ᠰᠢᠨᠬᠤᠸᠠ ᠬᠤᠷᠢᠶᠠᠨ ᠤ ᠪᠡᠭᠡᠵᠢᠩ ᠤᠨ 2 ᠳ᠋ᠤᠭᠠᠷ ᠰᠠᠷ᠎ᠠ ᠶᠢᠨ 10 ᠤ ᠡᠳᠦᠷ ᠤᠨ ᠴᠠᠬᠢᠯᠭᠠᠨ ᠮᠡᠳᠡᠭᠡ ᠲᠦᠷᠦ ᠶᠢᠨ ᠶᠠᠪᠤᠳᠠᠯ ᠤᠨ ᠬᠤᠷᠢᠶᠠᠨ ᠤ | ᠶᠡᠷᠦᠩᠬᠡᠢ ᠰᠠᠶᠢᠳ ᠯᠢ ᠴᠢᠶᠠᠩ 2 ᠳ᠋ᠤᠭᠠᠷ ᠰᠠᠷ᠎ᠠ ᠶᠢᠨ 10 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠬᠢᠯᠡᠨ | ᠬᠤᠷᠠᠯᠳᠤᠭᠤᠯᠤᠭᠠᠳ ᠬᠡᠷᠡᠭᠯᠡᠭᠡ ᠶᠢ ᠬᠥᠭᠵᠢᠭᠡᠬᠦ ᠬᠤᠯᠪᠣᠭᠳᠠᠯ ᠪᠦᠬᠦᠢ ᠠᠵᠢᠯ ᠢ ᠰᠤᠳᠤᠯᠵᠤ᠂ ︽2025 ᠣᠨ ᠤ ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ | ᠠᠵᠢᠯᠯᠠᠭᠠᠨ ᠤ ᠲᠥᠰᠥᠯ︾ ᠢ ᠬᠢᠨᠠᠨ ᠵᠥᠪᠯᠡᠵᠦ ᠪᠠᠲᠤᠯᠠᠭᠰᠠᠨ ᠪᠥᠭᠡᠳ ᠭᠤᠣᠯᠳᠠᠯᠭ᠎ᠠ ᠪᠣᠯᠬᠤ ᠠᠵᠤ ᠦᠢᠯᠡᠰ ᠤᠨ ᠪᠦᠲᠦᠴᠡ ᠶᠢᠨ ᠴᠢᠨᠠᠷᠲᠠᠢ ᠵᠥᠷᠢᠴᠡᠯ ᠢ | ᠠᠷᠢᠯᠭᠠᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠬᠥᠭᠵᠢᠯᠲᠡ ᠶᠢᠨ | ᠲᠥᠯᠦᠪᠵᠢᠭᠦᠯᠭᠡ ᠶᠢᠨ ᠬᠠᠤᠯᠢ ︵ᠲᠥᠰᠥᠯ︶︾ ᠶᠢ ᠶᠠᠷᠢᠯᠴᠠᠪᠠ᠃ | ᠬᠤᠷᠠᠯᠳᠤᠭᠠᠨ ᠢᠶᠠᠷ᠂ ᠬᠡᠷᠡᠭᠯᠡᠭᠡ ᠶᠢ ᠬᠥᠭᠵᠢᠭᠡᠬᠦ ᠪᠣᠯ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ | ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢᠨ ᠲᠡᠷᠢᠭᠦᠨ ᠴᠢᠬᠤᠯᠠ ᠶᠠᠪᠤᠳᠠᠯ ᠪᠣᠯᠣᠨ᠎ᠠ᠃ ᠦᠵᠡᠯᠲᠡ ᠪᠠᠨ ᠦᠨᠡᠨ ᠬᠦ ᠬᠤᠪᠢᠷᠠᠭᠤᠯᠤᠨ᠂ ᠬᠡᠷᠡᠭᠯᠡᠭᠡ ᠶᠢ ᠬᠥᠭᠵᠢᠭᠡᠬᠦ | ᠶᠠᠪᠤᠳᠠᠯ ᠢ ᠨᠡᠩ ᠲᠣᠪᠣᠶᠢᠮ᠎ᠠ ᠪᠠᠶᠢᠷᠢᠨ ᠳᠤ ᠲᠠᠯᠪᠢᠬᠤ ᠬᠡᠷᠡᠭᠲᠡᠢ᠃ ᠰᠠᠭᠤᠭᠠᠯᠢ ᠠᠷᠠᠳ ᠤᠨ ᠣᠷᠣᠯᠭ᠎ᠠ ᠪᠠᠨ ᠨᠡᠮᠡᠭᠳᠡᠭᠦᠯᠬᠦ ᠶᠢ ᠬᠦᠴᠦᠲᠡᠢ ᠲᠡᠮᠵᠢᠵᠤ᠂ ᠴᠠᠯᠢᠩ ᠤᠨ | ᠴᠢᠨᠠᠷᠲᠠᠢ ᠣᠷᠣᠯᠭ᠎ᠠ ᠶᠢᠨ ᠵᠣᠬᠢᠰᠲᠠᠢ ᠨᠡᠮᠡᠭᠳᠡᠬᠦ ᠶᠢ ᠠᠬᠢᠭᠤᠯᠤᠨ᠂ ᠡᠳ᠋ ᠬᠥᠷᠥᠩᠭᠡ ᠶᠢᠨ ᠴᠢᠨᠠᠷᠲᠠᠢ ᠣᠷᠣᠯᠭ᠎ᠠ ᠶᠢᠨ ᠠᠷᠭ᠎ᠠ ᠵᠠᠮ ᠢ ᠥᠷᠭᠡᠳᠬᠡᠵᠦ᠂ ᠬᠡᠷᠡᠭᠯᠡᠭᠡ ᠶᠢᠨ | ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠢ᠃ ᠨᠥᠯᠥᠭᠡᠯᠡᠨ ᠳᠠᠭᠠᠭᠤᠯᠬᠤ ᠴᠢᠨᠠᠷ ᠢᠶᠠᠷ ᠴᠢᠩᠭ᠎ᠠ᠂ ᠨᠡᠮᠡᠭᠳᠡᠬᠦ ᠣᠷᠣᠨ ᠵᠠᠢ ᠪᠠᠷ ᠶᠡᠭᠡ ᠪᠠᠶᠢᠳᠠᠭ ᠬᠡᠷᠡᠭᠯᠡᠭᠡ ᠶᠢᠨ ᠬᠦᠷᠢᠶ᠎ᠡ | ᠴᠠᠷᠠᠭᠠᠨ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠷᠡᠭᠯᠡᠭᠡ ᠶᠢᠨ ᠳᠠᠯᠳᠠ ᠬᠦᠴᠦᠨ ᠢ ᠭᠦᠨᠵᠡᠭᠡᠢ ᠠᠭᠤᠳᠠᠯᠬᠤ ᠬᠡᠷᠡᠭᠲᠡᠢ᠃ ᠦᠢᠯᠡᠴᠢᠯᠡᠭᠡᠨ ᠤ ᠬᠡᠷᠡᠭᠯᠡᠭᠡ ᠶᠢᠨ ᠴᠢᠨᠠᠷ ᠢ | ᠳᠡᠭᠡᠭᠰᠢᠯᠡᠭᠦᠯᠦᠨ ᠠᠷᠠᠳ ᠲᠤ ᠠᠰᠢᠭ ᠬᠦᠷᠲᠡᠭᠡᠬᠦ ᠶᠢ ᠨᠢ ᠠᠬᠢᠭᠤᠯᠵᠤ᠂ ︽ᠨᠠᠰᠤᠲᠠᠶᠢᠴᠤᠳ ᠪᠠ ᠨᠠᠰᠤᠨ ᠳᠤ ᠦᠯᠦ ᠬᠦᠷᠦᠭᠰᠡᠳ︾ ᠲᠤ ᠦᠢᠯᠡᠴᠢᠯᠡᠬᠦ ᠬᠠᠩᠭᠠᠯᠭ᠎ᠠ ᠶᠢ | ᠰᠢᠯᠢᠳᠡᠭᠵᠢᠭᠦᠯᠦᠨ᠂ ᠠᠷᠠᠳ ᠲᠤ ᠳᠥᠭᠦᠮᠯᠡᠬᠦ ᠦᠢᠯᠡᠴᠢᠯᠡᠭᠡᠨ ᠤ ᠬᠡᠷᠡᠭᠯᠡᠭᠡ ᠶᠢ ᠳᠡᠮᠵᠢᠵᠦ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠬᠡᠷᠡᠭᠯᠡᠭᠡ ᠶᠢ ᠥᠷᠭᠡᠳᠬᠡᠵᠦ᠂ | ᠮᠥᠰᠥ ᠴᠠᠰᠤᠨ ᠤ ᠲᠠᠯ᠎ᠠ ᠪᠠᠷ ᠬᠢ ᠵᠤᠭ᠎ᠠ ᠴᠡᠩᠭᠡᠯ ᠤᠨ ᠬᠡᠷᠡᠭᠯᠡᠭᠡ ᠶᠢ ᠠᠬᠢᠭᠤᠯᠤᠨ᠂ ᠬᠢᠯᠢ ᠪᠠᠷ ᠵᠢᠭᠤᠯᠴᠢᠯᠠᠨ ᠢᠷᠡᠭᠰᠡᠳ ᠤᠨ ᠬᠡᠷᠡᠭᠯᠡᠭᠡ ᠶᠢ ᠬᠥᠭᠵᠢᠭᠦᠯᠦᠨ᠎ᠡ᠃ | ᠥᠷᠭᠡᠨ ᠬᠡᠷᠡᠭᠴᠡᠭᠡᠨ ᠤ ᠬᠡᠷᠡᠭᠯᠡᠭᠡ ᠶᠢᠨ ᠠᠭᠤᠯᠭ᠎ᠠ ᠶᠢ ᠰᠢᠨᠡᠳᠬᠡᠨ ᠲᠡᠰ ᠳᠡᠪᠰᠢᠭᠦᠯᠬᠦ ᠶᠢ ᠨᠢ ᠠᠬᠢᠭᠤᠯᠵᠤ᠂ ᠬᠡᠷᠡᠭᠯᠡᠭᠡ ᠶᠢᠨ ᠬᠠᠭᠤᠴᠢᠨ ᠵᠦᠢᠯᠡᠰ ᠢᠶᠠᠨ ᠰᠢᠨ᠎ᠡ ᠪᠠᠷ | ᠰᠣᠯᠢᠬᠤ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠣᠷᠣᠨ ᠰᠠᠭᠤᠴᠠ ᠶᠢᠨ ᠬᠡᠷᠡᠭᠯᠡᠭᠡ ᠶᠢᠨ ᠬᠡᠷᠡᠭᠴᠡᠭᠡ ᠱᠠᠭᠠᠷᠳᠠᠯᠭ᠎ᠠ ᠶᠢ ᠨᠡᠩ ᠰᠠᠶᠢᠨ ᠬᠠᠩᠭᠠᠨ᠂ ᠮᠠᠰᠢᠨ | ᠲᠡᠷᠭᠡᠨ ᠤ ᠬᠡᠷᠡᠭᠯᠡᠭᠡ ᠶᠢᠨ ᠬᠡᠯᠬᠢᠶ᠎ᠡ ᠶᠢ ᠤᠷᠲᠤᠳᠬᠠᠨ᠎ᠠ᠃ ᠬᠡᠷᠡᠭᠯᠡᠭᠡ ᠶᠢᠨ ᠨᠠᠷᠠᠲᠤ ᠲᠡᠮᠳᠡᠭ ᠢᠶᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠰᠢᠨ᠎ᠡ ᠬᠡᠯᠪᠡᠷᠢ ᠶᠢᠨ | ᠬᠡᠷᠡᠭᠯᠡᠭᠡ ᠶᠢᠨ ᠲᠦᠷᠭᠡᠨ ᠬᠥᠭᠵᠢᠯᠲᠡ ᠶᠢ ᠳᠡᠮᠵᠢᠵᠦ᠂ ︽ᠵᠣᠬᠢᠶᠠᠮᠠᠯ ᠣᠶᠤᠨ + ᠬᠡᠷᠡᠭᠯᠡᠭᠡ︾᠂ ᠡᠷᠡᠭᠦᠯ ᠬᠡᠷᠡᠭᠯᠡᠭᠡ ᠵᠡᠷᠭᠡ ᠶᠢ ᠠᠬᠢᠭᠤᠯᠤᠨ᠂ ᠬᠡᠷᠡᠭᠯᠡᠭᠡ ᠶᠢᠨ ᠰᠢᠨ᠎ᠡ | ᠦᠢᠯᠡᠳᠬᠦᠨ ᠰᠢᠨ᠎ᠡ ᠠᠬᠤᠢ ᠪᠠᠶᠢᠳᠠᠯ ᠰᠢᠨ᠎ᠡ ᠬᠠᠯᠠᠮᠰᠢᠯ ᠢ ᠦᠷᠭᠦᠯᠵᠢᠯᠡᠨ ᠪᠣᠶ ᠪᠣᠯᠭᠠᠨ᠎ᠠ᠃ ᠬᠡᠷᠡᠭᠯᠡᠭᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠭᠤᠷᠪᠠᠨ | ᠵᠢᠯ ᠤᠨ ᠠᠵᠢᠯᠯᠠᠭᠠᠨ ᠢ ᠬᠡᠷᠡᠭᠵᠢᠭᠦᠯᠵᠦ᠂ ᠴᠢᠨᠠᠷ ᠴᠢᠨᠰᠠᠭ᠎ᠠ ᠶᠢᠨ ᠪᠠᠷᠢᠮᠵᠢᠶ᠎ᠠ᠂ ᠢᠲᠡᠭᠡᠮᠵᠢ ᠶᠢᠨ ᠬᠢᠵᠠᠭᠠᠷᠯᠠᠯ᠂ ᠶᠡᠷᠦᠩᠬᠡᠶᠢᠯᠡᠭᠰᠡᠨ ᠵᠠᠰᠠᠯᠲᠠ᠂ ᠬᠡᠷᠡᠭᠯᠡᠭᠡ ᠶᠢᠨ ᠡᠷᠬᠡ ᠶᠢᠨ | ᠬᠠᠮᠠᠭᠠᠯᠠᠯᠲᠠ ᠵᠡᠷᠭᠡ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠤᠯᠠᠨ ᠲᠦᠮᠡᠨ ᠤ ᠲᠤᠰᠬᠠᠯ ᠶᠡᠬᠡᠲᠡᠢ ᠲᠣᠪᠣᠶᠢᠮ᠎ᠠ ᠠᠰᠠᠭᠤᠳᠠᠯ ᠤᠳ ᠢ ᠬᠦᠴᠦᠯᠡᠨ | ᠰᠢᠢᠳᠪᠦᠷᠢᠯᠡᠵᠦ᠂ ᠬᠡᠷᠡᠭᠯᠡᠭᠡ ᠶᠢᠨ ᠠᠮᠤᠷ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠬᠤ ᠬᠡᠷᠡᠭᠲᠡᠢ ᠭᠡᠵᠦ ᠵᠢᠭᠠᠨ ᠭᠠᠷᠭᠠᠪᠠ᠃ | ᠬᠤᠷᠠᠯᠳᠤᠭᠠᠨ ᠢᠶᠠᠷ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠠᠵᠢᠯ ᠣᠯᠭᠤᠬᠤ᠂ ᠭᠠᠳᠠᠭᠠᠳᠤ ᠭᠠᠷᠭᠠᠯᠲᠠ ᠶᠢ ᠲᠣᠭᠲᠠᠪᠤᠷᠢᠵᠢᠭᠤᠯᠬᠤ᠂ ᠠᠵᠤ ᠦᠢᠯᠡᠰ ᠤᠨ | ᠲᠡᠰ ᠳᠡᠪᠰᠢᠬᠦ ᠶᠢ ᠠᠬᠢᠭᠤᠯᠬᠤ ᠵᠡᠷᠭᠡ ᠲᠠᠯ᠎ᠠ ᠪᠠᠷ ᠴᠥᠮ ᠴᠢᠬᠤᠯᠠ ᠦᠢᠯᠡᠳᠦᠯ ᠲᠠᠢ ᠪᠠᠶᠢᠳᠠᠭ ᠪᠣᠯᠬᠤᠷ ᠨᠡᠩ ᠤᠯᠠᠨ ᠪᠣᠳᠠᠲᠠᠢ ᠶᠢ ᠡᠷᠬᠢᠮᠯᠡᠭᠰᠡᠨ ᠪᠦᠲᠦᠮᠵᠢᠲᠡᠢ | ᠠᠷᠭ᠎ᠠ ᠬᠡᠮᠵᠢᠶ᠎ᠡ ᠠᠪᠴᠤ ᠪᠠᠶᠢᠭᠠᠳ ᠦᠯᠡᠳᠡᠭᠡᠯ ᠢ ᠲᠣᠭᠲᠠᠪᠤᠷᠢᠵᠢᠭᠤᠯᠵᠤ᠂ ᠨᠡᠮᠡᠭᠳᠡᠯ ᠢ ᠥᠷᠭᠡᠳᠬᠡᠬᠦ ᠬᠡᠷᠡᠭᠲᠡᠢ᠃ ᠪᠡᠶ᠎ᠡ ᠪᠠᠨ ᠳᠠᠭᠠᠭᠠᠵᠤ ᠨᠡᠭᠡᠭᠡᠯᠲᠡ ᠬᠢᠬᠦ ᠶᠢ ᠡᠮᠬᠢ | ᠵᠢᠷᠤᠮ ᠲᠠᠢ ᠪᠠᠷ ᠥᠷᠭᠡᠳᠬᠡᠵᠦ᠂ ᠬᠠᠮᠢᠶ᠎ᠠ ᠪᠦᠬᠦᠢ ᠬᠦᠷᠢᠶ᠎ᠡ ᠴᠠᠷᠠᠭᠠᠨ ᠤ ᠨᠡᠭᠡᠭᠡᠯᠲᠡ ᠬᠢᠬᠦ ᠲᠤᠷᠰᠢᠯᠲᠠ ᠶᠢ ᠭᠦᠨᠵᠡᠭᠡᠶᠢᠷᠡᠭᠦᠯᠵᠦ᠂ ᠦᠢᠯᠡᠳᠬᠦ ᠦᠢᠯᠡᠰ ᠤᠨ | ᠬᠦᠷᠢᠶᠡᠨ ᠳᠠᠬᠢ ᠭᠠᠳᠠᠭᠠᠳᠤ ᠪᠡᠯᠡ ᠶᠢᠨ ᠵᠥᠪᠰᠢᠶᠡᠷᠡᠨ ᠣᠷᠣᠬᠤ ᠬᠢᠵᠠᠭᠠᠷᠯᠠᠯ ᠢ ᠪᠦᠬᠦ ᠲᠠᠯ᠎ᠠ ᠪᠠᠷ ᠬᠦᠴᠦᠨ ᠦᠭᠡᠢ ᠪᠣᠯᠭᠠᠬᠤ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ᠂ ᠤᠯᠤᠰ ᠤᠨ ᠦᠢᠯᠡᠴᠢᠯᠡᠭᠡᠨ ᠤ ᠦᠢᠯᠡᠰ ᠤᠨ ᠨᠡᠭᠡᠭᠡᠯᠲᠡ ᠶᠢ ᠥᠷᠭᠡᠳᠬᠡᠬᠦ ᠲᠠᠯ᠎ᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠵᠢᠱᠢᠶ᠎ᠡ | ᠦᠵᠡᠭᠦᠯᠬᠦ ᠠᠵᠢᠯ ᠢ ᠰᠢᠯᠢᠳᠡᠭᠵᠢᠭᠦᠯᠵᠦ᠂ ᠭᠠᠳᠠᠭᠠᠳᠤ ᠶᠢᠨ ᠬᠤᠳᠠᠯᠳᠤᠭᠠᠴᠢᠳ ᠢ ᠵᠣᠷᠢᠭᠵᠢᠭᠤᠯᠵᠤ ᠠᠵᠤ ᠦᠢᠯᠡᠰ ᠲᠤ ᠪᠡᠯᠡ ᠣᠷᠣᠭᠤᠯᠬᠤ ᠬᠡᠪᠴᠢᠶ᠎ᠡ ᠶᠢ | ᠥᠷᠭᠡᠳᠬᠡᠬᠦ ᠬᠡᠷᠡᠭᠲᠡᠢ᠃ ︽ᠳᠤᠮᠳᠠᠳᠤ ᠤᠯᠤᠰ ᠲᠤ ᠪᠡᠯᠡ ᠣᠷᠣᠭᠤᠯᠬᠤ︾ ᠨᠡᠷᠡᠲᠦ ᠲᠡᠮᠳᠡᠭ ᠢ ᠦᠷᠭᠦᠯᠵᠢᠯᠡᠨ ᠴᠣᠭᠴᠠᠯᠠᠵᠤ᠂ ᠭᠠᠳᠠᠭᠠᠳᠤ ᠪᠡᠯᠡ ᠶᠢᠨ ᠠᠵᠤ | ᠠᠬᠤᠶᠢᠯᠠᠯ ᠤᠨ ᠬᠢᠯᠢ ᠶᠢᠨ ᠳᠣᠲᠣᠷᠠᠬᠢ ᠳᠠᠬᠢᠨᠲᠠ ᠪᠡᠯᠡ ᠣᠷᠣᠭᠤᠯᠬᠤ ᠶᠢ ᠨᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠭᠠᠳᠠᠭᠠᠳᠤ ᠪᠡᠯᠡ ᠶᠢᠨ ᠬᠢᠨ ᠤ ᠳᠤᠮᠳᠠᠳᠤ | ᠤᠯᠤᠰ ᠲᠤ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠥᠷᠨᠢᠭᠦᠯᠬᠦ ᠶᠢ ᠵᠣᠷᠢᠭᠵᠢᠭᠤᠯᠵᠤ᠂ ᠭᠠᠳᠠᠭᠠᠳᠤ ᠪᠡᠯᠡ ᠶᠢᠨ ᠨᠡᠶᠢᠯᠡᠭᠦᠯᠵᠦ ᠬᠤᠳᠠᠯᠳᠤᠨ ᠠᠪᠬᠤ ᠳᠦᠷᠢᠮ | ᠪᠠ ᠨᠡᠶᠢᠯᠡᠭᠦᠯᠵᠦ ᠬᠤᠳᠠᠯᠳᠤᠨ ᠠᠪᠴᠤ ᠠᠷᠠᠯᠵᠢᠶᠠᠯᠠᠬᠤ ᠳᠡᠰ ᠳᠠᠷᠠᠭᠠᠯᠠᠯ ᠢ ᠰᠢᠯᠢᠳᠡᠭᠵᠢᠭᠦᠯᠬᠦ ᠬᠡᠷᠡᠭᠲᠡᠢ᠃ ᠵᠠᠰᠠᠭ ᠤᠨ ᠣᠷᠳᠣᠨ ᠤ ᠬᠤᠳᠠᠯᠳᠤᠨ ᠠᠪᠬᠤ ᠵᠡᠷᠭᠡ | ᠠᠵᠢᠯ ᠤᠨ ᠳᠤᠮᠳᠠ ᠳᠣᠲᠣᠭᠠᠳᠤ ᠭᠠᠳᠠᠭᠠᠳᠤ ᠪᠡᠯᠡ ᠶᠢᠨ ᠠᠵᠤ ᠠᠬᠤᠶᠢᠯᠠᠯ ᠳᠤ ᠠᠳᠠᠯᠢ ᠲᠡᠭᠰᠢ ᠪᠠᠷ ᠬᠠᠨᠳᠤᠬᠤ ᠶᠢ ᠪᠡᠶᠡᠯᠡᠭᠦᠯᠵᠦ᠂ ᠭᠠᠳᠠᠭᠠᠳᠤ ᠪᠡᠯᠡ ᠶᠢᠨ ᠠᠵᠤ | ᠠᠬᠤᠶᠢᠯᠠᠯ ᠤᠳ ᠤᠨ ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠳᠬᠡᠨ᠂ ᠮᠡᠳᠡᠯᠭᠡ ᠶᠢᠨ ᠥᠮᠴᠢᠯᠡᠬᠦ ᠡᠷᠬᠡ ᠶᠢ ᠬᠠᠮᠠᠭᠠᠯᠠᠬᠤ ᠡᠷᠴᠢᠮ ᠢ ᠨᠢ ᠴᠢᠩᠭᠠᠷᠠᠭᠤᠯᠬᠤ | ᠬᠡᠷᠡᠭᠲᠡᠢ᠃ ᠭᠠᠳᠠᠭᠠᠳᠤ ᠪᠡᠯᠡ ᠶᠢᠨ ᠲᠦᠷᠦᠯ ᠵᠦᠢᠯ ᠳᠤ ᠦᠢᠯᠡᠴᠢᠯᠡᠵᠦ ᠪᠠᠲᠤᠯᠠᠬᠤ ᠠᠵᠢᠯ ᠢ ᠰᠠᠶᠢᠲᠤᠷ ᠬᠢᠵᠦ᠂ ᠬᠢᠯᠢ ᠪᠠᠷ ᠣᠷᠣᠵᠤ ᠭᠠᠷᠬᠤ᠂ ᠰᠠᠭᠤᠷᠢᠰᠢᠬᠤ ᠪᠠ | ᠲᠦᠷ ᠰᠠᠭᠤᠬᠤ ᠵᠡᠷᠭᠡ ᠲᠠᠯ᠎ᠠ ᠪᠠᠷ ᠭᠠᠳᠠᠭᠠᠳᠤ ᠶᠢᠨ ᠠᠵᠤ ᠠᠬᠤᠶᠢᠯᠠᠯ ᠤᠨ ᠬᠥᠮᠥᠰ ᠤᠨ ᠶᠠᠪᠤᠵᠤ ᠰᠠᠭᠤᠬᠤ ᠳᠤ ᠨᠡᠩ ᠳᠥᠭᠦᠮᠯᠡᠬᠦ ᠬᠡᠷᠡᠭᠲᠡᠢ ᠬᠡᠮᠡᠨ ᠵᠢᠭᠠᠵᠤ | ᠭᠠᠷᠭᠠᠪᠠ᠃ | ᠬᠤᠷᠠᠯᠳᠤᠭᠠᠨ ᠢᠶᠠᠷ᠂ ᠬᠠᠩᠭᠠᠯᠭ᠎ᠠ ᠬᠡᠷᠡᠭᠴᠡᠭᠡ ᠬᠤᠶᠠᠷ ᠲᠠᠯ᠎ᠠ ᠠᠴᠠ ᠬᠦᠴᠦᠯᠡᠬᠦ ᠶᠢ ᠪᠠᠷᠢᠮᠲᠠᠯᠠᠵᠤ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠵᠤ | ᠪᠠᠶᠢᠭᠠᠳ ᠭᠤᠣᠯᠳᠠᠯᠭ᠎ᠠ ᠪᠣᠯᠬᠤ ᠠᠵᠤ ᠦᠢᠯᠡᠰ ᠤᠨ ᠪᠦᠲᠦᠴᠡ ᠶᠢᠨ ᠴᠢᠨᠠᠷᠲᠠᠢ ᠵᠥᠷᠢᠴᠡᠯ ᠵᠡᠷᠭᠡ ᠠᠰᠠᠭᠤᠳᠠᠯ ᠢ ᠰᠢᠢᠳᠪᠦᠷᠢᠯᠡᠨ᠂ ᠠᠵᠤ ᠦᠢᠯᠡᠰ ᠤᠨ ᠡᠷᠡᠭᠦᠯ ᠢᠶᠠᠷ | ᠬᠥᠭᠵᠢᠬᠦ ᠪᠠ ᠴᠢᠨᠠᠷ ᠴᠢᠨᠰᠠᠭ᠎ᠠ ᠪᠠᠨ ᠰᠠᠶᠢᠵᠢᠷᠠᠭᠤᠯᠤᠨ ᠲᠡᠰ ᠳᠡᠪᠰᠢᠬᠦ ᠶᠢ ᠨᠢ ᠠᠬᠢᠭᠤᠯᠬᠤ ᠬᠡᠷᠡᠭᠲᠡᠢ᠃ ᠠᠵᠤ ᠦᠢᠯᠡᠰ ᠤᠨ ᠪᠠᠶᠢᠷᠢᠰᠢᠭᠤᠯᠤᠯᠲᠠ ᠶᠢ | ᠰᠢᠯᠢᠳᠡᠭᠵᠢᠭᠦᠯᠵᠦ᠂ ᠪᠠᠷᠢᠮᠵᠢᠶ᠎ᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠨᠡᠶᠢᠳᠬᠡᠵᠦ ᠳᠠᠬᠢᠨᠲᠠ ᠵᠣᠬᠢᠶᠠᠨ ᠪᠠᠶᠢᠭᠤᠯᠬᠤ ᠶᠢ ᠠᠬᠢᠭᠤᠯᠵᠤ᠂ ᠬᠤᠴᠤᠷᠤᠩᠭᠤᠢ | ᠪᠥᠭᠡᠳ ᠦᠷ᠎ᠡ ᠠᠰᠢᠭ ᠢᠶᠠᠷ ᠳᠣᠣᠷ᠎ᠠ ᠦᠢᠯᠡᠳᠪᠦᠷᠢᠯᠡᠬᠦ ᠴᠢᠳᠠᠮᠵᠢ ᠶᠢᠨ ᠵᠠᠬ᠎ᠠ ᠳᠡᠯᠭᠡᠭᠦᠷ ᠠᠴᠠ ᠪᠤᠴᠠᠵᠤ ᠭᠠᠷᠬᠤ ᠶᠢ ᠨᠢ ᠠᠬᠢᠭᠤᠯᠵᠤ᠂ ᠳᠡᠭᠡᠳᠦ ᠲᠡᠰ ᠤᠨ | ᠦᠢᠯᠡᠳᠪᠦᠷᠢᠯᠡᠬᠦ ᠴᠢᠳᠠᠮᠵᠢ ᠶᠢᠨ ᠬᠠᠩᠭᠠᠯᠭ᠎ᠠ ᠶᠢ ᠨᠡᠮᠡᠭᠳᠡᠭᠦᠯᠬᠦ ᠬᠡᠷᠡᠭᠲᠡᠢ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠰᠢᠯᠢᠳᠡᠭᠵᠢᠭᠦᠯᠵᠦ᠂ ᠠᠵᠢᠯ | ᠲᠦᠷᠦᠯ ᠤᠨ ᠥᠪᠡᠷ ᠢ ᠪᠠᠨ ᠱᠠᠭᠠᠷᠳᠠᠬᠤ ᠶᠢ ᠨᠢ ᠴᠢᠩᠭᠠᠳᠬᠠᠵᠤ᠂ ᠭᠤᠣᠯᠴᠢ ᠪᠠᠷ ᠥᠷᠢᠰᠦᠯᠳᠦᠬᠦ᠂ ᠰᠢᠯᠢᠳᠡᠭ ᠨᠢ ᠰᠢᠯᠢᠭᠳᠡᠵᠦ ᠰᠢᠭᠠᠷᠤ ᠨᠢ ᠰᠢᠭᠰᠢᠭᠳᠡᠬᠦ ᠵᠠᠬ᠎ᠠ | ᠳᠡᠯᠭᠡᠭᠦᠷ ᠤᠨ ᠡᠮᠬᠢ ᠳᠢᠭᠯᠢᠮ ᠢ ᠬᠠᠮᠲᠤ ᠪᠠᠷ ᠬᠠᠮᠠᠭᠠᠯᠠᠬᠤ ᠬᠡᠷᠡᠭᠲᠡᠢ ᠬᠡᠮᠡᠨ ᠵᠢᠭᠠᠵᠤ ᠭᠠᠷᠭᠠᠪᠠ᠃ | ᠬᠤᠷᠠᠯᠳᠤᠭᠠᠨ ᠢᠶᠠᠷ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠬᠥᠭᠵᠢᠯᠲᠡ ᠶᠢᠨ ᠲᠥᠯᠦᠪᠵᠢᠭᠦᠯᠭᠡ ᠶᠢᠨ ᠬᠠᠤᠯᠢ ︵ᠲᠥᠰᠥᠯ︶︾ | ᠶᠢ ᠶᠠᠷᠢᠯᠴᠠᠭᠠᠳ ᠵᠠᠷᠴᠢᠮ ᠤᠨ ᠲᠠᠯ᠎ᠠ ᠪᠠᠷ ᠪᠠᠲᠤᠯᠠᠨ᠂ ᠲᠥᠰᠥᠯ ᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠲᠣᠭᠲᠠᠪᠠ᠃ ᠬᠤᠷᠠᠯᠳᠤᠭᠠᠨ ᠢᠶᠠᠷ᠂ ᠤᠯᠤᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠨᠠᠶᠢᠷᠠᠭᠤᠯᠤᠨ | ᠵᠣᠬᠢᠶᠠᠬᠤ ᠠᠵᠢᠯ ᠤᠨ ᠰᠢᠨᠵᠢᠯᠡᠬᠦ ᠤᠬᠠᠭᠠᠨᠴᠢᠯᠠᠬᠤ᠂ ᠠᠷᠠᠳᠴᠢᠯᠠᠬᠤ᠂ ᠬᠠᠤᠯᠢᠵᠢᠭᠤᠯᠬᠤ᠂ ᠵᠢᠷᠤᠮᠵᠢᠭᠤᠯᠬᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ | ᠤᠯᠤᠰ ᠤᠨ ᠬᠥᠭᠵᠢᠯᠲᠡ ᠶᠢᠨ ᠲᠥᠯᠦᠪᠵᠢᠭᠦᠯᠭᠡ ᠶᠢᠨ ᠪᠠᠶᠢᠯᠳᠤᠬᠤ ᠪᠣᠳᠣᠯᠭ᠎ᠠ ᠶᠢᠨ ᠤᠳᠤᠷᠢᠳᠤᠮᠵᠢ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ | ᠬᠡᠮᠡᠨ ᠵᠢᠭᠠᠵᠤ ᠭᠠᠷᠭᠠᠪᠠ᠃ | ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠪᠠ᠃ | | | | | | | | | |