ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠵᠤᠷᠭᠠᠨ ᠤ ᠳᠠᠷᠤᠭ᠎ᠠ ᠯᠢᠦ ᠳ᠋ᠧᠩ ᠹᠧᠩ | 6 ᠤ ᠡᠳᠦᠷ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠤᠳᠤᠷᠢᠳᠬᠤ | ᠳᠤᠭᠤᠶᠢᠯᠠᠩ ᠢ ᠪᠠᠶᠢᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ 50 ᠵᠤᠷᠪᠤᠰ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠢᠭᠡᠨᠲᠡ ᠨᠡᠶᠢᠲᠡᠯᠡᠪᠡ ᠭᠡᠵᠡᠢ᠃ | ᠲᠤᠬᠠᠢ ᠶᠢᠨ ᠡᠳᠦᠷ ᠶᠠᠪᠤᠭᠳᠠᠭᠰᠠᠨ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠯᠢᠦ | ᠳ᠋ᠧᠩ ᠹᠧᠩ᠂ 50 ᠵᠦᠢᠯ ᠤᠨ ᠠᠷᠭ᠎ᠠ ᠬᠡᠮᠵᠢᠶ᠎ᠡ ᠨᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠤᠨ ᠰᠢᠰᠲ᠋ᠧᠮ ᠢ ᠪᠠᠶᠢᠭᠤᠯᠬᠤ᠂ | ᠪᠣᠭᠤᠮᠲᠠ ᠰᠢᠪᠲᠤᠯᠬᠤ ᠡᠭᠦᠷᠭᠡ ᠶᠢ ᠴᠤᠮᠬᠠᠳᠬᠠᠬᠤ᠂ ᠪᠣᠭᠤᠮᠲᠠ ᠰᠢᠪᠲᠤᠯᠬᠤ ᠪᠦᠯᠭᠦᠮ ᠨᠡᠶᠢᠲᠡ ᠶᠢ ᠰᠢᠯᠢᠨ ᠰᠣᠩᠭᠤᠬᠤ᠂ ᠲᠥᠷᠥᠯ ᠵᠦᠢᠯ ᠤᠨ ᠬᠠᠮᠢᠶᠠᠷᠤᠯᠲᠠ ᠶᠢ | ᠪᠦᠷᠢᠨᠰᠢᠭᠦᠯᠬᠦ᠂ ᠡᠬᠢ ᠪᠠᠶᠠᠯᠢᠭ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠲᠥᠷᠥ ᠶᠢᠨ ᠪᠣᠳᠣᠯᠭ᠎ᠠ ᠶᠢᠨ ᠣᠷᠴᠢᠨ ᠨᠥᠬᠦᠴᠡᠯ ᠢ ᠪᠤᠶ ᠪᠤᠯᠭᠠᠬᠤ᠂ ᠲᠠᠪᠴᠠᠩ ᠤᠨ | ᠪᠠᠶᠢᠭᠤᠯᠤᠯᠲᠠ ᠶᠢ ᠠᠬᠢᠭᠤᠯᠬᠤ᠂ ᠵᠢᠱᠢᠵᠦ ᠦᠨᠡᠯᠡᠬᠦ ᠶᠢ ᠲᠡᠭᠦᠯᠳᠡᠷᠵᠢᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠲᠤᠰᠬᠠᠢ ᠮᠡᠷᠭᠡᠵᠢᠯ ᠤᠨ | ᠦᠢᠯᠡᠴᠢᠯᠡᠭᠡ ᠶᠢ ᠪᠦᠷᠢᠨᠰᠢᠭᠦᠯᠬᠦ ᠵᠡᠷᠭᠡ 10 ᠲᠠᠯ᠎ᠠ ᠶᠢᠨ ᠲᠣᠭᠤᠷᠢᠨ ᠳᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠠᠵᠢᠯ ᠢ ᠪᠠᠶᠢᠷᠢᠯᠠᠭᠤᠯᠪᠠ ᠭᠡᠵᠦ ᠲᠠᠨᠢᠯᠴᠠᠭᠤᠯᠵᠠᠢ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠣᠯ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢᠨ ᠴᠢᠬᠤᠯᠠ ᠲᠤᠯᠭᠠᠭᠤᠷᠢᠯᠠᠯ ᠪᠣᠯᠣᠨ᠎ᠠ᠃ ᠲᠠᠨᠢᠯᠴᠠᠭᠤᠯᠤᠭᠰᠠᠨ ᠢᠶᠠᠷ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠲᠥᠪ ᠤᠨ | ᠪᠠ ᠣᠷᠣᠨ ᠨᠤᠲᠤᠭ ᠤᠨ ᠥᠨᠳᠥᠷ ᠪᠦᠲᠦᠮᠵᠢᠲᠡᠶ ᠬᠠᠮᠵᠢᠯᠴᠠᠭᠰᠠᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ | ᠬᠠᠮᠢᠶᠠᠷᠤᠯᠲᠠ ᠶᠢᠨ ᠰᠢᠰᠲ᠋ᠧᠮ ᠢ ᠬᠦᠴᠦᠯᠡᠨ ᠪᠠᠶᠢᠭᠤᠯᠵᠤ᠂ ᠠᠳᠠᠯᠢ ᠪᠤᠰᠤ ᠰᠠᠯᠠᠭ᠎ᠠ ᠮᠥᠴᠢᠷ ᠤᠨ ᠲᠥᠷᠥ ᠶᠢᠨ ᠪᠣᠳᠣᠯᠭ᠎ᠠ ᠶᠢᠨ ᠬᠤᠯᠪᠤᠭᠠᠯᠠᠨ ᠬᠥᠳᠡᠯᠦᠯᠴᠡᠬᠦ ᠪᠠ | ᠠᠳᠠᠯᠢ ᠪᠤᠰᠤ ᠰᠢᠨ᠎ᠡ ᠶᠢ ᠡᠭᠦᠳᠬᠦ ᠭᠤᠣᠯ ᠴᠣᠭᠴᠠ ᠶᠢᠨ ᠠᠵᠢᠯ ᠢᠶᠠᠨ ᠬᠤᠪᠢᠶᠠᠷᠢᠯᠠᠨ ᠬᠠᠮᠵᠢᠯᠴᠠᠬᠤ ᠶᠢ ᠴᠢᠩᠭᠠᠳᠬᠠᠪᠠ᠃ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠪᠦᠭᠦ ᠬᠡᠯᠬᠢᠶᠡᠨ ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠢ | ᠪᠠᠶᠢᠭᠤᠯᠬᠤ ᠶᠢᠨ ᠲᠥᠯᠥᠭᠡ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ︽1 + 2 + 2 + 3 + X︾ ᠵᠣᠬᠢᠶᠠᠨ | ᠪᠠᠶᠢᠭᠤᠯᠤᠯᠲᠠ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠪᠠ᠂ ᠲᠤᠬᠠᠶᠢᠯᠠᠪᠠᠯ ︽1 + 2︾ ᠪᠣᠯ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠤᠯᠤᠰ ᠤᠨ ᠬᠢᠲᠠᠳ ᠡᠮᠨᠡᠯᠭᠡ ᠶᠢᠨ ᠲᠣᠪᠴᠢᠶ᠎ᠠ᠂ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶ᠎ᠠ ᠪᠣᠯᠣᠨ᠎ᠠ᠂ ︽+ 2︾ ᠪᠣᠯ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠦᠷᠢᠶᠡᠨ ᠳᠠᠬᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠠᠮᠢᠶᠠᠷᠤᠯᠲᠠ ᠶᠢᠨ | ᠬᠤᠶᠠᠷ ᠲᠤᠰᠬᠠᠢ ᠪᠠᠶᠢᠭᠤᠯᠤᠮᠵᠢ ᠪᠣᠯᠣᠨ᠎ᠠ᠂ ︽+ 3︾ ᠪᠣᠯ ᠤᠯᠤᠰ ᠤᠨ ᠲᠠᠰ ᠤᠨ ᠠᠨᠠᠭᠠᠬᠤ ᠤᠬᠠᠭᠠᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠭᠤᠷᠪᠠᠨ | ᠪᠠᠶᠢᠭᠤᠯᠤᠮᠵᠢ ᠪᠣᠯᠣᠨ᠎ᠠ᠂ ︽+ X︾ ᠪᠣᠯ ᠥᠷᠭᠡᠨ ᠣᠯᠠᠨ ᠥᠨᠳᠥᠷ ᠬᠢᠷᠢ ᠲᠦᠪᠰᠢᠨ ᠪᠦᠬᠦᠢ ᠰᠤᠳᠤᠯᠭᠠᠨ ᠤ ᠭᠡᠯᠪᠡᠷᠢ ᠶᠢᠨ ᠶᠡᠭᠡ ᠰᠤᠷᠭᠠᠭᠤᠯᠢ᠂ ᠰᠤᠳᠤᠯᠭᠠᠨ ᠤ | ᠭᠡᠯᠪᠡᠷᠢ ᠶᠢᠨ ᠡᠮᠴᠢᠯᠡᠭᠡᠨ ᠤ ᠪᠠᠶᠢᠭᠤᠯᠤᠮᠵᠢ᠂ ᠰᠢᠨ᠎ᠡ ᠶᠢ ᠡᠭᠦᠳᠬᠦ ᠠᠵᠤ ᠠᠬᠤᠶᠢᠯᠠᠯ ᠵᠢᠴᠢ ᠬᠤᠯᠪᠣᠭᠳᠠᠯ ᠪᠦᠬᠦᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠬᠦᠷᠢᠶᠡᠨ ᠤ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠦᠴᠦᠨ ᠪᠣᠯᠣᠨ᠎ᠠ᠃ | ᠡᠭᠦᠨ ᠤ ᠬᠠᠮᠲᠤ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠯᠤᠰ ᠤᠨ ᠡᠮᠴᠢᠯᠡᠭᠡᠨ ᠤ ᠠᠨᠠᠭᠠᠬᠤ ᠤᠬᠠᠭᠠᠨ ᠤ ᠰᠤᠳᠤᠯᠭᠠᠨ ᠤ ᠲᠥᠪ | ᠪᠣᠯᠣᠨ ᠡᠯ᠎ᠡ ᠲᠥᠷᠥᠯ ᠤᠨ ᠤᠯᠤᠰ ᠤᠨ ᠲᠠᠰ ᠤᠨ ᠠᠨᠠᠭᠠᠬᠤ ᠤᠬᠠᠭᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ | ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠰᠢᠨ᠎ᠡ ᠶᠢ ᠡᠭᠦᠳᠬᠦ ᠡᠮ ᠤᠨ ᠵᠦᠢᠯ ᠢ ᠰᠤᠳᠤᠯᠤᠨ ᠨᠡᠭᠡᠭᠡᠬᠦ᠂ ᠰᠢᠨ᠎ᠡ ᠪᠠᠷ ᠡᠭᠦᠰᠬᠦ ᠭᠡᠨᠡᠳᠲᠡ ᠡᠭᠦᠰᠬᠦ ᠪᠠ | ᠬᠦᠨᠳᠦ ᠶᠡᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠶᠢ ᠪᠠᠭᠲᠠᠭᠠᠭᠰᠠᠨ ᠤᠯᠤᠰ ᠤᠨ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠥᠯᠥᠪᠯᠡᠭᠡ ᠶᠢᠨ ᠲᠥᠷᠥᠯ ᠵᠦᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠠ ᠦᠷᠭᠦᠯᠵᠢᠯᠡᠭᠦᠯᠬᠦ ᠠᠵᠢᠯ ᠢ ᠦᠷᠭᠦᠯᠵᠢᠯᠡᠨ ᠠᠬᠢᠭᠤᠯᠬᠤ ᠪᠣᠯᠣᠨ᠎ᠠ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 6 ᠤ ᠴᠠᠭᠢᠯᠭᠠᠨ ᠮᠡᠳᠡᠭᠡ︶ | | | |