16 ᠰᠠᠯᠠᠭ᠎ᠠ ᠮᠥᠴᠢᠷ ᠬᠠᠮᠲᠤᠷᠠᠨ 2025 ᠣᠨ ᠤ ᠡᠪᠦᠯ ᠤᠨ ᠠᠮᠠᠷᠠᠯᠲᠠ ᠶᠢᠨ ᠬᠤᠭᠤᠴᠠᠭᠠᠨ ᠤ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/1/9
      ᠪᠦᠭᠦ ᠤᠯᠤᠰ ᠤᠨ ᠡᠮᠡᠭᠲᠡᠶᠢᠴᠦᠳ ᠤᠨ ᠬᠤᠯᠪᠤᠭ᠎ᠠ᠂ ᠲᠥᠪ ᠤᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ᠠᠯᠪᠠᠨ ᠭᠡᠷ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ᠂ ᠰᠤᠷᠭᠠᠨ ᠬᠥᠮᠦᠵᠢᠯ ᠤᠨ ᠶᠠᠮᠤᠨ᠂ ᠳᠣᠲᠣᠭᠠᠳᠤ ᠶᠢ ᠬᠠᠮᠠᠭᠠᠯᠠᠬᠤ ᠶᠠᠮᠤᠨ ᠵᠡᠷᠭᠡ 16 ᠰᠠᠯᠠᠭ᠎ᠠ ᠮᠥᠴᠢᠷ ᠮᠡᠳᠡᠭᠳᠡᠯ ᠳᠠᠷᠤᠮᠠᠯᠯᠠᠨ ᠲᠠᠷᠬᠠᠭᠠᠵᠤ᠂ ︽ᠬᠠᠶᠢᠷ᠎ᠠ ᠬᠠᠯᠠᠮᠵᠢᠲᠤ ᠭᠡᠷ ᠪᠦᠯᠢ ᠳᠤ ᠰᠡᠳᠬᠢᠯ ᠨᠢᠭᠡᠳᠦᠨ ᠬᠡᠦᠬᠡᠳ ᠤᠨ ᠦᠰᠦᠨ ᠪᠤᠶᠢᠵᠢᠯᠲᠠ ᠶᠢ ᠬᠠᠮᠠᠭᠠᠯᠠᠶ᠎ᠠ︾ 2025 ᠡᠪᠦᠯ ᠤᠨ ᠠᠮᠠᠷᠠᠯᠲᠠ ᠶᠢᠨ ᠬᠤᠭᠤᠴᠠᠭᠠᠨ ᠤ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠠᠵᠢᠯᠯᠠᠭ᠎ᠠ ᠶᠢ ᠬᠠᠮᠲᠤᠷᠠᠨ ᠪᠠᠶᠢᠷᠢᠯᠠᠭᠤᠯᠤᠨ ᠥᠷᠨᠢᠭᠦᠯᠵᠦ᠂ ᠥᠷᠭᠡᠨ ᠣᠯᠠᠨ ᠬᠡᠦᠬᠡᠳ ᠢ ᠬᠠᠪᠰᠤᠷᠤᠨ ᠡᠷᠡᠭᠦᠯ ᠮᠡᠨᠳᠦ᠂ ᠠᠮᠤᠷ ᠲᠦᠪᠰᠢᠨ᠂ ᠪᠠᠶᠠᠷ ᠭᠦᠷ ᠲᠠᠢ᠂ ᠤᠳᠬ᠎ᠠ ᠠᠭᠤᠯᠭ᠎ᠠ ᠲᠠᠢ ᠠᠮᠠᠷᠠᠯᠲᠠ ᠶᠢᠨ ᠬᠤᠭᠤᠴᠠᠭ᠎ᠠ ᠶᠢ ᠥᠩᠭᠡᠷᠡᠭᠦᠯᠬᠦ ᠪᠠᠷ ᠪᠣᠯᠪᠠ᠃ᠮᠡᠳᠡᠭᠳᠡᠯ ᠳᠤ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠡᠦᠬᠡᠳ ᠤᠨ ᠬᠥᠳᠡᠯᠭᠡᠭᠡᠨ ᠤ ᠲᠥᠪ᠂ ᠵᠠᠯᠠᠭᠤᠴᠤᠳ ᠪᠠᠭᠠᠴᠤᠳ ᠤᠨ ᠣᠷᠳᠣᠨ ᠵᠡᠷᠭᠡ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠪᠠᠶᠢᠭᠤᠯᠤᠮᠵᠢ ᠳᠤ ᠲᠦᠰᠢᠭᠯᠡᠨ᠂ ᠳᠤᠷᠠᠰᠬᠠᠯ ᠤᠨ ᠣᠷᠳᠣᠨ᠂ ᠰᠣᠶᠣᠯ ᠤᠨ ᠣᠷᠳᠣᠨ ᠵᠡᠷᠭᠡ ᠵᠢᠭᠰᠠᠭᠠᠯ ᠤᠨ ᠭᠠᠵᠠᠷ ᠤᠨ ᠦᠢᠯᠡᠳᠦᠯ ᠢ ᠪᠠᠳᠠᠷᠠᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠬᠤ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠬᠦ ᠬᠡᠷᠡᠭᠲᠡᠢ᠃ ᠠᠵᠢᠯᠯᠠᠭᠠᠨ ᠤ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠣᠨᠴᠠᠯᠢᠭᠲᠤ ᠡᠬᠢ ᠪᠠᠶᠠᠯᠢᠭ ᠢ ᠠᠭᠤᠳᠠᠯᠤᠨ᠂ ᠴᠠᠭᠠᠨ ᠰᠠᠷ᠎ᠠ ᠶᠢᠨ ᠵᠠᠩ ᠵᠠᠩᠰᠢᠯ ᠰᠣᠶᠣᠯ ᠪᠠ ᠤᠯᠠᠮᠵᠢᠯᠠᠯᠲᠤ ᠰᠣᠶᠣᠯ ᠢ ᠪᠡᠶᠡᠴᠢᠯᠡᠨ ᠣᠶᠢᠯᠠᠭᠠᠬᠤ ᠠᠵᠢᠯᠯᠠᠭ᠎ᠠ ᠳᠤᠮᠳᠠ᠂ ᠥᠷᠭᠡᠨ ᠣᠯᠠᠨ ᠬᠡᠦᠬᠡᠳ ᠢ ᠬᠥᠲᠥᠯᠥᠨ ᠵᠢᠯᠤᠭᠤᠳᠴᠤ ᠳᠤᠮᠳᠠᠳᠤ ᠶᠢᠨ ᠰᠣᠶᠣᠯ ᠤᠨ ᠭᠦᠨ ᠵᠤᠵᠠᠭᠠᠨ ᠠᠭᠤᠯᠬᠤᠨ ᠢ ᠮᠡᠳᠡᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠮᠡᠳᠡᠭᠳᠡᠯ ᠳᠤ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠡᠦᠬᠡᠳ ᠲᠤ ᠲᠤᠯᠭᠠᠷᠠᠵᠤ ᠮᠡᠳᠡᠬᠦ ᠰᠠᠨᠠᠭᠠᠨ ᠳᠤ ᠦᠭᠡᠢ ᠭᠡᠮᠲᠦᠯ ᠪᠠ ᠬᠠᠤᠯᠢ ᠠᠴᠠ ᠵᠥᠷᠢᠴᠡᠭᠰᠡᠨ ᠬᠠᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠷᠡᠭ ᠠᠴᠠ ᠡᠮᠦᠨᠡᠬᠢ ᠰᠡᠷᠭᠡᠶᠢᠯᠡᠯᠲᠡ ᠶᠢᠨ ᠠᠵᠢᠯ ᠢ ᠦᠨᠡᠨ ᠪᠣᠳᠠᠲᠠᠢ ᠬᠢᠵᠦ᠂ ᠠᠮᠠᠷᠠᠯᠲᠠ ᠶᠢᠨ ᠬᠤᠭᠤᠴᠠᠭᠠᠨ ᠤ ᠠᠮᠤᠷ ᠲᠦᠪᠰᠢᠨ ᠢ ᠬᠠᠮᠠᠭᠠᠯᠠᠬᠤ ᠬᠡᠷᠡᠭᠲᠡᠢ᠃ ᠪᠦᠭᠦ ᠤᠯᠤᠰ ᠤᠨ ᠡᠮᠡᠭᠲᠡᠶᠢᠴᠦᠳ ᠤᠨ ᠬᠤᠯᠪᠤᠭ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ︽ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠠᠮᠤᠷ ᠲᠦᠪᠰᠢᠨ ᠤ ᠵᠢᠵᠢᠭ ᠬᠡᠮᠡᠷᠯᠢᠭ ᠬᠠᠪᠲᠠᠭ᠎ᠠ︾ ᠶᠢ ᠦᠷᠭᠦᠯᠵᠢᠯᠡᠨ ᠲᠠᠷᠬᠠᠭᠠᠵᠤ᠂ ᠡᠯ᠎ᠡ ᠭᠠᠵᠠᠷ ᠤᠨ ᠬᠢᠨ ᠨᠢᠭᠡ ᠤᠳᠠᠭ᠎ᠠ ᠶᠢᠨ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢ ᠨᠡᠶᠢᠭᠡᠮ ᠲᠣᠭᠤᠷᠢᠭ ᠲᠤ ᠣᠷᠣᠭᠤᠯᠬᠤ᠂ ᠭᠡᠷ ᠪᠦᠯᠢ ᠳᠤ ᠣᠷᠣᠭᠤᠯᠬᠤ ᠠᠵᠢᠯᠯᠠᠭ᠎ᠠ ᠶᠢ ᠥᠷᠨᠢᠭᠦᠯᠵᠦ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ ᠵᠡᠷᠭᠡ ᠬᠠᠤᠯᠢ ᠶᠢᠨ ᠮᠡᠳᠡᠯᠭᠡ  ᠶᠢ ᠲᠦᠭᠡᠮᠡᠯᠵᠢᠭᠦᠯᠬᠦ ᠤᠬᠠᠭᠤᠯᠭ᠎ᠠ ᠶᠢ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠪᠦᠯ ᠤᠨ ᠠᠮᠠᠷᠠᠯᠲᠠ ᠳᠤ ᠡᠴᠢᠭᠡ ᠡᠬᠡ ᠦᠷ᠎ᠡ ᠬᠡᠦᠬᠡᠳ ᠪᠠᠶᠠᠷ ᠭᠦᠷ ᠲᠠᠢ ᠪᠠᠷ ᠬᠠᠮᠲᠤ ᠪᠠᠶᠢᠯᠴᠠᠬᠤ ᠴᠠᠭ ᠲᠣᠭᠢᠶᠠᠯ ᠢ ᠰᠠᠶᠢᠲᠤᠷ ᠠᠰᠢᠭᠯᠠᠵᠤ᠂ ︽ᠨᠣᠮ ᠪᠢᠴᠢᠭᠲᠦ ᠭᠡᠷ ᠪᠦᠯᠢ︾᠂ ︽ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠢ ᠲᠦᠮᠡᠨ ᠡᠷᠦᠭᠡ ᠳᠤ ᠬᠦᠷᠭᠡᠬᠦ︾ ᠵᠡᠷᠭᠡ ᠡᠴᠢᠭᠡ ᠡᠬᠡ ᠦᠷ᠎ᠡ ᠬᠡᠦᠬᠡᠳ ᠬᠠᠮᠲᠤ ᠪᠠᠷ ᠣᠷᠤᠯᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ︽ᠵᠣᠯ ᠵᠢᠷᠭᠠᠯᠲᠤ ᠭᠡᠷ ᠪᠦᠯᠢ·ᠭᠡᠷ ᠪᠦᠯᠢ ᠶᠢᠨ ᠬᠥᠮᠦᠵᠢᠯ ᠤᠨ ᠦᠢᠯᠡᠴᠢᠯᠡᠭᠡ ᠶᠢᠨ  ᠬᠦᠷᠢᠶᠡᠯᠡᠩ︾ ᠤᠨ ᠲᠠᠪᠴᠠᠩ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠭᠡᠷ ᠤᠨ ᠠᠬᠠᠮᠠᠳ ᠢ ᠬᠠᠪᠰᠤᠷᠤᠨ ᠰᠢᠨᠵᠢᠯᠡᠬᠦ ᠤᠬᠠᠭᠠᠨᠴᠢ ᠪᠠᠷ ᠬᠡᠦᠬᠡᠳ ᠬᠥᠮᠥᠵᠢᠭᠦᠯᠵᠦ᠂ ᠥᠷᠭᠡᠨ ᠣᠯᠠᠨ ᠬᠡᠦᠬᠡᠳ ᠢ ᠡᠴᠢᠭᠡ ᠡᠬᠡ ᠶᠢᠨ ᠢᠶᠠᠨ ᠬᠠᠶᠢᠷ᠎ᠠ ᠬᠠᠯᠠᠮᠵᠢ ᠶᠢᠨ ᠳᠣᠣᠷ᠎ᠠ ᠦᠰᠦᠨ ᠪᠣᠶᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃      ᠮᠡᠳᠡᠭᠳᠡᠯ ᠳᠤ᠂ ᠭᠡᠷ ᠲᠡᠭᠡᠨ ᠬᠤᠴᠣᠷᠤᠭᠰᠠᠨ ᠬᠡᠦᠬᠡᠳ᠂ ᠬᠦᠴᠢᠷᠳᠡᠯ ᠳᠤ ᠲᠤᠯᠭᠠᠷᠠᠭᠰᠠᠨ ᠬᠡᠦᠬᠡᠳ᠂ ᠨᠡᠭᠦᠳᠡᠯ ᠬᠡᠦᠬᠡᠳ ᠵᠡᠷᠭᠡ ᠣᠨᠴᠠᠭᠠᠶ ᠬᠦᠴᠢᠷᠳᠡᠯ ᠲᠠᠢ ᠬᠥᠮᠥᠰ ᠤᠨ ᠪᠣᠳᠠᠲᠠᠢ ᠬᠡᠷᠡᠭᠴᠡᠭᠡ ᠶᠢ ᠣᠨᠴᠠᠭᠠᠶᠢᠯᠠᠨ ᠠᠩᠬᠠᠷᠴᠤ᠂ ᠲᠡᠳᠡᠨ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ ᠥᠭᠬᠦ ᠬᠡᠷᠡᠭᠲᠡᠢ᠃ ᠡᠷᠦᠭᠡ ᠳᠤ ᠣᠷᠣᠵᠤ ᠰᠤᠷᠪᠤᠯᠵᠢᠯᠠᠬᠤ ᠪᠠᠨ ᠴᠢᠩᠭᠠᠳᠬᠠᠵᠤ᠂ ᠡᠮᠡᠭᠲᠡᠶᠢᠴᠦᠳ ᠤᠨ ᠬᠤᠯᠪᠤᠭ᠎ᠠ ᠶᠢᠨ ᠭᠦᠢᠴᠡᠳᠬᠡᠬᠦ ᠵᠥᠪᠯᠡᠯ᠂ ᠬᠡᠦᠬᠡᠳ ᠤᠨ ᠠᠵᠢᠯ ᠤᠨ ᠡᠷᠭᠢᠯᠡᠭᠴᠢ ᠵᠡᠷᠭᠡ ᠶᠢ ᠳᠠᠶᠢᠴᠢᠯᠠᠨ ᠬᠠᠷᠢᠶ᠎ᠠ ᠣᠷᠣᠨ ᠤ ᠪᠠᠨ ᠭᠡᠷ ᠲᠡᠭᠡᠨ ᠬᠤᠴᠣᠷᠤᠭᠰᠠᠨ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠭᠡᠷ ᠪᠦᠯᠢ ᠳᠤ ᠬᠦᠷᠴᠦ᠂ ᠪᠣᠳᠠᠲᠠᠢ ᠪᠠᠶᠢᠳᠠᠯ ᠪᠠ ᠬᠡᠷᠡᠭᠴᠡᠭᠡ ᠶᠢ ᠨᠢᠭᠤᠷᠳᠠᠨ ᠣᠶᠢᠯᠠᠭᠠᠵᠤ᠂ ᠢᠳᠡᠪᠬᠢᠲᠡᠢ ᠪᠠᠷ ᠬᠠᠪᠰᠤᠷᠤᠨ ᠰᠢᠢᠳᠪᠦᠷᠢᠯᠡᠵᠦ ᠥᠭᠬᠦ ᠬᠡᠷᠡᠭᠲᠡᠢ᠃ ᠬᠠᠪᠰᠤᠷᠤᠯᠴᠠᠭ᠎ᠠ ᠪᠠᠶᠢᠭᠤᠯᠤᠨ ᠬᠠᠶᠢᠷᠠᠯᠠᠨ ᠬᠠᠯᠠᠮᠵᠢᠯᠠᠬᠤ ᠠᠵᠢᠯ ᠢ ᠰᠠᠶᠢᠲᠤᠷ ᠬᠢᠵᠦ᠂ ᠬᠠᠶᠢᠷ᠎ᠠ ᠬᠠᠯᠠᠮᠵᠢ ᠶᠢᠨ ᠡᠵᠢ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢᠨ ᠦᠢᠯᠡᠳᠦᠯ ᠢ ᠪᠠᠳᠠᠷᠠᠭᠤᠯᠵᠤ᠂ ᠬᠡᠦᠬᠡᠳ ᠤᠳ ᠲᠠᠢ ᠬᠠᠮᠲᠤ ᠰᠢᠨᠡᠯᠡᠵᠦ᠂ ︽ᠥᠴᠥᠬᠡᠨ ᠪᠠᠭ᠎ᠠ ᠬᠦᠰᠡᠯ︾ ᠢ ᠨᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃                                  ︵ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 6 ᠤ ᠴᠠᠭᠢᠯᠭᠠᠨ ᠮᠡᠳᠡᠭᠡ︶ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ