ᠪᠦᠭᠦ ᠤᠯᠤᠰ ᠤᠨ ᠡᠮᠡᠭᠲᠡᠶᠢᠴᠦᠳ ᠤᠨ ᠬᠤᠯᠪᠤᠭ᠎ᠠ᠂ ᠲᠥᠪ ᠤᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ᠠᠯᠪᠠᠨ ᠭᠡᠷ᠂ | ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ᠂ ᠰᠤᠷᠭᠠᠨ ᠬᠥᠮᠦᠵᠢᠯ ᠤᠨ ᠶᠠᠮᠤᠨ᠂ ᠳᠣᠲᠣᠭᠠᠳᠤ ᠶᠢ ᠬᠠᠮᠠᠭᠠᠯᠠᠬᠤ ᠶᠠᠮᠤᠨ | ᠵᠡᠷᠭᠡ 16 ᠰᠠᠯᠠᠭ᠎ᠠ ᠮᠥᠴᠢᠷ ᠮᠡᠳᠡᠭᠳᠡᠯ ᠳᠠᠷᠤᠮᠠᠯᠯᠠᠨ ᠲᠠᠷᠬᠠᠭᠠᠵᠤ᠂ ︽ᠬᠠᠶᠢᠷ᠎ᠠ ᠬᠠᠯᠠᠮᠵᠢᠲᠤ ᠭᠡᠷ ᠪᠦᠯᠢ ᠳᠤ ᠰᠡᠳᠬᠢᠯ ᠨᠢᠭᠡᠳᠦᠨ ᠬᠡᠦᠬᠡᠳ ᠤᠨ ᠦᠰᠦᠨ | ᠪᠤᠶᠢᠵᠢᠯᠲᠠ ᠶᠢ ᠬᠠᠮᠠᠭᠠᠯᠠᠶ᠎ᠠ︾ 2025 ᠡᠪᠦᠯ ᠤᠨ ᠠᠮᠠᠷᠠᠯᠲᠠ ᠶᠢᠨ ᠬᠤᠭᠤᠴᠠᠭᠠᠨ ᠤ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠠᠵᠢᠯᠯᠠᠭ᠎ᠠ ᠶᠢ | ᠬᠠᠮᠲᠤᠷᠠᠨ ᠪᠠᠶᠢᠷᠢᠯᠠᠭᠤᠯᠤᠨ ᠥᠷᠨᠢᠭᠦᠯᠵᠦ᠂ ᠥᠷᠭᠡᠨ ᠣᠯᠠᠨ ᠬᠡᠦᠬᠡᠳ ᠢ ᠬᠠᠪᠰᠤᠷᠤᠨ ᠡᠷᠡᠭᠦᠯ ᠮᠡᠨᠳᠦ᠂ ᠠᠮᠤᠷ ᠲᠦᠪᠰᠢᠨ᠂ ᠪᠠᠶᠠᠷ ᠭᠦᠷ ᠲᠠᠢ᠂ ᠤᠳᠬ᠎ᠠ | ᠠᠭᠤᠯᠭ᠎ᠠ ᠲᠠᠢ ᠠᠮᠠᠷᠠᠯᠲᠠ ᠶᠢᠨ ᠬᠤᠭᠤᠴᠠᠭ᠎ᠠ ᠶᠢ ᠥᠩᠭᠡᠷᠡᠭᠦᠯᠬᠦ ᠪᠠᠷ ᠪᠣᠯᠪᠠ᠃ | ᠮᠡᠳᠡᠭᠳᠡᠯ ᠳᠤ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠡᠦᠬᠡᠳ ᠤᠨ ᠬᠥᠳᠡᠯᠭᠡᠭᠡᠨ ᠤ ᠲᠥᠪ᠂ ᠵᠠᠯᠠᠭᠤᠴᠤᠳ ᠪᠠᠭᠠᠴᠤᠳ ᠤᠨ | ᠣᠷᠳᠣᠨ ᠵᠡᠷᠭᠡ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠪᠠᠶᠢᠭᠤᠯᠤᠮᠵᠢ ᠳᠤ ᠲᠦᠰᠢᠭᠯᠡᠨ᠂ ᠳᠤᠷᠠᠰᠬᠠᠯ ᠤᠨ ᠣᠷᠳᠣᠨ᠂ ᠰᠣᠶᠣᠯ ᠤᠨ ᠣᠷᠳᠣᠨ ᠵᠡᠷᠭᠡ | ᠵᠢᠭᠰᠠᠭᠠᠯ ᠤᠨ ᠭᠠᠵᠠᠷ ᠤᠨ ᠦᠢᠯᠡᠳᠦᠯ ᠢ ᠪᠠᠳᠠᠷᠠᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠬᠤ ᠭᠤᠣᠯ ᠰᠡᠳᠦᠪᠲᠦ | ᠦᠢᠯᠡᠳᠦᠯᠭᠡ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠬᠦ ᠬᠡᠷᠡᠭᠲᠡᠢ᠃ ᠠᠵᠢᠯᠯᠠᠭᠠᠨ ᠤ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠣᠨᠴᠠᠯᠢᠭᠲᠤ ᠡᠬᠢ ᠪᠠᠶᠠᠯᠢᠭ ᠢ | ᠠᠭᠤᠳᠠᠯᠤᠨ᠂ ᠴᠠᠭᠠᠨ ᠰᠠᠷ᠎ᠠ ᠶᠢᠨ ᠵᠠᠩ ᠵᠠᠩᠰᠢᠯ ᠰᠣᠶᠣᠯ ᠪᠠ ᠤᠯᠠᠮᠵᠢᠯᠠᠯᠲᠤ ᠰᠣᠶᠣᠯ ᠢ ᠪᠡᠶᠡᠴᠢᠯᠡᠨ ᠣᠶᠢᠯᠠᠭᠠᠬᠤ ᠠᠵᠢᠯᠯᠠᠭ᠎ᠠ ᠳᠤᠮᠳᠠ᠂ ᠥᠷᠭᠡᠨ ᠣᠯᠠᠨ | ᠬᠡᠦᠬᠡᠳ ᠢ ᠬᠥᠲᠥᠯᠥᠨ ᠵᠢᠯᠤᠭᠤᠳᠴᠤ ᠳᠤᠮᠳᠠᠳᠤ ᠶᠢᠨ ᠰᠣᠶᠣᠯ ᠤᠨ ᠭᠦᠨ ᠵᠤᠵᠠᠭᠠᠨ ᠠᠭᠤᠯᠬᠤᠨ ᠢ ᠮᠡᠳᠡᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠮᠡᠳᠡᠭᠳᠡᠯ ᠳᠤ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠡᠦᠬᠡᠳ ᠲᠤ ᠲᠤᠯᠭᠠᠷᠠᠵᠤ ᠮᠡᠳᠡᠬᠦ ᠰᠠᠨᠠᠭᠠᠨ ᠳᠤ ᠦᠭᠡᠢ | ᠭᠡᠮᠲᠦᠯ ᠪᠠ ᠬᠠᠤᠯᠢ ᠠᠴᠠ ᠵᠥᠷᠢᠴᠡᠭᠰᠡᠨ ᠬᠠᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠷᠡᠭ ᠠᠴᠠ ᠡᠮᠦᠨᠡᠬᠢ ᠰᠡᠷᠭᠡᠶᠢᠯᠡᠯᠲᠡ ᠶᠢᠨ ᠠᠵᠢᠯ ᠢ ᠦᠨᠡᠨ ᠪᠣᠳᠠᠲᠠᠢ | ᠬᠢᠵᠦ᠂ ᠠᠮᠠᠷᠠᠯᠲᠠ ᠶᠢᠨ ᠬᠤᠭᠤᠴᠠᠭᠠᠨ ᠤ ᠠᠮᠤᠷ ᠲᠦᠪᠰᠢᠨ ᠢ ᠬᠠᠮᠠᠭᠠᠯᠠᠬᠤ ᠬᠡᠷᠡᠭᠲᠡᠢ᠃ ᠪᠦᠭᠦ ᠤᠯᠤᠰ ᠤᠨ ᠡᠮᠡᠭᠲᠡᠶᠢᠴᠦᠳ ᠤᠨ ᠬᠤᠯᠪᠤᠭ᠎ᠠ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠠᠢ ᠬᠠᠮᠲᠤᠷᠠᠨ ︽ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠠᠮᠤᠷ ᠲᠦᠪᠰᠢᠨ ᠤ ᠵᠢᠵᠢᠭ ᠬᠡᠮᠡᠷᠯᠢᠭ ᠬᠠᠪᠲᠠᠭ᠎ᠠ︾ ᠶᠢ | ᠦᠷᠭᠦᠯᠵᠢᠯᠡᠨ ᠲᠠᠷᠬᠠᠭᠠᠵᠤ᠂ ᠡᠯ᠎ᠡ ᠭᠠᠵᠠᠷ ᠤᠨ ᠬᠢᠨ ᠨᠢᠭᠡ ᠤᠳᠠᠭ᠎ᠠ ᠶᠢᠨ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢ ᠨᠡᠶᠢᠭᠡᠮ ᠲᠣᠭᠤᠷᠢᠭ ᠲᠤ | ᠣᠷᠣᠭᠤᠯᠬᠤ᠂ ᠭᠡᠷ ᠪᠦᠯᠢ ᠳᠤ ᠣᠷᠣᠭᠤᠯᠬᠤ ᠠᠵᠢᠯᠯᠠᠭ᠎ᠠ ᠶᠢ ᠥᠷᠨᠢᠭᠦᠯᠵᠦ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ ᠵᠡᠷᠭᠡ ᠬᠠᠤᠯᠢ ᠶᠢᠨ ᠮᠡᠳᠡᠯᠭᠡ | ᠶᠢ ᠲᠦᠭᠡᠮᠡᠯᠵᠢᠭᠦᠯᠬᠦ ᠤᠬᠠᠭᠤᠯᠭ᠎ᠠ ᠶᠢ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠪᠦᠯ ᠤᠨ | ᠠᠮᠠᠷᠠᠯᠲᠠ ᠳᠤ ᠡᠴᠢᠭᠡ ᠡᠬᠡ ᠦᠷ᠎ᠡ ᠬᠡᠦᠬᠡᠳ ᠪᠠᠶᠠᠷ ᠭᠦᠷ ᠲᠠᠢ ᠪᠠᠷ ᠬᠠᠮᠲᠤ ᠪᠠᠶᠢᠯᠴᠠᠬᠤ ᠴᠠᠭ ᠲᠣᠭᠢᠶᠠᠯ ᠢ ᠰᠠᠶᠢᠲᠤᠷ ᠠᠰᠢᠭᠯᠠᠵᠤ᠂ ︽ᠨᠣᠮ ᠪᠢᠴᠢᠭᠲᠦ ᠭᠡᠷ ᠪᠦᠯᠢ︾᠂ | ︽ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠢ ᠲᠦᠮᠡᠨ ᠡᠷᠦᠭᠡ ᠳᠤ ᠬᠦᠷᠭᠡᠬᠦ︾ ᠵᠡᠷᠭᠡ ᠡᠴᠢᠭᠡ ᠡᠬᠡ ᠦᠷ᠎ᠡ ᠬᠡᠦᠬᠡᠳ ᠬᠠᠮᠲᠤ ᠪᠠᠷ ᠣᠷᠤᠯᠴᠠᠬᠤ ᠠᠵᠢᠯᠯᠠᠭ᠎ᠠ ᠶᠢ | ᠵᠣᠬᠢᠶᠠᠨ ᠪᠠᠶᠢᠭᠤᠯᠤᠨ ᠥᠷᠨᠢᠭᠦᠯᠵᠦ᠂ ︽ᠵᠣᠯ ᠵᠢᠷᠭᠠᠯᠲᠤ ᠭᠡᠷ ᠪᠦᠯᠢ·ᠭᠡᠷ ᠪᠦᠯᠢ ᠶᠢᠨ ᠬᠥᠮᠦᠵᠢᠯ ᠤᠨ ᠦᠢᠯᠡᠴᠢᠯᠡᠭᠡ ᠶᠢᠨ ᠬᠦᠷᠢᠶᠡᠯᠡᠩ︾ ᠤᠨ ᠲᠠᠪᠴᠠᠩ ᠤᠨ ᠡᠬᠢ | ᠪᠠᠶᠠᠯᠢᠭ ᠢ ᠰᠠᠶᠢᠲᠤᠷ ᠠᠰᠢᠭᠯᠠᠵᠤ᠂ ᠭᠡᠷ ᠤᠨ ᠠᠬᠠᠮᠠᠳ ᠢ ᠬᠠᠪᠰᠤᠷᠤᠨ ᠰᠢᠨᠵᠢᠯᠡᠬᠦ ᠤᠬᠠᠭᠠᠨᠴᠢ ᠪᠠᠷ ᠬᠡᠦᠬᠡᠳ ᠬᠥᠮᠥᠵᠢᠭᠦᠯᠵᠦ᠂ ᠥᠷᠭᠡᠨ ᠣᠯᠠᠨ ᠬᠡᠦᠬᠡᠳ ᠢ ᠡᠴᠢᠭᠡ | ᠡᠬᠡ ᠶᠢᠨ ᠢᠶᠠᠨ ᠬᠠᠶᠢᠷ᠎ᠠ ᠬᠠᠯᠠᠮᠵᠢ ᠶᠢᠨ ᠳᠣᠣᠷ᠎ᠠ ᠦᠰᠦᠨ ᠪᠣᠶᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | ᠮᠡᠳᠡᠭᠳᠡᠯ ᠳᠤ᠂ ᠭᠡᠷ ᠲᠡᠭᠡᠨ ᠬᠤᠴᠣᠷᠤᠭᠰᠠᠨ ᠬᠡᠦᠬᠡᠳ᠂ ᠬᠦᠴᠢᠷᠳᠡᠯ ᠳᠤ ᠲᠤᠯᠭᠠᠷᠠᠭᠰᠠᠨ ᠬᠡᠦᠬᠡᠳ᠂ ᠨᠡᠭᠦᠳᠡᠯ ᠬᠡᠦᠬᠡᠳ ᠵᠡᠷᠭᠡ ᠣᠨᠴᠠᠭᠠᠶ ᠬᠦᠴᠢᠷᠳᠡᠯ ᠲᠠᠢ | ᠬᠥᠮᠥᠰ ᠤᠨ ᠪᠣᠳᠠᠲᠠᠢ ᠬᠡᠷᠡᠭᠴᠡᠭᠡ ᠶᠢ ᠣᠨᠴᠠᠭᠠᠶᠢᠯᠠᠨ ᠠᠩᠬᠠᠷᠴᠤ᠂ ᠲᠡᠳᠡᠨ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ ᠥᠭᠬᠦ ᠬᠡᠷᠡᠭᠲᠡᠢ᠃ ᠡᠷᠦᠭᠡ ᠳᠤ | ᠣᠷᠣᠵᠤ ᠰᠤᠷᠪᠤᠯᠵᠢᠯᠠᠬᠤ ᠪᠠᠨ ᠴᠢᠩᠭᠠᠳᠬᠠᠵᠤ᠂ ᠡᠮᠡᠭᠲᠡᠶᠢᠴᠦᠳ ᠤᠨ ᠬᠤᠯᠪᠤᠭ᠎ᠠ ᠶᠢᠨ ᠭᠦᠢᠴᠡᠳᠬᠡᠬᠦ ᠵᠥᠪᠯᠡᠯ᠂ ᠬᠡᠦᠬᠡᠳ ᠤᠨ ᠠᠵᠢᠯ ᠤᠨ ᠡᠷᠭᠢᠯᠡᠭᠴᠢ ᠵᠡᠷᠭᠡ ᠶᠢ | ᠳᠠᠶᠢᠴᠢᠯᠠᠨ ᠬᠠᠷᠢᠶ᠎ᠠ ᠣᠷᠣᠨ ᠤ ᠪᠠᠨ ᠭᠡᠷ ᠲᠡᠭᠡᠨ ᠬᠤᠴᠣᠷᠤᠭᠰᠠᠨ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠭᠡᠷ ᠪᠦᠯᠢ ᠳᠤ ᠬᠦᠷᠴᠦ᠂ ᠪᠣᠳᠠᠲᠠᠢ ᠪᠠᠶᠢᠳᠠᠯ ᠪᠠ | ᠬᠡᠷᠡᠭᠴᠡᠭᠡ ᠶᠢ ᠨᠢᠭᠤᠷᠳᠠᠨ ᠣᠶᠢᠯᠠᠭᠠᠵᠤ᠂ ᠢᠳᠡᠪᠬᠢᠲᠡᠢ ᠪᠠᠷ ᠬᠠᠪᠰᠤᠷᠤᠨ ᠰᠢᠢᠳᠪᠦᠷᠢᠯᠡᠵᠦ ᠥᠭᠬᠦ ᠬᠡᠷᠡᠭᠲᠡᠢ᠃ ᠬᠠᠪᠰᠤᠷᠤᠯᠴᠠᠭ᠎ᠠ ᠪᠠᠶᠢᠭᠤᠯᠤᠨ ᠬᠠᠶᠢᠷᠠᠯᠠᠨ | ᠬᠠᠯᠠᠮᠵᠢᠯᠠᠬᠤ ᠠᠵᠢᠯ ᠢ ᠰᠠᠶᠢᠲᠤᠷ ᠬᠢᠵᠦ᠂ ᠬᠠᠶᠢᠷ᠎ᠠ ᠬᠠᠯᠠᠮᠵᠢ ᠶᠢᠨ ᠡᠵᠢ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢᠨ ᠦᠢᠯᠡᠳᠦᠯ ᠢ ᠪᠠᠳᠠᠷᠠᠭᠤᠯᠵᠤ᠂ | ᠬᠡᠦᠬᠡᠳ ᠤᠳ ᠲᠠᠢ ᠬᠠᠮᠲᠤ ᠰᠢᠨᠡᠯᠡᠵᠦ᠂ ︽ᠥᠴᠥᠬᠡᠨ ᠪᠠᠭ᠎ᠠ ᠬᠦᠰᠡᠯ︾ ᠢ ᠨᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 6 ᠤ ᠴᠠᠭᠢᠯᠭᠠᠨ ᠮᠡᠳᠡᠭᠡ︶ | | | |