠰᠡᠨ ᠳᠤ ᠲᠠᠯᠠᠷᠬᠠᠪᠠ᠃ ᠲᠡᠷᠡ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠳᠡᠪᠬᠢᠲᠡᠢ ᠦᠢᠯᠡᠳᠤᠯᠭᠡᠵᠢᠭᠦᠯᠵᠤ᠂ ᠬᠠᠶᠢᠷ᠎ᠠ ᠬᠠᠯᠠᠮᠵᠢ ᠬᠦᠷᠭᠡᠬᠦ ᠠᠵᠢᠯᠯᠠᠭ᠎ᠠ ᠶᠢ ᠬᠦᠨᠵᠡᠭᠡᠢ ᠶᠠᠪᠤᠭᠳᠠᠭᠤᠯᠤᠨ᠂ ᠨᠠᠮ ᠤᠨ ᠬᠠᠶᠢᠷ᠎ᠠ ᠬᠠᠯᠠᠮᠵᠢ ᠶᠢ ᠦᠨᠡᠨ ᠬᠦ ᠤᠯᠠᠨ ᠲᠦᠮᠡᠨ ᠤ ᠰᠡᠳᠭᠢᠯ ᠳᠤ ᠬᠦᠷᠭᠡᠵᠤ᠂ ᠪᠠᠶᠠᠷ ᠤᠨ ᠡᠳᠤᠷ ᠤᠨ ᠬᠤᠭᠤᠴᠠᠭᠠᠨ ᠳᠠᠬᠢ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ᠂ ᠠᠷᠠᠳ ᠤᠨ ᠠᠮᠢᠳᠤᠷᠡᠯ ᠳᠤ ᠠᠰᠢᠭ ᠬᠦᠷᠳᠡᠭᠡᠬᠦ ᠡᠯ᠎ᠡ ᠲᠦᠷᠤᠯ ᠤᠨ ᠠᠵᠢᠯ ᠢ ᠯᠠᠪᠲᠠᠭᠤᠨ ᠪᠠᠲᠤᠲᠠᠢ ᠰᠠᠶᠢᠲᠤᠷ ᠬᠢᠵᠦ᠂ ᠪᠥᠬᠦ ᠬᠤᠲᠠ ᠶᠢᠨ ᠦᠨᠳᠦᠰᠣᠲᠡᠨ ᠨᠦᠭᠦᠳ ᠤᠨ ᠤᠯᠠᠨ ᠲᠦᠮᠡᠨ ᠪᠠᠶᠠᠷ ᠪᠠᠶᠠᠰᠬᠤᠯᠠᠩ ᠲᠠᠢ᠂ ᠠᠮᠤᠷ ᠠᠮᠤᠭᠤᠯᠠᠩ ᠦᠯᠵᠡᠢ ᠪᠡᠯᠭᠡ ᠲᠠᠢ ᠪᠠᠷ ᠴᠠᠭᠠᠨ ᠰᠠᠷ᠎ᠠ ᠪᠠᠨ ᠦᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠡᠪᠠ᠃     ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠰᠢᠣᠢ ᠸᠠᠨ ᠱᠠᠨ ᠤ ᠭᠡᠷ ᠲᠤ᠂ ᠯᠢ ᠯᠢ ᠠᠬᠠᠮᠠᠳ ᠺᠠᠳ᠋ᠷ ᠲᠠᠢ ᠲᠣᠲᠣᠨᠤ ᠪᠠᠷ ᠶᠠᠷᠢᠯᠴᠠᠵᠤ᠂ ᠲᠡᠭᠦᠨ ᠤ ᠠᠮᠢᠳᠤᠷᠠᠯ ᠪᠠ ᠪᠡᠶ᠎ᠡ ᠮᠠᠬᠠᠪᠤᠳ ᠤᠨ ᠪᠠᠶᠢᠳᠠᠯ ᠢ ᠬᠠᠯᠠᠮᠵᠢᠯᠠᠨ ᠠᠰᠠᠭᠤᠵᠤ᠂ ᠠᠬᠠᠮᠠᠳ ᠺᠠᠳ᠋ᠷᠴᠤᠳ ᠢ ᠦᠷᠭᠦᠯᠵᠢᠯᠡᠨ ᠭᠡᠷᠡᠯ ᠬᠢᠯᠪᠠᠭ᠎ᠠ ᠪᠠᠨ ᠪᠠᠲᠠᠷᠠᠭᠤᠯᠤᠨ᠂ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠬᠤ ᠶᠢ ᠬᠦᠰᠡᠭᠰᠡᠨ ᠤ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢ ᠠᠬᠠᠮᠠᠳ ᠺᠠᠳ᠋ᠷᠴᠤᠳ ᠢ ᠬᠠᠯᠠᠮᠵᠢᠯᠠᠨ ᠬᠠᠶᠢᠷᠠᠯᠠᠬᠤ ᠡᠯ᠎ᠡ ᠲᠦᠷᠤᠯ ᠤᠨ ᠲᠦᠷᠤ ᠶᠢᠨ ᠪᠣᠳᠣᠯᠭ᠎ᠠ ᠠᠷᠭ᠎ᠠ ᠬᠡᠮᠵᠢᠶ᠎ᠠ ᠶᠢ ᠰᠠᠶᠢᠲᠤᠷ ᠨᠡᠶᠢᠳᠠᠪᠤᠷᠢᠵᠢᠭᠤᠯᠵᠤ᠂ ᠲᠡᠳᠡᠨ ᠤ ᠠᠮᠢᠳᠤᠷᠠᠯ ᠢ ᠨᠡᠩ ᠲᠠᠭᠠᠯᠠᠮᠵᠢᠲᠠᠢ ᠪᠣᠯᠭᠠᠬᠤ ᠶᠢ ᠱᠠᠭᠠᠷᠳᠠᠪᠠ᠃     ᠬᠢᠶ᠎ᠡ ᠪᠠᠭᠰᠢ ᠲᠣᠭᠤᠷᠢᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠳᠤ᠂ ᠯᠢ ᠯᠢ ᠵᠢᠵᠢᠭᠦᠷᠯᠡᠵᠦ ᠪᠠᠶᠢᠭ᠎ᠠ ᠠᠷᠠᠳ ᠤᠨ ᠴᠠᠭᠳᠠᠭ᠎ᠠ ᠶᠢ ᠡᠷᠬᠢᠨ ᠦᠵᠡᠵᠤ ᠲᠣᠬᠤᠨᠢᠭᠤᠯᠤᠨ᠂ ᠤᠯᠠᠨ ᠢ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠵᠢᠵᠢᠭᠦᠷᠯᠡᠬᠦ ᠪᠡᠯᠡᠳᠭᠡᠯ ᠬᠢᠬᠦ ᠪᠠ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠵᠢᠵᠢᠭᠦᠷᠯᠠᠨ ᠰᠠᠬᠢᠬᠤ ᠪᠠᠨ ᠴᠢᠩᠭᠠᠳᠬᠠᠵᠤ᠂ ᠠᠷᠠᠳ ᠤᠯᠠᠨ ᠤ ᠵᠤᠯ ᠵᠢᠷᠭᠠᠯ ᠠᠮᠤᠷ ᠠᠮᠤᠭᠤᠯᠠᠩ ᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ ᠭᠡᠵᠦ ᠵᠠᠬᠢᠪᠠ᠃     ᠤᠷᠳᠤᠰ ᠤᠨ ᠲᠤᠷᠰᠢᠯᠲᠠ ᠶᠢᠨ ᠲᠠᠰᠤᠭ  ᠲᠤ᠂ ᠯᠢ ᠯᠢ ᠲᠤᠷᠰᠢᠯᠲᠠ ᠶᠢᠨ ᠲᠠᠰᠤᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠢ ᠲᠣᠳᠤᠨᠤ ᠪᠠᠷ ᠪᠣᠯᠭᠤᠭᠠᠨ ᠦᠵᠡᠵᠦ᠂ ᠲᠡᠳᠡᠨ ᠢ ᠬᠠᠷᠠᠴᠠ ᠪᠠᠨ ᠬᠤᠯᠠ ᠲᠠᠯᠪᠢᠨ᠂ ᠨᠢᠭᠡ ᠰᠡᠳᠭᠢᠯ ᠢᠶᠠᠷ ᠰᠤᠳᠤᠯᠭᠠᠨ ᠬᠢᠵᠦ᠂ ᠤᠷᠲᠤ ᠬᠤᠭᠤᠴᠠᠭ᠎ᠠ ᠪᠠᠷ ᠲᠤᠷᠰᠢᠯᠭ᠎ᠠ ᠬᠤᠷᠠᠮᠳᠤᠭᠤᠯᠤᠨ ᠠᠮᠵᠢᠯᠲᠠ ᠪᠦᠲᠦᠭᠡᠯ ᠭᠠᠷᠭᠠᠵᠤ᠂ ᠦᠨᠳᠣᠷ ᠣᠷᠬᠢᠯ ᠳᠤ ᠵᠣᠷᠢᠭᠲᠠᠢ ᠪᠠᠷ ᠠᠪᠠᠷᠢᠨ᠂ ᠨᠡᠩ ᠤᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠠᠬᠢᠭᠤᠯᠵᠤ᠂ ᠤᠷᠳᠤᠰ ᠤᠨ ᠴᠢᠳᠡᠪᠤᠷᠢᠳᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠳᠤ ᠰᠢᠨ᠎ᠡ ᠵᠠᠮ ᠭᠠᠷᠭᠠᠬᠤ ᠳᠤ ᠢᠳᠡᠪᠬᠢᠲᠠᠢ ᠬᠤᠪᠢ ᠨᠡᠮᠠᠷᠢ ᠦᠵᠡᠭᠦᠯᠦᠭᠡᠷᠡᠢ ᠭᠡᠵᠦ ᠵᠣᠷᠢᠭᠵᠢᠭᠤᠯᠪᠠ᠃     ᠡᠵᠡᠨ ᠬᠤᠷᠤᠭ᠎ᠠ ᠬᠤᠰᠢᠭᠤᠨ ᠤ ᠱᠢ ᠭᠧ ᠲᠠᠢ ᠨᠡᠭᠦᠷᠠᠰᠤᠨ ᠠᠭᠤᠷᠬᠠᠢ ᠪᠣᠯᠣᠨ ᠦᠣᠰᠢᠨ ᠬᠤᠰᠢᠭᠤᠨ ᠤ ᠮᠦᠩᠭᠡᠴᠢᠨ ᠨᠡᠭᠦᠷᠡᠰᠤᠨ ᠠᠭᠤᠷᠬᠠᠢ ᠳᠤ᠂ ᠯᠢ ᠯᠢ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠤᠭᠰᠠᠨ ᠤ ᠬᠠᠮᠲᠤ ᠨᠡᠭᠦᠷᠠᠰᠤᠨ ᠠᠭᠤᠷᠬᠠᠢ ᠶᠢᠨ ᠡᠮᠤᠨ᠎ᠠ ᠹᠷᠤᠨᠲ ᠤᠨ ᠠᠵᠢᠯᠴᠢᠳ ᠢ ᠪᠣᠯᠭᠤᠭᠠᠨ ᠲᠣᠬᠤᠨᠢᠭᠤᠯᠵᠤ᠂ ᠤᠯᠠᠨ ᠢ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠭᠢᠯᠭᠡ ᠪᠠᠷ ᠠᠶᠤᠯᠭᠦᠢ ᠦᠢᠯᠡᠳᠪᠤᠷᠢᠯᠡᠯ ᠤᠨ ᠡᠨᠡ ᠬᠦ ᠬᠦᠪᠴᠢ ᠶᠢ ᠴᠠᠭ ᠢᠮᠠᠭᠲᠠ ᠴᠢᠩᠭᠠᠷᠠᠭᠤᠯᠵᠤ᠂ ᠡᠯ᠎ᠡ ᠵᠦᠢᠯ ᠤᠨ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠷᠢᠨ ᠬᠢᠨᠡᠮᠠᠭᠠᠢ ᠨᠡᠶᠢᠲᠡᠪᠤᠷᠢᠵᠢᠭᠤᠯᠤᠨ᠂ ᠡᠭᠡᠯᠵᠢ ᠪᠦᠷᠢ ᠶᠢᠨ ᠠᠵᠢᠯ ᠤᠨ ᠪᠠᠶᠢᠷᠢ ᠶᠢ ᠰᠠᠶᠢᠲᠤᠷ ᠰᠠᠬᠢᠵᠤ᠂ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠭᠡᠬᠦ ᠬᠡᠷᠡᠭᠲᠡᠢ ᠭᠡᠵᠤ ᠵᠠᠬᠢᠪᠠ᠃     ᠦᠣᠰᠢᠨ ᠬᠤᠰᠢᠭᠤᠨ ᠤ ᠤᠯᠠᠭᠠᠨᠳᠤᠯᠤᠭᠠᠢ ᠶᠢᠨ ᠡᠯᠡᠰᠤ ᠶᠢ ᠵᠠᠰᠠᠬᠤ ᠥᠷᠲᠡᠭᠡ ᠳᠤ᠂ ᠯᠢ ᠯᠢ ᠡᠯᠡᠰᠤ ᠶᠢ ᠵᠠᠰᠠᠬᠤ ᠦᠷᠲᠡᠭᠡ ᠶᠢᠨ ᠠᠵᠢᠯᠯᠠᠭᠠᠨ ᠤ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠠᠮᠢ ᠠᠬᠤᠢ ᠶᠢᠨ ᠵᠠᠰᠠᠯᠲᠠ ᠶᠢᠨ ᠦᠷ᠎ᠡ ᠪᠦᠲᠣᠮᠵᠢ ᠶᠢ ᠭᠦᠢᠴᠡᠳ ᠨᠤᠳᠠᠯᠠᠭᠰᠠᠨ ᠤ ᠬᠠᠮᠲᠤ ᠨᠤᠭᠤᠭᠠᠷᠠᠭᠤᠯᠤᠯᠲᠠ ᠶᠢᠨ ᠵᠥᠪᠯᠡᠯ ᠤᠨ ᠲᠦᠯᠥᠭᠡᠯᠡᠭᠴᠢᠳ ᠢ ᠲᠣᠲᠣᠨᠣ ᠪᠠᠷ ᠪᠣᠯᠭᠤᠭᠠᠨ ᠦᠵᠡᠵᠤ᠂ ᠲᠡᠳᠠᠨ ᠢ ︽ᠤᠮᠠᠷᠠᠲᠤ ᠶᠢᠨ ᠭᠤᠷᠪᠠᠨ ᠣᠷᠣᠨ︾᠎ ᠤ ᠵᠣᠷᠢᠭ ᠰᠠᠨᠠᠭ᠎ᠠ ᠶᠢ ᠶᠡᠬᠡᠪᠡᠷ ᠪᠠᠲᠠᠷᠠᠭᠤᠯᠤᠨ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠤᠷᠲᠤ ᠬᠤᠭᠤᠴᠠᠭ᠎ᠠ ᠪᠠᠷ ᠵᠢᠳᠭᠦᠨ ᠴᠢᠷᠮᠠᠶᠢᠵᠤ᠂ ᠮᠤᠳᠣᠰᠤ ᠶᠢᠨ ᠡᠯᠡᠰᠤᠷᠬᠡᠭ ᠭᠠᠵᠠᠷ ᠢ ᠵᠠᠰᠠᠵᠤ ᠰᠥᠨᠦᠭᠡᠬᠦ ᠲᠠᠶᠢᠯᠠᠯᠳᠤᠭᠠᠨ ᠤ ᠢᠯᠠᠯᠲᠠ ᠶᠢ ᠣᠯᠬᠤ ᠳᠤ ᠲᠠᠬᠢᠨ ᠰᠢᠨ᠎ᠡ ᠭᠠᠪᠢᠶ᠎ᠠ ᠪᠠᠶᠢᠭᠤᠯᠬᠤ ᠶᠢ ᠵᠣᠷᠢᠭᠵᠢᠭᠤᠯᠪᠠ᠃     ᠬᠤᠲᠠ ᠶᠢᠨ ᠤᠳᠤᠷᠢᠳᠤᠯᠭ᠎ᠠ ᠡᠷᠳᠡᠨᠢᠪᠢᠯᠢᠭ᠂ ᠼᠣᠣ ᠺᠠᠢ ᠬᠤᠩ ᠣᠷᠤᠯᠴᠠᠪᠡ᠃
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ