ᠣᠶᠢᠷ᠎ᠠ ᠳᠤ ᠰᠤᠷᠭᠠᠨ ᠬᠥᠮᠦᠵᠢᠯ ᠤᠨ ᠶᠠᠮᠤᠨ︽2023 ᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠯᠤᠰ ᠤᠨ ᠰᠦᠯᠵᠢᠶᠡᠨ ᠤ ᠰᠣᠳᠣᠨ | ᠬᠢᠴᠢᠶᠡᠯ ᠤᠨ ᠨᠡᠷᠡᠰ ᠢ ᠨᠡᠶᠢᠲᠡᠯᠡᠬᠦ ᠲᠤᠬᠠᠢ ᠠᠯᠪᠠᠨ ᠵᠠᠷᠯᠠᠯ︾ ᠨᠡᠶᠢᠲᠡᠯᠡᠵᠦ᠂ ᠮᠠᠨ ᠤ ᠣᠷᠣᠨ ᠤ 6 ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ 9 ᠬᠢᠴᠢᠶᠡᠯ | ᠰᠦᠯᠵᠢᠶᠡᠨ ᠤ ᠰᠣᠳᠣᠨ ᠬᠢᠴᠢᠶᠡᠯ ᠢᠶᠠᠷ ᠰᠣᠩᠭᠤᠭᠳᠠᠭᠰᠠᠨ ᠪᠠᠶᠢᠨ᠎ᠠ᠃ | ᠡᠭᠦᠨ ᠳᠤ ᠪᠤᠭᠤᠲᠤ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠥᠷᠭᠡᠨ ᠪᠠᠭᠰᠢ ᠶᠢᠨ ︽ᠮᠠᠰᠢᠨ ᠬᠥᠮᠥᠨ ᠤ ᠭᠠᠩᠨᠠᠯᠲᠠ ᠶᠢᠨ ᠰᠠᠭᠤᠷᠢᠨ︾᠂ | ᠵᠠᠩ ᠬᠤᠢ ᠯᠢ ᠪᠠᠭᠰᠢ ᠶᠢᠨ︽EDA ᠮᠡᠷᠭᠡᠵᠢᠯ︾᠂ ᠭᠤᠤ ᠯᠢ ᠬᠤᠸᠠ ᠪᠠᠭᠰᠢ ᠶᠢᠨ︽ᠰᠢᠨ᠎ᠡ ᠶᠢ ᠡᠭᠦᠳᠴᠦ ᠦᠢᠯᠡᠰ ᠪᠣᠰᠬᠠᠬᠤ ᠰᠠᠭᠤᠷᠢ︾᠂ ᠥᠪᠥᠷ | ᠮᠣᠩᠭᠤᠯ ᠤᠨ ᠠᠷᠠᠯᠵᠢᠶ᠎ᠠ ᠬᠤᠳᠠᠯᠳᠤᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠵᠦᠩ ᠲᠢᠶᠧ ᠵᠧᠩ ᠪᠠᠭᠰᠢ ᠶᠢᠨ ︽ᠣᠶᠤᠲᠠᠳ ᠤᠨ ᠰᠢᠨ᠎ᠡ ᠶᠢ | ᠡᠭᠦᠳᠬᠦ ᠦᠢᠯᠡᠳᠦᠯᠭᠡ - ᠪᠦᠲᠦᠭᠡᠯᠴᠢ ᠰᠡᠳᠬᠢᠬᠦᠢ ᠠᠴᠠ ᠦᠢᠯᠡᠳᠬᠦᠨ ᠭᠦᠷᠳᠡᠯ᠎ᠡ︾᠂ ᠥᠪᠥᠷ ᠮᠣᠩᠭᠤᠯ ᠤᠨ ᠦᠨᠳᠦᠰᠦᠲᠡᠨ ᠤ ᠴᠡᠴᠡᠷᠯᠢᠭ ᠤᠨ ᠪᠠᠭᠰᠢ ᠶᠢᠨ | ᠲᠤᠰᠬᠠᠢ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠭᠦᠸᠧ ᠰᠢᠶᠣᠣ ᠶᠠᠨ ᠪᠠᠭᠰᠢ ᠶᠢᠨ ︽ᠰᠤᠷᠭᠠᠭᠤᠯᠢ ᠶᠢᠨ ᠨᠠᠰᠤᠨ ᠠᠴᠠ ᠡᠮᠦᠨᠡᠬᠢ ᠬᠡᠦᠬᠡᠳ ᠤᠨ ᠬᠡᠯᠡᠨ ᠤ | ᠬᠥᠮᠦᠵᠢᠯ ᠤᠨ ᠠᠵᠢᠯᠯᠠᠭᠠᠨ ᠤ ᠬᠥᠲᠥᠯᠪᠦᠷᠢ︾᠂ ᠥᠪᠥᠷ ᠮᠣᠩᠭᠤᠯ ᠤᠨ ᠮᠠᠰᠢᠨ ᠮᠧᠬᠠᠨᠢᠭ ᠤᠨ ᠠᠵᠢᠯ ᠮᠡᠷᠭᠡᠵᠢᠯ ᠤᠨ ᠰᠤᠷᠭᠠᠭᠤᠯᠢ ᠶᠢᠨ ᠼᠦᠢ ᠶᠤᠸᠠᠨ ᠶᠤᠸᠠᠨ | ᠪᠠᠭᠰᠢ ᠶᠢᠨ ︽ᠢᠯᠴᠢ ᠶᠢᠨ ᠬᠦᠴᠦᠨ ᠤ ᠲᠥᠬᠦᠭᠡᠷᠦᠮᠵᠢ ᠶᠢ ᠤᠭᠰᠠᠷᠠᠬᠤ ᠪᠠ ᠰᠡᠯᠪᠢᠨ ᠵᠠᠰᠠᠬᠤ︾᠂ ᠯᠧᠢ ᠰᠢᠶᠣᠣ ᠶᠠᠨ ᠪᠠᠭᠰᠢ ᠶᠢᠨ ︽ᠮᠠᠰᠢᠨ ᠮᠧᠬᠠᠨᠢᠭ ᠤᠨ | ᠲᠥᠯᠥᠪᠯᠡᠭᠡ ᠶᠢᠨ ᠬᠡᠷᠡᠭᠯᠡᠯᠲᠡ︾᠂ ᠥᠪᠥᠷ ᠮᠣᠩᠭᠤᠯ ᠤᠨ ᠬᠢᠮᠢ ᠶᠢᠨ ᠦᠢᠯᠡᠳᠪᠦᠷᠢ ᠶᠢᠨ ᠰᠤᠷᠭᠠᠭᠤᠯᠢ ᠶᠢᠨ ᠮᠥᠩᠭᠦᠨᠲᠤᠶᠠᠭ᠎ᠠ ᠪᠠᠭᠰᠢ ᠶᠢᠨ ︽ᠣᠷᠭᠠᠨᠢᠭ ᠬᠢᠮᠢ | ᠶᠢᠨ ᠦᠢᠯᠡᠳᠪᠦᠷᠢ ᠶᠢᠨ ᠦᠢᠯᠡᠳᠪᠦᠷᠢᠯᠡᠯ ᠤᠨ ᠮᠡᠷᠭᠡᠵᠢᠯ︾᠂ ᠥᠪᠥᠷ ᠮᠣᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠷᠧᠨ ᠯᠧᠢ ᠳ᠋ᠠᠨ | ᠪᠠᠭᠰᠢ ᠶᠢᠨ ︽ᠪᠠᠷᠢᠯᠭ᠎ᠠ ᠶᠢᠨ ᠵᠠᠰᠠᠨ ᠴᠢᠮᠡᠭᠯᠡᠵᠦ ᠰᠢᠨᠡᠳᠬᠡᠨ ᠰᠡᠯᠪᠢᠬᠦ ᠮᠡᠷᠭᠡᠵᠢᠯ︾ ᠭᠡᠬᠦ 9 ᠬᠢᠴᠢᠶᠡᠯ ᠰᠦᠯᠵᠢᠶᠡᠨ ᠳᠠᠬᠢ ᠰᠣᠳᠣᠨ ᠬᠢᠴᠢᠶᠡᠯ ᠢᠶᠠᠷ | ᠰᠣᠩᠭᠤᠭᠳᠠᠵᠠᠢ᠃ | ᠰᠦᠯᠵᠢᠶᠡᠨ ᠳᠡᠭᠡᠷᠡᠬᠢ ᠰᠣᠳᠣᠨ ᠬᠢᠴᠢᠶᠡᠯ ᠢ ᠡᠯ᠎ᠡ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠣᠨ ᠪᠦᠭᠦ | ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠵᠢᠯᠤᠭᠤᠳᠬᠤ ᠵᠥᠪᠯᠡᠯ᠂ ᠰᠤᠷᠭᠠᠨ ᠬᠥᠮᠦᠵᠢᠯ ᠤᠨ ᠶᠠᠮᠤᠨ ᠤ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠵᠢᠭᠠᠨ ᠰᠤᠷᠭᠠᠯᠲᠠ ︵ᠰᠤᠷᠭᠠᠨ ᠬᠥᠮᠦᠵᠢᠯ︶ ᠶᠢᠨ ᠵᠢᠯᠤᠭᠤᠳᠬᠤ ᠵᠥᠪᠯᠡᠯ ᠤᠨ ᠲᠠᠨᠢᠯᠴᠠᠭᠤᠯᠤᠭᠰᠠᠨ ᠰᠠᠭᠤᠷᠢᠨ ᠳᠡᠭᠡᠷ᠎ᠡ | ᠲᠤᠰᠬᠠᠢ ᠮᠡᠷᠭᠡᠵᠢᠯᠲᠡᠨ ᠰᠢᠯᠢᠨ ᠰᠣᠩᠭᠤᠬᠤ ᠪᠠ ᠵᠠᠷᠯᠠᠨ ᠨᠡᠶᠢᠲᠡᠯᠡᠬᠦ ᠵᠡᠷᠭᠡ ᠠᠷᠭ᠎ᠠ ᠮᠠᠶ᠋ᠢᠭ ᠢᠶᠠᠷ ᠰᠢᠯᠢᠨ ᠰᠢᠯᠭᠠᠷᠠᠭᠤᠯᠤᠭᠰᠠᠨ ᠪᠠᠶᠢᠨ᠎ᠠ᠃ | | |