| ᠨᠢᠭᠡ᠂ ᠲᠤᠭᠤᠷᠪᠢᠭᠰᠠᠨ ᠠᠬᠤᠢ ᠪᠠᠶᠢᠳᠠᠯ ᠪᠠ ᠴᠢᠬᠤᠯᠠ ᠴᠢᠨᠠᠷ | ︵ᠨᠢᠭᠡ︶ ᠤᠰᠤᠨ ᠤ ᠪᠣᠬᠢᠷᠲᠤᠯ ᠤᠨ ᠰᠡᠷᠭᠡᠶᠢᠯᠡᠨ ᠵᠠᠰᠠᠯᠲᠠ ᠶᠢ ᠬᠡᠷᠡᠭᠵᠢᠭᠦᠯᠵᠦ᠂ ᠪᠣᠬᠢᠷ ᠤᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠬᠤ | ᠬᠡᠷᠡᠭᠴᠡᠭᠡ᠃ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠷᠥ ᠲᠠᠷᠬᠠᠭᠠᠭᠰᠠᠨ ﹇2023﹈ 16 ᠳ᠋ᠤᠭᠠᠷ ᠲᠣᠭᠠᠲᠤ︶ ᠳᠤ | ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠬᠥᠬᠡ ᠲᠡᠭᠷᠢ ᠬᠥᠬᠡᠮᠳᠦᠭ ᠤᠰᠤ ᠴᠡᠪᠡᠷ ᠬᠥᠷᠥᠰᠥ ᠶᠢ ᠬᠠᠮᠠᠭᠠᠯᠠᠬᠤ | ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠬᠤ ᠬᠡᠷᠡᠭᠲᠡᠢ ᠭᠡᠵᠦ ᠳᠤᠷᠠᠳᠪᠠ᠃ ᠬᠤᠲᠠ ᠪᠠᠯᠭᠠᠰᠤᠨ ᠤ ᠤᠰᠤ ᠲᠠᠲᠠᠷᠠᠭᠤᠯᠬᠤ ᠪᠠ ᠪᠣᠬᠢᠷ ᠤᠰᠤ | ᠰᠢᠢᠳᠪᠦᠷᠢᠯᠡᠬᠦ ᠪᠣᠯ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢᠨ ᠴᠢᠬᠤᠯᠠ ᠠᠭᠤᠯᠭ᠎ᠠ ᠮᠥᠨ᠂ ︽ᠠᠷᠭ᠎ᠠ︾ ᠶᠢ ᠲᠣᠭᠲᠠᠭᠠᠭᠰᠠᠨ ᠨᠢ ᠤᠯᠤᠰ ᠤᠨ ᠲᠥᠷᠥ ᠶᠢᠨ | ᠪᠣᠳᠣᠯᠭ᠎ᠠ ᠯᠤᠭ᠎ᠠ ᠶᠢᠨ ᠵᠣᠯᠭᠠᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ ᠤᠰᠤ ᠲᠠᠲᠠᠷᠠᠭᠤᠯᠬᠤ | ᠪᠠ ᠪᠣᠬᠢᠷ ᠤᠰᠤ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠂ ᠬᠤᠲᠠ ᠪᠠᠯᠭᠠᠰᠤᠨ ᠤ ᠪᠣᠬᠢᠷ ᠤᠰᠤ ᠶᠢ ᠠᠮᠤᠷ | ᠲᠦᠪᠰᠢᠨ ᠪᠥᠭᠡᠳ ᠥᠨᠳᠥᠷ ᠪᠦᠲᠦᠮᠵᠢᠲᠡᠶ ᠪᠠᠷ ᠰᠢᠢᠳᠪᠦᠷᠢᠯᠡᠬᠦ ᠶᠢ ᠦᠨᠡᠨ ᠬᠦ ᠪᠠᠲᠤᠯᠠᠵᠤ ᠴᠢᠳᠠᠨ᠎ᠠ᠃ | ︵ᠬᠤᠶᠠᠷ︶ ᠲᠥᠯᠦᠪᠵᠢᠭᠦᠯᠭᠡ ᠪᠠ ᠪᠦᠲᠦᠭᠡᠨ ᠪᠠᠶᠢᠭᠤᠯᠤᠯᠲᠠ ᠶᠢ ᠵᠢᠷᠤᠮᠵᠢᠭᠤᠯᠤᠨ᠂ ᠬᠤᠲᠠ ᠪᠠᠯᠭᠠᠰᠤᠨ ᠤ ᠤᠰᠤ ᠲᠠᠲᠠᠷᠠᠭᠤᠯᠬᠤ ᠪᠠ ᠪᠣᠬᠢᠷ ᠤᠰᠤ | ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠴᠡᠭᠡ᠃ ᠬᠤᠲᠠ ᠪᠠᠯᠭᠠᠰᠤᠨ ᠤ ᠤᠰᠤ ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠪᠣᠯ | ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠦᠢᠯᠡᠰ ᠪᠠ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠪᠦᠷᠢᠯᠳᠦᠭᠦᠨ ᠬᠡᠰᠡᠭ | ᠪᠠᠶᠢᠵᠤ᠂ ᠬᠤᠲᠠ ᠪᠠᠯᠭᠠᠰᠤᠨ ᠤ ᠵᠠᠰᠠᠯᠲᠠ ᠶᠢᠨ ᠲᠣᠭᠲᠠᠯᠴᠠᠭ᠎ᠠ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠳᠤ ᠴᠢᠬᠤᠯᠠ | ᠦᠢᠯᠡᠳᠦᠯ ᠲᠠᠢ ᠶᠤᠮ᠃ ︽ᠠᠷᠭ᠎ᠠ︾ ᠶᠢ ᠨᠡᠶᠢᠲᠡᠯᠡᠭᠰᠡᠨ ᠨᠢ ᠬᠤᠲᠠ ᠪᠠᠯᠭᠠᠰᠤᠨ ᠤ ᠤᠰᠤ ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢᠨ | ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠤᠰᠤ ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ ᠬᠠᠭᠤᠴᠢᠨ | ᠪᠡᠯᠡᠳᠬᠡᠮᠵᠢ ᠶᠢᠨ ᠰᠢᠨᠡᠴᠢᠯᠡᠯᠲᠡ ᠶᠢ ᠠᠬᠢᠭᠤᠯᠵᠤ᠂ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮᠲᠦ ᠴᠢᠨᠠᠷ ᠢ ᠴᠢᠩᠭᠠᠷᠠᠭᠤᠯᠤᠨ᠂ ᠤᠰᠤᠳᠤᠯ ᠢ | ᠰᠡᠷᠭᠡᠶᠢᠯᠡᠨ ᠵᠠᠰᠠᠬᠤ ᠪᠠ ᠬᠤᠲᠠ ᠪᠠᠯᠭᠠᠰᠤᠨ ᠤ ᠤᠰᠤ ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ ᠴᠢᠳᠠᠨ᠎ᠠ᠃ | ︵ᠭᠤᠷᠪᠠ︶ ᠬᠤᠲᠠ ᠪᠠᠯᠭᠠᠰᠤᠨ ᠤ ᠤᠰᠤ ᠲᠠᠲᠠᠷᠠᠭᠤᠯᠬᠤ ᠪᠠ ᠪᠣᠬᠢᠷ ᠤᠰᠤ ᠶᠢ ᠰᠢᠢᠳᠪᠦᠷᠢᠯᠡᠵᠦ ᠪᠣᠬᠢᠷᠲᠤᠯ ᠢ ᠪᠠᠭᠠᠰᠬᠠᠨ ᠨᠡᠭᠦᠷᠡᠰᠦᠲᠥ᠋ᠷᠥᠭᠴᠢ ᠶᠢ | ᠪᠠᠭᠤᠷᠠᠭᠤᠯᠬᠤ ᠶᠢ ᠠᠬᠢᠭᠤᠯᠵᠤ᠂ ᠬᠠᠮᠵᠢᠯᠴᠠᠨ ᠦᠷ᠎ᠡ ᠠᠰᠢᠭ ᠨᠡᠮᠡᠭᠳᠡᠭᠦᠯᠬᠦ ᠬᠡᠷᠡᠭᠴᠡᠭᠡ᠃ ᠣᠳᠣᠬᠠᠨ ᠳᠤ᠂ ᠮᠠᠨ ᠤ ᠤᠯᠤᠰ ᠤᠨ ᠠᠮᠢ ᠠᠬᠤᠢ ᠶᠢᠨ ᠪᠣᠯᠪᠠᠰᠤᠨ ᠤ | ᠪᠦᠲᠦᠭᠡᠨ ᠪᠠᠶᠢᠭᠤᠯᠤᠯᠲᠠ ᠨᠢ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠪᠠᠷ ᠭᠤᠣᠯᠳᠠᠯᠭ᠎ᠠ ᠲᠠᠢ ᠪᠠᠶᠢᠯᠳᠤᠬᠤ ᠪᠣᠳᠣᠯᠭ᠎ᠠ ᠶᠢᠨ ᠴᠢᠭᠯᠡᠯ ᠪᠣᠯᠭᠠᠭᠰᠠᠨ᠂ ᠪᠣᠬᠢᠷᠲᠤᠯ ᠢ | ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠤᠨ ᠬᠠᠮᠵᠢᠯᠴᠠᠨ ᠦᠷ᠎ᠡ ᠠᠰᠢᠭ ᠨᠡᠮᠡᠭᠳᠡᠭᠦᠯᠬᠦ ᠶᠢ ᠠᠬᠢᠭᠤᠯᠬᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠪᠦᠬᠦ ᠲᠠᠯ᠎ᠠ ᠪᠠᠷ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠤᠨ ᠰᠠᠶᠢᠵᠢᠷᠠᠯᠲᠠ ᠶᠢ | ᠲᠣᠭᠠᠨ ᠤ ᠬᠤᠪᠢᠷᠠᠯᠲᠠ ᠠᠴᠠ ᠴᠢᠨᠠᠷ ᠤᠨ ᠬᠤᠪᠢᠷᠠᠯᠲᠠ ᠳᠤ ᠬᠦᠷᠭᠡᠬᠦ ᠵᠠᠩᠭᠢᠯᠠᠭ᠎ᠠ ᠶᠢᠨ ᠴᠠᠭ ᠦᠶ᠎ᠡ ᠳᠤ ᠣᠷᠣᠪᠠ᠃ ᠪᠣᠬᠢᠷ ᠤᠰᠤ ᠰᠢᠢᠳᠪᠦᠷᠢᠯᠡᠬᠦ ᠪᠣᠯ ᠪᠣᠬᠢᠷᠲᠤᠯ ᠢ | ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠬᠦ ᠶᠢᠨ ᠴᠢᠬᠤᠯᠠ ᠭᠠᠷᠳᠠᠴᠠ ᠪᠣᠯᠬᠤ ᠮᠥᠷᠲᠡᠭᠡᠨ ᠬᠦᠯᠡᠮᠵᠢ ᠶᠢᠨ ᠬᠡᠢ | ᠪᠡᠶᠡᠲᠦ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠶᠢ ᠠᠬᠢᠭᠤᠯᠬᠤ ᠶᠢᠨ ᠴᠢᠬᠤᠯᠠ ᠬᠦᠷᠢᠶ᠎ᠡ ᠪᠣᠯᠣᠨ᠎ᠠ᠃ ︽ᠠᠷᠭ᠎ᠠ︾ ᠶᠢ ᠲᠣᠭᠲᠠᠭᠠᠭᠰᠠᠨ ᠨᠢ | ᠭᠤᠣᠯᠳᠠᠯᠭ᠎ᠠ ᠲᠠᠢ ᠪᠠᠷ ᠡᠨᠧᠷᠭᠢ ᠬᠡᠷᠡᠭᠯᠡᠬᠦ ᠲᠥᠬᠦᠭᠡᠷᠦᠮᠵᠢ ᠶᠢ ᠡᠨᠧᠷᠭᠢ ᠠᠷᠪᠢᠯᠠᠬᠤ ᠲᠥᠬᠦᠭᠡᠷᠦᠮᠵᠢ ᠪᠣᠯᠭᠠᠨ ᠥᠭᠡᠷᠡᠴᠢᠯᠡᠨ ᠰᠢᠨᠡᠳᠬᠡᠬᠦ ᠶᠢ ᠤᠯᠠᠮ ᠨᠢᠭᠡ ᠠᠯᠬᠤᠮ | ᠠᠬᠢᠭᠤᠯᠵᠤ᠂ ᠪᠣᠬᠢᠷ ᠰᠢᠪᠠᠷ᠂ ᠪᠣᠬᠢᠷ ᠤᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠴᠢᠩᠭᠠᠳᠬᠠᠵᠤ ᠴᠢᠳᠠᠨ᠎ᠠ᠃ | ᠬᠤᠶᠠᠷ᠂ ᠭᠤᠣᠯ ᠠᠭᠤᠯᠭ᠎ᠠ | ︽ᠠᠷᠭ᠎ᠠ︾ ᠳᠤ ᠨᠡᠶᠢᠲᠡ 39 ᠵᠦᠢᠯ ᠪᠠᠶᠢᠨ᠎ᠠ᠃ ᠭᠤᠣᠯ ᠠᠭᠤᠯᠭ᠎ᠠ ᠨᠢ ᠳᠣᠣᠷᠠᠬᠢ ᠮᠡᠲᠦ᠄ | ︵ᠨᠢᠭᠡ︶ ᠲᠣᠬᠢᠷᠠᠬᠤ ᠬᠡᠪᠴᠢᠶ᠎ᠡ ᠬᠢᠭᠡᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ᠃ ︽ᠠᠷᠭ᠎ᠠ︾ ᠳᠤ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ | ᠠᠷᠠᠳ ᠤᠨ ᠵᠠᠰᠠᠭ ᠤᠨ ᠣᠷᠳᠣᠨ ᠪᠠ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠲᠠ ᠪᠠᠯᠭᠠᠰᠤᠨ ᠤ ᠤᠰᠤ | ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠠᠵᠢᠯ ᠤᠨ ᠡᠭᠦᠷᠭᠡ ᠬᠠᠷᠢᠭᠤᠴᠠᠯᠭ᠎ᠠ᠂ ᠬᠤᠲᠠ ᠪᠠᠯᠭᠠᠰᠤᠨ ᠤ ᠤᠰᠤ ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ ᠠᠵᠢᠯ ᠤᠨ ᠵᠠᠷᠴᠢᠮ᠂ ᠪᠡᠯᠡ ᠮᠥᠩᠭᠦᠨ ᠤ | ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠠᠭᠤᠯᠭ᠎ᠠ ᠶᠢ ᠲᠣᠳᠣᠷᠬᠠᠶᠢᠯᠠᠪᠠ᠃ | ︵ᠬᠤᠶᠠᠷ︶ ᠬᠤᠲᠠ ᠪᠠᠯᠭᠠᠰᠤᠨ ᠤ ᠤᠰᠤ ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠲᠤᠬᠠᠢ᠃ | ︽ᠠᠷᠭ᠎ᠠ︾ ᠳᠤ ᠬᠤᠲᠠ ᠪᠠᠯᠭᠠᠰᠤᠨ ᠤ ᠤᠰᠤ ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠭᠤᠣᠯ ᠴᠣᠭᠴᠠ᠂ | ᠲᠠᠰ ᠳᠠᠷᠠᠭᠠᠯᠠᠯ ᠵᠢᠴᠢ ᠠᠭᠤᠯᠭ᠎ᠠ ᠶᠢ ᠲᠣᠳᠣᠷᠬᠠᠶᠢᠯᠠᠪᠠ᠃ ᠬᠤᠭᠤᠯᠠᠢ ᠶᠢᠨ ᠲᠣᠣᠷ᠂ ᠬᠥᠭᠡᠷᠭᠡ ᠶᠢᠨ ᠦᠷᠳᠡᠭᠡ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠵᠢᠴᠢ | ᠪᠣᠬᠢᠷ ᠰᠢᠪᠠᠷ ᠰᠢᠢᠳᠪᠦᠷᠢᠯᠡᠬᠦ᠂ ᠳᠠᠬᠢᠯᠲᠠ ᠤᠰᠤ ᠶᠢ ᠠᠰᠢᠭᠯᠠᠬᠤ᠂ ᠪᠣᠷᠣᠭᠠᠨ ᠤ ᠤᠰᠤ ᠶᠢ ᠲᠣᠬᠢᠷᠠᠭᠤᠯᠤᠨ ᠬᠠᠳᠠᠭᠠᠯᠠᠬᠤ ᠪᠠ ᠭᠠᠳᠠᠭᠰᠢᠯᠠᠭᠤᠯᠬᠤ ᠵᠡᠷᠭᠡ ᠤᠰᠤ | ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢ ᠪᠦᠲᠦᠭᠡᠨ ᠪᠠᠶᠢᠭᠤᠯᠬᠤ ᠪᠠ ᠥᠭᠡᠷᠡᠴᠢᠯᠡᠨ ᠰᠢᠨᠡᠳᠬᠡᠬᠦ ᠶᠢ ᠨᠢᠭᠡᠳᠦᠯᠲᠡᠢ ᠲᠥᠯᠥᠪᠯᠡᠨ | ᠲᠣᠬᠢᠷᠠᠭᠤᠯᠬᠤ ᠶᠢ ᠱᠠᠭᠠᠷᠳᠠᠪᠠ᠃ ᠬᠤᠲᠠ ᠶᠢᠨ ᠵᠠᠮ ᠢ ᠲᠦᠰᠢᠭᠯᠡᠨ ᠬᠤᠲᠠ ᠪᠠᠯᠭᠠᠰᠤᠨ ᠤ ᠤᠰᠤ ᠲᠠᠲᠠᠷᠠᠭᠤᠯᠬᠤ ᠪᠡᠯᠡᠳᠬᠡᠮᠵᠢ ᠪᠠᠶᠢᠭᠤᠯᠬᠤ ᠳᠤ᠂ ᠬᠤᠲᠠ ᠶᠢᠨ ᠵᠠᠮ | ᠬᠠᠷᠢᠯᠴᠠᠭᠠᠨ ᠤ ᠶᠡᠷᠦᠩᠬᠡᠶᠢᠯᠡᠭᠰᠡᠨ ᠲᠣᠭᠲᠠᠯᠴᠠᠭᠠᠨ ᠤ ᠲᠥᠯᠦᠪᠵᠢᠭᠦᠯᠭᠡ ᠪᠣᠯᠣᠨ ᠣᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ ᠯᠦᠭᠡ ᠵᠣᠬᠢᠴᠠᠭᠤᠯᠵᠤ᠂ | ᠬᠤᠲᠠ ᠶᠢᠨ ᠶᠠᠪᠤᠳᠠᠯ ᠤᠨ ᠵᠠᠮ ᠯᠤᠭ᠎ᠠ ᠵᠡᠷᠭᠡ ᠳᠤ ᠨᠢ ᠪᠦᠲᠦᠭᠡᠨ ᠪᠠᠶᠢᠭᠤᠯᠬᠤ ᠬᠡᠷᠡᠭᠲᠡᠢ᠃ ᠤᠰᠤᠲᠤᠯ ᠬᠢᠯᠪᠠᠷᠬᠠᠨ ᠡᠭᠦᠰᠬᠦ ᠭᠠᠵᠠᠷ ᠣᠷᠣᠨ ᠤ ᠭᠠᠵᠠᠷ ᠳᠣᠣᠷᠠᠬᠢ | ᠪᠠᠷᠢᠯᠭ᠎ᠠ᠂ ᠪᠠᠷᠢᠯᠭ᠎ᠠ ᠶᠢᠨ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ᠂ ᠬᠤᠲᠠ ᠪᠠᠯᠭᠠᠰᠤᠨ ᠤ ᠤᠰᠤ ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠠᠨ ᠳᠡᠭᠡᠭᠰᠢᠯᠡᠭᠦᠯᠵᠦ᠂ ᠬᠢᠯᠪᠠᠷᠬᠠᠨ ᠤᠰᠤᠲᠤᠬᠤ ᠣᠷᠣᠨ ᠤ ᠤᠰᠤ ᠲᠠᠲᠠᠷᠠᠭᠤᠯᠬᠤ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠪᠣᠯᠣᠨ ᠥᠭᠡᠷᠡᠴᠢᠯᠡᠯᠲᠡ ᠶᠢ ᠡᠩ ᠲᠡᠷᠢᠭᠦᠨ ᠳᠤ ᠲᠣᠬᠢᠷᠠᠭᠤᠯᠬᠤ ᠬᠡᠷᠡᠭᠲᠡᠢ᠃ | ︵ᠭᠤᠷᠪᠠ︶ ᠬᠤᠲᠠ ᠪᠠᠯᠭᠠᠰᠤᠨ ᠤ ᠤᠰᠤ ᠲᠠᠲᠠᠷᠠᠭᠤᠯᠬᠤ ᠬᠤᠯᠪᠣᠭᠳᠠᠯ ᠪᠦᠬᠦᠢ ᠱᠠᠭᠠᠷᠳᠠᠯᠭ᠎ᠠ ᠶᠢᠨ ᠲᠤᠬᠠᠢ᠃ ︽ᠠᠷᠭ᠎ᠠ︾ ᠳᠤ ᠠᠵᠤ ᠦᠢᠯᠡᠳᠪᠦᠷᠢ᠂ ᠪᠠᠷᠢᠯᠭ᠎ᠠ᠂ | ᠢᠳᠡᠭᠡᠨ ᠤᠮᠳᠠᠭᠠᠨ᠂ ᠡᠮ ᠡᠮᠨᠡᠯᠭᠡ ᠵᠡᠷᠭᠡ ᠠᠵᠢᠯᠯᠠᠭ᠎ᠠ ᠡᠷᠭᠢᠯᠡᠵᠦ ᠪᠠᠶᠢᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ ᠨᠦᠭᠦᠳ ᠬᠤᠲᠠ ᠪᠠᠯᠭᠠᠰᠤᠨ ᠤ ᠤᠰᠤ ᠲᠠᠲᠠᠷᠠᠭᠤᠯᠬᠤ ᠪᠡᠯᠡᠳᠬᠡᠮᠵᠢ ᠳᠤ ᠪᠣᠬᠢᠷ ᠤᠰᠤ ᠭᠠᠳᠠᠭᠰᠢᠯᠠᠭᠤᠯᠬᠤ ᠭᠡᠪᠡᠯ ᠤᠰᠤ ᠲᠠᠲᠠᠷᠠᠭᠤᠯᠬᠤ | ᠦᠢᠯᠡ ᠠᠵᠢᠯᠯᠠᠭ᠎ᠠ ᠡᠭᠦᠰᠦᠭᠰᠡᠨ ᠭᠠᠵᠠᠷ ᠤᠨ ᠬᠤᠲᠠ ᠪᠠᠯᠭᠠᠰᠤᠨ ᠤ ᠤᠰᠤ ᠲᠠᠲᠠᠷᠠᠭᠤᠯᠬᠤ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠣᠬᠢᠷ ᠤᠰᠤ | ᠲᠠᠲᠠᠷᠠᠭᠤᠯᠬᠤ ᠬᠤᠭᠤᠯᠠᠢ ᠶᠢᠨ ᠲᠣᠣᠷ ᠲᠤ ᠪᠣᠬᠢᠷ ᠤᠰᠤ ᠭᠠᠳᠠᠭᠰᠢᠯᠠᠭᠤᠯᠬᠤ ᠵᠥᠪᠰᠢᠶᠡᠷᠡᠯ ᠠᠪᠬᠤ ᠬᠡᠷᠡᠭᠲᠡᠢ᠃ ᠬᠤᠲᠠ ᠪᠠᠯᠭᠠᠰᠤᠨ ᠳᠤ ᠤᠰᠤ ᠲᠠᠲᠠᠷᠠᠭᠤᠯᠬᠤ | ᠪᠡᠯᠡᠳᠬᠡᠮᠵᠢ ᠳᠤ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠶᠢ ᠭᠠᠳᠠᠭᠰᠢᠯᠠᠭᠤᠯᠬᠤ ᠭᠡᠪᠡᠯ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ ᠤᠷᠢᠳᠴᠢᠯᠠᠨ ᠰᠢᠢᠳᠪᠦᠷᠢᠯᠡᠵᠦ᠂ ᠬᠤᠲᠠ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢᠨ ᠰᠢᠢᠳᠪᠦᠷᠢᠯᠡᠬᠦ | ᠮᠡᠷᠭᠡᠵᠢᠯ ᠤᠨ ᠱᠠᠭᠠᠷᠳᠠᠯᠭ᠎ᠠ ᠳᠤ ᠬᠦᠷᠪᠡᠰᠦ ᠭᠠᠳᠠᠭᠰᠢᠯᠠᠭᠤᠯᠵᠤ ᠪᠣᠯᠣᠨ᠎ᠠ᠃ | ︵ᠳᠥᠷᠪᠡ︶ ᠪᠣᠬᠢᠷ ᠤᠰᠤ ᠰᠢᠢᠳᠪᠦᠷᠢᠯᠡᠬᠦ ᠬᠤᠯᠪᠣᠭᠳᠠᠯ ᠪᠦᠬᠦᠢ ᠱᠠᠭᠠᠷᠳᠠᠯᠭ᠎ᠠ ᠶᠢᠨ ᠲᠤᠬᠠᠢ᠃ ︽ᠠᠷᠭ᠎ᠠ︾ ᠳᠤ ᠬᠤᠲᠠ ᠪᠠᠯᠭᠠᠰᠤᠨ ᠤ ᠤᠰᠤ ᠲᠠᠲᠠᠷᠠᠭᠤᠯᠬᠤ ᠶᠢ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠰᠢᠭᠯᠠᠮᠵᠢ ᠪᠠᠷ ᠰᠦᠢᠳᠬᠡᠯ ᠬᠤᠷᠢᠶᠠᠬᠤ ᠡᠵᠡᠩᠨᠡᠨ ᠠᠵᠢᠯᠯᠠᠭᠤᠯᠬᠤ ᠬᠡᠪ ᠵᠠᠭᠪᠤᠷ ᠢ ᠬᠡᠷᠡᠭᠵᠢᠭᠦᠯᠵᠦ᠂ ᠬᠤᠲᠠ | ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢ ᠬᠠᠮᠠᠭᠠᠯᠠᠨ ᠡᠵᠡᠩᠨᠡᠬᠦ ᠨᠢᠭᠡᠴᠢ ᠨᠦᠭᠦᠳ ᠢ ᠵᠣᠷᠢᠭᠵᠢᠭᠤᠯᠵᠤ ᠪᠠᠶᠢᠭᠠᠳ ᠳᠡᠭᠡᠳᠦ ᠤᠷᠤᠰᠬᠠᠯ ᠤᠨ | ᠦᠢᠯᠡᠳᠪᠦᠷᠢᠯᠡᠯ ᠤᠨ ᠠᠵᠤ ᠠᠬᠤᠶᠢᠯᠠᠯ ᠤᠨ ᠵᠠᠳᠠᠷᠠᠬᠤᠶᠢᠴᠠ ᠴᠢᠨᠠᠷ ᠢᠶᠠᠷ ᠴᠢᠩᠭ᠎ᠠ ᠪᠦᠬᠦᠢ ᠪᠣᠬᠢᠷ ᠤᠰᠤ ᠶᠢ ᠳᠣᠣᠷᠠᠳᠤ ᠤᠷᠤᠰᠬᠠᠯ ᠤᠨ ᠪᠣᠬᠢᠷ ᠤᠰᠤ | ᠰᠢᠢᠳᠪᠦᠷᠢᠯᠡᠬᠦ ᠦᠢᠯᠡᠳᠪᠦᠷᠢ ᠶᠢᠨ ᠨᠡᠭᠦᠷᠡᠰᠦᠲᠥ᠋ᠷᠥᠭᠴᠢ ᠬᠤᠷᠠᠭᠤᠯᠬᠤ ᠶᠢᠨ ᠡᠭᠦᠰᠪᠦᠷᠢ ᠪᠣᠯᠭᠠᠵᠤ ᠨᠥᠬᠦᠪᠦᠷᠢᠯᠡᠬᠦ ᠪᠠᠷ ᠱᠠᠭᠠᠷᠳᠠᠪᠠ᠃ ᠡᠬᠢ ᠪᠠᠶᠠᠯᠢᠭ ᠢᠯᠴᠢ ᠶᠢᠨ | ᠴᠠᠬᠢᠯᠭᠠᠨ ᠤ ᠦᠢᠯᠡᠳᠪᠦᠷᠢ᠂ ᠱᠦᠢᠨᠢ ᠶᠢᠨ ᠦᠢᠯᠡᠳᠪᠦᠷᠢ᠂ ᠨᠡᠭᠦᠷᠡᠰᠦ ᠰᠢᠲᠠᠭᠠᠬᠤ ᠴᠠᠬᠢᠯᠭᠠᠨ ᠤ ᠦᠢᠯᠡᠳᠪᠦᠷᠢ ᠪᠠᠶᠢᠭ᠎ᠠ ᠭᠠᠵᠠᠷ ᠤᠨ ᠢᠶᠠᠨ ᠪᠣᠬᠢᠷ ᠰᠢᠪᠠᠷ ᠢ | ᠰᠢᠢᠳᠪᠦᠷᠢᠯᠡᠬᠦ ᠬᠡᠷᠡᠭᠴᠡᠭᠡ ᠶᠢ ᠦᠨᠳᠦᠰᠦᠯᠡᠨ᠂ ᠪᠣᠬᠢᠷ ᠰᠢᠪᠠᠷ ᠢ ᠰᠢᠲᠠᠭᠠᠵᠤ ᠰᠢᠢᠳᠪᠦᠷᠢᠯᠡᠬᠦ ᠪᠡᠯᠡᠳᠬᠡᠮᠵᠢ ᠲᠣᠬᠢᠷᠠᠭᠤᠯᠵᠤ᠂ ᠪᠣᠬᠢᠷ ᠰᠢᠪᠠᠷ ᠢ ᠬᠠᠮᠵᠢᠯᠴᠠᠨ ᠰᠢᠲᠠᠭᠠᠵᠤ | ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠨᠢ ᠵᠣᠷᠢᠭᠵᠢᠭᠤᠯᠤᠨ᠎ᠠ᠃ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠨ ᠳᠠᠬᠢᠯᠲᠠ ᠤᠰᠤ ᠶᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠤᠰᠤᠨ ᠤ ᠡᠬᠢ ᠪᠠᠶᠠᠯᠢᠭ ᠤᠨ ᠨᠢᠭᠡᠳᠦᠯᠲᠡᠢ ᠲᠣᠬᠢᠷᠠᠭᠤᠯᠤᠯᠲᠠ ᠳᠤ ᠣᠷᠣᠭᠤᠯᠵᠤ᠂ | ᠳᠠᠬᠢᠯᠲᠠ ᠤᠰᠤᠨ ᠤ ᠠᠰᠢᠭᠯᠠᠮᠵᠢ ᠶᠢ ᠠᠬᠢᠭᠤᠯᠬᠤ ᠶᠢ ᠱᠠᠭᠠᠷᠳᠠᠪᠠ᠃ | ︵ᠲᠠᠪᠤ︶ ᠪᠡᠯᠡᠳᠬᠡᠮᠵᠢ ᠶᠢ ᠬᠠᠮᠠᠭᠠᠯᠠᠵᠤ ᠬᠠᠮᠢᠶᠠᠷᠬᠤ ᠱᠠᠭᠠᠷᠳᠠᠯᠭ᠎ᠠ ᠶᠢᠨ ᠲᠤᠬᠠᠢ᠃ ︽ᠠᠷᠭ᠎ᠠ︾ ᠳᠤ ᠬᠤᠲᠠ ᠪᠠᠯᠭᠠᠰᠤᠨ ᠤ ᠤᠰᠤ ᠲᠠᠲᠠᠷᠠᠭᠤᠯᠬᠤ ᠪᠠ ᠪᠣᠬᠢᠷ | ᠤᠰᠤ ᠰᠢᠢᠳᠪᠦᠷᠢᠯᠡᠬᠦ ᠪᠡᠯᠡᠳᠬᠡᠮᠵᠢ ᠶᠢ ᠬᠠᠮᠠᠭᠠᠯᠠᠬᠤ ᠭᠤᠣᠯ ᠴᠣᠭᠴᠠ᠂ ᠵᠠᠭᠠᠭ ᠬᠢᠵᠠᠭᠠᠷ᠂ ᠠᠵᠢᠯᠯᠠᠭᠤᠯᠤᠨ ᠬᠠᠮᠠᠭᠠᠯᠠᠬᠤ ᠠᠭᠤᠯᠭ᠎ᠠ ᠪᠠ ᠱᠠᠭᠠᠷᠳᠠᠯᠭ᠎ᠠ ᠶᠢ | ᠲᠣᠳᠣᠷᠬᠠᠶᠢᠯᠠᠪᠠ᠃ ᠬᠤᠲᠠ ᠪᠠᠯᠭᠠᠰᠤᠨ ᠤ ᠤᠰᠤ ᠲᠠᠲᠠᠷᠠᠭᠤᠯᠬᠤ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ | ᠯᠦᠭᠡ ᠬᠠᠮᠲᠤᠷᠠᠨ ᠬᠤᠲᠠ ᠪᠠᠯᠭᠠᠰᠤᠨ ᠤ ᠤᠰᠤ ᠲᠠᠲᠠᠷᠠᠭᠤᠯᠬᠤ ᠪᠡᠯᠡᠳᠬᠡᠮᠵᠢ ᠶᠢᠨ ᠲᠤᠰᠬᠠᠶᠢᠵᠢᠭᠰᠠᠨ ᠠᠵᠢᠯᠯᠠᠭᠠᠨ ᠢ ᠬᠠᠮᠠᠭᠠᠯᠠᠬᠤ ᠲᠣᠭᠲᠠᠴᠠ ᠶᠢ ᠪᠠᠶᠢᠭᠤᠯᠵᠤ᠂ | ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠬᠤᠭᠤᠯᠠᠢ ᠶᠢᠨ ᠲᠣᠣᠷ᠂ ᠬᠥᠭᠡᠷᠭᠡ ᠶᠢᠨ ᠥᠷᠲᠡᠭᠡ᠂ ᠲᠣᠬᠢᠷᠠᠭᠤᠯᠤᠨ ᠬᠠᠳᠠᠭᠠᠯᠠᠬᠤ ᠴᠥᠭᠦᠷᠥᠮ ᠤᠨ ᠬᠤᠯᠪᠣᠭᠠᠯᠠᠭᠰᠠᠨ | ᠬᠠᠮᠠᠭᠠᠯᠠᠯᠲᠠ ᠶᠢ ᠬᠡᠷᠡᠭᠵᠢᠭᠦᠯᠵᠦ᠂ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ᠂ ᠲᠤᠰᠬᠠᠶᠢᠵᠢᠭᠰᠠᠨ ᠠᠵᠢᠯᠯᠠᠭᠠᠨ ᠤ ᠬᠠᠮᠠᠭᠠᠯᠠᠯᠲᠠ ᠬᠡᠷᠡᠭᠵᠢᠭᠦᠯᠬᠦ ᠶᠢ | ᠵᠣᠷᠢᠭᠵᠢᠭᠤᠯᠵᠤ᠂ ᠪᠣᠬᠢᠷ ᠤᠰᠤ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠪᠡᠯᠡᠳᠬᠡᠮᠵᠢ ᠶᠢᠨ ᠰᠢᠰᠲ᠋ᠧᠮᠲᠦ ᠴᠢᠨᠠᠷ ᠪᠠ ᠪᠦᠷᠢᠨ ᠪᠦᠲᠦᠨ ᠴᠢᠨᠠᠷ ᠢ ᠪᠠᠲᠤᠯᠠᠬᠤ ᠶᠢ | ᠱᠠᠭᠠᠷᠳᠠᠪᠠ᠃ | ︵ᠵᠢᠷᠭᠤᠭ᠎ᠠ︶ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠲᠤᠬᠠᠢ᠃ ︽ᠠᠷᠭ᠎ᠠ︾ ᠳᠤ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠬᠤᠯᠠᠴᠢᠯᠠᠵᠤ᠂ ᠤᠰᠤ | ᠲᠠᠲᠠᠷᠠᠭᠤᠯᠬᠤ ᠡᠷᠦᠬᠡ᠂ ᠬᠤᠲᠠ ᠪᠠᠯᠭᠠᠰᠤᠨ ᠤ ᠤᠰᠤ ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢ ᠬᠠᠮᠠᠭᠠᠯᠠᠨ ᠡᠵᠡᠩᠨᠡᠬᠦ ᠨᠢᠭᠡᠴᠢ ᠵᠡᠷᠭᠡ | ᠬᠢᠨᠠᠯᠲᠠ ᠬᠠᠮᠢᠶᠠᠷᠤᠯᠲᠠ ᠶᠢᠨ ᠡᠲᠡᠭᠡᠳ ᠲᠤ ᠢᠲᠡᠭᠡᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠢᠲᠡᠭᠡᠮᠵᠢ ᠲᠠᠢ ᠪᠠᠶᠢᠬᠤ ᠶᠢ ᠨᠢ ᠤᠷᠮᠠᠰᠢᠭᠤᠯᠬᠤ᠂ ᠢᠲᠡᠭᠡᠮᠵᠢ | ᠠᠯᠳᠠᠭᠰᠠᠳ ᠢ ᠨᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠬᠠᠤᠯᠢ ᠶᠣᠰᠣᠭᠠᠷ ᠠᠪᠬᠤ ᠶᠢ ᠴᠢᠬᠤᠯᠠᠴᠢᠯᠠᠪᠠ᠃ ᠶᠠᠮᠠᠷᠪᠠ ᠨᠢᠭᠡᠴᠢ ᠪᠠ ᠬᠤᠪᠢ ᠬᠥᠮᠥᠨ ᠭᠡᠳ | ᠲᠣᠰ ᠠᠷᠭ᠎ᠠ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠵᠠᠭᠠᠯᠳᠤᠬᠤ ᠪᠠ ᠢᠯᠡᠴᠢᠯᠡᠨ ᠮᠡᠳᠡᠭᠦᠯᠬᠦ ᠡᠷᠬᠡ ᠲᠠᠢ ᠪᠠᠶᠢᠵᠤ᠂ ᠬᠤᠲᠠ ᠪᠠᠯᠭᠠᠰᠤᠨ ᠤ ᠤᠰᠤ | ᠲᠠᠲᠠᠷᠠᠭᠤᠯᠬᠤ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠠᠭᠠᠯᠳᠤᠵᠤ ᠢᠯᠡᠴᠢᠯᠡᠨ ᠮᠡᠳᠡᠭᠦᠯᠬᠦ ᠲᠣᠭᠲᠠᠴᠠ ᠪᠠᠨ ᠪᠦᠷᠢᠨᠰᠢᠭᠦᠯᠵᠦ᠂ ᠵᠠᠭᠠᠯᠳᠤᠵᠤ ᠢᠯᠡᠴᠢᠯᠡᠨ | ᠮᠡᠳᠡᠭᠦᠯᠬᠦ ᠠᠷᠭ᠎ᠠ ᠮᠠᠶ᠋ᠢᠭ ᠢᠶᠠᠨ ᠨᠡᠶᠢᠲᠡᠯᠡᠬᠦ ᠶᠢᠨ ᠬᠠᠮᠲᠤ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢ ᠲᠣᠭᠲᠠᠭᠠᠪᠠ᠃ | | | | | | | | | | | | | | | | | | |