ᠣᠶᠢᠷ᠎ᠠ ᠳᠤ ᠠᠮᠢᠰᠬᠤᠯ ᠤᠨ ᠵᠠᠮ ᠤᠨ ᠬᠠᠯᠳᠠᠪᠤᠷᠢᠲᠤ ᠡᠪᠡᠳᠴᠢᠨ ᠣᠯᠠᠨ ᠡᠭᠦᠰᠴᠦ᠂ ᠡᠭᠦᠨ ᠳᠤ ᠬᠠᠯᠳᠠᠪᠤᠷᠢᠲᠤ ᠲᠠᠭᠰᠢᠭᠤᠷ ᠤᠨ ᠸᠢᠷᠦ᠋ᠰ ᠤᠨ ᠠᠷᠭ᠎ᠠ | ᠴᠢᠨᠠᠷ ᠢ ᠪᠠᠶᠢᠴᠠᠭᠠᠨ ᠭᠠᠷᠭᠠᠬᠤ ᠨᠣᠷᠮ᠎ᠠ ᠢᠯᠡᠳᠲᠡ ᠳᠡᠭᠡᠭᠰᠢᠯᠡᠪᠡ᠃ ᠡᠭᠦᠨ ᠳᠤ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ 5 ᠤ ᠡᠳᠦᠷ | ᠬᠤᠷᠠᠯᠳᠤᠭᠤᠯᠤᠭᠰᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠲᠤᠰᠬᠠᠢ ᠮᠡᠷᠭᠡᠵᠢᠯᠲᠡᠨ᠂ ᠣᠳᠣᠬᠠᠨ ᠳᠤ ᠬᠡᠦᠬᠡᠳ ᠤᠨ ᠠᠮᠢᠰᠬᠤᠯ ᠤᠨ ᠵᠠᠮ ᠤᠨ ᠬᠠᠯᠳᠠᠪᠤᠷᠢᠯᠠᠯ | ᠪᠣᠯ ᠮᠥᠨ ᠯᠡ ᠸᠢᠷᠦ᠋ᠰ ᠪᠠ ᠠᠭᠤᠰᠬᠢᠨ ᠦᠷᠪᠢᠰᠦᠯ ᠤᠨ ᠮᠢᠺᠤᠪᠯᠠᠮᠰᠮ ᠢᠶᠠᠷ ᠭᠤᠣᠯᠯᠠᠵᠤ ᠪᠠᠶᠢᠨ᠎ᠠ᠂ ᠡᠭᠦᠨ ᠳᠤ ᠸᠢᠷᠦ᠋ᠰ ᠨᠢ ᠭᠤᠣᠯᠳᠠᠭᠤ ᠬᠠᠯᠳᠠᠪᠤᠷᠢᠲᠤ | ᠲᠠᠭᠰᠢᠭᠤᠷ ᠤᠨ ᠸᠢᠷᠦ᠋ᠰ ᠢᠶᠠᠷ ᠭᠤᠣᠯᠯᠠᠵᠤ ᠪᠠᠶᠢᠨ᠎ᠠ ᠭᠡᠵᠦ ᠢᠯᠡᠳᠬᠡᠪᠡ᠃ | ᠪᠡᠭᠡᠵᠢᠩ ᠤᠨ ᠬᠡᠦᠬᠡᠳ ᠤᠨ ᠡᠮᠨᠡᠯᠭᠡ ᠶᠢᠨ ᠬᠤᠷᠢᠶ᠎ᠠ ᠶᠢᠨ ᠡᠷᠭᠢᠯᠡᠭᠴᠢ ᠡᠮᠴᠢ ᠸᠠᠩ ᠴᠢᠤᠸᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠬᠡᠦᠬᠡᠳ | ᠬᠠᠯᠳᠠᠪᠤᠷᠢᠲᠤ ᠲᠠᠭᠰᠢᠭᠤᠷ ᠲᠤ ᠨᠡᠷᠪᠡᠭᠳᠡᠭᠰᠡᠨ ᠤ ᠳᠠᠷᠠᠭ᠎ᠠ ᠬᠠᠯᠠᠭᠤᠷᠠᠬᠤ ᠪᠠᠷ ᠭᠤᠣᠯ ᠢᠯᠡᠷᠡᠯ ᠢᠶᠠᠨ ᠪᠤᠯᠭᠠᠵᠤ᠂ ᠲᠣᠯᠣᠭᠠᠢ ᠡᠪᠡᠳᠬᠦ᠂ ᠪᠤᠯᠴᠢᠩ ᠡᠪᠡᠳᠬᠦ ᠪᠠ ᠪᠦᠭᠦ | ᠪᠡᠶ᠎ᠡ ᠡᠪ ᠦᠭᠡᠢ ᠪᠤᠯᠬᠤ ᠵᠡᠷᠭᠡ ᠪᠠᠶᠢᠳᠠᠯ ᠳᠠᠭᠠᠯᠳᠤᠳᠠᠭ᠂ ᠪᠠᠰᠠ ᠬᠠᠨᠢᠶᠠᠬᠤ᠂ ᠬᠤᠭᠤᠯᠠᠢ ᠡᠪᠡᠳᠬᠦ ᠪᠠ ᠨᠢᠰᠤ ᠭᠤᠭᠤᠵᠢᠬᠤ ᠵᠡᠷᠭᠡ ᠠᠮᠢᠰᠬᠤᠯ ᠤᠨ ᠵᠠᠮ ᠤᠨ | ᠡᠪᠡᠳᠴᠢᠨ ᠤ ᠢᠯᠡᠷᠡᠯ ᠭᠠᠷᠳᠠᠭ᠃ ᠬᠡᠦᠬᠡᠳ ᠤᠨ ᠬᠤᠳᠣᠭᠤᠳᠤ ᠭᠡᠳᠡᠰᠦᠨ ᠤ ᠡᠪᠡᠳᠴᠢᠨ ᠤ ᠢᠯᠡᠷᠡᠯ ᠨᠢ ᠨᠠᠰᠤᠨ ᠳᠤ ᠭᠦᠷᠦᠭᠰᠡᠳ ᠠᠴᠠ ᠨᠠᠩ ᠢᠯᠡᠷᠬᠡᠢ᠂ | ᠵᠢᠱᠢᠶᠡᠯᠡᠪᠡᠯ ᠳᠤᠷ᠎ᠠ ᠪᠣᠯᠭᠢᠬᠤ᠂ ᠪᠥᠭᠡᠯᠵᠢᠬᠦ᠂ ᠰᠠᠭᠤᠯᠭᠠᠬᠤ ᠪᠠ ᠢᠳᠡᠭᠡᠨ ᠤ ᠳᠤᠷᠠᠰᠢᠯ ᠮᠠᠭᠤᠳᠠᠬᠤ ᠵᠡᠷᠭᠡ ᠪᠣᠯᠣᠨ᠎ᠠ᠃ ᠣᠯᠠᠩᠬᠢ ᠬᠡᠦᠬᠡᠳ ᠬᠠᠯᠳᠠᠪᠤᠷᠢᠲᠤ | ᠲᠠᠭᠰᠢᠭᠤᠷ ᠤᠨ ᠸᠢᠷᠦ᠋ᠰ ᠲᠤ ᠬᠠᠯᠳᠠᠪᠤᠷᠢᠯᠠᠭᠳᠠᠭᠰᠠᠨ ᠤ ᠳᠠᠷᠠᠭ᠎ᠠ ᠲᠦᠷᠭᠡᠨ ᠴᠢᠨᠠᠷᠲᠠᠢ᠂ ᠥᠪᠡᠷ ᠢ ᠪᠠᠨ ᠬᠢᠵᠠᠭᠠᠷᠯᠠᠬᠤ ᠴᠢᠨᠠᠷᠲᠠᠢ ᠡᠪᠡᠳᠴᠢᠨ ᠤ ᠶᠠᠪᠤᠴᠠ ᠲᠠᠢ | ᠪᠠᠶᠢᠳᠠᠭ᠂ ᠶᠡᠷᠦ ᠳᠡᠭᠡᠨ 2 ᠠᠴᠠ 3 ᠡᠳᠦᠷ ᠬᠠᠯᠠᠭᠤᠷᠠᠵᠤ᠂ ᠨᠢᠭᠡ ᠭᠠᠷᠠᠭ ᠣᠷᠴᠢᠮ ᠪᠣᠯᠪᠠᠯ ᠡᠳᠡᠭᠡᠷᠡᠳᠡᠭ᠂ ᠭᠡᠪᠡᠴᠦ ᠨᠢᠭᠡ ᠪᠦᠯᠦᠭ ᠬᠡᠦᠬᠡᠳ ᠤᠨ ᠬᠠᠨᠢᠶᠠᠯᠭᠠᠬᠤ | ᠴᠠᠭ ᠨᠢ ᠨᠡᠯᠢᠶᠡᠳ ᠣᠷᠳᠣ ᠪᠠᠶᠢᠵᠤ᠂ ᠪᠠᠰᠠ ᠨᠢᠭᠡ ᠪᠦᠯᠦᠭ ᠬᠡᠦᠬᠡᠳ ᠤᠨ ᠶᠠᠳᠠᠷᠠᠬᠤ ᠪᠠ ᠲᠠᠮᠢᠷᠳᠠᠬᠤ ᠵᠡᠷᠭᠡ ᠡᠪᠡᠳᠴᠢᠨ ᠤ ᠢᠯᠡᠷᠡᠯ ᠨᠢ ᠦᠷᠭᠦᠯᠵᠢᠯᠡᠬᠦ ᠴᠠᠭ ᠨᠢ | ᠬᠠᠷᠢᠴᠠᠩᠭᠤᠢ ᠣᠷᠳᠣ ᠪᠠᠶᠢᠵᠤ ᠮᠡᠳᠡᠨ᠎ᠡ ᠭᠡᠵᠦ ᠲᠠᠨᠢᠯᠴᠠᠭᠤᠯᠪᠠ᠃ | ︽ᠬᠠᠯᠳᠠᠪᠤᠷᠢᠲᠤ ᠲᠠᠭᠰᠢᠭᠤᠷ ᠤᠨ ᠸᠢᠷᠦ᠋ᠰ ᠬᠠᠯᠳᠠᠪᠤᠷᠢᠯᠠᠭᠰᠠᠨ ᠤ ᠳᠠᠷᠠᠭ᠎ᠠ᠂ ᠭᠤᠣᠯᠳᠠᠭᠤ ᠸᠢᠷᠦ᠋ᠰ ᠢ ᠡᠰᠡᠷᠭᠦᠴᠡᠬᠦ ᠪᠠ ᠡᠪᠡᠳᠴᠢᠨ ᠳᠤᠨᠢ ᠲᠠᠭᠠᠷᠠᠭᠤᠯᠵᠤ | ᠡᠮᠨᠡᠨ ᠵᠠᠰᠠᠨ᠎ᠠ︾᠃ ᠸᠠᠩ ᠴᠢᠤᠸᠠᠨ᠂ ᠭᠡᠷ ᠤᠨ ᠠᠬᠠᠮᠠᠳ ᠨᠠᠷ ᠡᠮᠴᠢ ᠶᠢᠨ ᠵᠢᠯᠣᠭᠤᠳᠤᠯᠭ᠎ᠠ ᠳᠣᠣᠷ᠎ᠠ ᠬᠡᠦᠬᠡᠳ ᠲᠤ ᠬᠠᠯᠳᠠᠪᠤᠷᠢᠲᠤ ᠲᠠᠭᠰᠢᠭᠤᠷ ᠤᠨ ᠸᠢᠷᠦ᠋ᠰ ᠢ | ᠡᠰᠡᠷᠭᠦᠴᠡᠬᠦ ᠲᠤᠰᠬᠠᠢ ᠡᠮ ᠢ ᠡᠷᠲᠡᠬᠡᠨ ᠬᠡᠷᠡᠭᠯᠡᠬᠦ ᠬᠡᠷᠡᠭᠲᠡᠢ᠂ ᠢᠯᠠᠩᠭᠤᠶ᠎ᠠ ᠡᠪᠡᠳᠴᠢᠨ ᠡᠭᠦᠰᠦᠭᠰᠡᠨ ᠪᠠᠶᠢᠪᠠᠯ 48 ᠴᠠᠭ ᠤᠨ ᠳᠣᠲᠣᠷ᠎ᠠ ᠬᠡᠷᠡᠭᠯᠡᠬᠦ ᠬᠡᠷᠡᠭᠲᠡᠢ᠃ | ᠡᠪᠡᠳᠴᠢᠨ ᠳᠤᠨᠢ ᠲᠠᠭᠠᠷᠠᠭᠤᠯᠵᠤ ᠡᠮᠨᠡᠨ ᠵᠠᠰᠠᠬᠤ ᠳᠠᠭᠠᠨ ᠭᠤᠣᠯᠳᠠᠭᠤ ᠬᠠᠯᠠᠭᠤᠨ ᠢ ᠪᠠᠭᠤᠷᠠᠭᠤᠯᠬᠤ᠂ ᠡᠪ ᠦᠭᠡᠢ ᠪᠠᠶᠢᠳᠠᠯ ᠢ ᠨᠠᠮᠳᠠᠭᠤᠯᠬᠤ ᠪᠠᠷ ᠭᠤᠣᠯᠯᠠᠵᠤ᠂ | ᠭᠡᠷ ᠤᠨ ᠠᠬᠠᠮᠠᠳ ᠬᠡᠦᠬᠡᠳ ᠤᠨ ᠨᠠᠰᠤ ᠪᠠ ᠪᠡᠶ᠎ᠡ ᠶᠢᠨ ᠬᠦᠨᠳᠦ ᠶᠢ ᠦᠨᠳᠦᠰᠦᠯᠡᠨ᠂ ᠬᠠᠯᠠᠭᠤᠨ ᠢ ᠪᠠᠭᠤᠷᠠᠭᠤᠯᠬᠤ ᠡᠮ ᠢ ᠵᠣᠬᠢᠰᠲᠠᠢ ᠰᠣᠩᠭᠤᠬᠤ ᠶᠢᠨ ᠵᠡᠷᠭᠡ ᠪᠠᠷ | ᠳᠦᠷᠢᠮᠵᠢᠭᠦᠯᠦᠨ ᠬᠡᠷᠡᠭᠯᠡᠵᠦ ᠪᠣᠯᠣᠨ᠎ᠠ᠂ ᠪᠠᠰᠠ ᠬᠠᠨᠢᠶᠠᠯᠭᠠᠬᠤ ᠪᠠ ᠬᠠᠮᠠᠷ ᠪᠥᠭᠯᠡᠷᠡᠬᠦ ᠵᠡᠷᠭᠡ ᠡᠪᠡᠳᠴᠢᠨ ᠤ ᠢᠯᠡᠷᠡᠯ ᠢ ᠨᠠᠮᠳᠠᠭᠠᠬᠤ ᠡᠮ ᠢ ᠬᠡᠷᠡᠭᠯᠡᠵᠦ ᠪᠣᠯᠣᠨ᠎ᠠ ᠭᠡᠵᠦ | ᠢᠯᠡᠳᠬᠡᠪᠡ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 5 ᠤ ᠴᠠᠭᠢᠯᠭᠠᠨ ᠮᠡᠳᠡᠭᠡ︶ | | | |