ᠵᠢᠭᠠᠰᠤᠨ ᠦᠢᠯᠡᠰ ᠡᠯᠪᠡᠭ ᠬᠤᠷᠢᠶᠠᠯᠲᠠ ᠣᠯᠵᠤ  ᠭᠠᠴᠠᠭᠠᠨ ᠤ ᠠᠵᠤ ᠠᠬᠤᠢ ᠬᠥᠭᠵᠢᠭᠰᠡᠨ ᠰᠢᠨ᠎ᠡ ᠬᠠᠭᠤᠳᠠᠰᠤ ᠶᠢ ᠵᠢᠷᠤᠭᠯᠠᠪᠠ
ᠨᠡᠶᠢᠲᠡᠯᠡᠭᠰᠡᠨ ᠴᠠᠭ᠄
2025/1/27
    ᠣᠲᠤᠭ ᠬᠤᠰᠢᠭᠤᠨ ᠤ ᠤᠯᠠᠭᠠᠨᠪᠠᠯᠭᠠᠰᠤ ᠶᠢᠨ ᠪᠣᠷᠤᠲᠠᠯ᠎ᠠ ᠭᠠᠴᠠᠭ᠎ᠠ ᠶᠢᠨ ᠪᠤᠯᠠᠭ ᠤᠨ ᠤᠰᠤᠨ ᠤ ᠵᠢᠭᠠᠰᠤ ᠲᠡᠵᠢᠭᠡᠨ ᠦᠷᠡᠵᠢᠭᠦᠯᠬᠦ ᠡᠷᠦᠬᠡ ᠾᠧ ᠶᠦᠩ ᠵᠢᠶᠦ᠋ᠨ ᠵᠢᠭᠠᠰᠤ ᠠᠩᠨᠠᠬᠤ ᠳᠤ ᠮᠠᠰᠢ ᠣᠯᠠᠨ ᠭᠠᠴᠠᠭᠠᠨ ᠤ ᠠᠷᠠᠳ ᠬᠦᠷᠦᠯᠴᠡᠨ ᠢᠷᠡᠵᠦ᠂ ᠲᠡᠳᠡᠨ ᠢ ᠬᠠᠪᠰᠤᠷᠤᠨ ᠶᠠᠭᠠᠷᠠᠯᠳᠤᠵᠤ ᠪᠠᠶᠢᠯ᠎ᠠ᠃ ᠲᠤᠬᠠᠢ ᠶᠢᠨ ᠲᠠᠯᠠᠪᠠᠢ ᠳᠤ ᠲᠣᠮᠣ ᠲᠣᠮᠣ ᠵᠢᠭᠠᠰᠤ ᠤᠳ ᠠᠳᠡ ᠲᠡᠨᠳᠡ ᠦᠰᠦᠷᠦᠯᠳᠦᠵᠦ᠂ ᠨᠠᠷᠠᠨ ᠤ ᠭᠡᠷᠡᠯ ᠳᠤ ᠨᠢᠳᠦ ᠭᠢᠯᠠᠰᠤᠭᠤᠯᠤᠨ᠎ᠠ᠃          ᠤᠯᠠᠭᠠᠨᠪᠠᠯᠭᠠᠰᠤ ᠶᠢᠨ ᠪᠠᠷᠠᠭᠤᠨ ᠬᠡᠰᠡᠭ ᠲᠤ ᠪᠠᠶᠢᠷᠢᠯᠠᠵᠤ ᠪᠠᠶᠢᠭ᠎ᠠ ᠪᠣᠷᠤᠲᠠᠯ᠎ᠠ ᠭᠠᠴᠠᠭ᠎ᠠ ᠲᠣᠰᠣᠲᠤ ᠶᠢᠨ ᠭᠤᠣᠯ ᠤᠨ ᠰᠠᠪᠠ ᠭᠠᠵᠠᠷ ᠤᠨ ᠨᠤᠭᠤ ᠭᠠᠵᠠᠷ ᠤᠨ ᠬᠠᠮᠠᠭᠠᠯᠠᠯᠲᠠ ᠶᠢᠨ ᠣᠷᠣᠨ ᠳᠣᠲᠣᠷ᠎ᠠ ᠪᠠᠶᠢᠵᠤ᠂ ᠡᠯᠪᠡᠭ ᠪᠠᠶᠠᠯᠢᠭ ᠪᠤᠯᠠᠭ ᠤᠨ ᠤᠰᠤᠨ ᠤ ᠡᠬᠢ ᠪᠠᠶᠠᠯᠢᠭ ᠲᠠᠢ ᠪᠠᠶᠢᠳᠠᠭ᠃ ᠣᠶᠢᠷ᠎ᠠ ᠶᠢᠨ ᠵᠢᠯ ᠤᠳ ᠲᠤ᠂ ᠲᠣᠰ ᠭᠠᠴᠠᠭ᠎ᠠ ᠨᠢ ᠡᠨᠡ ᠬᠦ ᠣᠨᠴᠠᠭᠠᠢ ᠳᠠᠪᠠᠭᠤᠯᠢᠭ ᠲᠠᠭᠠᠨ ᠲᠦᠰᠢᠭᠯᠡᠨ᠂ ︽ᠪᠤᠯᠠᠭ ᠤᠨ ᠤᠰᠤᠨ ᠤ ᠵᠢᠭᠠᠰᠤ︾ ᠲᠡᠵᠢᠭᠡᠨ ᠦᠷᠡᠵᠢᠭᠦᠯᠬᠦ ᠦᠢᠯᠡᠰ ᠢ ᠶᠡᠭᠡ ᠪᠠᠷ ᠬᠥᠭᠵᠢᠭᠦᠯᠵᠦ᠂ ᠢᠯᠡᠳᠲᠡ ᠠᠵᠤ ᠠᠬᠤᠢ ᠶᠢᠨ ᠦᠷ᠎ᠡ ᠠᠰᠢᠭ ᠣᠯᠣᠭᠰᠠᠨ ᠪᠠᠶᠢᠨ᠎ᠠ᠃          ᠥᠩᠭᠡᠷᠡᠭᠰᠡᠨ ᠳᠤ᠂ ᠪᠣᠷᠤᠲᠠᠯ᠎ᠠ ᠭᠠᠴᠠᠭ᠎ᠠ ᠨᠤᠭᠤ ᠭᠠᠵᠠᠷ ᠤᠨ ᠬᠠᠮᠠᠭᠠᠯᠠᠯᠲᠠ ᠶᠢᠨ ᠣᠷᠣᠨ ᠳᠣᠲᠣᠷ᠎ᠠ ᠪᠠᠶᠢᠷᠢᠯᠠᠭᠰᠠᠨ ᠠᠴᠠ ᠬᠠᠮᠲᠤ ᠶᠢᠨ ᠠᠵᠤ ᠠᠬᠤᠢ ᠶᠢ ᠬᠥᠭᠵᠢᠭᠦᠯᠬᠦ ᠲᠠᠷᠢᠶᠠᠨ ᠭᠠᠵᠠᠷ ᠪᠠ ᠪᠡᠯᠴᠢᠭᠡᠷ ᠳᠤᠲᠠᠭᠳᠠᠵᠤ᠂ ᠡᠬᠢ ᠪᠠᠶᠠᠯᠢᠭ ᠬᠢᠵᠠᠭᠠᠷᠲᠠᠢ᠂ ᠰᠠᠭᠤᠷᠢ ᠲᠥᠬᠦᠭᠡᠷᠦᠮᠵᠢ ᠬᠤᠴᠤᠷᠤᠩᠭᠤᠢ᠂ ᠠᠵᠤ ᠦᠢᠯᠡᠰ ᠤᠨ ᠰᠠᠭᠤᠷᠢ ᠪᠠᠭᠤᠷᠠᠢ ᠵᠡᠷᠭᠡ ᠬᠦᠴᠢᠷᠳᠡᠯ ᠳᠤ ᠲᠤᠯᠭᠠᠷᠠᠵᠤ ᠪᠠᠶᠢᠪᠠ᠃ ᠭᠡᠲᠡᠯ᠎ᠡ᠂ ᠭᠠᠴᠠᠭᠠᠨ ᠤ ︽ᠬᠤᠶᠠᠷ ᠵᠥᠪᠯᠡᠯ︾ ᠪᠣᠯᠣᠨ ᠭᠠᠴᠠᠭᠠᠨ ᠳᠤ ᠰᠠᠭᠤᠭ᠎ᠠ ᠠᠵᠢᠯᠯᠠᠬᠤ ᠠᠩᠭᠢ ᠶᠢᠨ ᠎ ᠬᠢᠨ ᠬᠦᠴᠢᠷ ᠪᠡᠷᠬᠡᠰᠢᠶᠡᠯ ᠠᠴᠠ ᠠᠶᠤᠬᠤ ᠦᠭᠡᠢ ᠪᠠᠷ ᠲᠤᠬᠠᠢ ᠶᠢᠨ ᠭᠠᠵᠠᠷ ᠤᠨ ᠬᠥᠭᠵᠢᠯᠲᠡ ᠳᠤ ᠲᠣᠬᠢᠷᠠᠬᠤ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠭᠠᠴᠠᠭᠠᠨ ᠤ ᠬᠠᠷᠢᠶ᠎ᠠ ᠭᠠᠵᠠᠷ ᠳᠣᠲᠣᠷᠠᠬᠢ ᠮᠢᠩᠭᠠᠨ ᠮᠧᠲᠷ ᠭᠦᠨ ᠪᠠᠶᠢᠭᠠᠯᠢ ᠶᠢᠨ ᠪᠤᠯᠠᠭ ᠤᠨ ᠤᠰᠤᠨ ᠤ ᠡᠬᠢ ᠪᠠᠶᠠᠯᠢᠭ ᠢ ᠠᠭᠤᠳᠠᠯᠤᠨ᠂ ᠡᠨᠡ ᠬᠦ ᠴᠡᠪᠡᠷ ᠲᠤᠩᠭᠠᠯᠠᠭ ᠡᠷᠦᠳᠡᠰᠦ ᠡᠯᠪᠡᠭ ᠠᠭᠤᠯᠤᠭᠰᠠᠨ ᠪᠤᠯᠠᠭ ᠤᠨ ᠤᠰᠤ ᠪᠠᠷ ᠴᠢᠨᠠᠷ ᠰᠠᠶᠢᠲᠠᠢ ᠵᠢᠭᠠᠰᠤᠨ ᠤ ᠲᠥᠷᠥᠯ ᠢ ᠪᠣᠶᠢᠵᠢᠭᠤᠯᠵᠤ᠂ ᠪᠣᠷᠤᠲᠠᠯ᠎ᠠ ᠭᠠᠴᠠᠭ᠎ᠠ ᠶᠢᠨ ᠬᠥᠭᠵᠢᠯᠲᠡ ᠶᠢᠨ ᠰᠢᠨ᠎ᠡ ᠬᠦᠰᠡᠯ ᠡᠷᠡᠮᠡᠯᠵᠡᠯ ᠢ ᠪᠣᠢ ᠪᠣᠯᠭᠠᠭᠰᠠᠨ ᠪᠠᠶᠢᠨ᠎ᠠ᠃          ︽ᠮᠠᠨ ᠤ ᠪᠣᠷᠤᠲᠠᠯ᠎ᠠ ᠭᠠᠴᠠᠭ᠎ᠠ ᠶᠢᠨ ᠰᠠᠶᠢᠨ ᠤᠰᠤᠨ ᠠᠴᠠ ᠰᠠᠶᠢᠨ ᠵᠢᠭᠠᠰᠤ ᠭᠠᠷᠳᠠᠭ︕︾᠂ ︽ᠡᠲᠡᠭᠡᠷ ᠪᠤᠯᠠᠭ ᠤᠨ ᠤᠰᠤᠨ ᠤ ᠵᠢᠭᠠᠰᠤᠨ ᠤ ᠮᠢᠬ᠎ᠠ ᠨᠢ ᠰᠢᠨ᠎ᠡ ᠰᠣᠷᠭᠤᠭ ᠪᠣᠯᠬᠤᠷ ᠴᠡᠪᠡᠷ ᠪᠠᠶᠢᠭᠠᠯᠢᠯᠢᠭ ︿ᠪᠣᠬᠢᠷᠲᠤᠯ ᠦᠭᠡᠢ﹀ ᠢᠳᠡᠭᠡᠨ ᠤ ᠮᠠᠲ᠋ᠧᠷᠢᠶᠠᠯ ᠪᠣᠯᠵᠤ᠂ ᠣᠯᠠᠨ ᠤ ᠪᠠᠭ᠋ᠠᠷᠬᠠᠯ ᠢ ᠶᠡᠬᠡᠳᠡ ᠲᠠᠲᠠᠵᠤ ᠪᠠᠶᠢᠨ᠎ᠠ᠂ ᠣᠲᠣ ᠪᠤᠯᠠᠭ ᠤᠨ ᠤᠰᠤᠨ ᠤ ᠵᠢᠭᠠᠰᠤ ᠨᠢ ᠨᠢᠭᠡᠨᠲᠡ ᠮᠠᠨ ᠤ ᠭᠠᠴᠠᠭᠠᠨ ᠤ ᠨᠡᠷ᠎ᠡ ᠶᠢᠨ ᠬᠠᠭᠤᠳᠠᠰᠤ ᠪᠣᠯᠵᠤ᠂ ᠭᠠᠴᠠᠭᠠᠨ ᠤ ᠠᠷᠠᠳ ᠤᠨ ᠣᠷᠣᠯᠭ᠎ᠠ ᠶᠢ ᠨᠡᠮᠡᠭᠳᠡᠭᠦᠯᠦᠨ᠂ ᠠᠮᠢᠳᠤᠷᠠᠯ ᠢ ᠨᠢ ᠴᠢᠨᠡᠭᠡᠯᠢᠭᠵᠢᠭᠦᠯᠵᠦ ᠪᠣᠢ︾ ᠭᠡᠵᠦ ᠭᠠᠴᠠᠭᠠᠨ ᠤ ᠨᠠᠮ ᠤᠨ ᠡᠭᠦᠷ ᠤᠨ ᠱᠦᠵᠢ᠂ ᠭᠠᠴᠠᠭᠠᠨ ᠤ ᠠᠷᠠᠳ ᠤᠨ ᠵᠥᠪᠯᠡᠯ ᠤᠨ ᠡᠷᠬᠢᠯᠡᠭᠴᠢ ᠶᠠᠩ ᠯᠢᠶᠠᠨ ᠰᠢᠶᠠᠩ ᠪᠠᠷᠳᠠᠮ ᠬᠡᠯᠡᠨ᠎ᠡ᠃          ᠲᠡᠵᠢᠭᠡᠨ ᠦᠷᠡᠵᠢᠭᠦᠯᠬᠦ ᠶᠠᠪᠤᠴᠠ ᠳᠤ᠂ ᠭᠠᠴᠠᠭᠠᠨ ᠳᠤ ᠰᠠᠭᠤᠭ᠎ᠠ ᠠᠵᠢᠯᠯᠠᠬᠤ ᠠᠩᠭᠢ ᠨᠢ ᠲᠡᠵᠢᠭᠡᠨ ᠦᠷᠡᠵᠢᠭᠦᠯᠬᠦ ᠺᠣᠮᠫᠠᠨᠢ ᠯᠤᠭ᠎ᠠ ᠢᠳᠡᠪᠬᠢᠲᠡᠢ ᠬᠠᠷᠢᠯᠴᠠᠵᠤ᠂ ᠵᠠᠷᠤᠳᠠᠯ ᠬᠤᠷᠢᠶᠠᠬᠤ ᠦᠭᠡᠢ ᠮᠡᠷᠭᠡᠵᠢᠯ ᠤᠨ ᠵᠢᠯᠣᠭᠤᠳᠤᠯᠭ᠎ᠠ ᠬᠠᠩᠭᠠᠨ᠂ ᠭᠠᠴᠠᠭᠠᠨ ᠤ ᠠᠷᠠᠳ ᠢ ᠬᠠᠪᠰᠤᠷᠤᠨ ᠵᠢᠭᠠᠰᠤᠨ ᠤ ᠡᠪᠡᠳᠴᠢᠨ ᠢ ᠰᠡᠷᠭᠡᠶᠢᠯᠡᠨ ᠵᠠᠰᠠᠬᠤ ᠶᠢᠨ ᠬᠠᠮᠲᠤ ᠪᠣᠷᠣᠯᠠᠭᠤᠯᠬᠤ ᠠᠷᠭ᠎ᠠ ᠵᠠᠮ ᠢ ᠨᠢ ᠥᠷᠭᠡᠳᠬᠡᠵᠦ᠂ ᠪᠤᠯᠠᠭ ᠤᠨ ᠤᠰᠤᠨ ᠤ ᠵᠢᠭᠠᠰᠤᠨ ᠤ ᠵᠠᠬ᠎ᠠ ᠳᠡᠯᠭᠡᠭᠦᠷ ᠲᠤ ᠣᠷᠣᠬᠤ ᠶᠢ ᠪᠠᠲᠤᠯᠠᠪᠠ᠃ ᠣᠳᠣᠬᠠᠨ ᠳᠤ᠂ ᠪᠤᠯᠠᠭ ᠤᠨ ᠤᠰᠤᠨ ᠤ ᠵᠢᠭᠠᠰᠤ ᠶᠢ ᠨᠢᠭᠡᠨᠲᠡ ᠵᠠᠬ᠎ᠠ ᠳᠡᠯᠭᠡᠭᠦᠷ ᠲᠤ ᠭᠠᠷᠭᠠᠵᠤ᠂ ᠵᠢᠱᠢᠯᠲᠡ ᠪᠠᠷ ᠪᠥᠬᠦ ᠵᠢᠯ ᠤᠨ ᠪᠣᠷᠤᠯᠠᠭᠤᠯᠭ᠎ᠠ ᠶᠢᠨ ᠬᠡᠮᠵᠢᠶ᠎ᠡ 1 ᠲᠦᠮᠡ ᠭᠠᠷᠤᠢ ᠵᠢᠩ ᠳᠤ ᠬᠦᠷᠦᠨ᠂ ᠭᠠᠴᠠᠭ᠎ᠠ ᠳᠤ 8.5 ᠲᠦᠮᠡ ᠭᠠᠷᠤᠢ ᠲᠥᠭᠦᠷᠢᠭ ᠤᠨ ᠬᠠᠮᠲᠤ ᠶᠢᠨ ᠣᠷᠣᠯᠭ᠎ᠠ ᠶᠢ ᠡᠭᠦᠳᠴᠦ᠂ ᠬᠠᠮᠲᠤ ᠶᠢᠨ ᠠᠵᠤ ᠠᠬᠤᠢ ᠶᠢᠨ ᠶᠡᠷᠦᠩᠬᠡᠢ ᠣᠷᠣᠯᠭ᠎ᠠ ᠨᠢ ᠨᠠᠩ ᠴᠤ 25 ᠲᠦᠮᠡᠨ ᠲᠥᠭᠦᠷᠢᠭ ᠢ ᠳᠠᠪᠠᠨ᠂ ᠬᠦᠴᠦᠲᠡᠢ ᠨᠡᠮᠡᠭᠳᠡᠯ ᠤᠨ ᠬᠠᠨᠳᠤᠰᠢ ᠲᠠᠢ ᠪᠣᠯᠤᠭᠰᠠᠨ ᠪᠠᠶᠢᠨ᠎ᠠ᠃          ᠪᠣᠷᠤᠲᠠᠯ᠎ᠠ ᠭᠠᠴᠠᠭ᠎ᠠ ᠶᠢᠨ ᠪᠤᠯᠠᠭ ᠤᠨ ᠤᠰᠤᠨ ᠤ ᠵᠢᠭᠠᠰᠤ ᠲᠡᠵᠢᠭᠡᠨ ᠦᠷᠡᠵᠢᠭᠦᠯᠬᠦ ᠲᠦᠷᠦᠯ ᠵᠦᠢᠯ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠭᠠᠴᠠᠭᠠᠨ ᠤ ᠠᠷᠠᠳ ᠲᠤ ᠠᠰᠢᠭ ᠬᠦᠷᠲᠡᠭᠡᠭᠰᠡᠨ ᠢᠶᠠᠷ ᠪᠠᠷᠠᠬᠤ ᠦᠭᠡᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃ ᠡᠨᠡᠬᠦ ᠬᠦᠰᠡᠯ ᠬᠤᠷᠤᠶᠢᠯᠠᠭᠰᠠᠨ ᠬᠥᠷᠥᠰᠥᠨ ᠳᠡᠭᠡᠷ᠎ᠡ᠂ ᠭᠠᠴᠠᠭᠠᠨ ᠤ ᠴᠡᠪᠡᠷ ᠲᠤᠩᠭᠠᠯᠠᠭ ᠪᠤᠯᠠᠭ ᠨᠢ ᠠᠷᠠᠳ ᠨᠢᠭᠡᠪᠦᠷᠢ ᠶᠢᠨ ᠰᠡᠳᠬᠢᠯ ᠢ ᠤᠮᠳᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠶᠢᠨ ᠰᠠᠶᠢᠬᠠᠨ ᠵᠢᠷᠤᠭ ᠲᠥᠯᠥᠪᠯᠡᠭᠡ ᠶᠢ ᠵᠢᠷᠤᠭᠯᠠᠵᠠᠢ᠃    
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ