1 ᠳ᠋ᠦ᠋ᠭᠡᠷ ᠰᠠᠷ᠎ᠠ ᠶᠢᠨ 22 ᠤᠨ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠢᠦᠢ ᠬᠠᠢ ᠢᠦᠢ ᠬᠤᠲᠠ ᠶᠢᠨ | ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠢᠨᠠᠨ ᠪᠣᠳᠣᠯᠲᠠ ᠶᠢᠨ ᠠᠵᠢᠯ ᠤᠨ ᠲᠣᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠬᠢᠨᠠᠨ ᠪᠣᠳᠣᠯᠲᠠ ᠶᠢᠨ ᠤᠯᠤᠰ ᠲᠦᠷᠦ ᠶᠢᠨ ᠰᠢᠨᠵᠢ ᠴᠢᠨᠠᠷ ᠢ ᠴᠢᠩᠭᠠᠳᠬᠠᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ | ᠪᠠᠶᠢᠯᠳᠤᠬᠤ ᠪᠣᠳᠣᠯᠭ᠎ᠠ ᠪᠣᠯᠣᠨ ᠪᠠᠶᠢᠷᠢᠯᠠᠭᠤᠯᠤᠯᠲᠠ ᠶᠢᠨ ᠰᠢᠢᠳᠪᠦᠷᠢᠲᠦ ᠪᠣᠳᠣᠯᠭ᠎ᠠ ᠶᠢ ᠲᠤᠭᠤᠰᠢᠯᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠮᠥᠩᠭᠦᠨ | ᠭᠦᠢᠯᠭᠡᠭᠡ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠡᠨᠧᠷᠭᠢ᠂ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠂ ᠳᠠᠭᠠᠭᠠᠴᠢᠯᠠᠯᠲᠠ ᠵᠠᠷᠯᠠᠬᠤ | ᠳᠠᠭᠠᠭᠠᠴᠢᠯᠠᠯᠲᠠ ᠬᠦᠯᠢᠶᠡᠬᠦ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠣᠭᠤᠷᠢᠨ ᠳᠤ ᠬᠢᠨᠠᠨ ᠪᠣᠳᠣᠯᠲᠠ ᠶᠢᠨ ᠲᠦᠷᠦᠯ ᠵᠦᠢᠯ ᠢ ᠨᠠᠷᠢᠨ ᠬᠢᠨᠠᠮᠠᠭᠠᠢ | ᠲᠥᠯᠥᠪᠵᠢᠭᠦᠯᠵᠦ᠂ ᠬᠢᠨᠠᠨ ᠪᠣᠳᠣᠯᠲᠠ ᠶᠢᠨ ᠬᠢᠨᠠᠯᠲᠠ ᠲᠠᠯᠪᠢᠬᠤ ᠶᠢ ᠯᠠᠪᠳᠠᠭᠤᠨ ᠪᠠᠲᠤᠲᠠᠢ ᠥᠷᠨᠢᠭᠦᠯᠵᠦ᠂ ᠠᠵᠢᠯ ᠤᠨ ᠬᠠᠮᠲᠤᠷᠠᠯᠴᠠᠭ᠎ᠠ᠂ ᠮᠡᠳᠡᠭᠡ ᠵᠠᠩᠭᠢ ᠶᠢ | ᠬᠠᠮᠲᠤᠪᠠᠷ ᠡᠳ᠋ᠯᠡᠬᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢᠨ ᠶᠡᠭᠡ | ᠲᠠᠯ᠎ᠠ ᠳᠤ ᠨᠡᠩ ᠰᠠᠶᠢᠲᠤᠷ ᠦᠢᠯᠡᠴᠢᠯᠡᠬᠦ ᠬᠡᠷᠡᠭᠲᠡᠢ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ︽ᠤᠯᠤᠰ ᠲᠦᠷᠦ - ᠲᠦᠷᠦ ᠶᠢᠨ | ᠪᠣᠳᠣᠯᠭ᠎ᠠ - ᠲᠦᠷᠦᠯ ᠵᠦᠢᠯ - ᠪᠡᠯᠡ ᠮᠥᠩᠭᠦ︾ ᠶᠢᠨ ᠬᠥᠭᠵᠢᠯᠲᠡ ᠶᠢᠨ ᠭᠤᠣᠯ ᠱᠤᠭᠤᠮ ᠲᠠᠢ ᠨᠢᠭᠲᠠ ᠤᠶᠠᠯᠳᠤᠭᠤᠯᠵᠤ᠂ ᠰᠢᠨ᠎ᠡ ᠴᠠᠭ ᠦᠶ᠎ᠡ ᠶᠢᠨ | ᠬᠥᠭᠵᠢᠯᠲᠡ ᠳᠤ ᠵᠣᠬᠢᠴᠠᠭᠰᠠᠨ ᠬᠢᠨᠠᠨ ᠪᠣᠳᠣᠯᠲᠠ ᠶᠢᠨ ᠬᠢᠨᠠᠯᠲᠠ ᠲᠠᠯᠪᠢᠬᠤ ᠲᠣᠭᠲᠠᠯᠴᠠᠭ᠎ᠠ ᠶᠢ ᠲᠦᠷᠭᠡᠨ ᠲᠡᠭᠦᠯᠳᠡᠷᠵᠢᠭᠦᠯᠵᠦ᠂ ᠬᠢᠨᠠᠨ ᠪᠣᠳᠣᠯᠲᠠ ᠶᠢᠨ ᠬᠢᠨᠠᠯᠲᠠ | ᠲᠠᠯᠪᠢᠬᠤ ︽ᠬᠤᠷᠴᠠ ᠰᠡᠯᠡᠮ᠎ᠡ︾ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠣᠷᠳᠣᠰ ᠬᠤᠲᠠ ᠶᠢᠨ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠪᠠᠶᠢᠴᠠᠭᠠᠯᠲᠠ ᠶᠢ ᠴᠢᠩᠭ᠎ᠠ ᠵᠢᠷᠤᠮᠵᠢᠭᠤᠯᠵᠤ ᠠᠵᠤ | ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠬᠦ ᠠᠷᠭ᠎ᠠ ᠬᠡᠮᠵᠢᠶ᠎ᠡ ᠶᠢ ᠰᠤᠳᠤᠯᠵᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠲᠤᠬᠠᠶᠢᠯᠠᠭᠰᠠᠨ ᠠᠵᠢᠯ ᠤᠨ | ᠴᠢᠳᠠᠪᠤᠷᠢ ᠶᠢ ᠪᠠᠲᠤᠳᠬᠠᠵᠤ᠂ ᠵᠠᠰᠠᠭ ᠵᠠᠬᠢᠷᠭᠠᠨ ᠤ ᠪᠠᠶᠢᠴᠠᠭᠠᠯᠲᠠ ᠶᠢ ᠴᠢᠨᠠᠭᠰᠢᠳᠠ ᠵᠢᠷᠤᠮᠵᠢᠭᠤᠯᠵᠤ᠂ ᠡᠯ᠎ᠡ ᠲᠥᠷᠥᠯ ᠤᠨ ᠪᠠᠶᠢᠴᠠᠭᠠᠯᠲᠠ ᠶᠢᠨ ᠤᠳᠠᠭ᠎ᠠ | ᠳᠠᠪᠲᠠᠮᠵᠢ ᠶᠢ ᠴᠥᠭᠡᠳᠭᠡᠵᠦ᠂ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠵᠤ᠂ ᠵᠢᠷᠤᠮᠵᠢᠭᠰᠠᠨ᠂ ᠥᠨᠳᠥᠷ ᠪᠦᠲᠦᠮᠵᠢᠲᠡᠶ᠂ ᠲᠥᠪ ᠭᠤᠥᠯᠴᠢ | ᠂ ᠪᠣᠯᠪᠠᠰᠤᠨ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠭᠲᠠᠴᠠ ᠶᠢ ᠪᠠᠶᠢᠭᠤᠯᠬᠤ ᠬᠡᠷᠡᠭᠲᠡᠢ᠃ ᠠᠵᠤ ᠠᠬᠤᠶᠢᠯᠠᠯ ᠢ ᠲᠤᠰᠠᠯᠠᠬᠤ | ᠠᠵᠢᠯᠯᠠᠭ᠎ᠠ ᠲᠠᠢ ᠤᠶᠠᠯᠳᠤᠭᠤᠯᠤᠨ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠬᠦ ᠪᠠ ᠴᠢᠳᠠᠪᠤᠷᠢ ᠣᠯᠭᠤᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ | ᠬᠢᠵᠦ᠂ ᠠᠵᠤ ᠠᠬᠤᠶᠢᠯᠠᠯ ᠳᠤ ᠦᠨᠡᠨ ᠪᠣᠳᠠᠲᠠᠢ ᠬᠦᠷᠲᠡᠮᠵᠢ ᠶᠢᠨ ᠲᠥᠷᠥᠭᠳᠡᠯ ᠣᠯᠭᠤᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠤᠴᠢᠷ ᠶᠠᠪᠤᠳᠠᠯ ᠢ ᠰᠤᠳᠤᠯᠪᠠ᠃ |