ᠪᠥᠬᠦ ᠤᠯᠤᠰ ᠤᠨ ᠶᠠᠩᠭᠠᠷ ᠪᠦᠵᠢᠭ ᠤᠨ ᠦᠵᠡᠭᠦᠯᠭᠡ ᠶᠢᠨ ᠲᠤᠭᠯᠠᠯᠲᠠ ᠳᠤ ᠣᠷᠣᠯᠴᠠᠪᠠ
ᠨᠡᠶᠢᠲᠡᠯᠡᠭᠰᠡᠨ ᠴᠠᠭ᠄
2025/2/10
    2 ᠰᠠᠷ᠎ᠠ ᠶᠢᠨ 4᠎ ᠠᠴᠠ 5᠎ ᠤ ᠡᠳᠤᠷ᠂ ᠤᠷᠳᠤᠰ ᠬᠤᠲᠠ ᠶᠢᠨ ᠬᠠᠩᠬᠢᠨ ᠬᠤᠰᠢᠭᠤᠨ ᠤ ᠤᠯᠠᠭᠠᠨᠮᠦ᠋ᠴᠢᠷ ᠤᠨ ᠬᠢᠨ ᠤᠷᠢᠯᠭ᠎ᠠ ᠪᠠᠷ ᠱᠠᠨᠰᠢ ᠶᠢᠨ ᠲᠡᠮᠡᠭᠡᠲᠣ ᠳᠤ ᠡᠷᠬᠢᠯᠡᠭᠰᠡᠨ 2025 ᠪᠥᠬᠦ ᠤᠯᠤᠰ ᠤᠨ ᠶᠠᠩᠭᠠᠷ ᠪᠦᠵᠢᠭ ᠤᠨ ᠦᠵᠡᠭᠦᠯᠭᠡ ᠶᠢᠨ ᠲᠣᠭᠯᠠᠯᠲᠠ ᠳᠤ ᠣᠷᠣᠯᠴᠠᠪᠠ᠃    ᠦᠵᠡᠭᠦᠯᠭᠡ ᠶᠢᠨ ᠲᠣᠭᠯᠠᠯᠲᠠ ᠶᠢᠨ ᠠᠬᠤᠢ ᠲᠠᠯᠠᠪᠠᠢ ᠳᠤ᠂ ᠬᠠᠩᠬᠢᠨ ᠬᠤᠰᠢᠭᠤᠨ ᠤ ᠤᠯᠠᠭᠠᠨᠮᠦ᠋ᠴᠢᠷ ᠤᠨ ᠬᠢᠨ ᠦᠵᠡᠭᠴᠢᠳ ᠲᠤ ︽ᠲᠠᠯ᠎ᠠ ᠶᠢᠨ ᠵᠦᠩᠨᠡᠯ︾ ᠪᠣᠯᠣᠨ ᠤᠷᠳᠤᠰ ᠠᠷᠠᠳ ᠤᠨ ᠳᠠᠭᠤᠤ ︽ᠨᠤᠳᠤᠭ ᠤᠨ ᠰᠠᠶᠢᠬᠠᠨ︾ ᠵᠡᠷᠭᠡ ᠲᠣᠭᠯᠠᠯᠲᠠ ᠲᠡᠪᠰᠢᠭᠦᠯᠵᠤ᠂ ᠥᠪᠣᠷ ᠮᠤᠩᠭᠤᠯ ᠤᠨ ᠠᠷᠠᠳ ᠲᠦᠮᠡᠨ ᠤ ᠭᠦᠨ ᠵᠤᠵᠠᠭᠠᠨ ᠨᠥᠭᠦᠷᠯᠡᠯ ᠪᠣᠯᠣᠨ ᠰᠠᠶᠢᠨ ᠰᠠᠶᠢᠬᠠᠨ ᠵᠦᠩᠨᠡᠯ ᠢ ᠢᠯᠡᠳᠭᠡᠵᠡᠢ᠃ ︽ᠲᠠᠯ᠎ᠠ ᠶᠢᠨ ᠵᠦᠩᠨᠡᠯ︾᠎ ᠨᠢ ᠬᠦᠷᠤ ᠳᠠᠭᠤᠤ ᠪᠠᠷ ᠭᠤᠣᠯ ᠪᠣᠯᠭᠠᠵᠤ᠂ ᠰᠡᠳᠭᠢᠯ ᠢ ᠬᠦᠳᠡᠯᠭᠡᠮ᠎ᠡ ᠠᠶ᠎ᠠ ᠳᠠᠭᠤᠤ ᠪᠠ ᠢᠷᠠᠭᠤ ᠰᠠᠶᠢᠬᠠᠨ ᠪᠦᠵᠢᠭ ᠢᠶᠠᠷ ᠳᠠᠮᠵᠢᠭᠤᠯᠤᠨ᠂ ᠦᠵᠡᠭᠴᠢᠳ ᠲᠤ ᠬᠦᠷᠤ ᠳᠠᠭᠤᠤ ᠶᠢᠨ ᠷᠢᠳᠢ ᠰᠢᠳᠢ ᠶᠢ ᠣᠶᠢᠯᠠᠭᠠᠭᠤᠯᠵᠤ᠂ ᠦᠵᠡᠭᠴᠢᠳ ᠤᠨ ᠳᠤᠮᠳᠠᠲᠤ ᠶᠢᠨ ᠰᠢᠯᠢᠳᠡᠭ ᠤᠯᠠᠮᠵᠢᠯᠡᠯᠲᠤ ᠰᠣᠶᠣᠯ ᠤᠨ ᠬᠠᠶᠢᠷ᠎ᠠ ᠰᠡᠳᠭᠢᠯᠭᠡ ᠶᠢ ᠬᠦᠭᠵᠢᠭᠡᠵᠦ ᠴᠢᠳᠠᠭᠰᠠᠨ ᠪᠠᠶᠢᠨ᠎ᠠ᠃
微信图片_20250210094757.jpg
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ ᠤ ᠸᠢᠴᠠᠲ ᠳᠠᠪᠴᠠᠩ