ᠣᠶᠢᠷ᠎ᠠ ᠶᠢᠨ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠢᠦᠢ ᠬᠠᠢ ᠢᠦᠢ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ | ᠵᠢᠴᠢ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠶᠢᠨ | ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ︽ᠨᠠᠮ ᠤᠨ ᠥᠪᠡᠷ | ᠪᠡᠶ᠎ᠡ ᠶᠢᠨ ᠬᠤᠪᠢᠰᠬᠠᠯ ᠬᠢᠬᠦ ᠶᠢ ᠭᠦᠨᠵᠡᠭᠡᠢ ᠠᠬᠢᠭᠤᠯᠤᠶ᠎ᠠ︾ ᠭᠡᠬᠦ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠡᠷᠡᠮᠵᠢᠯᠡᠭᠦᠯᠬᠦ | ᠬᠥᠮᠦᠵᠢᠯ ᠤᠨ ᠹᠢᠯᠢᠮ ᠢ ᠰᠣᠨᠢᠷᠬᠠᠪᠠ᠃ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ ᠲᠤᠬᠠᠢ ᠴᠢᠬᠤᠯᠠ ᠦᠵᠡᠯ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ | ᠭᠦᠨᠵᠡᠭᠡᠶᠢᠷᠡᠭᠦᠯᠵᠦ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠴᠢᠩᠭᠠᠳᠬᠠᠵᠤ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠪᠠᠨ ᠡᠷᠴᠢᠮᠵᠢᠭᠦᠯᠦᠨ᠂ ᠠᠵᠢᠯ ᠤᠨ | ᠰᠤᠷᠲᠠᠯ ᠢᠶᠠᠨ ᠬᠤᠪᠢᠷᠠᠭᠤᠯᠵᠤ᠂ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ᠂ ᠪᠥᠬᠦ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ | ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ ᠡᠯ᠎ᠡ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠡᠶᠢᠲᠡᠯᠢᠭ ᠬᠡᠷᠡᠭ ᠤᠨ | ᠵᠢᠱᠢᠶ᠎ᠡ ᠪᠠᠷ ᠲᠣᠯᠢ ᠪᠣᠯᠭᠠᠵᠤ᠂ ᠪᠡᠶ᠎ᠡ ᠪᠠᠨ ᠴᠢᠩᠭ᠎ᠠ ᠱᠠᠭᠠᠷᠳᠠᠵᠤ᠂ ᠵᠣᠷᠢᠭᠲᠠᠢ ᠪᠠᠷ ᠬᠠᠷᠢᠭᠤᠴᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ | ᠲᠦᠷᠦ ᠶᠢᠨ ᠬᠠᠷᠢᠭᠤᠴᠠᠯᠭ᠎ᠠ ᠶᠢ ᠲᠦᠷᠦᠭᠦᠯᠡᠨ ᠰᠠᠶᠢᠲᠤᠷ ᠭᠦᠢᠴᠡᠳᠬᠡᠵᠦ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ | ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠥᠬᠦ | ᠲᠠᠯ᠎ᠠ ᠪᠠᠷ ᠲᠤᠭᠤᠰᠢᠯᠠᠭᠤᠯᠬᠤ︾ ᠲᠣᠭᠤᠷᠢᠨ ᠳᠤ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠢ ᠪᠦᠬᠦ ᠬᠦᠴᠦᠨ ᠢᠶᠠᠷ ᠢᠶᠠᠨ | ᠠᠬᠢᠭᠤᠯᠤᠨ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠬᠥᠮᠦᠵᠢᠯ ᠢ ᠭᠦᠨᠵᠡᠭᠡᠢ ᠶᠠᠪᠤᠭᠳᠠᠭᠤᠯᠵᠤ᠂ ︽ᠲᠠᠪᠤᠨ ᠬᠡᠯᠬᠢᠶ᠎ᠡ︾ ᠲᠠᠪᠴᠠᠩ ᠤᠨ | ᠠᠴᠢᠶᠠᠯᠠᠪᠤᠷᠢ ᠶᠢ ᠥᠷᠭᠡᠨ ᠢᠶᠠᠷ ᠪᠠᠶᠢᠭᠤᠯᠵᠤ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠨ᠂ ᠦᠨᠳᠦᠰᠦᠲᠡᠨ ᠨᠦᠭᠦᠳ ᠤᠨ ᠵᠣᠷᠢᠭ ᠰᠠᠨᠠᠭ᠎ᠠ ᠶᠢ | ᠬᠠᠮᠲᠤ ᠪᠠᠷ ᠪᠠᠶᠢᠭᠤᠯᠬᠤ᠂ ᠠᠮᠢᠳᠤᠷᠠᠯ ᠳᠤ ᠬᠠᠮᠲᠤ ᠪᠠᠷ ᠠᠭᠤᠰᠤᠯᠴᠠᠬᠤ᠂ ᠬᠥᠭᠵᠢᠯᠲᠡ ᠶᠢ ᠬᠠᠮᠲᠤᠪᠠᠷ ᠡᠳ᠋ᠯᠡᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | |