ᠬᠤᠲᠠ ᠶᠢᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ ᠢᠦᠢ ᠬᠠᠢ ᠢᠦᠢ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2025/1/24
     1 ᠳ᠋ᠦ᠋ᠭᠡᠷ ᠰᠠᠷ᠎ᠠ ᠶᠢᠨ 22 ᠤᠨ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠢᠦᠢ ᠬᠠᠢ ᠢᠦᠢ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠢᠨᠠᠨ ᠪᠣᠳᠣᠯᠲᠠ ᠶᠢᠨ ᠠᠵᠢᠯ ᠤᠨ ᠲᠣᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠢᠨᠠᠨ ᠪᠣᠳᠣᠯᠲᠠ ᠶᠢᠨ ᠤᠯᠤᠰ ᠲᠦᠷᠦ ᠶᠢᠨ ᠰᠢᠨᠵᠢ ᠴᠢᠨᠠᠷ ᠢ ᠴᠢᠩᠭᠠᠳᠬᠠᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠣᠯᠣᠨ ᠪᠠᠶᠢᠷᠢᠯᠠᠭᠤᠯᠤᠯᠲᠠ ᠶᠢᠨ ᠰᠢᠢᠳᠪᠦᠷᠢᠲᠦ ᠪᠣᠳᠣᠯᠭ᠎ᠠ ᠶᠢ ᠲᠤᠭᠤᠰᠢᠯᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠮᠥᠩᠭᠦᠨ ᠭᠦᠢᠯᠭᠡᠭᠡ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠡᠨᠧᠷᠭᠢ᠂ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠣᠭᠤᠷᠢᠨ ᠳᠤ ᠬᠢᠨᠠᠨ ᠪᠣᠳᠣᠯᠲᠠ ᠶᠢᠨ ᠲᠦᠷᠦᠯ ᠵᠦᠢᠯ ᠢ ᠨᠠᠷᠢᠨ ᠬᠢᠨᠠᠮᠠᠭᠠᠢ ᠲᠥᠯᠥᠪᠵᠢᠭᠦᠯᠵᠦ᠂ ᠬᠢᠨᠠᠨ ᠪᠣᠳᠣᠯᠲᠠ ᠶᠢᠨ ᠬᠢᠨᠠᠯᠲᠠ ᠲᠠᠯᠪᠢᠬᠤ ᠶᠢ ᠯᠠᠪᠳᠠᠭᠤᠨ ᠪᠠᠲᠤᠲᠠᠢ ᠥᠷᠨᠢᠭᠦᠯᠵᠦ᠂ ᠠᠵᠢᠯ ᠤᠨ ᠬᠠᠮᠲᠤᠷᠠᠯᠴᠠᠭ᠎ᠠ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢᠨ ᠶᠡᠭᠡ ᠲᠠᠯ᠎ᠠ ᠳᠤ ᠨᠡᠩ ᠰᠠᠶᠢᠲᠤᠷ ᠦᠢᠯᠡᠴᠢᠯᠡᠬᠦ ᠬᠡᠷᠡᠭᠲᠡᠢ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ︽ᠤᠯᠤᠰ ᠲᠦᠷᠦ - ᠲᠦᠷᠦ ᠶᠢᠨ ᠪᠣᠳᠣᠯᠭ᠎ᠠ - ᠲᠦᠷᠦᠯ ᠵᠦᠢᠯ - ᠪᠡᠯᠡ ᠮᠥᠩᠭᠦ︾ ᠶᠢᠨ ᠬᠥᠭᠵᠢᠯᠲᠡ ᠶᠢᠨ ᠭᠤᠣᠯ ᠱᠤᠭᠤᠮ ᠲᠠᠢ ᠨᠢᠭᠲᠠ ᠤᠶᠠᠯᠳᠤᠭᠤᠯᠵᠤ᠂ ᠰᠢᠨ᠎ᠡ ᠴᠠᠭ ᠦᠶ᠎ᠡ ᠶᠢᠨ ᠬᠥᠭᠵᠢᠯᠲᠡ ᠳᠤ ᠵᠣᠬᠢᠴᠠᠭᠰᠠᠨ ᠬᠢᠨᠠᠨ ᠪᠣᠳᠣᠯᠲᠠ ᠶᠢᠨ ᠬᠢᠨᠠᠯᠲᠠ ᠲᠠᠯᠪᠢᠬᠤ ᠲᠣᠭᠲᠠᠯᠴᠠᠭ᠎ᠠ ᠶᠢ ᠲᠦᠷᠭᠡᠨ ᠲᠡᠭᠦᠯᠳᠡᠷᠵᠢᠭᠦᠯᠵᠦ᠂ ᠬᠢᠨᠠᠨ ᠪᠣᠳᠣᠯᠲᠠ ᠶᠢᠨ ᠬᠢᠨᠠᠯᠲᠠ ᠲᠠᠯᠪᠢᠬᠤ ︽ᠬᠤᠷᠴᠠ ᠰᠡᠯᠡᠮ᠎ᠡ︾ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠣᠷᠳᠣᠰ ᠬᠤᠲᠠ ᠶᠢᠨ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠪᠠᠶᠢᠴᠠᠭᠠᠯᠲᠠ ᠶᠢ ᠴᠢᠩᠭ᠎ᠠ ᠵᠢᠷᠤᠮᠵᠢᠭᠤᠯᠵᠤ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠬᠦ ᠠᠷᠭ᠎ᠠ ᠬᠡᠮᠵᠢᠶ᠎ᠡ ᠶᠢ ᠰᠤᠳᠤᠯᠵᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠪᠠᠲᠤᠳᠬᠠᠵᠤ᠂ ᠵᠠᠰᠠᠭ ᠵᠠᠬᠢᠷᠭᠠᠨ ᠤ ᠪᠠᠶᠢᠴᠠᠭᠠᠯᠲᠠ ᠶᠢ ᠴᠢᠨᠠᠭᠰᠢᠳᠠ ᠵᠢᠷᠤᠮᠵᠢᠭᠤᠯᠵᠤ᠂ ᠡᠯ᠎ᠡ ᠲᠥᠷᠥᠯ ᠤᠨ ᠪᠠᠶᠢᠴᠠᠭᠠᠯᠲᠠ ᠶᠢᠨ ᠤᠳᠠᠭ᠎ᠠ ᠳᠠᠪᠲᠠᠮᠵᠢ ᠶᠢ ᠴᠥᠭᠡᠳᠭᠡᠵᠦ᠂ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠵᠤ᠂ ᠵᠢᠷᠤᠮᠵᠢᠭᠰᠠᠨ᠂ ᠥᠨᠳᠥᠷ ᠪᠦᠲᠦᠮᠵᠢᠲᠡᠶ᠂ ᠲᠥᠪ ᠭᠤᠥᠯᠴᠢ ᠂ ᠪᠣᠯᠪᠠᠰᠤᠨ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠭᠲᠠᠴᠠ ᠶᠢ ᠪᠠᠶᠢᠭᠤᠯᠬᠤ ᠬᠡᠷᠡᠭᠲᠡᠢ᠃ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠲᠠᠢ ᠤᠶᠠᠯᠳᠤᠭᠤᠯᠤᠨ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠬᠦ ᠪᠠ ᠴᠢᠳᠠᠪᠤᠷᠢ ᠣᠯᠭᠤᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠠᠵᠤ ᠠᠬᠤᠶᠢᠯᠠᠯ ᠳᠤ ᠦᠨᠡᠨ ᠪᠣᠳᠠᠲᠠᠢ ᠬᠦᠷᠲᠡᠮᠵᠢ ᠶᠢᠨ ᠲᠥᠷᠥᠭᠳᠡᠯ ᠣᠯᠭᠤᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ ᠪᠠᠰᠠ ᠪᠤᠰᠤᠳ ᠤᠴᠢᠷ ᠶᠠᠪᠤᠳᠠᠯ ᠢ ᠰᠤᠳᠤᠯᠪᠠ᠃
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ