| | ᠣᠶᠢᠷ᠎ᠠ ᠶᠢᠨ ᠡᠳᠦᠷ᠂ ᠪᠥᠬᠦ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠡᠭᠡ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶ᠎ᠠ ᠶᠢᠨ | ᠱᠦᠵᠢ ᠯᠢ ᠯᠢ ᠬᠤᠷᠠᠯ ᠡᠷᠭᠢᠯᠡᠭᠰᠡᠨ ᠤ ᠬᠠᠮᠲᠤ ᠶᠠᠷᠢᠶ᠎ᠠ ᠲᠠᠯᠪᠢᠪᠠ᠃ | ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠢᠦᠢ ᠬᠠᠢ ᠢᠦᠢ ᠬᠤᠷᠠᠯ ᠳᠤ ᠣᠷᠣᠯᠴᠠᠭᠰᠠᠨ ᠤ ᠬᠠᠮᠲᠤ ᠶᠠᠷᠢᠶ᠎ᠠ ᠲᠠᠯᠪᠢᠵᠤ᠂ | ᠰᠤ᠋ ᠵᠥᠩ ᠱᠧᠩ᠂ ᠰᠤ᠋ ᠼᠦᠢ ᠹᠠᠩ ᠵᠡᠷᠭᠡ ᠬᠤᠲᠠ ᠶᠢᠨ ᠤᠳᠤᠷᠢᠳᠤᠯᠭ᠎ᠠ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠡᠯ᠎ᠡ ᠬᠤᠰᠢᠭᠤ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ | ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ ᠨᠠᠷ ᠬᠤᠪᠢᠶᠠᠷᠢᠯᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭᠠᠨ ᠳᠠᠬᠢ | ᠭᠤᠣᠯᠳᠠᠯᠭ᠎ᠠ ᠲᠠᠢ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃ | ᠯᠢ ᠯᠢ᠂ ᠢᠲᠡᠭᠡᠯ ᠵᠣᠷᠢᠭ ᠢᠶᠠᠷ ᠴᠢᠨᠠᠷ ᠰᠠᠶᠢᠲᠠᠢ ᠬᠥᠭᠵᠢᠯᠲᠡ ᠶᠢᠨ ︽ᠭᠤᠣᠯ ᠬᠦᠭ ᠠᠶᠠᠰ︾ ᠢ ᠴᠢᠪᠬᠠᠳᠠᠵᠤ᠂ ᠲᠥᠪ᠂ ᠥᠪᠡᠷᠲᠡᠭᠡᠨ ᠵᠠᠰᠠᠬᠤ ᠣᠷᠣᠨ ᠤ | ᠪᠠᠶᠢᠷᠢᠯᠠᠭᠤᠯᠤᠯᠲᠠ ᠪᠣᠯᠣᠨ ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ | ᠱᠠᠭᠠᠷᠳᠠᠯᠭ᠎ᠠ ᠶᠣᠰᠣᠭᠠᠷ᠂ ︽ᠭᠤᠷᠪᠠᠨ ᠳᠥᠷᠪᠡ︾ ᠶᠢᠨ ᠠᠵᠢᠯ ᠤᠨ ᠡᠭᠦᠷᠭᠡ ᠪᠠᠷ ᠭᠠᠷᠳᠠᠴᠠ ᠪᠣᠯᠭᠠᠨ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ | ᠰᠠᠶᠢᠲᠤᠷ ᠬᠢᠬᠦ ᠶᠢ ᠪᠠᠷᠢᠮᠲᠠᠯᠠᠵᠤ᠂ ᠬᠥᠭᠵᠢᠯᠲᠡ ᠶᠢᠨ ᠬᠤᠷᠳᠤᠴᠠ ᠶᠢ ᠲᠠᠬᠢᠨ ᠲᠦᠷᠭᠡᠳᠬᠡᠬᠦ᠂ ᠬᠡᠯᠪᠡᠷᠢ ᠶᠢ ᠬᠤᠪᠢᠷᠠᠭᠤᠯᠬᠤ ᠶᠢ ᠲᠠᠬᠢᠨ ᠰᠢᠪᠲᠤᠯᠬᠤ᠂ | ᠵᠢᠭᠰᠠᠭᠠᠯᠲᠠ ᠳᠤ ᠳᠡᠪᠰᠢᠯᠡᠭᠦᠯᠬᠦ ᠶᠢ ᠠᠬᠢᠭᠤᠯᠬᠤ ᠬᠡᠷᠡᠭᠲᠡᠢ᠃ ᠠᠷᠠᠳ ᠲᠦᠮᠡᠨ ᠳᠤ ᠪᠤᠶᠠᠨ ᠦᠢᠯᠡᠳᠬᠦ ᠪᠣᠳᠠᠲᠤ ᠠᠮᠵᠢᠯᠲᠠ ᠪᠠᠷ ᠢᠶᠠᠨ ᠴᠢᠨᠠᠷ ᠰᠠᠶᠢᠲᠠᠢ | ᠬᠥᠭᠵᠢᠯᠲᠡ ᠶᠢᠨ ︽ᠥᠨᠳᠥᠷ ᠬᠤᠪᠢ ᠶᠢᠨ ᠬᠠᠭᠤᠳᠠᠰᠤ︾ ᠶᠢ ᠪᠢᠴᠢᠭᠯᠡᠵᠦ᠂ ᠠᠷᠠᠳ ᠤᠨ ᠠᠮᠢᠳᠤᠷᠠᠯ ᠤᠨ ︽ᠬᠦᠰᠡᠯ ᠡᠷᠡᠮᠡᠯᠵᠡᠯ︾ ᠲᠠᠢ ᠰᠡᠳᠬᠢᠯ ᠵᠢᠷᠦᠬᠡ ᠪᠠᠨ | ᠬᠤᠯᠪᠣᠵᠤ᠂ ᠠᠷᠠᠳ ᠤᠨ ᠠᠮᠢᠳᠤᠷᠠᠯ ᠤᠨ ︽ᠬᠡᠷᠡᠭᠴᠡᠭᠡ︾ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ︽ᠲᠥᠷᠥᠭᠳᠡᠯ︾ ᠢ | ᠳᠡᠭᠡᠭᠰᠢᠯᠡᠭᠦᠯᠬᠦ ᠬᠡᠷᠡᠭᠲᠡᠢ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠦᠴᠦᠷᠬᠡᠭᠵᠢᠭᠦᠯᠬᠦ ᠪᠠᠷ ᠴᠢᠨᠠᠷ ᠰᠠᠶᠢᠲᠠᠢ ᠬᠥᠭᠵᠢᠯᠲᠡ ᠶᠢᠨ ︽ᠬᠦᠴᠦᠷᠬᠡᠭ ᠬᠥᠳᠡᠯᠭᠡᠭᠦᠷ︾ | ᠢ ᠡᠭᠦᠳᠴᠦ᠂ ︽ᠠᠷᠭ᠎ᠠ ᠪᠣᠳᠣᠯᠭ᠎ᠠ ᠪᠠᠶᠢᠪᠠᠯ ᠵᠠᠪᠠᠯ ᠡᠳ᠋ᠯᠡᠬᠦ︾᠂ ︽ᠬᠡᠷᠡᠭᠴᠡᠭᠡ ᠪᠠᠶᠢᠪᠠᠯ ᠵᠠᠪᠠᠯ ᠬᠠᠩᠭᠠᠬᠤ︾᠂ ︽ᠠᠮᠠᠯᠠᠯᠲᠠ ᠪᠠᠶᠢᠪᠠᠯ ᠵᠠᠪᠠᠯ | ᠦᠢᠯᠡᠳᠦᠯᠭᠡᠵᠢᠭᠦᠯᠬᠦ︾ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠵᠤ ᠠᠬᠤᠢ ᠶᠢᠨ ᠬᠥᠭᠵᠢᠯᠲᠡ ᠶᠢᠨ ᠲᠤᠯᠭᠠᠭᠤᠷᠢᠯᠠᠭᠴᠢ᠂ ᠠᠵᠤ | ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠳᠠᠭᠠᠭᠤᠯᠤᠭᠴᠢ᠂ ᠬᠥᠭᠵᠢᠯᠲᠡ ᠶᠢᠨ ᠬᠤᠷᠢᠭ᠎ᠠ ᠱᠤᠭᠤᠮ ᠤᠨ ᠪᠠᠲᠤ ᠰᠠᠬᠢᠭᠴᠢ ᠪᠣᠯᠬᠤ ᠪᠠᠷ ᠴᠢᠷᠮᠠᠶᠢᠬᠤ ᠶᠢ ᠳᠡᠮᠵᠢᠬᠦ | ᠬᠡᠷᠡᠭᠲᠡᠢ᠃ ᠦᠵᠡᠰᠬᠦᠯᠡᠩᠲᠦ ᠰᠠᠶᠢᠬᠠᠨ ᠳᠤᠯᠠᠭᠠᠨ ᠬᠤᠳᠠ ᠶᠢᠨ ᠪᠦᠲᠦᠭᠡᠨ ᠪᠠᠶᠢᠭᠤᠯᠤᠯᠲᠠ ᠪᠠᠷ ᠴᠢᠨᠠᠷ ᠰᠠᠶᠢᠲᠠᠢ ᠬᠥᠭᠵᠢᠯᠲᠡ ᠶᠢᠨ ︽ᠪᠣᠳᠠᠲᠤ ᠦᠵᠡᠮᠵᠢ︾ ᠶᠢ | ᠵᠢᠷᠤᠭᠯᠠᠵᠤ᠂ ᠪᠣᠬᠢᠷᠲᠤᠯ ᠦᠭᠡᠢ ᠳᠠᠪᠠᠭᠤᠯᠢᠭ ᠢᠶᠠᠨ ᠪᠠᠲᠤᠳᠬᠠᠵᠤ᠂ ᠠᠮᠢ ᠠᠬᠤᠢ ᠶᠢᠨ ᠨᠡᠷ᠎ᠡ ᠶᠢᠨ ᠬᠠᠭᠤᠳᠠᠰᠤ ᠶᠢ ᠭᠢᠯᠠᠯᠵᠠᠭᠤᠯᠵᠤ᠂ ᠮᠠᠨ ᠤ ᠤᠯᠤᠰ ᠤᠨ | ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ᠃ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠴᠢᠨᠠᠷ ᠰᠠᠶᠢᠲᠠᠢ ᠬᠥᠭᠵᠢᠯᠲᠡ ᠶᠢᠨ ︽ᠬᠥᠳᠡᠯᠭᠡᠬᠦ ᠬᠦᠴᠦᠨ ᠤ ᠡᠬᠢ ᠰᠤᠷᠪᠤᠯᠵᠢ︾ ᠶᠢ ᠬᠥᠭᠵᠢᠭᠡᠵᠦ᠂ ᠰᠢᠨ᠎ᠡ ᠶᠢ | ᠡᠭᠦᠳᠬᠦ ᠪᠠᠷ ᠴᠢᠨᠠᠷᠵᠢᠯ ᠢ ᠳᠡᠭᠡᠭᠰᠢᠯᠡᠭᠦᠯᠬᠦ᠂ ᠥᠭᠡᠷᠡᠴᠢᠯᠡᠯᠲᠡ ᠬᠢᠬᠦ ᠪᠠᠷ ᠰᠢᠪᠲᠤᠯᠤᠯᠲᠠ ᠭᠠᠷᠭᠠᠬᠤ᠂ ᠨᠡᠭᠡᠭᠡᠯᠲᠡ ᠬᠢᠬᠦ ᠪᠠᠷ ᠴᠢᠳᠠᠪᠬᠢ ᠣᠯᠭᠤᠬᠤ ᠶᠢ ᠪᠠᠷᠢᠮᠲᠠᠯᠠᠵᠤ᠂ | ᠪᠥᠬᠦ ᠬᠦᠴᠦᠨ ᠢᠶᠠᠷ ᠢᠶᠠᠨ ᠬᠦᠯᠢᠶᠡᠰᠦᠯᠡᠯ ᠢ ᠡᠪᠳᠡᠵᠦ᠂ ᠲᠦᠭᠵᠢᠷᠡᠯ ᠢ ᠨᠡᠪᠲᠡᠷᠡᠭᠦᠯᠵᠤ᠂ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠬᠡᠷᠡᠭᠲᠡᠢ᠃ ᠨᠠᠮ ᠤᠨ | ᠪᠠᠶᠢᠭᠤᠯᠤᠯᠲᠠ ᠪᠠᠷ ᠬᠥᠲᠦᠯᠦᠮᠵᠢ ᠪᠣᠯᠭᠠᠬᠤ ᠪᠠᠷ ᠴᠢᠨᠠᠷ ᠰᠠᠶᠢᠲᠠᠢ ᠬᠥᠭᠵᠢᠯᠲᠡ ᠶᠢᠨ ︽ᠬᠠᠲᠠᠭᠤ ᠪᠠᠲᠤᠯᠠᠭ᠎ᠠ︾ ᠶᠢ ᠪᠠᠲᠤᠳᠬᠠᠵᠤ᠂ ᠬᠠᠷᠢᠭᠤᠴᠠᠯᠭ᠎ᠠ ᠪᠠᠨ | ᠡᠭᠦᠷᠭᠡᠯᠡᠵᠦ᠂ ᠡᠷᠴᠢ ᠵᠣᠷᠢᠭ ᠢᠶᠠᠨ ᠬᠥᠪᠴᠢᠯᠡᠵᠦ᠂ ᠪᠣᠳᠠᠲᠤ ᠠᠮᠵᠢᠯᠲᠠ ᠭᠠᠷᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠣᠷᠳᠣᠰ ᠤᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠪᠡ᠃ | ᠢᠦᠢ ᠬᠠᠢ ᠢᠦᠢ᠂ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ ᠰᠢᠯᠢᠳᠡᠭᠵᠢᠭᠦᠯᠬᠦ ᠶᠢ ᠭᠤᠶᠢᠪᠢᠰᠢ ᠦᠭᠡᠢ ᠪᠠᠷᠢᠮᠲᠠᠯᠠᠵᠤ᠂ ᠰᠢᠨ᠎ᠡ ᠬᠡᠯᠪᠡᠷᠢ ᠶᠢᠨ | ᠠᠵᠤ ᠦᠢᠯᠡᠳᠪᠦᠷᠢᠵᠢᠯᠲᠡ ᠶᠢ ᠲᠦᠷᠭᠡᠳᠬᠡᠨ ᠠᠬᠢᠭᠤᠯᠵᠤ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠤᠳᠤ ᠦᠶ᠎ᠡ ᠶᠢᠨ | ᠦᠢᠯᠡᠴᠢᠯᠡᠭᠡᠨ ᠤ ᠦᠢᠯᠡᠰ ᠢ ᠲᠡᠰ ᠳᠡᠪᠰᠢᠭᠦᠯᠬᠦ ᠬᠡᠷᠡᠭᠲᠡᠢ᠃ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢ ᠲᠦᠷᠭᠡᠳᠬᠡᠨ ᠠᠬᠢᠭᠤᠯᠵᠤ᠂ ᠬᠤᠲᠠ ᠪᠠᠯᠭᠠᠰᠤᠨ ᠤ | ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠬᠤᠲᠠ ᠬᠥᠳᠡᠭᠡ ᠶᠢ ᠨᠢᠭᠡᠳᠦᠯᠲᠡᠢ ᠲᠥᠯᠥᠪᠵᠢᠭᠦᠯᠬᠦ ᠶᠢ ᠠᠬᠢᠭᠤᠯᠵᠤ᠂ ᠬᠡᠷᠡᠭᠯᠡᠭᠡ ᠶᠢ ᠪᠦᠬᠦ | ᠬᠦᠴᠦᠨ ᠢᠶᠠᠷ ᠢᠶᠠᠨ ᠳᠡᠭᠡᠭᠰᠢᠯᠡᠭᠦᠯᠵᠦ ᠬᠥᠭᠵᠢᠭᠦᠯᠬᠦ ᠬᠡᠷᠡᠭᠲᠡᠢ᠃ ᠠᠮᠢ ᠠᠬᠤᠢ ᠶᠢᠨ ᠠᠮᠤᠷ ᠲᠦᠪᠰᠢᠨ᠂ ᠦᠢᠯᠡᠳᠪᠦᠷᠢᠯᠡᠯ ᠤᠨ ᠠᠮᠤᠷ ᠲᠦᠪᠰᠢᠨ᠂ ᠡᠳ᠋ ᠤᠨ ᠵᠠᠰᠠᠭ | ᠮᠥᠩᠭᠦᠨ ᠭᠦᠢᠯᠭᠡᠭᠡᠨ ᠤ ᠠᠮᠤᠷ ᠲᠦᠪᠰᠢᠨ᠂ ᠨᠡᠶᠢᠭᠡᠮ ᠤᠨ ᠠᠮᠤᠷ ᠲᠦᠪᠰᠢᠨ ᠵᠡᠷᠭᠡ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ | ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠠᠵᠤ ᠦᠢᠯᠡᠳᠪᠦᠷᠢ ᠶᠢᠨ ᠦᠢᠯᠡᠳᠪᠦᠷᠢᠯᠡᠯ᠂ ᠲᠦᠷᠦᠯ ᠵᠦᠢᠯ ᠤᠨ ᠠᠵᠢᠯ ᠡᠬᠢᠯᠡᠭᠦᠯᠬᠦ᠂ ᠠᠷᠠᠯᠵᠢᠶᠠᠴᠢᠨ | ᠤᠷᠢᠵᠤ ᠪᠡᠯᠡ ᠣᠷᠣᠭᠤᠯᠬᠤ ᠵᠡᠷᠭᠡ ᠭᠤᠣᠯᠳᠠᠯᠭ᠎ᠠ ᠲᠠᠢ ᠠᠵᠢᠯ ᠢ ᠴᠢᠩᠭ᠎ᠠ ᠠᠳᠬᠤᠵᠤ᠂ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾ ᠶᠢ ᠪᠦᠬᠦ | ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ᠃ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠴᠢᠨᠠᠷ ᠰᠠᠶᠢᠲᠠᠢ ᠬᠢᠬᠦ ᠬᠡᠷᠡᠭᠲᠡᠢ ᠭᠡᠪᠡ᠃ | | | | | | | | | | | | |