ᠣᠷᠳᠣᠰ ᠤᠨ ᠠᠠᠩᠬᠠᠳᠠᠭᠴᠢ ᠪᠦᠯᠦᠭ ᠭᠠᠮᠰᠢᠭ ᠠᠴᠠ ᠠᠪᠤᠷᠠᠬᠤ ᠡᠳ᠋ ᠪᠤᠳᠠᠰ ᠲᠥᠪᠡᠳ ᠤᠷᠤᠭᠤ ᠮᠣᠷᠳᠠᠯ᠎ᠠ
ᠨᠡᠶᠢᠲᠡᠯᠡᠭᠰᠡᠨ ᠴᠠᠭ᠄
2025/1/9
     1 ᠰᠠᠷ᠎ᠠ ᠶᠢᠨ 7 ᠤ ᠡᠳᠤᠷ ᠤᠨ 9 ᠴᠠᠭ 05 ᠮᠢᠨᠦ᠋ᠲ ᠲᠤ᠂ ᠲᠥᠪᠡᠳ ᠤᠨ ᠰᠢᠭᠠᠽᠧ ᠬᠤᠲᠠ ᠶᠢᠨ ᠲᠢᠩᠷᠢ ᠰᠢᠶᠠᠨ ᠳᠤ 6.8 ᠳᠡᠰ ᠤᠨ ᠭᠠᠵᠠᠷ ᠬᠥᠳᠡᠯᠦᠯᠲᠡ ᠡᠭᠦᠰᠴᠦ᠂ ᠭᠠᠮᠰᠢᠭ ᠤᠨ ᠪᠠᠶᠢᠳᠠᠯ ᠨᠢ ᠬᠦᠨᠳᠦ ᠨᠤᠴᠢᠲᠠᠢ ᠪᠠᠶᠢᠪᠠ᠃ ᠭᠠᠵᠠᠷ ᠬᠥᠳᠡᠯᠤᠯᠲᠠ ᠶᠢᠨ ᠳᠠᠷᠠᠭ᠎ᠠ᠂ ᠣᠷᠳᠤᠰ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠭᠠᠮᠰᠢᠭᠳᠠᠭᠰᠠᠨ ᠣᠷᠣᠨ ᠳᠤ ᠠᠪᠤᠷᠠᠨ ᠲᠤᠰᠡᠯᠠᠬᠤ ᠡᠳ᠋ ᠪᠤᠳᠠᠰ ᠢ ᠦᠳᠳᠡᠷ ᠲᠦᠷᠭᠡᠨ ᠰᠢᠯᠵᠢᠭᠦᠯᠤᠨ ᠬᠦᠷᠭᠡᠪᠡ᠃      ᠤᠷᠳᠤᠰ ᠬᠤᠲᠠ ᠶᠢᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠬᠢᠨ ᠡᠳ᠋ ᠪᠣᠳᠠᠰ ᠴᠤᠭᠯᠠᠭᠤᠯᠤᠨ᠂ ᠲᠥᠪᠡᠳ ᠤᠨ ᠭᠠᠵᠠᠷ ᠬᠥᠳᠡᠯᠤᠯᠲᠠ ᠶᠢᠨ ᠭᠠᠮᠰᠢᠭᠳᠠᠭᠰᠠᠨ ᠣᠷᠣᠨ ᠳᠤ 103700 ᠲᠥᠭᠦᠷᠢᠭ ᠤᠨ ᠦᠷᠳᠡᠭ ᠪᠦᠬᠦᠢ ᠬᠥᠪᠥᠩ ᠬᠦᠨᠵᠢᠯᠡ᠂ ᠬᠦᠪᠦᠩ ᠬᠤᠪᠴᠠᠰᠤ᠂ ᠭᠡᠷ ᠪᠦᠯᠢ ᠶᠢᠨ ᠬᠠᠶᠢᠷᠴᠠᠭ ᠵᠡᠷᠭᠡ 700 ᠵᠠᠬ᠎ᠠ ᠡᠳ᠋ ᠪᠣᠳᠠᠰ᠂ 1000 ᠭᠠᠷᠤᠢ ᠨᠣᠤᠯᠤᠭᠤᠷ ᠤᠨ ᠪᠦᠳᠦᠭᠡᠭᠳᠡᠭᠦᠨ ᠬᠠᠨᠲᠢᠪᠯᠠᠪᠠ᠃ ᠡᠭᠦᠨ ᠤ ᠬᠠᠮᠲᠤ ᠤᠷᠳᠤᠰ ᠤᠨ ᠰᠢᠤᠲᠠᠨ ᠤ ᠺᠣᠮᠫᠠᠨᠢ ᠲᠠᠢ ᠵᠣᠬᠢᠴᠡᠵᠤ ᠲᠡᠭᠡᠭᠡᠪᠦᠷᠢ ᠶᠢᠨ ᠲᠡᠷᠭᠡ  ᠶᠢ ᠦᠨ᠎ᠡ ᠲᠦᠯᠤᠪᠦᠷᠢ ᠦᠭᠡᠢ ᠪᠠᠷ ᠬᠠᠩᠭᠠᠵᠤ᠂ ᠭᠤᠷᠪᠠᠨ ᠵᠢᠯᠤᠭᠤᠴᠢ ᠶᠢ ᠭᠠᠮᠰᠢᠭᠳᠠᠭᠰᠠᠨ ᠣᠷᠣᠨ ᠳᠤ ᠲᠣᠮᠢᠯᠠᠵᠤ᠂ ᠵᠢᠱᠢᠯᠲᠡ ᠪᠠᠷ 48 ᠴᠠᠭ ᠤᠨ ᠳᠣᠲᠣᠷ᠎ᠠ ᠲᠥᠪᠡᠳ ᠤᠨ ᠰᠢᠭᠠᠽᠧ ᠬᠤᠲᠠ ᠶᠢᠨ ᠭᠠᠵᠠᠷ ᠬᠥᠳᠡᠯᠤᠯᠲᠠ ᠶᠢᠨ ᠭᠠᠮᠰᠢᠭᠳᠠᠭᠰᠠᠨ ᠣᠷᠣᠨ ᠳᠤ ᠬᠦᠷᠭᠡᠬᠦ ᠪᠣᠯᠣᠨ᠎ᠠ᠃ ᠣᠳᠣᠬᠠᠨ ᠪᠣᠯᠲᠠᠯ᠎ᠠ ᠤᠷᠳᠤᠰ ᠬᠤᠲᠠ ᠶᠢᠨ ᠬᠤᠶᠠᠷ ᠠᠵᠤ ᠠᠬᠤᠶᠢᠯᠠᠯ ᠤᠷᠳᠤᠰ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠢᠶᠠᠷ ᠳᠠᠮᠵᠢᠭᠤᠯᠤᠨ ᠭᠠᠮᠰᠢᠭᠳᠠᠭᠰᠠᠨ ᠣᠷᠣᠨ ᠳᠤ ᠨᠡᠶᠢᠲᠡ 11 ᠲᠦᠮᠡᠨ ᠲᠥᠭᠦᠷᠢᠭ ᠬᠠᠨᠲᠢᠪᠯᠠᠪᠠ᠃
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ