ᠡᠪᠦᠯ ᠤᠨ ᠤᠯᠠᠷᠢᠯ ᠳᠤ ᠬᠡᠷᠬᠢᠨ ᠪᠡᠶ᠎ᠡ ᠴᠢᠭᠢᠷᠠᠭᠵᠢᠭᠤᠯᠬᠤ ᠪᠤᠢ︖
ᠨᠡᠶᠢᠲᠡᠯᠡᠭᠰᠡᠨ ᠴᠠᠭ᠄
2025/1/7
      ᠡᠪᠦᠯ ᠪᠣᠯᠵᠤ ᠲᠡᠭᠷᠢ ᠬᠦᠢᠲᠡᠷᠡᠬᠦ ᠪᠠᠷ ᠬᠥᠮᠥᠰ ᠤᠨ ᠭᠡᠷ ᠤᠨ ᠭᠠᠳᠠᠨᠠᠬᠢ ᠬᠥᠳᠡᠯᠭᠡᠭᠡᠨ ᠳᠤ ᠣᠷᠤᠯᠴᠠᠬᠤ ᠶᠢ ᠵᠣᠬᠢᠬᠤ ᠬᠡᠮᠵᠢᠶ᠎ᠡ ᠪᠠᠷ ᠨᠥᠯᠥᠭᠡᠯᠡᠬᠦ ᠪᠣᠯᠣᠯ᠎ᠠ᠃ ᠡᠪᠦᠯ ᠤᠨ ᠤᠯᠠᠷᠢᠯ ᠳᠤ ᠬᠦᠢᠲᠡᠨ ᠠᠴᠠ ᠠᠶᠤᠵᠤ ᠠᠯᠵᠠᠭᠤᠷᠠᠨ ᠵᠠᠯᠬᠠᠭᠤᠷᠠᠵᠤ ᠭᠡᠷ ᠲᠡᠭᠡᠨ ᠰᠠᠭᠤᠬᠤ ᠨᠢ ᠵᠣᠬᠢᠰ ᠦᠭᠡᠢ ᠶᠤᠮ᠃ ᠬᠠᠷᠢᠨ ᠡᠭᠦᠨ ᠤ ᠡᠰᠡᠷᠭᠦ ᠪᠠᠷ᠂ ᠵᠣᠬᠢᠰᠲᠠᠢ ᠪᠡᠶ᠎ᠡ ᠶᠢᠨ ᠲᠠᠮᠢᠷ ᠤᠨ ᠬᠥᠳᠡᠯᠭᠡᠭᠡᠨ ᠬᠢᠬᠦ ᠨᠢ ᠬᠥᠮᠥᠰ ᠤᠨ ᠪᠡᠶ᠎ᠡ ᠮᠠᠬᠠᠪᠤᠳ ᠢ ᠴᠢᠭᠢᠷᠠᠭᠵᠢᠭᠤᠯᠵᠤ᠂ ᠡᠭᠡᠯᠢᠯᠡᠭᠡ ᠶᠢᠨ ᠴᠢᠳᠠᠪᠤᠷᠢ ᠪᠠ ᠵᠢᠷᠦᠬᠡ ᠠᠭᠤᠰᠬᠢᠨ ᠤ ᠴᠢᠳᠠᠪᠤᠷᠢ ᠶᠢ ᠳᠡᠭᠡᠭᠰᠢᠯᠡᠭᠦᠯᠭᠦ ᠪᠠᠷ ᠪᠠᠷᠠᠬᠤ ᠦᠭᠡᠢ᠂ ᠪᠠᠰᠠ ᠪᠡᠶ᠎ᠡ ᠮᠠᠬᠠᠪᠤᠳ ᠢ ᠬᠠᠬᠢᠷ ᠬᠦᠢᠲᠡᠨ ᠣᠷᠴᠢᠨ ᠲᠣᠭᠤᠷᠢᠨ ᠳᠤ ᠨᠠᠩ ᠰᠠᠶᠢᠨ ᠵᠣᠬᠢᠴᠠᠬᠤ ᠪᠤᠯᠭᠠᠵᠤ᠂ ᠡᠷᠡᠭᠦᠯ ᠴᠢᠭᠢᠷᠠᠭ ᠪᠠ ᠠᠮᠢᠵᠢᠷᠠᠯ ᠤᠨ ᠬᠦᠴᠦᠨ ᠲᠠᠢ ᠪᠠᠶᠢᠬᠤ ᠶᠢ ᠪᠠᠲᠤᠯᠠᠵᠤ ᠴᠢᠳᠠᠳᠠᠭ ᠠᠵᠢ᠃      ᠲᠡᠭᠡᠪᠡᠯ᠂ ᠶᠠᠮᠠᠷ ᠶᠠᠮᠠᠷ ᠬᠥᠳᠡᠯᠭᠡᠭᠡᠨ ᠨᠢ ᠡᠪᠦᠯ ᠤᠨ ᠤᠯᠠᠷᠢᠯ ᠳᠤ ᠲᠣᠬᠢᠷᠠᠬᠤ ᠪᠤᠢ︖ ᠡᠩ ᠲᠡᠷᠢᠭᠦᠨ ᠳᠤ ᠭᠦᠶᠦᠵᠦ ᠪᠣᠯᠣᠨ᠎ᠠ᠃ ᠭᠦᠶᠦᠬᠦ ᠨᠢ ᠶᠠᠪᠤᠬᠤ ᠲᠤᠳᠤᠮ ᠬᠥᠮᠥᠰ ᠤᠨ ᠬᠦᠷᠢᠶᠡᠯᠡᠯ ᠢ ᠣᠯᠵᠤ ᠪᠠᠶᠢᠨ᠎ᠠ᠃ ᠲᠤᠰᠬᠠᠢ ᠮᠡᠷᠭᠡᠵᠢᠯᠲᠡᠨ ᠤ ᠦᠵᠡᠬᠦ ᠪᠠᠷ᠂ ᠭᠦᠶᠦᠬᠦ ᠨᠢ ᠬᠦᠵᠦᠭᠦᠦ ᠰᠡᠭᠡᠷ᠂ ᠮᠥᠷᠥᠨ ᠤ ᠬᠡᠰᠡᠭ ᠤᠨ ᠠᠰᠠᠭᠤᠳᠠᠯ ᠢ ᠢᠯᠡᠳᠲᠡ ᠰᠠᠶᠢᠵᠢᠷᠠᠭᠤᠯᠵᠤ᠂ ᠵᠢᠷᠦᠬᠡ ᠠᠭᠤᠰᠬᠢᠨ ᠤ ᠴᠢᠳᠠᠮᠵᠢ ᠶᠢ ᠳᠡᠭᠡᠭᠰᠢᠯᠡᠭᠦᠯᠵᠦ ᠪᠣᠯᠣᠨ᠎ᠠ᠃ ᠭᠡᠬᠦ ᠳᠡᠭᠡᠨ ᠪᠡᠶ᠎ᠡ ᠶᠢᠨ ᠬᠦᠨᠳᠦ ᠪᠠᠨ ᠬᠢᠵᠠᠭᠠᠷᠯᠠᠵᠤ ᠪᠠᠶᠢᠭ᠎ᠠ ᠪᠤᠶᠤ ᠪᠡᠶ᠎ᠡ ᠪᠢᠯᠳᠠᠷ ᠤᠨ ᠬᠡᠪ ᠤᠨ ᠪᠠᠶᠢᠳᠠᠯ ᠢᠶᠠᠨ ᠪᠠᠷᠢᠮᠲᠠᠯᠠᠬᠤ ᠰᠠᠨᠠᠭ᠎ᠠ ᠲᠠᠢ ᠬᠥᠮᠥᠰ ᠲᠤ ᠠᠪᠴᠤ ᠬᠡᠯᠡᠪᠡᠯ᠂ ᠠᠭᠠᠵᠢᠮ ᠭᠦᠶᠦᠬᠦ ᠨᠢ ᠪᠡᠶ᠎ᠡ ᠶᠢᠨ ᠳᠣᠲᠣᠷᠠᠬᠢ ᠢᠯᠡᠭᠦᠴᠡ ᠥᠭᠡᠬᠦ ᠶᠢ ᠬᠤᠷᠣᠭᠳᠠᠭᠤᠯᠬᠤ ᠳᠤ ᠮᠠᠰᠢ ᠠᠰᠢᠭᠲᠠᠢ ᠪᠠᠶᠢᠳᠠᠭ᠃ ᠭᠡᠪᠡᠴᠦ ᠠᠩᠬᠠᠷᠬᠤ ᠴᠢᠬᠤᠯᠠᠲᠠᠢ ᠵᠦᠢᠯ ᠭᠡᠪᠡᠯ᠂ ᠭᠦᠶᠦᠬᠦ ᠳᠡᠭᠡᠨ ᠴᠡᠴᠡᠷᠯᠢᠭ᠂ ᠭᠤᠣᠯ ᠤᠨ ᠭᠦᠪᠡᠭᠡ ᠪᠤᠶᠤ ᠰᠤᠷᠭᠠᠭᠤᠯᠢ ᠶᠢᠨ ᠬᠦᠷᠢᠶᠡᠨ ᠤ ᠭᠦᠶᠦᠯᠲᠡ ᠶᠢᠨ ᠵᠠᠮ ᠵᠡᠷᠭᠡ ᠠᠭᠠᠷ ᠰᠢᠨ᠎ᠡ ᠰᠣᠷᠭᠤᠭ ᠣᠷᠴᠢᠨ ᠲᠣᠭᠤᠷᠢᠨ ᠢ ᠰᠣᠩᠭᠤᠪᠠᠯ ᠰᠠᠶᠢᠨ᠂ ᠬᠠᠬᠢᠷ ᠬᠦᠢᠲᠡᠨ ᠠᠭᠤᠷ ᠠᠮᠢᠰᠬᠤᠯ ᠳᠤ ᠭᠡᠷ ᠤᠨ ᠭᠠᠳᠠᠨ᠎ᠠ ᠣᠷᠳᠣ ᠬᠤᠭᠤᠴᠠᠭ᠎ᠠ ᠭᠦᠶᠦᠬᠦ ᠶᠢ ᠰᠠᠨᠠᠭᠠᠴᠢᠯᠠᠬᠤ ᠦᠭᠡᠢ᠃ ᠳᠠᠷᠠᠭᠠᠯᠠᠪᠠᠯ ᠳᠡᠭᠡᠰᠦ ᠦᠰᠦᠷᠴᠦ ᠪᠣᠯᠣᠨ᠎ᠠ᠃ ᠠᠭᠠᠷ ᠤᠨ ᠳᠤᠯᠠᠭᠠᠨ ᠬᠦᠢᠲᠡᠷᠡᠬᠦ ᠶᠢ ᠳᠠᠭᠠᠯᠳᠤᠨ᠂ ᠣᠯᠠᠩᠬᠢ ᠬᠥᠮᠥᠰ ᠭᠡᠷ ᠳᠣᠲᠣᠷ᠎ᠠ ᠬᠥᠳᠡᠯᠭᠡᠭᠡᠨ ᠬᠢᠬᠦ ᠪᠣᠯᠵᠠᠢ᠂ ᠡᠭᠦᠨ ᠳᠤ ᠳᠡᠭᠡᠰᠦ ᠦᠰᠦᠷᠬᠦ ᠨᠢ ᠠᠶᠠᠨᠳᠠᠭᠠᠨ ᠤ ᠰᠣᠩᠭᠤᠯᠲᠠ ᠶᠢᠨ ᠨᠢᠭᠡ ᠪᠣᠯᠵᠠᠢ᠃ ᠱᠠᠩᠬᠠᠢ ᠶᠢᠨ ᠪᠡᠶ᠎ᠡ ᠶᠢᠨ ᠲᠠᠮᠢᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ︵ᠱᠠᠩᠬᠠᠢ ᠬᠤᠲᠠ ᠶᠢᠨ ᠬᠥᠭᠡᠷᠦᠭᠦᠯᠬᠦ ᠡᠮ ᠬᠡᠷᠡᠭᠯᠡᠬᠦ ᠶᠢ ᠡᠰᠡᠷᠭᠦᠴᠡᠬᠦ ᠲᠥᠪ︶ ᠤᠨ ᠲᠤᠰᠬᠠᠢ ᠮᠡᠷᠭᠡᠵᠢᠯᠲᠡᠨ ᠤ ᠲᠠᠨᠢᠯᠴᠠᠭᠤᠯᠤᠭᠰᠠᠨ ᠢᠶᠠᠷ᠂ ᠳᠡᠭᠡᠰᠦ ᠦᠰᠦᠷᠬᠦ ᠪᠣᠯ ᠨᠢᠭᠡ ᠵᠦᠢᠯ ᠤᠨ ᠥᠨᠳᠥᠷ ᠪᠦᠲᠦᠮᠵᠢᠲᠡᠢ ᠬᠦᠴᠢᠯᠲᠥ᠋ᠷᠥᠭᠴᠢᠲᠦ ᠬᠥᠳᠡᠯᠭᠡᠭᠡᠨ ᠪᠣᠯᠣᠨ᠎ᠠ᠂ ᠡᠭᠡᠯᠢᠯᠡᠭᠡ ᠶᠢᠨ ᠴᠢᠳᠠᠪᠤᠷᠢ ᠵᠢᠴᠢ ᠵᠢᠷᠦᠬᠡ ᠠᠭᠤᠰᠬᠢᠨ ᠤ ᠴᠢᠳᠠᠪᠤᠷᠢ ᠶᠢ ᠳᠡᠭᠡᠭᠰᠢᠯᠡᠭᠦᠯᠭᠦ ᠪᠠᠷ ᠪᠠᠷᠠᠬᠤ ᠦᠭᠡᠢ ᠪᠠᠰᠠ ᠵᠠᠯᠠᠭᠤᠴᠤᠳ ᠪᠠᠭᠠᠴᠤᠳ ᠤᠨ ᠦᠰᠦᠨ ᠪᠤᠶᠢᠵᠢᠯᠲᠠ ᠳᠤ ᠠᠰᠢᠭᠲᠠᠢ᠃ ᠳᠡᠭᠡᠰᠦ ᠦᠰᠦᠷᠬᠦ ᠨᠢ ᠪᠠᠰᠠ ᠪᠦᠭᠦ ᠪᠡᠶ᠎ᠡ ᠶᠢᠨ ᠣᠯᠠᠨ ᠬᠡᠰᠡᠭ ᠤᠨ ᠪᠤᠯᠴᠢᠩ ᠢ ᠪᠤᠯᠪᠠᠰᠤᠷᠠᠭᠤᠯᠵᠤ᠂ ᠪᠡᠶ᠎ᠡ ᠶᠢᠨ ᠵᠣᠬᠢᠴᠠᠭᠤᠯᠬᠤ ᠴᠢᠳᠠᠪᠤᠷᠢ ᠶᠢ ᠪᠤᠯᠪᠠᠰᠤᠷᠠᠭᠤᠯᠵᠤ ᠴᠢᠳᠠᠨ᠎ᠠ᠃ ᠭᠡᠪᠡᠴᠦ ᠲᠤᠰᠬᠠᠢ ᠮᠡᠷᠭᠡᠵᠢᠯᠲᠡᠨ ᠤ ᠰᠠᠨᠠᠭᠤᠯᠤᠭᠰᠠᠨ ᠢᠶᠠᠷ᠂ ᠳᠡᠭᠡᠰᠦ ᠦᠰᠦᠷᠬᠦ ᠬᠥᠳᠡᠯᠭᠡᠭᠡᠨ ᠤ ᠬᠦᠴᠦᠯᠡᠴᠡ ᠨᠡᠯᠢᠶᠡᠳ ᠶᠡᠭᠡ ᠪᠣᠯᠬᠤᠷ ᠪᠡᠶ᠎ᠡ ᠮᠠᠬᠠᠪᠤᠳ ᠡᠷᠡᠭᠦᠯ ᠴᠢᠭᠢᠷᠠᠭ᠂ ᠬᠥᠳᠡᠯᠭᠡᠭᠡᠨ ᠬᠢᠳᠡᠭ ᠳᠠᠳᠬᠠᠯ ᠲᠠᠢ ᠬᠡᠦᠬᠡᠳ᠂ ᠵᠠᠯᠠᠭᠤᠴᠤᠳ ᠪᠠᠭᠠᠴᠤᠳ ᠪᠠ ᠨᠠᠰᠤᠨ ᠳᠤ ᠭᠦᠷᠦᠭᠰᠡᠳ ᠲᠤ ᠲᠣᠬᠢᠷᠠᠨ᠎ᠠ᠃ ᠲᠡᠷᠡ ᠮᠥᠷᠲᠡᠭᠡᠨ ᠳᠡᠭᠡᠰᠦ ᠦᠰᠦᠷᠬᠦ ᠦᠶᠡᠰ ᠴᠢᠳᠠᠬᠤ ᠶᠢᠨ ᠬᠢᠷᠢ ᠪᠠᠷ ᠲᠡᠭᠰᠢᠬᠡᠨ ᠮᠥᠷᠲᠡᠭᠡᠨ ᠵᠣᠬᠢᠬᠤ ᠬᠠᠷᠢᠮᠠᠬᠠᠢ ᠴᠢᠨᠠᠷ ᠲᠠᠢ ᠭᠠᠵᠠᠷ ᠤᠨ ᠭᠠᠳᠠᠷᠭᠤ ᠶᠢ ᠰᠣᠩᠭᠤᠵᠤ᠂ ᠬᠥᠳᠡᠯᠭᠡᠭᠡᠨ ᠬᠢᠬᠦ ᠠᠴᠠ ᠡᠮᠦᠨ᠎ᠡ ᠪᠡᠶ᠎ᠡ ᠪᠠᠨ ᠰᠠᠶᠢᠲᠤᠷ ᠳᠠᠰᠬᠠᠵᠤ᠂ ᠬᠥᠳᠡᠯᠭᠡᠭᠡᠨ ᠳᠠᠭᠤᠰᠤᠭᠰᠠᠨ ᠤ ᠳᠠᠷᠠᠭ᠎ᠠ ᠪᠡᠶ᠎ᠡ ᠪᠠᠨ ᠰᠤᠯᠠ ᠲᠠᠯᠪᠢᠬᠤ ᠨᠢ ᠪᠦᠷ ᠠᠳᠠᠯᠢᠬᠠᠨ ᠴᠢᠬᠤᠯᠠ ᠶᠤᠮ᠃ ᠳᠠᠭᠢᠪᠠᠯ ᠠᠯᠬᠤᠵᠤ ᠪᠣᠯᠣᠨ᠎ᠠ᠃ ᠠᠯᠬᠤᠬᠤ ᠪᠣᠯ ᠨᠢᠭᠡ ᠵᠦᠢᠯ ᠤᠨ ᠪᠠᠶᠠᠷ ᠭᠦᠷ ᠲᠠᠢ ᠬᠥᠳᠡᠯᠭᠡᠭᠡᠨ ᠤ ᠭᠡᠯᠪᠡᠷᠢ ᠪᠠᠶᠢᠵᠤ᠂ ᠡᠯ᠎ᠡ ᠨᠠᠰᠤᠨ ᠤ ᠬᠥᠮᠥᠰ ᠲᠤ ᠪᠦᠷ ᠲᠣᠬᠢᠷᠠᠨ᠎ᠠ᠃ ᠠᠯᠬᠤᠬᠤ ᠨᠢ ᠬᠤᠳᠣᠭᠤᠳᠤ ᠭᠡᠳᠡᠰᠦᠨ ᠤ ᠬᠥᠳᠡᠯᠭᠡᠭᠡᠨ ᠢ ᠠᠬᠢᠭᠤᠯᠵᠤ᠂ ᠰᠢᠩᠭᠡᠭᠡᠯᠲᠡ ᠳᠤ ᠠᠰᠢᠭᠲᠠᠢ ᠪᠠᠷ ᠪᠠᠷᠠᠬᠤ ᠦᠭᠡᠢ᠂ ᠪᠠᠰᠠ ᠣᠶᠤᠨ ᠰᠠᠨᠠᠭᠠᠨ ᠤ ᠳᠠᠷᠤᠯᠲᠠ ᠶᠢ ᠬᠥᠩᠭᠡᠷᠡᠭᠦᠯᠵᠦ᠂ ᠨᠣᠶᠢᠷ ᠢ ᠰᠠᠶᠢᠵᠢᠷᠠᠭᠤᠯᠳᠠᠭ᠃ ᠨᠠᠰᠤᠲᠠᠢ ᠬᠥᠮᠥᠨ ᠪᠤᠶᠤ ᠪᠡᠶ᠎ᠡ ᠮᠠᠭᠤᠲᠠᠢ ᠬᠥᠮᠥᠨ ᠳᠤ ᠠᠪᠴᠤ ᠬᠡᠯᠡᠪᠡᠯ᠂ ᠠᠯᠬᠤᠬᠤ ᠨᠢ ᠨᠢᠭᠡ ᠵᠦᠢᠯ ᠤᠨ ᠠᠮᠤᠷ ᠲᠦᠪᠰᠢᠨ ᠮᠥᠷᠲᠡᠭᠡᠨ ᠪᠦᠲᠦᠮᠵᠢᠲᠡᠶ ᠪᠣᠯᠪᠠᠰᠤᠷᠠᠬᠤ ᠠᠷᠭ᠎ᠠ ᠪᠣᠯᠣᠨ᠎ᠠ᠃ ᠠᠯᠬᠤᠬᠤ ᠳᠤ ᠴᠡᠴᠡᠷᠯᠢᠭ᠂ ᠰᠠᠭᠤᠭᠠᠯᠢ ᠲᠣᠭᠤᠷᠢᠭ ᠤᠨ ᠵᠦᠯᠭᠡ ᠪᠤᠶᠤ ᠭᠤᠣᠯ ᠤᠨ ᠬᠥᠪᠡᠭᠡᠨ ᠤ ᠦᠵᠡᠮᠵᠢ ᠰᠠᠶᠢᠬᠠᠨ᠂ ᠠᠭᠠᠷ ᠴᠡᠪᠡᠷ ᠭᠠᠵᠠᠷ ᠢ ᠰᠣᠩᠭᠤᠵᠤ ᠰᠡᠯᠡᠭᠦᠴᠡᠨ ᠠᠯᠬᠤᠵᠤ᠂ ᠪᠡᠶ᠎ᠡ ᠰᠡᠳᠬᠢᠴᠡ ᠪᠠᠨ ᠲᠠᠶᠢᠳᠬᠤᠷᠠᠭᠤᠯᠵᠤ ᠪᠣᠯᠣᠨ᠎ᠠ᠃ ᠳᠡᠭᠡᠷ᠎ᠡ ᠳᠤᠷᠠᠳᠤᠭᠰᠠᠨ ᠬᠥᠳᠡᠯᠭᠡᠭᠡᠨ ᠠᠴᠠ ᠭᠠᠳᠠᠨ᠎ᠠ᠂ ᠳᠤᠭᠤᠢ ᠤᠨᠤᠬᠤ᠂ ᠶᠤᠭ᠎ᠠ ᠵᠡᠷᠭᠡ ᠨᠢ ᠮᠥᠨ ᠴᠤ ᠡᠪᠦᠯ ᠤᠨ ᠤᠯᠠᠷᠢᠯ ᠳᠤ ᠲᠣᠬᠢᠷᠠᠬᠤ ᠬᠥᠳᠡᠯᠭᠡᠭᠡᠨ ᠪᠠᠶᠢᠵᠤ ᠪᠡᠶ᠎ᠡ ᠮᠠᠬᠠᠪᠤᠳ ᠢ ᠪᠦᠲᠦᠮᠵᠢᠲᠡᠢ ᠪᠤᠯᠪᠠᠰᠤᠷᠠᠭᠤᠯᠵᠤ ᠴᠢᠳᠠᠨ᠎ᠠ᠃ ᠳᠤᠷᠠᠳᠤᠭᠤᠰᠢᠲᠠᠢ ᠨᠢ ᠭᠡᠷ ᠤᠨ ᠭᠠᠳᠠᠨᠠᠬᠢ ᠮᠥᠰᠥ ᠴᠠᠰᠤᠨ ᠤ ᠬᠥᠳᠡᠯᠭᠡᠭᠡᠨ᠂ ᠡᠨᠡ ᠬᠦ ᠡᠪᠦᠯ ᠤᠨ ᠤᠯᠠᠷᠢᠯ ᠳᠤ ᠣᠨᠴᠠ ᠪᠠᠶᠢᠳᠠᠭ ᠬᠥᠳᠡᠯᠭᠡᠭᠡᠨ ᠨᠢ  ᠥᠪᠡᠷᠮᠢᠴᠡ ᠬᠠᠪᠤ ᠴᠡᠩᠭᠡᠯ ᠲᠠᠢ  ᠪᠠᠶᠢᠵᠤ᠂ ᠠᠮᠤᠷ ᠲᠦᠪᠰᠢᠨ ᠢ ᠪᠠᠲᠤᠯᠠᠭᠰᠠᠨ ᠪᠠᠶᠢᠳᠠᠯ ᠳᠣᠣᠷ᠎ᠠ ᠪᠠᠶᠠᠷ ᠭᠦᠷ  ᠲᠠᠢ ᠤᠷᠤᠯᠴᠠᠵᠤ ᠪᠣᠯᠣᠨ᠎ᠠ᠃      ᠡᠪᠦᠯ ᠤᠨ ᠤᠯᠠᠷᠢᠯ ᠳᠤ ᠠᠭᠠᠷ ᠤᠨ ᠳᠤᠯᠠᠭᠠᠨ ᠨᠡᠯᠢᠶᠡᠳ ᠳᠣᠣᠷ᠎ᠠ᠂ ᠣᠷᠴᠢᠨ ᠲᠣᠭᠤᠷᠢᠨ ᠤ ᠨᠥᠬᠦᠴᠡᠯ ᠣᠨᠴᠠᠭᠠᠶ ᠤᠴᠢᠷ ᠠᠴᠠ ᠬᠥᠳᠡᠯᠭᠡᠭᠡᠨ ᠬᠢᠬᠦ ᠳᠤ ᠳᠣᠣᠷᠠᠬᠢ ᠬᠡᠳᠦᠨ ᠲᠠᠯ᠎ᠠ ᠶᠢ ᠠᠩᠬᠠᠷᠪᠠᠯ ᠵᠣᠬᠢᠨ᠎ᠠ᠃ ᠳᠠᠷᠤᠢ᠂ ᠲᠣᠬᠢᠷᠠᠮᠵᠢᠲᠠᠢ ᠲᠠᠮᠢᠷ ᠤᠨ ᠬᠤᠪᠴᠠᠰᠤ ᠪᠠ ᠱᠠᠬᠠᠢ ᠮᠠᠯᠠᠭᠠᠢ ᠰᠣᠩᠭᠤᠵᠤ᠂ ᠬᠥᠳᠡᠯᠭᠡᠭᠡᠨ ᠬᠢᠭᠰᠡᠨ ᠤ ᠳᠠᠷᠠᠭ᠎ᠠ ᠬᠥᠯᠥᠰᠦ ᠭᠠᠷᠴᠤ ᠬᠢᠮᠤᠷᠠᠬᠤ ᠠᠴᠠ ᠰᠡᠷᠭᠡᠶᠢᠯᠡᠬᠦ ᠴᠢᠬᠤᠯᠠᠲᠠᠢ; ᠬᠥᠳᠡᠯᠭᠡᠭᠡᠨ ᠬᠢᠬᠦ ᠠᠴᠠ ᠡᠮᠦᠨ᠎ᠡ ᠵᠠᠪᠠᠯ ᠭᠦᠢᠴᠡᠳ ᠪᠡᠯᠡᠳᠬᠡᠯ ᠬᠥᠳᠡᠯᠭᠡᠭᠡᠨ ᠬᠢᠬᠦ ᠬᠡᠷᠡᠭᠲᠡᠢ᠂ ᠵᠢᠱᠢᠶᠡᠯᠡᠪᠡᠯ ᠤᠳᠠᠭᠠᠨ ᠭᠦᠶᠦᠬᠦ᠂ ᠦᠶ᠎ᠡ ᠭᠡᠰᠢᠭᠦᠦ ᠪᠠᠨ ᠰᠤᠩᠭᠠᠬᠤ ᠵᠡᠷᠭᠡ ᠨᠢ ᠬᠥᠳᠡᠯᠭᠡᠭᠡᠨ ᠬᠢᠬᠦ ᠠᠴᠠ ᠪᠣᠯᠵᠤ ᠭᠡᠮᠲᠦᠬᠦ ᠲᠦᠭᠰᠢᠭᠦᠷᠢ ᠶᠢ ᠪᠠᠭᠠᠰᠬᠠᠵᠤ ᠴᠢᠳᠠᠨ᠎ᠠ; ᠬᠥᠳᠡᠯᠭᠡᠭᠡᠨ ᠤ ᠬᠡᠮᠵᠢᠶ᠎ᠡ ᠪᠠᠨ ᠲᠣᠬᠢᠷᠠᠭᠤᠯᠵᠤ᠂ ᠬᠡᠲᠦᠷᠬᠡᠢ ᠶᠠᠳᠠᠷᠠᠬᠤ ᠠᠴᠠ ᠰᠡᠷᠭᠡᠶᠢᠯᠡᠬᠦ ᠬᠡᠷᠡᠭᠲᠡᠢ᠂ ᠥᠪᠡᠷ ᠤᠨ ᠪᠡᠶ᠎ᠡ ᠶᠢᠨ ᠪᠠᠶᠢᠳᠠᠯ ᠪᠠ ᠬᠥᠳᠡᠯᠭᠡᠭᠡᠨ ᠤ ᠴᠢᠳᠠᠪᠤᠷᠢ ᠪᠠᠨ ᠦᠨᠳᠦᠰᠦᠯᠡᠨ ᠲᠣᠬᠢᠷᠠᠮᠵᠢᠲᠠᠢ ᠬᠥᠳᠡᠯᠭᠡᠭᠡᠨ ᠬᠢᠵᠦ᠂ ᠠᠯᠬᠤᠮ ᠳᠠᠷᠠᠭ᠎ᠠ ᠲᠠᠢ ᠪᠠᠷ ᠬᠥᠳᠡᠯᠭᠡᠭᠡᠨ ᠤ ᠬᠡᠮᠵᠢᠶ᠎ᠡ ᠪᠠᠨ ᠨᠡᠮᠡᠭᠳᠡᠭᠦᠯᠵᠦ᠂ ᠬᠥᠳᠡᠯᠭᠡᠭᠡᠨ ᠬᠡᠲᠦᠷᠡᠭᠰᠡᠨ ᠠᠴᠠ ᠪᠣᠯᠵᠤ ᠪᠡᠶ᠎ᠡ ᠮᠠᠬᠠᠪᠤᠳ ᠲᠤ ᠳᠠᠷᠤᠭᠠᠰᠤ ᠪᠤᠯᠬᠤ ᠠᠴᠠ ᠵᠠᠶᠢᠯᠠᠰᠭᠢᠨ᠎ᠡ; ᠤᠰᠤ ᠨᠥᠬᠦᠪᠦᠷᠢᠯᠡᠨ᠎ᠡ᠂ ᠬᠡᠳᠦᠶᠢᠪᠡᠷ ᠡᠪᠦᠯ ᠤᠨ ᠤᠯᠠᠷᠢᠯ ᠳᠤ ᠬᠥᠯᠥᠰᠦ ᠪᠠᠭ᠎ᠠ ᠭᠠᠷᠬᠤ ᠪᠤᠯᠪᠠᠴᠤ᠂ ᠪᠡᠶ᠎ᠡ ᠮᠠᠬᠠᠪᠤᠳ ᠮᠥᠨ ᠯᠡ ᠤᠰᠤ ᠨᠥᠬᠦᠪᠦᠷᠢᠯᠡᠬᠦ ᠴᠢᠬᠤᠯᠠᠲᠠᠢ᠂ ᠬᠥᠳᠡᠯᠭᠡᠭᠡᠨ ᠬᠢᠬᠦ ᠠᠴᠠ ᠡᠮᠦᠨ᠎ᠡ ᠬᠤᠶᠢᠨ᠎ᠠ ᠵᠣᠬᠢᠬᠤ ᠬᠡᠮᠵᠢᠶᠡᠨ ᠤ ᠪᠦᠯᠢᠶᠡᠨ ᠤᠰᠤ ᠤᠤᠭᠤᠵᠤ ᠪᠡᠶ᠎ᠡ ᠶᠢᠨ ᠤᠰᠤᠨ ᠤ ᠲᠡᠩᠴᠡᠭᠦᠷᠢ ᠶᠢ ᠪᠠᠲᠤᠯᠠᠪᠠᠯ ᠵᠤᠭᠢᠨ᠎ᠠ; ᠠᠮᠤᠷ ᠲᠦᠪᠰᠢᠨ ᠢ ᠠᠩᠬᠠᠷᠬᠤ ᠴᠢᠬᠤᠯᠠᠲᠠᠢ᠂ ᠡᠪᠦᠯ ᠤᠨ ᠤᠯᠠᠷᠢᠯ ᠳᠤ ᠵᠠᠮ ᠬᠠᠯᠲᠤᠷᠢᠭ᠎ᠠ ᠲᠠᠢ᠂ ᠣᠨᠴᠠᠭᠠᠶᠢᠯᠠᠨ ᠮᠥᠰᠥ ᠴᠠᠰᠤ ᠲᠠᠢ ᠭᠠᠵᠠᠷ ᠲᠤ ᠬᠥᠳᠡᠯᠭᠡᠭᠡᠨ ᠬᠢᠬᠦ ᠳᠡᠭᠡᠨ ᠠᠮᠤᠷ ᠲᠦᠪᠰᠢᠨ ᠢ ᠣᠨᠴᠠᠭᠠᠶᠢᠯᠠᠨ ᠠᠩᠬᠠᠷᠬᠤ ᠬᠡᠷᠡᠭᠲᠡᠢ᠃      ᠡᠪᠦᠯ ᠤᠨ ᠤᠯᠠᠷᠢᠯ ᠳᠤ ᠲᠠᠮᠢᠷ ᠤᠨ ᠬᠥᠳᠡᠯᠭᠡᠭᠡᠨ ᠬᠢᠬᠦ ᠨᠢ ᠨᠢᠭᠡ ᠵᠦᠢᠯ ᠤᠨ ᠢᠳᠡᠪᠬᠢᠲᠡᠢ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠭᠡᠯᠪᠡᠷᠢ ᠪᠣᠯᠣᠨ᠎ᠠ᠂ ᠪᠢᠳᠡ ᠥᠪᠡᠷ ᠤᠨ ᠪᠡᠶ᠎ᠡ ᠳᠡᠭᠡᠨ ᠲᠣᠬᠢᠷᠠᠭᠰᠠᠨ ᠬᠥᠳᠡᠯᠭᠡᠭᠡᠨ ᠤ ᠵᠦᠢᠯ ᠢ ᠰᠣᠩᠭᠤᠬᠤ ᠶᠢᠨ ᠬᠠᠮᠲᠤ ᠬᠥᠳᠡᠯᠭᠡᠭᠡᠨ ᠤ ᠶᠠᠪᠤᠴᠠ ᠳᠠᠬᠢ ᠨᠠᠷᠢᠨ ᠵᠦᠢᠯᠡᠰ ᠢ ᠰᠠᠶᠢᠲᠤᠷ ᠠᠩᠬᠠᠷᠴᠤ᠂ ᠬᠥᠳᠡᠯᠭᠡᠭᠡᠨ ᠤ ᠬᠠᠪᠤ ᠴᠡᠩᠭᠡᠯ ᠢ ᠡᠳ᠋ᠯᠡᠬᠦ ᠶᠢᠨ ᠵᠡᠷᠭᠡ ᠪᠠᠷ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠤᠶ᠎ᠠ︕ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ