1 ᠰᠠᠷ᠎ᠠ ᠶᠢᠨ 22 ᠤᠨ ᠡᠳᠤᠷ ᠤᠨ ᠦᠳᠡ ᠶᠢᠨ ᠬᠤᠶᠢᠨ᠎ᠠ᠂ ᠤᠷᠳᠤᠰ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠥᠭᠡᠯᠡᠭᠴᠢᠳ ᠤᠨ | ᠶᠡᠭᠡ ᠬᠤᠷᠠᠯ ᠤᠨ ᠲᠥᠷᠪᠡᠳᠦᠭᠡᠷ ᠤᠳᠠᠭᠠᠨ ᠤ ᠬᠤᠷᠠᠯ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠦᠭᠡᠳ ᠬᠢᠶ᠎ᠡ ᠪᠠᠭᠰᠢ ᠲᠣᠭᠤᠷᠢᠭ ᠤᠨ | ᠤᠷᠳᠤᠰ ᠤᠨ ᠤᠯᠠᠨ ᠤᠯᠤᠰ ᠤᠨ ᠬᠤᠷᠠᠯ ᠦᠵᠡᠰᠭᠦᠯᠡᠩ ᠤᠨ ᠲᠥᠪ ᠲᠤ ᠠᠮᠵᠢᠯᠲᠠ ᠲᠠᠢ ᠦᠨᠳᠦᠷᠯᠡᠪᠠ᠃ | ᠶᠡᠭᠡ ᠬᠤᠷᠠᠯ ᠠᠴᠠ ᠰᠤ᠋ ᠵᠦᠩ ᠱᠧᠩ ᠢ ᠤᠷᠳᠤᠰ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠪᠠᠷ ᠰᠤᠩᠭᠤᠵᠤ᠂ ᠢᠦᠢ ᠬᠠᠢ ᠢᠤᠢ ᠶᠢ ᠤᠷᠳᠤᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠲᠠ ᠶᠢᠨ | ᠳᠠᠷᠤᠭ᠎ᠠ ᠪᠠᠷ ᠰᠤᠩᠭᠤᠵᠤ᠂ ᠯᠢ ᠰᠢᠨ ᠱᠤ᠋ ᠶᠢ ᠤᠷᠳᠤᠰ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠪᠠᠷ ᠰᠣᠩᠭᠤᠵᠤ᠂ ᠰᠦᠩ ᠵᠢᠶᠠᠨ ᠪᠦᠸᠧ ᠶᠢ ᠤᠷᠳᠤᠰ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ | ᠬᠤᠷᠢᠶ᠎ᠠ ᠶᠢᠨ ᠬᠤᠷᠢᠶᠠᠨ ᠲᠠᠷᠤᠭ᠎ᠠ ᠪᠠᠷ ᠰᠣᠩᠭᠤᠵᠤ᠂ ᠼᠣᠣ ᠽᠢ ᠭᠠᠩ ᠢ ᠤᠷᠳᠤᠰ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠭᠴᠢ | ᠳᠠᠷᠤᠭ᠎ᠠ ᠪᠠᠷ ᠰᠤᠩᠭᠤᠵᠤ᠂ ᠡᠤ ᠵᠠᠨ ᠺᠤᠸᠠᠨ᠂ ᠶᠢᠨ ᠱᠠᠨ᠂ ᠵᠣᠣ ᠬᠠᠢ ᠵᠢᠶᠦ᠋ᠨ ᠢ ᠤᠷᠳᠤᠰ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ | ᠲᠦᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠡᠰᠢᠭᠦᠨ ᠢᠶᠠᠷ ᠰᠤᠩᠭᠤᠪᠠ᠃ | |