ᠰᠢᠨᠬᠤᠸᠠ ᠬᠤᠷᠢᠶ᠎ᠠ ᠶᠢᠨ ᠴᠠᠩᠴᠦ᠋ᠨ ᠤ 2 ᠰᠠᠷ᠎ᠠ ᠶᠢᠨ 8 ᠤ ᠴᠠᠭᠢᠯᠭᠠᠨ ᠮᠡᠳᠡᠭᠡ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠭᠢᠷᠢᠨ ᠮᠤᠵᠢ ᠶᠢᠨ ᠨᠠᠮ ᠤᠨ | ᠬᠤᠷᠢᠶ᠎ᠠ ᠪᠣᠯᠣᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠳᠠᠭᠠᠨ᠂ ᠭᠢᠷᠢᠨ ᠮᠤᠵᠢ ᠨᠠᠮ ᠤᠨ ᠲᠥᠪ ᠬᠤᠷᠢᠶ᠎ᠠ ᠶᠢᠨ | ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠤᠯᠤᠰ ᠤᠨ ︽ᠲᠠᠪᠤᠨ ᠶᠡᠭᠡ ᠠᠮᠤᠷ ᠲᠦᠪᠰᠢᠨ︾ ᠢ ᠬᠠᠮᠠᠭᠠᠯᠠᠬᠤ ᠳᠤᠮᠳᠠᠬᠢ ᠵᠡᠭᠦᠨ ᠬᠤᠶᠢᠲᠤ ᠣᠷᠣᠨ ᠤ | ᠴᠢᠬᠤᠯᠠ ᠡᠭᠦᠷᠭᠡ ᠶᠢ ᠪᠠᠲᠤ ᠡᠵᠡᠮᠳᠡᠵᠦ᠂ ᠬᠥᠭᠵᠢᠭᠦᠯᠦᠯᠲᠡ ᠶᠢᠨ ᠵᠣᠭᠰᠣᠴᠠ ᠪᠠᠨ ᠴᠢᠨᠠᠷ ᠰᠠᠶᠢᠲᠠᠢ ᠬᠥᠭᠵᠢᠯᠲᠡ ᠳᠡᠭᠡᠷ᠎ᠡ ᠲᠠᠯᠪᠢᠬᠤ ᠶᠢ ᠪᠠᠷᠢᠮᠲᠠᠯᠠᠵᠤ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ | ᠢᠳᠡᠪᠬᠢᠲᠡᠢ ᠦᠢᠯᠡᠴᠢᠯᠡᠬᠦ ᠪᠠ ᠠᠭᠤᠰᠤᠯᠴᠠᠵᠤ᠂ ᠥᠭᠡᠷᠡᠴᠢᠯᠡᠯᠲᠡ ᠨᠡᠭᠡᠭᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠠᠵᠠ ᠲᠣᠭᠢᠶᠠᠯ ᠢ ᠠᠳᠬᠤᠨ᠂ | ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠵᠣᠷᠢᠭᠲᠠᠢ ᠪᠠᠷ ᠰᠢᠨ᠎ᠡ ᠶᠢ ᠡᠭᠦᠳᠴᠦ᠂ ᠰᠢᠷᠭᠠᠭᠤ ᠠᠵᠢᠯᠯᠠᠨ ᠪᠣᠳᠠᠲᠠᠢ ᠠᠵᠢᠯᠯᠠᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤᠮᠳᠠ ᠨᠡᠩ ᠶᠡᠭᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | | | | | | 2 ᠰᠠᠷ᠎ᠠ ᠶᠢᠨ 8 ᠤ ᠦᠳᠡ ᠶᠢᠨ ᠡᠮᠦᠨ᠎ᠡ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠭᠢᠷᠢᠨ ᠮᠤᠵᠢ ᠶᠢᠨ ᠴᠠᠩᠴᠦ᠋ᠨ ᠬᠤᠳᠠ ᠳᠤ ᠭᠢᠷᠢᠨ ᠮᠤᠵᠢ ᠶᠢᠨ | ᠨᠠᠮ ᠤᠨ ᠬᠤᠷᠢᠶ᠎ᠠ ᠪᠣᠯᠣᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ | | | | 2 ᠰᠠᠷ᠎ᠠ ᠶᠢᠨ 8 ᠤ ᠦᠳᠡ ᠶᠢᠨ ᠡᠮᠦᠨ᠎ᠡ᠂ ᠰᠢ ᠶᠢᠨ ᠫᠢᠩ ᠭᠢᠷᠢᠨ ᠮᠤᠵᠢ ᠶᠢᠨ ᠴᠠᠩᠴᠦ᠋ᠨ ᠬᠤᠲᠠ ᠳᠤ ᠭᠢᠷᠢᠨ ᠮᠤᠵᠢ ᠶᠢᠨ ᠨᠠᠮ ᠤᠨ ᠬᠤᠷᠢᠶ᠎ᠠ ᠪᠣᠯᠣᠨ | ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠬᠤᠸᠠᠩ ᠴᠢᠶᠠᠩ ᠬᠠᠷᠢᠭᠤ | ᠮᠡᠳᠡᠭᠦᠯᠦᠯᠲᠡ ᠬᠢᠵᠦ᠂ ᠮᠤᠵᠢ ᠶᠢᠨ ᠳᠠᠷᠤᠭ᠎ᠠ ᠬᠤ᠋ ᠢᠦᠢ ᠲᠢᠩ ᠨᠠᠷ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠵᠠᠢ᠃ | ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ᠂ ᠭᠢᠷᠢᠨ ᠤ ᠡᠯ᠎ᠡ ᠵᠦᠢᠯ ᠤᠨ ᠠᠵᠢᠯ ᠤᠨ ᠣᠯᠣᠭᠰᠠᠨ | ᠠᠮᠵᠢᠯᠲᠠ ᠶᠢ ᠨᠤᠲᠠᠯᠠᠵᠤ᠂ ᠲᠠᠷᠠᠭᠠᠴᠢ ᠶᠢᠨ ᠠᠯᠬᠤᠮ ᠤᠨ ᠠᠵᠢᠯ ᠳᠤ ᠱᠠᠭᠠᠷᠳᠠᠯᠭ᠎ᠠ ᠳᠤᠷᠠᠳᠪᠠ᠃ | ᠰᠢ ᠶᠢᠨ ᠫᠢᠩ᠂ ᠴᠢᠨᠠᠷ ᠰᠠᠶᠢᠲᠠᠢ ᠬᠥᠭᠵᠢᠯᠲᠡ ᠨᠢ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠪᠠ ᠠᠵᠤ ᠦᠢᠯᠡᠰ ᠤᠨ ᠲᠤᠯᠭᠠᠭᠤᠷᠢᠯᠠᠯ ᠠᠴᠠ ᠰᠠᠯᠵᠤ | ᠴᠢᠳᠠᠬᠤ ᠦᠭᠡᠢ ᠶᠤᠮ᠃ ᠪᠣᠳᠠᠲᠤ ᠴᠣᠭᠴᠠ ᠶᠢᠨ ᠠᠵᠤ ᠠᠬᠤᠢ ᠭᠡᠬᠦ ᠡᠨᠡ ᠬᠦ ᠰᠠᠭᠤᠷᠢ ᠶᠢ ᠪᠠᠲᠤ ᠰᠠᠬᠢᠵᠤ᠂ ᠤᠯᠠᠮᠵᠢᠯᠠᠯᠲᠤ ᠠᠵᠤ ᠦᠢᠯᠡᠰ ᠤᠨ ᠭᠡᠯᠪᠡᠷᠢ ᠶᠢ | ᠬᠤᠪᠢᠷᠠᠭᠤᠯᠬᠤ᠂ ᠳᠠᠪᠠᠭᠤᠯᠢᠭ ᠠᠵᠤ ᠦᠢᠯᠡᠰ ᠢ ᠪᠤᠵᠠᠭᠠᠶᠢᠷᠠᠭᠤᠯᠬᠤ ᠪᠠ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠣᠶᠢᠵᠢᠭᠤᠯᠬᠤ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ᠂ ᠭᠢᠷᠢᠨ ᠤ ᠣᠨᠴᠠᠯᠢᠭ ᠢ ᠢᠯᠡᠷᠡᠭᠦᠯᠦᠭᠰᠡᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠬᠡᠷᠡᠭᠲᠡᠢ᠃ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ ᠠᠵᠤ ᠦᠢᠯᠡᠰ ᠤᠨ ᠰᠢᠨ᠎ᠡ ᠡᠭᠦᠳᠦᠯᠲᠡ ᠲᠠᠢ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠵᠤ᠂ | ᠰᠢᠨᠵᠢᠯᠡᠬᠦ ᠤᠬᠠᠭᠠᠨ ᠤ ᠰᠤᠳᠤᠯᠭᠠᠨ ᠤ ᠡᠬᠢ ᠪᠠᠶᠠᠯᠢᠭ ᠪᠠ ᠬᠦᠴᠦᠨ ᠢ ᠨᠡᠶᠢᠳᠬᠡᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ | ᠰᠠᠭᠤᠷᠢ ᠶᠢ ᠴᠢᠩᠭᠠᠳᠬᠠᠵᠤ᠂ ᠰᠢᠨ᠎ᠡ ᠶᠢ ᠡᠭᠦᠳᠬᠦ ᠠᠮᠢ ᠠᠬᠤᠢ ᠶᠢ ᠰᠢᠯᠢᠳᠡᠭᠵᠢᠭᠦᠯᠵᠦ᠂ ᠨᠢᠭᠡ ᠪᠦᠯᠦᠭ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠤᠰᠬᠠᠢ ᠲᠦᠷᠦᠯ ᠳᠤ ᠰᠢᠨ᠎ᠡ ᠰᠢᠪᠲᠤᠯᠤᠯᠲᠠ ᠭᠠᠷᠭᠠᠬᠤ ᠪᠠᠷ ᠴᠢᠷᠮᠠᠶᠢᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ | ᠪᠣᠳᠠᠲᠠᠢ ᠦᠢᠯᠡᠳᠪᠦᠷᠢᠯᠡᠯ ᠤᠨ ᠬᠦᠴᠦᠨ ᠪᠣᠯᠭᠠᠨ ᠣᠨᠳᠣᠣᠰᠢᠭᠤᠯᠬᠤ ᠶᠢ ᠠᠬᠢᠭᠤᠯᠬᠤ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ | ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠮᠥᠰᠥ ᠴᠠᠰᠤ᠂ ᠪᠠᠶᠢᠭᠠᠯᠢ ᠶᠢᠨ ᠥᠩᠭᠡ ᠦᠵᠡᠮᠵᠢ᠂ | ᠦᠨᠳᠦᠰᠦᠲᠡᠨ ᠤ ᠵᠠᠩ ᠦᠶᠯᠡ ᠵᠡᠷᠭᠡ ᠣᠨᠴᠠᠯᠢᠭᠲᠤ ᠡᠬᠢ ᠪᠠᠶᠠᠯᠢᠭ ᠢ ᠠᠰᠢᠭᠯᠠᠨ ᠵᠢᠭᠤᠯᠴᠢᠯᠠᠯ ᠤᠨ ᠦᠢᠯᠡᠰ ᠢ ᠬᠥᠭᠵᠢᠭᠦᠯᠬᠦ ᠬᠡᠷᠡᠭᠲᠡᠢ᠃ ᠣᠷᠣᠨ ᠪᠦᠰᠡ ᠶᠢᠨ | ᠵᠣᠬᠢᠴᠠᠩᠭᠤᠢ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠴᠠᠩᠴᠦ᠋ᠨ ᠤ ᠣᠳᠣᠬᠢᠴᠢᠯᠠᠭᠰᠠᠨ ᠬᠤᠳᠠ ᠶᠢᠨ ᠴᠠᠭᠠᠷᠢᠭ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠵᠤ᠂ ᠵᠡᠭᠦᠨ ᠬᠤᠶᠢᠲᠤ ᠣᠷᠣᠨ ᠤ ᠪᠤᠰᠤᠳ ᠮᠤᠵᠢ ᠯᠤᠭ᠎ᠠ ᠬᠠᠮᠵᠢᠯᠴᠠᠨ ᠬᠥᠳᠡᠯᠦᠯᠴᠡᠬᠦ ᠶᠢ ᠴᠢᠬᠤᠯᠠᠴᠢᠯᠠᠵᠤ᠂ ᠠᠭᠤᠰᠤᠯᠴᠠᠨ ᠬᠥᠭᠵᠢᠬᠦ ᠪᠠᠶᠢᠷᠢᠰᠢᠯ ᠢ | ᠪᠦᠷᠢᠯᠳᠦᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠥᠭᠡᠷᠡᠴᠢᠯᠡᠯᠲᠡ ᠨᠡᠭᠡᠭᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠨᠢ ᠵᠡᠭᠦᠨ ᠬᠤᠶᠢᠲᠤ ᠣᠷᠣᠨ ᠢ ᠪᠦᠭᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠲᠤᠶᠢᠯ ᠤᠨ ᠴᠢᠬᠤᠯᠠ ᠶᠤᠮ᠃ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠶᠢ ᠬᠢᠵᠠᠭᠠᠷᠯᠠᠵᠤ ᠪᠠᠶᠢᠭ᠎ᠠ ᠲᠦᠭᠵᠢᠷᠡᠯ ᠴᠡᠭ ᠬᠤᠷᠢᠭ᠎ᠠ ᠴᠡᠭ ᠪᠣᠯᠣᠨ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠬᠦᠴᠢᠷ ᠠᠰᠠᠭᠤᠳᠠᠯ ᠳᠡᠭᠡᠷ᠎ᠡ | ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠶᠢᠨ ᠵᠥᠪᠯᠡᠬᠦ ᠰᠡᠳᠦᠪ ᠢ ᠲᠣᠬᠢᠷᠠᠭᠤᠯᠵᠤ᠂ ᠥᠭᠡᠷᠡᠴᠢᠯᠡᠯᠲᠡ ᠶᠢᠨ ᠲᠥᠰᠥᠯ ᠢ ᠪᠦᠷᠢᠯᠳᠦᠭᠦᠯᠵᠦ᠂ ᠭᠦᠨ | ᠳᠠᠪᠬᠤᠷᠭ᠎ᠠ ᠶᠢᠨ ᠵᠥᠷᠢᠴᠡᠯ ᠢ ᠬᠦᠴᠦᠯᠡᠨ ᠰᠢᠢᠳᠪᠦᠷᠢᠯᠡᠵᠦ᠂ ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠢ ᠠᠷᠢᠯᠭᠠᠬᠤ ᠬᠡᠷᠡᠭᠲᠡᠢ᠃ ᠤᠯᠤᠰ ᠤᠨ ᠥᠮᠴᠢᠯᠡᠯ ᠤᠨ | ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠴᠦ ᠲᠡᠷᠡ᠂ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠬᠥᠭᠵᠢᠯᠲᠡ ᠶᠢ ᠠᠬᠢᠭᠤᠯᠬᠤ ᠳᠤ ᠴᠤ ᠲᠡᠷᠡ᠂ ᠴᠥᠮ ᠲᠦᠷᠦ ᠶᠢᠨ ᠪᠣᠳᠣᠯᠭ᠎ᠠ ᠲᠣᠭᠲᠠᠭᠠᠯ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠶᠢᠲᠡᠯᠢᠭ | ᠵᠢᠱᠢᠶ᠎ᠡ ᠪᠠᠷ ᠵᠠᠮ ᠳᠠᠭᠠᠭᠤᠯᠬᠤ ᠶᠢ ᠴᠢᠬᠤᠯᠠᠴᠢᠯᠠᠵᠤ᠂ ᠨᠡᠶᠢᠲᠡᠯᠢᠭ ᠴᠢᠨᠠᠷᠲᠠᠢ ᠠᠰᠠᠭᠤᠳᠠᠯ ᠢ ᠰᠢᠢᠳᠪᠦᠷᠢᠯᠡᠬᠦ ᠪᠥᠭᠡᠳ ᠥᠪᠡᠷᠮᠢᠴᠡ ᠴᠢᠨᠠᠷᠲᠠᠢ ᠠᠰᠠᠭᠤᠳᠠᠯ ᠢ | ᠰᠢᠢᠳᠪᠦᠷᠢᠯᠡᠬᠦ ᠬᠡᠷᠡᠭᠲᠡᠢ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠳᠤ ᠢᠳᠡᠪᠬᠢᠲᠡᠢ ᠠᠭᠤᠰᠤᠯᠴᠠᠵᠤ᠂ ᠵᠠᠬ᠎ᠠ | ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠲᠡᠷᠢᠭᠦᠨ ᠤ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠤᠢ ᠪᠤᠯᠭᠠᠵᠤ᠂ ᠨᠡᠩ ᠥᠨᠳᠥᠷ ᠲᠦᠪᠰᠢᠨ | ᠪᠦᠬᠦᠢ ᠨᠡᠭᠡᠭᠡᠯᠲᠡᠲᠤ ᠮᠠᠶ᠋ᠢᠭ ᠤᠨ ᠠᠵᠤ ᠠᠬᠤᠢ ᠶᠢᠨ ᠰᠢᠨ᠎ᠡ ᠪᠠᠶᠢᠭᠤᠯᠤᠯ ᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠪᠣᠯ ᠲᠠᠷᠢᠶᠠᠯᠠᠩ ᠤᠨ ᠲᠣᠮᠣ ᠮᠤᠵᠢ᠂ ᠠᠮᠤ ᠪᠤᠳᠠᠭᠠᠨ ᠤ ᠲᠣᠮᠣ ᠮᠤᠵᠢ ᠶᠢᠨ | ᠤᠯᠤᠰ ᠲᠦᠷᠦ ᠶᠢᠨ ᠬᠠᠷᠢᠭᠤᠴᠠᠯᠭ᠎ᠠ ᠮᠥᠨ᠃ ᠭᠢᠷᠢᠨ ᠤ ᠬᠢᠨ ᠣᠳᠣᠬᠢᠴᠢᠯᠠᠭᠰᠠᠨ ᠲᠣᠮᠣ ᠲᠠᠷᠢᠶᠠᠯᠠᠩ ᠢ ᠬᠥᠭᠵᠢᠭᠦᠯᠬᠦ ᠪᠠᠷ ᠭᠤᠣᠯ ᠰᠢᠪᠲᠤᠯᠤᠯᠲᠠ ᠶᠢᠨ ᠴᠢᠭᠯᠡᠯ | ᠪᠤᠯᠭᠠᠵᠤ᠂ ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠵᠦ ᠲᠠᠷᠢᠶᠠᠴᠢᠳ ᠢ ᠪᠠᠶᠠᠵᠢᠭᠤᠯᠬᠤ ᠶᠢ ᠳᠡᠮᠵᠢᠬᠦ ᠪᠠᠶᠢᠭᠤᠯᠤᠯ ᠢ | ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠷᠢᠶᠠᠯᠠᠩ᠂ ᠪᠣᠬᠢᠷᠳᠤᠯ ᠦᠭᠡᠢ ᠲᠠᠷᠢᠶᠠᠯᠠᠩ᠂ ᠶᠠᠰᠤ ᠴᠢᠨᠠᠷ ᠤᠨ ᠲᠠᠷᠢᠶᠠᠯᠠᠩ᠂ ᠲᠥᠷᠥᠯ ᠲᠡᠮᠳᠡᠭᠲᠦ | ᠲᠠᠷᠢᠶᠠᠯᠠᠩ ᠢ ᠨᠢᠭᠡᠳᠦᠯᠲᠡᠢ ᠲᠥᠯᠥᠪᠵᠢᠭᠦᠯᠦᠨ ᠬᠥᠭᠵᠢᠭᠦᠯᠬᠦ ᠬᠡᠷᠡᠭᠲᠡᠢ᠃ ᠠᠮᠢ ᠠᠬᠤᠢ ᠶᠢᠨ ᠲᠡᠵᠢᠭᠡᠨ ᠦᠷᠡᠵᠢᠭᠦᠯᠬᠦ ᠦᠢᠯᠡᠰ ᠢ ᠢᠳᠡᠪᠬᠢᠲᠡᠢ ᠬᠥᠭᠵᠢᠭᠦᠯᠵᠦ᠂ | ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠪᠠ ᠢᠳᠡᠭᠡᠨ ᠢ ᠨᠠᠷᠢᠯᠢᠭ ᠡᠳ᠋ᠰᠢᠭᠦᠯᠬᠦ ᠶᠢ ᠴᠢᠩᠭᠠᠳᠬᠠᠵᠤ᠂ ︽ᠲᠠᠷᠢᠮᠠᠯ ᠨᠢ ᠡᠬᠢᠨ ᠳᠤ ᠪᠦᠲᠦᠭᠡᠭᠳᠡᠬᠦᠨ ᠨᠢ | ᠰᠡᠭᠦᠯ ᠳᠤ︾᠂ ︽ᠮᠠᠯ ᠨᠢ ᠡᠬᠢᠨ ᠳᠤ ᠮᠢᠬ᠎ᠠ ᠨᠢ ᠰᠡᠭᠦᠯ ᠳᠤ︾᠂ ︽ᠲᠠᠷᠢᠶᠠᠯᠠᠩ ᠨᠢ ᠡᠬᠢᠨ ᠳᠤ ᠠᠵᠤ ᠦᠢᠯᠡᠳᠪᠦᠷᠢ ᠨᠢ ᠰᠡᠭᠦᠯ ᠳᠤ︾ ᠪᠤᠯᠬᠤ ᠠᠵᠢᠯ ᠢ ᠭᠦᠢᠴᠡᠳ | ᠪᠥᠭᠡᠳ ᠠᠮᠢᠳᠤᠯᠢᠭ ᠬᠢᠵᠦ᠂ ᠤᠯᠠᠨ ᠡᠰᠢᠴᠢᠯᠡᠭᠰᠡᠨ ᠢᠳᠡᠭᠡᠨ ᠤ ᠬᠠᠩᠭᠠᠯᠭ᠎ᠠ ᠶᠢᠨ ᠰᠢᠰᠲ᠋ᠧᠮ ᠢ ᠪᠠᠶᠢᠭᠤᠯᠬᠤ ᠬᠡᠷᠡᠭᠲᠡᠢ᠃ ᠬᠤᠳᠠ ᠬᠥᠳᠡᠭᠡ ᠶᠢᠨ ᠣᠷᠣᠨ ᠵᠠᠢ ᠶᠢᠨ | ᠪᠠᠶᠢᠷᠢᠰᠢᠯ᠂ ᠠᠵᠤ ᠦᠢᠯᠡᠰ ᠤᠨ ᠬᠥᠭᠵᠢᠯᠲᠡ᠂ ᠤᠯᠠᠨ ᠨᠡᠶᠢᠲᠡ ᠶᠢᠨ ᠦᠢᠯᠡᠴᠢᠯᠡᠭᠡ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ | ᠲᠥᠯᠥᠪᠵᠢᠭᠦᠯᠦᠨ ᠤᠬᠠᠭᠠᠯᠠᠨ ᠲᠥᠯᠥᠪᠯᠡᠵᠦ᠂ ᠦᠢᠯᠡᠰ ᠢ ᠮᠠᠨᠳᠤᠭᠤᠯᠬᠤ᠂ ᠰᠢᠶᠠᠨ ᠢ ᠬᠦᠴᠦᠷᠬᠡᠭᠵᠢᠭᠦᠯᠬᠦ᠂ ᠠᠷᠠᠳ ᠢ ᠪᠠᠶᠠᠵᠢᠭᠤᠯᠬᠤ ᠶᠢ ᠨᠢᠭᠡ ᠴᠣᠭᠴᠠᠵᠢᠭᠤᠯᠤᠨ | ᠬᠥᠭᠵᠢᠭᠦᠯᠬᠦ ᠶᠢ ᠠᠬᠢᠭᠤᠯᠵᠤ᠂ ᠬᠤᠳᠠ ᠬᠥᠳᠡᠭᠡ ᠶᠢᠨ ᠬᠠᠮᠲᠤ ᠶᠢᠨ ᠬᠥᠭᠵᠢᠯ ᠴᠡᠴᠡᠭᠯᠡᠯ ᠢ ᠠᠬᠢᠭᠤᠯᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠨ ᠰᠢᠨ᠎ᠡ ᠶᠢ ᠡᠭᠦᠳᠴᠦ᠂ ᠪᠣᠯᠪᠠᠰᠤᠨ | ᠬᠥᠳᠡᠭᠡ ᠲᠣᠰᠬᠤᠨ ᠤ ᠰᠤᠷᠲᠠᠯ ᠤᠨ ᠪᠠᠶᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠠᠮᠤᠷ ᠠᠮᠤᠭᠤᠯᠠᠩ ᠬᠠᠤᠯᠢ ᠪᠠᠷ ᠵᠠᠰᠠᠬᠤ ᠬᠥᠳᠡᠭᠡ ᠲᠣᠰᠬᠤᠨ ᠪᠠ | ᠠᠵᠢᠯᠯᠠᠵᠤ ᠠᠮᠢᠳᠤᠷᠠᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠴᠣᠭᠴᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠭᠢᠷᠢᠨ ᠪᠣᠯ ᠣᠯᠠᠨ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠪᠣᠯᠣᠨ᠎ᠠ᠃ ᠰᠢᠨ᠎ᠡ ᠴᠠᠭ ᠦᠶ᠎ᠡ ᠶᠢᠨ ᠨᠠᠮ ᠤᠨ | ᠦᠨᠳᠦᠰᠦᠲᠡᠨ ᠤ ᠣᠨᠣᠯ ᠪᠣᠯᠣᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠱᠠᠰᠢᠨ ᠰᠤᠷᠲᠠᠬᠤᠨ ᠤ ᠠᠵᠢᠯ ᠤᠨ | ᠦᠨᠳᠦᠰᠦᠨ ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠬᠦᠴᠦᠯᠡᠨ | ᠠᠬᠢᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ | ᠵᠢᠯᠤᠭᠤᠳᠴᠤ ᠪᠠᠶᠢᠭᠠᠳ ᠵᠥᠪ ᠣᠨᠣᠪᠴᠢᠲᠠᠶ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ | ᠰᠤᠷᠲᠠᠬᠤᠨ ᠤ ᠦᠵᠡᠯᠲᠡ ᠶᠢ ᠪᠤᠶ ᠪᠤᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠢᠨ᠎ᠡ ᠪᠠᠶᠢᠳᠠᠯ ᠢ ᠬᠦᠴᠦᠯᠡᠨ ᠡᠭᠦᠳᠬᠦ ᠬᠡᠷᠡᠭᠲᠡᠢ᠃ ᠬᠢᠯᠢ ᠬᠢᠵᠠᠭᠠᠷ | ᠣᠷᠣᠨ ᠢ ᠮᠠᠨᠳᠤᠭᠤᠯᠵᠤ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠢᠯᠢ ᠶᠢᠨ | ᠠᠷᠠᠯᠵᠢᠶ᠎ᠠ᠂ ᠣᠨᠴᠠᠯᠢᠭᠲᠤ ᠠᠵᠤ ᠦᠢᠯᠡᠰ ᠢ ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠶᠢ ᠶᠠᠮᠠᠷᠪᠠ ᠦᠶ᠎ᠡ ᠳᠤ ᠴᠦ ᠡᠷᠬᠡᠪᠰᠢ ᠴᠢᠩᠭ᠎ᠠ ᠠᠳᠬᠤᠬᠤ ᠬᠡᠷᠡᠭᠲᠡᠢ᠃ | ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠪᠠᠶᠢᠭᠠᠯᠢ ᠶᠢᠨ | ᠭᠠᠮᠰᠢᠭ ᠢ ᠤᠷᠢᠳᠴᠢᠯᠠᠨ ᠰᠡᠷᠭᠡᠶᠢᠯᠡᠵᠦ ᠤᠷᠢᠳᠴᠢᠯᠠᠨ ᠰᠡᠷᠡᠮᠵᠢᠯᠡᠭᠦᠯᠭᠦ ᠪᠠ ᠠᠷᠭᠠᠴᠠᠭᠠᠬᠤ ᠪᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠭᠡᠮ ᠰᠣᠭᠤᠭ ᠢ | ᠪᠦᠭᠦ ᠲᠠᠯ᠎ᠠ ᠪᠠᠷ ᠵᠢᠭᠰᠠᠭᠠᠨ ᠪᠠᠶᠢᠴᠠᠭᠠᠬᠤ ᠪᠠ ᠠᠷᠢᠯᠭᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠴᠢᠨᠠᠷ ᠰᠠᠶᠢᠲᠠᠢ ᠬᠥᠭᠵᠢᠯᠲᠡ ᠶᠢ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠬᠡᠷᠡᠭᠲᠡᠢ᠃ ᠬᠥᠮᠥᠨ ᠬᠡᠷᠡᠭᠯᠡᠬᠦ | ᠵᠥᠪ ᠤᠳᠤᠷᠢᠳᠤᠮᠵᠢ ᠪᠠ ᠠᠵᠢᠯ ᠤᠨ ᠵᠥᠪ ᠤᠳᠤᠷᠢᠳᠤᠮᠵᠢ ᠶᠢ ᠪᠤᠢ ᠪᠤᠯᠭᠠᠵᠤ᠂ ᠡᠯ᠎ᠡ ᠱᠠᠲᠤᠨ ᠤ ᠺᠠᠳ᠋ᠷᠴᠤᠳ ᠢᠯᠠᠩᠭᠤᠶ᠎ᠠ ᠤᠳᠤᠷᠢᠳᠬᠤ ᠺᠠᠳ᠋ᠷᠴᠤᠳ ᠢ ᠬᠥᠲᠥᠯᠥᠨ | ᠵᠢᠯᠤᠭᠤᠳᠴᠤ ᠪᠠᠶᠢᠭᠠᠳ ᠵᠠᠰᠠᠭ ᠤᠨ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠦᠢᠯᠡᠳᠦᠯᠭᠡᠵᠢᠭᠦᠯᠵᠦ᠂ ᠡᠷᠳᠡᠮ ᠴᠢᠳᠠᠪᠤᠷᠢ ᠪᠠᠨ ᠨᠡᠮᠡᠭᠳᠡᠭᠦᠯᠦᠨ᠂ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠰᠢᠯᠢᠳᠡᠭ ᠠᠮᠵᠢᠯᠲᠠ ᠪᠦᠲᠦᠮᠵᠢ ᠭᠠᠷᠭᠠᠬᠤ ᠪᠠᠷ ᠴᠢᠷᠮᠠᠶᠢᠬᠤ ᠪᠤᠯᠭᠠᠬᠤ ᠬᠡᠷᠡᠭᠲᠡᠢ᠃ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ | ᠪᠠᠲᠤ ᠶᠢ ᠵᠡᠷᠭᠡ ᠪᠠᠷ ᠠᠳᠬᠤᠬᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ ᠬᠠᠷᠢᠯᠴᠠᠨ ᠨᠡᠪᠲᠡᠷᠡᠯᠴᠡᠭᠦᠯᠬᠦ ᠶᠢ | ᠪᠠᠷᠢᠮᠲᠠᠯᠠᠵᠤ᠂ ᠡᠷᠬᠡ ᠶᠢᠨ ᠲᠣᠬᠢᠷᠠᠭᠤᠯᠤᠯᠲᠠ ᠶᠢᠨ ᠠᠵᠢᠯᠯᠠᠭᠠᠨ ᠤ ᠬᠢᠵᠠᠭᠠᠷᠯᠠᠯ ᠪᠠ ᠬᠢᠨᠠᠯᠲᠠ ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠵᠦ᠂ ᠬᠡᠯᠪᠡᠷᠢᠴᠢ ᠦᠵᠡᠯ ᠢ | ᠦᠷᠭᠦᠯᠵᠢᠯᠡᠨ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠦᠨ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ | ᠢᠯᠵᠢᠷᠡᠯ ᠤᠨ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠺᠠᠳ᠋ᠷ ᠤᠨ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ᠂ ᠲᠥᠪ ᠭᠤᠣᠯᠴᠢ | ᠠᠷᠢᠭᠤᠨ ᠴᠢᠬᠡᠴᠢ ᠪᠠᠶᠢᠬᠤ ᠤᠷᠢᠲᠠᠯ ᠳᠣᠣᠷ᠎ᠠ ᠵᠣᠷᠢᠭᠲᠠᠢ ᠪᠠᠷ ᠠᠵᠢᠯ ᠬᠢᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ | ᠲᠢᠩᠬᠢᠮ ᠤᠨ ᠡᠷᠭᠢᠯᠡᠭᠴᠢ ᠼᠠᠢ ᠴᠢ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃ | ᠾᠧ ᠯᠢ ᠹᠧᠩ᠂ ᠸᠠᠩ ᠰᠢᠶᠣᠣ ᠬᠤᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠥᠬᠦᠳ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠵᠠᠢ᠃ | | | | | | | | | | | |