ᠢᠦᠢ ᠬᠠᠢ ᠢᠦᠢ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ 2025 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠤᠬᠠᠢ ᠰᠠᠨᠠᠯ ᠰᠠᠨᠠᠭᠤᠯᠭ᠎ᠠ ᠶᠢ ᠬᠤᠷᠢᠶᠠᠪᠠ
ᠨᠡᠶᠢᠲᠡᠯᠡᠭᠰᠡᠨ ᠴᠠᠭ᠄
2025/1/9
     1 ᠰᠠᠷ᠎ᠠ ᠶᠢᠨ 7᠎ ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠢᠦᠢ ᠬᠠᠢ ᠢᠦᠢ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠥᠰ᠂ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠥᠰ ᠤᠨ ᠲᠥᠯᠥᠭᠡᠯᠡᠭᠴᠢ ᠪᠣᠯᠣᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠲᠥᠯᠥᠭᠡᠯᠡᠭᠴᠢ ᠶᠢᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠰᠠᠨᠠᠯ ᠰᠠᠨᠠᠭᠤᠯᠭ᠎ᠠ ᠬᠤᠷᠢᠶᠠᠬᠤ ᠨᠣᠣᠷᠠᠭ︶︾᠎ ᠤᠨ ᠲᠤᠬᠠᠢ ᠰᠠᠨᠠᠯ ᠰᠠᠨᠠᠭᠤᠯᠭ᠎ᠠ ᠶᠢ ᠬᠤᠷᠢᠶᠠᠪᠠ᠃      ᠬᠤᠷᠠᠯ ᠳᠡᠭᠡᠷ᠎ᠡ᠂ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠣᠭ᠎ᠠ᠂ ᠳᠤᠮᠳᠠᠳᠤ ᠤᠯᠤᠰ ᠤᠨ ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ᠂ ︽9 · 3︾ ᠎ ᠤ ᠡᠷᠳᠡᠮ ᠰᠢᠨᠵᠢᠯᠡᠭᠡᠨ ᠤ ᠨᠡᠶᠢᠭᠡᠮᠯᠢᠭ᠂ ᠳᠤᠮᠳᠠᠳᠤ ᠤᠯᠤᠰ ᠤᠨ ᠭᠤᠮᠢᠨᠳᠠᠩ ᠤᠨ ᠬᠤᠪᠢᠰᠬᠠᠯᠲᠤ ᠬᠤᠷᠢᠶ᠎ᠠ᠂ ᠠᠷᠠᠳᠴᠢᠯᠠᠯ ᠢᠶᠠᠷ ᠠᠬᠢᠭᠤᠯᠬᠤ ᠬᠤᠷᠠᠯ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠥᠰ᠂ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠥᠰ ᠤᠨ ᠲᠥᠯᠥᠭᠡᠯᠡᠭᠴᠢ ᠪᠣᠯᠣᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠲᠥᠯᠥᠭᠡᠯᠡᠭᠴᠢ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠣᠶᠢᠵᠢᠭᠤᠯᠤᠨ ᠬᠥᠭᠵᠢᠭᠦᠯᠬᠦ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠢ ᠬᠦᠴᠦᠷᠬᠡᠭᠵᠢᠭᠦᠯᠬᠦ᠂ ᠰᠣᠶᠣᠯ ᠵᠤᠭᠠᠴᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠬᠤ᠂ ᠡᠮ ᠡᠮᠨᠡᠯᠭᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ᠂ ᠡᠬᠢ ᠪᠠᠶᠠᠯᠢᠭ ᠤᠨ ᠡᠷᠭᠢᠯᠲᠡᠲᠦ ᠠᠰᠢᠭᠯᠠᠯᠲᠠ ᠶᠢ ᠠᠬᠢᠭᠤᠯᠬᠤ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠪᠠᠨ ᠶᠠᠷᠢᠪᠠ᠃      ᠢᠦᠢ ᠬᠠᠢ ᠢᠦᠢ ᠨᠠᠷᠢᠨ ᠬᠢᠨᠠᠮᠠᠭᠠᠢ ᠰᠣᠨᠣᠰᠴᠤ᠂ ᠰᠣᠨᠣᠰᠬᠤ ᠶᠢᠨ ᠳᠠᠭᠠᠤ ᠲᠡᠮᠳᠡᠭᠯᠡᠵᠦ᠂ ᠪᠠᠶᠢᠨ ᠪᠠᠶᠢᠨ ᠤᠯᠠᠨ ᠲᠠᠢ ᠰᠠᠨᠠᠯ ᠰᠠᠨᠠᠭᠤᠯᠭ᠎ᠠ ᠪᠠᠨ ᠰᠣᠯᠢᠯᠴᠠᠨ ᠶᠠᠷᠢᠯᠴᠠᠵᠤ ᠪᠠᠶᠢᠯ᠎ᠠ᠃ ᠲᠡᠷᠡ᠂ ᠣᠯᠠᠨ ᠤ ᠳᠤᠷᠠᠳᠤᠭᠰᠠᠨ ᠰᠠᠨᠠᠯ ᠰᠠᠨᠠᠭᠤᠯᠭ᠎ᠠ ᠮᠠᠰᠢ ᠦᠨ᠎ᠡ ᠥᠷᠲᠡᠭ ᠲᠠᠢ ᠪᠠᠶᠢᠵᠤ᠂ ᠵᠠᠰᠠᠭ ᠤᠨ ᠣᠷᠳᠣᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠎ ᠢ ᠰᠠᠶᠢᠲᠤᠷ ᠲᠤᠭᠤᠷᠪᠢᠬᠤ ᠳᠤ ᠠᠰᠢᠭᠲᠠᠢ ᠯᠠᠪᠯᠠᠯᠲᠠ ᠬᠠᠩᠭᠠᠵᠤ᠂ ᠬᠤᠲᠠ ᠎ ᠶᠢᠨ ᠵᠠᠰᠠᠭ ᠤᠨ ᠣᠷᠳᠣᠨ ᠵᠤᠷᠪᠤᠰ ᠳᠠᠷᠠᠭᠠᠯᠠᠨ ᠡᠮᠬᠢᠯᠡᠨ ᠳᠢᠭᠯᠡᠵᠦ᠂ ᠭᠦᠢᠴᠡᠳ ᠰᠢᠩᠭᠡᠬᠡᠨ ᠠᠪᠤᠨ᠎ᠠ᠃ ᠤᠯᠠᠨ ᠢᠶᠠᠷ ᠢᠶᠠᠨ ᠲᠤᠰ ᠲᠤᠰ ᠤᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠬᠠᠮᠲᠤ ᠶᠢᠨ ᠲᠠᠨᠢᠯᠲᠠ ᠪᠠᠨ ᠥᠷᠭᠡᠨ ᠢᠶᠠᠷ ᠨᠢᠭᠲᠠᠷᠠᠭᠤᠯᠵᠤ᠂ ᠲᠥᠷᠥ ᠶᠢᠨ ᠶᠠᠪᠤᠳᠠᠯ ᠳᠤ ᠣᠷᠣᠯᠴᠠᠨ ᠲᠦᠷᠦ ᠶᠢᠨ ᠶᠠᠪᠤᠳᠠᠯ ᠢ ᠵᠥᠪᠯᠡᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠬᠥᠭᠵᠢᠯᠲᠡ ᠳᠤ ᠦᠢᠯᠡᠴᠢᠯᠡᠬᠦ ᠲᠠᠯ᠎ᠠ ᠪᠠᠷ ᠨᠡᠩ ᠶᠡᠭᠡ ᠦᠢᠯᠡᠳᠦᠯ ᠢᠶᠠᠨ ᠪᠠᠳᠠᠷᠠᠭᠤᠯᠵᠤ᠂ ᠣᠳᠣᠬᠢᠴᠢᠯᠠᠯᠲᠠ ᠶᠢᠨ ᠣᠷᠳᠣᠰ ᠤᠨ ᠪᠦᠲᠦᠭᠡᠨ ᠪᠠᠶᠢᠭᠤᠯᠤᠯᠲᠠ ᠶᠢᠨ ᠢᠳᠡᠪᠬᠢᠲᠡᠢ ᠣᠷᠣᠯᠴᠠᠭᠴᠢ᠂ ᠡᠷᠡᠰ ᠪᠠᠲᠤ ᠳᠡᠮᠵᠢᠭᠴᠢ᠂ ᠬᠦᠴᠦᠲᠡᠢ ᠠᠬᠢᠭᠤᠯᠤᠭᠴᠢ ᠪᠣᠯᠬᠤ ᠶᠢ ᠬᠦᠰᠡᠵᠦ ᠪᠠᠶᠢᠨ᠎ᠠ᠃ ᠬᠤᠳᠠ ᠶᠢᠨ ᠵᠠᠰᠠᠭ ᠤᠨ ᠣᠷᠳᠣᠨ ᠠᠴᠠ ᠰᠠᠶᠢᠨ ᠰᠠᠶᠢᠬᠠᠨ ᠨᠥᠬᠦᠴᠡᠯ ᠢ ᠦᠷᠭᠦᠯᠵᠢᠯᠡᠨ ᠡᠭᠦᠳᠴᠦ᠂ ᠣᠯᠣᠯᠴᠠᠨ ᠰᠣᠯᠢᠯᠴᠠᠬᠤ ᠠᠷᠭ᠎ᠠ ᠵᠠᠮ ᠢ ᠴᠢᠨᠠᠭᠰᠢᠳᠠ ᠥᠷᠭᠡᠳᠬᠡᠵᠦ᠂ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠪᠠᠶᠢᠩᠭᠤᠵᠢᠭᠤᠯᠤᠨ ᠰᠣᠨᠣᠰᠴᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠠᠬᠢᠭᠤᠯᠤᠨ᠎ᠠ ᠭᠡᠪᠡ᠃
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ