ᠰᠢᠷᠠᠤ᠋ᠰᠤᠨ ᠪᠠᠯᠭᠠᠰᠤᠨ ᠤ ᠳᠤᠭᠠᠷ ᠤᠨ ᠲᠣᠬᠤᠢ ᠲᠣᠰᠬᠤᠨ ᠨᠢᠭᠡᠳᠦᠯ ᠪᠠᠷᠢᠭᠠᠳᠠ ᠶᠢᠨ ᠬᠥᠳᠡᠯᠭᠡᠭᠡᠨ ᠤ ᠲᠥᠪ ᠢᠶᠠᠷ ᠬᠤᠯᠪᠣᠭᠠᠰᠤ ᠪᠣᠯᠭᠠᠵᠤ ᠡᠯ᠎ᠡ | ᠲᠥᠷᠥᠯ ᠤᠨ ᠰᠣᠶᠣᠯ ᠤᠨ ᠠᠵᠢᠯᠯᠠᠭ᠎ᠠ ᠶᠢ ᠥᠷᠨᠢᠭᠦᠯᠦᠨ ᠲᠣᠰᠬᠤᠨ ᠤ ᠠᠷᠠᠳ ᠤᠨ ᠬᠤᠭᠤᠷᠣᠨᠳᠣᠬᠢ ᠨᠡᠪᠲᠡᠷᠡᠯᠴᠡᠭᠡ ᠰᠣᠯᠢᠯᠴᠠᠭ᠎ᠠ ᠶᠢ ᠴᠢᠩᠭᠠᠳᠬᠠᠵᠤ ᠲᠣᠰᠬᠤᠨ ᠤ | ᠠᠷᠠᠳ ᠤᠨ ᠨᠡᠶᠢᠯᠡᠮᠡᠯ ᠬᠦᠴᠦᠨ ᠢ ᠨᠢᠭᠲᠠᠷᠠᠭᠤᠯᠤᠨ ᠰᠢᠨ᠎ᠡ ᠴᠠᠭ ᠦᠶ᠎ᠡ ᠶᠢᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠬᠠᠮᠲᠤ ᠪᠠᠷ ᠪᠦᠲᠦᠭᠡᠨ | ᠪᠠᠶᠢᠭᠤᠯᠵᠤ ᠪᠠᠶᠢᠨ᠎ᠠ᠃ | ᠰᠣᠷᠪᠤᠯᠵᠢᠯᠠᠭᠴᠢ ᠰᠢᠷᠠᠤ᠋ᠰᠤᠨ ᠪᠠᠯᠭᠠᠰᠤᠨ ᠤ ᠳᠤᠭᠠᠷ ᠤᠨ ᠲᠣᠬᠤᠢ ᠲᠤᠰᠬᠤᠨ ᠤ ᠲᠠᠪᠤᠳᠤᠭᠠᠷ ᠪᠠᠷᠢᠭᠠᠳᠠ ᠶᠢᠨ ᠬᠥᠳᠡᠯᠭᠡᠭᠡᠨ ᠤ ᠲᠥᠪ ᠲᠤ ᠬᠦᠷᠬᠦ ᠳᠤ | ᠪᠠᠶᠠᠷ ᠬᠦᠷ ᠢᠶᠠᠷ ᠪᠢᠯᠬᠠᠵᠤ᠂ ᠲᠣᠰᠬᠤᠨ ᠤ ᠠᠷᠠᠳ ᠠᠯᠢ ᠡᠷᠲᠡ ᠠᠳᠡ ᠢᠷᠡᠵᠦ ᠱᠠᠨᠪᠧᠢ ᠶᠢᠨ ᠦᠯᠢᠭᠡᠷ ᠶᠠᠷᠢᠬᠤ᠂ ᠤᠷᠠᠨ ᠰᠠᠶᠢᠬᠠᠨ ᠤ ᠲᠤᠭᠯᠠᠯᠲᠠ ᠭᠠᠷᠭᠠᠬᠤ ᠪᠠᠷ | ᠭᠤᠣᠯ ᠪᠣᠯᠭᠠᠭᠰᠠᠨ ᠰᠢᠨ᠎ᠡ ᠵᠢᠯ ᠢ ᠤᠭᠲᠤᠨ ᠪᠡᠯᠭᠡᠯᠡᠬᠦ ᠠᠵᠢᠯᠯᠠᠭ᠎ᠠ ᠥᠷᠨᠢᠭᠦᠯᠵᠦ ᠪᠠᠶᠢᠯ᠎ᠠ᠃ | ᠰᠢᠷᠠᠤ᠋ᠰᠤᠨ ᠪᠠᠯᠭᠠᠰᠤᠨ ᠤ ᠳᠤᠭᠠᠷ ᠤᠨ ᠲᠣᠬᠤᠢ ᠲᠣᠰᠬᠤᠨ ᠤ ᠱᠢ ᠰᠢᠤ ᠬᠤᠸᠠ ᠰᠣᠷᠪᠤᠯᠵᠢᠯᠠᠭᠴᠢ ᠳᠤ ᠬᠡᠯᠡᠬᠦ ᠳᠡᠭᠡᠨ᠄ ︽︿3 · 8﹀ ᠤ ᠡᠮᠡᠭᠲᠡᠶᠢᠴᠦᠳ ᠤᠨ | ᠪᠠᠶᠠᠷ᠂ ᠲᠡᠷᠭᠡᠯ ᠰᠠᠷᠠᠨ ᠤ ᠪᠠᠶᠠᠷ᠂ ᠶᠢᠰᠦᠨ ᠰᠠᠷ᠎ᠠ ᠶᠢᠨ ᠶᠢᠰᠦᠨ ᠤ ᠪᠠᠶᠠᠷ᠂ ᠰᠢᠨ᠎ᠡ ᠵᠢᠯ ᠴᠠᠭᠠᠨ ᠰᠠᠷ᠎ᠠ ᠪᠠᠷ ᠪᠢᠳᠡ ᠬᠠᠮᠲᠤ ᠪᠠᠷ ᠠᠳᠡ ᠴᠤᠭᠯᠠᠷᠠᠵᠤ ᠰᠡᠳᠬᠢᠯ ᠤᠨ | ᠦᠭᠡ ᠪᠠᠨ ᠶᠠᠷᠢᠯᠴᠠᠵᠤ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ ᠬᠠᠶᠢᠷ᠎ᠠ ᠰᠡᠳᠬᠢᠯᠭᠡ ᠪᠠᠨ ᠨᠡᠮᠡᠭᠳᠡᠭᠦᠯᠦᠨ ᠬᠠᠮᠲᠤ ᠪᠠᠷ ᠪᠠᠶᠠᠵᠢᠨ ᠴᠢᠨᠡᠭᠡᠯᠢᠭᠵᠢᠭᠰᠡᠨ | ᠲᠤᠷᠰᠢᠯᠭ᠎ᠠ ᠪᠠᠨ ᠶᠠᠷᠢᠯᠴᠠᠳᠠᠭ︾ ᠭᠡᠯᠡ᠃ | ᠣᠶᠢᠯᠠᠭᠠᠭᠰᠠᠨ ᠢᠶᠠᠷ᠂ ᠳᠤᠭᠠᠷ ᠤᠨ ᠲᠣᠬᠤᠢ ᠲᠣᠰᠬᠤᠨ ᠤ ᠶᠡᠷᠦᠩᠬᠡᠢ ᠲᠠᠯᠠᠪᠠᠶ ᠨᠢ 139 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ 9 ᠲᠦᠮᠡᠨ ᠮᠦ | ᠣᠶᠢᠲᠤ ᠭᠠᠵᠠᠷ᠂ 43136.53 ᠮᠦ ᠲᠠᠷᠢᠶᠠᠨ ᠭᠠᠵᠠᠷ᠂ 1461 ᠡᠷᠦᠬᠡ᠂ 3713 ᠬᠥᠮᠥᠨ ᠠᠮᠠ ᠲᠠᠢ᠂ 15 ᠲᠠᠷᠢᠶᠠᠯᠠᠩ ᠤᠨ ᠬᠤᠷᠰᠢᠶᠠᠵᠢᠯ ᠲᠠᠢ ᠮᠠᠨ ᠤ | ᠬᠤᠰᠢᠭᠤᠨ ᠤ ᠬᠥᠮᠥᠨ ᠠᠮᠠ ᠬᠠᠮᠤᠭ ᠤᠨ ᠣᠯᠠᠨ ᠭᠠᠴᠠᠭ᠎ᠠ ᠲᠣᠰᠬᠤᠨ ᠤ ᠨᠢᠭᠡ ᠪᠣᠯᠣᠨ᠎ᠠ᠃ | ᠣᠳᠣᠬᠠᠨ ᠳᠤ ᠳᠤᠭᠠᠷ ᠤᠨ ᠲᠣᠬᠤᠢ ᠲᠤᠰᠬᠤᠨ ᠳᠤ 13 ᠨᠢᠭᠡᠳᠦᠯ ᠪᠠᠷᠢᠭᠠᠳᠠ ᠶᠢᠨ ᠬᠥᠳᠡᠯᠭᠡᠭᠡᠨ ᠤ ᠲᠥᠪ ᠲᠠᠢ ᠪᠠᠶᠢᠵᠤ᠂ ᠡᠳᠡᠬᠡᠷ ᠬᠥᠳᠡᠯᠭᠡᠭᠡᠨ ᠤ | ᠲᠥᠪ ᠲᠤ ᠰᠢᠷᠡᠭᠡ ᠰᠠᠨᠳᠠᠯᠢ ᠵᠡᠷᠭᠡ ᠰᠣᠶᠣᠯ᠂ ᠨᠠᠶᠢᠷ ᠨᠠᠭᠠᠳᠤᠮ ᠤᠨ ᠡᠯ᠎ᠡ ᠵᠦᠢᠯ ᠤᠨ ᠲᠥᠬᠦᠭᠡᠷᠦᠮᠵᠢ ᠶᠢ ᠲᠣᠬᠢᠷᠠᠭᠤᠯᠵᠤ ᠲᠤᠰᠬᠤᠨ ᠤ ᠠᠷᠠᠳ ᠤᠨ ᠤᠯᠠᠨ | ᠶᠠᠩᠵᠤ ᠶᠢᠨ ᠱᠠᠭᠠᠷᠳᠠᠯᠭ᠎ᠠ ᠶᠢ ᠬᠠᠩᠭᠠᠭᠰᠠᠨ ᠪᠠᠶᠢᠨ᠎ᠠ᠃ ᠲᠣᠰᠬᠤᠨ ᠤ ᠬᠢᠨ ᠳᠠᠷᠠᠭ᠎ᠠ ᠵᠢᠯ ᠪᠠᠰᠠ 2 ᠨᠢᠭᠡᠳᠦᠯ ᠪᠠᠷᠢᠭᠠᠳᠠ ᠶᠢᠨ ᠬᠥᠳᠡᠯᠭᠡᠭᠡᠨ ᠤ ᠲᠥᠪ ᠤᠨ | ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠠᠶᠢᠨ᠎ᠠ᠃ | ᠰᠢᠷᠠᠤ᠋ᠰᠤᠨ ᠪᠠᠯᠭᠠᠰᠤᠨ ᠤ ᠳᠤᠭᠠᠷ ᠤᠨ ᠲᠣᠬᠤᠢ ᠲᠣᠰᠬᠤᠨ ᠤ ᠨᠠᠮ ᠤᠨ ᠶᠡᠷᠦᠩᠬᠡᠢ ᠡᠭᠦᠷ ᠤᠨ ᠱᠦᠵᠢ ᠱᠢ ᠰᠢᠤ ᠷᠦᠩ ᠰᠣᠷᠪᠤᠯᠵᠢᠯᠠᠭᠴᠢ ᠳᠤ ᠬᠡᠯᠡᠬᠦ | ᠳᠡᠭᠡᠨ᠄ ︽ᠬᠥᠳᠡᠯᠭᠡᠭᠡᠨ ᠤ ᠲᠥᠪ ᠢ ᠪᠠᠶᠢᠭᠤᠯᠤᠭᠰᠠᠨ ᠤ ᠳᠠᠷᠠᠭ᠎ᠠ ᠵᠢᠯ ᠪᠣᠯᠭᠠᠨ ᠤ ᠪᠠᠶᠠᠷ ᠳᠤᠷᠠᠰᠬᠠᠯ ᠤᠨ ᠡᠳᠦᠷ ᠪᠦᠭᠦᠳᠡᠭᠡᠷ ᠢᠶᠠᠨ ᠠᠳᠡ ᠴᠤᠭᠯᠠᠷᠠᠨ ᠬᠠᠮᠲᠤᠪᠠᠷ | ᠪᠠᠶᠠᠷ ᠳᠤᠷᠠᠰᠬᠠᠯ ᠤᠨ ᠡᠳᠦᠷ ᠢᠶᠠᠨ ᠲᠡᠮᠳᠡᠭᠯᠡᠨ ᠲᠣᠰᠬᠤᠨ ᠤ ᠬᠥᠭᠵᠢᠯᠲᠡ ᠳᠤ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ ᠠᠮᠢᠳᠤᠷᠠᠯ ᠤᠨ | ᠬᠥᠭᠵᠢᠯᠲᠡ ᠶᠢ ᠬᠠᠮᠲᠤᠪᠠᠷ ᠡᠷᠢᠯᠬᠢᠯᠡᠨ ᠲᠤᠰᠬᠤᠨ ᠤ ᠠᠷᠠᠳ ᠤᠨ ᠬᠤᠭᠤᠷᠤᠨᠳᠤᠭᠢ ᠬᠠᠷᠢᠯᠴᠠᠭ᠎ᠠ ᠶᠢ ᠤᠯᠠᠮ ᠰᠠᠶᠢᠵᠢᠷᠠᠭᠤᠯᠤᠨ᠎ᠠ︾ ᠭᠡᠵᠦ ᠪᠠᠶᠢᠯ᠎ᠠ᠃ | ᠨᠢᠭᠡᠳᠦᠯ ᠪᠠᠷᠢᠭᠠᠳᠠ ᠶᠢᠨ ᠬᠥᠳᠡᠯᠭᠡᠭᠡᠨ ᠤ ᠲᠥᠪ ᠢ ᠲᠠᠰᠤᠷᠠᠯᠲᠠ ᠦᠭᠡᠢ ᠲᠡᠭᠦᠯᠳᠡᠷᠵᠢᠬᠦ ᠶᠢ ᠳᠠᠭᠠᠯᠳᠤᠨ ᠳᠤᠭᠠᠷ ᠤᠨ ᠲᠣᠬᠤᠢ ᠲᠣᠰᠬᠤᠨ ᠤ ᠠᠷᠠᠳ ᠤᠨ | ᠠᠮᠢᠳᠤᠷᠠᠯ ᠤᠯᠠᠮ ᠴᠢᠨᠡᠭᠡᠯᠢᠭᠵᠢᠵᠦ ᠰᠣᠶᠣᠯ ᠤᠨ ᠠᠮᠢᠳᠤᠷᠠᠯ ᠨᠢ ᠲᠡᠭᠦᠯᠳᠡᠷᠵᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠣᠯ ᠵᠢᠷᠭᠠᠯᠲᠤ | ᠬᠠᠭᠤᠳᠠᠰᠤ ᠶᠢ ᠦᠷᠭᠦᠯᠵᠢᠯᠡᠨ ᠪᠢᠴᠢᠭᠯᠡᠵᠦ ᠨᠡᠩ ᠰᠠᠶᠢᠨ ᠰᠠᠶᠢᠬᠠᠨ ᠠᠮᠢᠳᠤᠷᠠᠯ ᠲᠡᠰᠢ ᠤᠷᠤᠭᠰᠢᠯᠠᠵᠤ ᠪᠠᠶᠢᠨ᠎ᠠ᠃ | ᠰᠤᠷᠪᠤᠯᠵᠢᠯᠠᠭᠴᠢ᠄ ᠰᠣᠯᠣᠩᠭ᠎ᠠ᠂ ᠸᠠᠩ ᠴᠢ᠂ ᠸᠠᠩ ᠽᠧ ᠢᠦᠢ |