ᠠᠷᠠᠳ ᠤᠨ ᠪᠠᠩᠬᠢ ᠶᠢᠨ ᠰᠦᠯᠵᠢᠶᠡᠨ ᠥᠷᠲᠡᠭᠡᠨ ᠤ 2 ᠳ᠋ᠤᠭᠠᠷ ᠰᠠᠷ᠎ᠠ ᠶᠢᠨ 13 ᠤ ᠡᠳᠦᠷ ᠨᠡᠶᠢᠲᠡᠯᠡᠭᠰᠡᠨ 2024 ᠣᠨ ᠤ ᠳᠥᠷᠪᠡᠳᠦᠭᠡᠷ ᠤᠯᠠᠷᠢᠯ ᠳᠠᠬᠢ | ᠳᠤᠮᠳᠠᠳᠤ ᠤᠯᠤᠰ ᠤᠨ ᠵᠣᠭᠤᠰᠤᠨ ᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠮᠡᠳᠡᠭᠦᠯᠦᠯᠲᠡ ᠳᠤ ᠳᠤᠷᠠᠳᠬᠤ ᠳᠤ ᠪᠠᠨ᠂ ᠵᠣᠬᠢᠰᠲᠠᠢ ᠮᠥᠷᠲᠡᠭᠡᠨ ᠠᠭᠤᠵᠢᠭᠤ | ᠪᠠᠶᠢᠯᠭᠠᠬᠤ ᠵᠣᠭᠤᠰᠤᠨ ᠤ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠵᠢᠭᠦᠯᠦᠨ᠎ᠡ ᠭᠡᠵᠡᠢ᠃ ᠵᠣᠭᠤᠰᠤᠨ ᠤ ᠲᠥᠷᠥ ᠶᠢᠨ ᠪᠣᠳᠣᠯᠭ᠎ᠠ ᠶᠢᠨ ᠣᠯᠠᠨ ᠪᠠᠭᠠᠵᠢ ᠶᠢ | ᠶᠡᠷᠦᠩᠬᠡᠶᠢᠯᠡᠨ ᠬᠡᠷᠡᠭᠯᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠵᠤ ᠠᠬᠤᠢ ᠮᠥᠩᠭᠦᠨ ᠭᠦᠢᠯᠭᠡᠭᠡᠨ ᠤ ᠪᠠᠶᠢᠳᠠᠯ ᠪᠠ ᠮᠥᠩᠭᠦᠨ ᠭᠦᠢᠯᠭᠡᠭᠡᠨ ᠤ ᠵᠠᠬ᠎ᠠ | ᠳᠡᠯᠭᠡᠭᠦᠷ ᠤᠨ ᠠᠵᠢᠯᠯᠠᠭᠠᠨ ᠤ ᠪᠠᠶᠢᠳᠠᠯ ᠢ ᠦᠨᠳᠦᠰᠦᠯᠡᠨ᠂ ᠲᠣᠬᠢᠶᠠᠯ ᠳᠤ ᠨᠡᠶᠢᠴᠡᠭᠦᠯᠦᠨ ᠲᠥᠷᠥ ᠶᠢᠨ ᠪᠣᠳᠣᠯᠭ᠎ᠠ ᠶᠢᠨ ᠡᠷᠴᠢᠮ ᠪᠠ ᠠᠶᠢᠵᠠᠮ ᠢ ᠲᠣᠬᠢᠷᠠᠭᠤᠯᠤᠨ | ᠰᠢᠯᠢᠳᠡᠭᠵᠢᠭᠦᠯᠵᠦ᠂ ᠬᠥᠳᠡᠯᠦᠩᠭᠦᠢ ᠴᠢᠨᠠᠷ ᠢᠶᠠᠷ ᠭᠦᠢᠴᠡᠳ ᠪᠠᠶᠢᠬᠤ ᠶᠢ ᠪᠠᠲᠤᠯᠠᠵᠤ᠂ ᠨᠡᠶᠢᠭᠡᠮ ᠤᠨ ᠪᠡᠯᠡ ᠲᠣᠬᠢᠷᠠᠭᠤᠯᠬᠤ ᠬᠡᠪᠴᠢᠶᠡᠵᠢᠯ᠂ ᠵᠣᠭᠤᠰᠤᠨ ᠤ | ᠬᠠᠩᠭᠠᠯᠭ᠎ᠠ ᠶᠢᠨ ᠬᠡᠮᠵᠢᠶᠡᠨ ᠤ ᠨᠡᠮᠡᠭᠳᠡᠯ ᠢ ᠠᠵᠤ ᠠᠬᠤᠢ ᠶᠢᠨ ᠨᠡᠮᠡᠭᠳᠡᠯ᠂ ᠦᠨ᠎ᠡ ᠬᠠᠩᠰᠢ ᠶᠢᠨ ᠶᠡᠷᠦᠩᠬᠡᠢ ᠬᠢᠷᠢ ᠲᠦᠪᠰᠢᠨ ᠤ ᠵᠢᠱᠢᠭᠰᠡᠨ ᠬᠠᠷᠠᠯᠲᠠ ᠯᠤᠭ᠎ᠠ | ᠵᠣᠬᠢᠴᠠᠯᠳᠤᠭᠤᠯᠬᠤ ᠬᠡᠷᠡᠭᠲᠡᠢ᠃ | ᠴᠢᠬᠤᠯᠠ ᠠᠭᠤᠯᠭ᠎ᠠ ᠨᠢ ᠄ | ᠪᠠᠷᠠᠭᠠᠨ ᠤ ᠦᠨ᠎ᠡ ᠶᠢᠨ ᠵᠦᠢ ᠵᠣᠬᠢᠰᠲᠠᠢ ᠪᠠᠷ ᠥᠰᠬᠦ ᠶᠢ ᠠᠬᠢᠭᠤᠯᠬᠤ ᠶᠠᠪᠤᠳᠠᠯ ᠢ ᠵᠣᠭᠤᠰᠤᠨ ᠤ ᠲᠦᠷᠦ ᠶᠢᠨ ᠪᠣᠳᠣᠯᠭ᠎ᠠ ᠶᠢ ᠡᠵᠡᠮᠰᠢᠬᠦ ᠶᠢᠨ ᠴᠢᠬᠤᠯᠠ | ᠪᠣᠳᠣᠯᠬᠢᠯᠠᠯ ᠪᠣᠯᠭᠠᠵᠤ᠂ ᠪᠠᠷᠠᠭᠠᠨ ᠤ ᠦᠨ᠎ᠡ ᠶᠢ ᠵᠦᠢ ᠵᠣᠬᠢᠰᠲᠠᠢ ᠬᠡᠮᠵᠢᠶᠡᠨ ᠳᠤ ᠪᠠᠶᠢᠯᠭᠠᠬᠤ ᠶᠢ ᠠᠬᠢᠭᠤᠯᠤᠨ᠎ᠠ | ᠵᠣᠭᠤᠰᠤᠨ ᠤ ᠲᠥᠷᠥ ᠶᠢᠨ ᠪᠣᠳᠣᠯᠭ᠎ᠠ ᠶᠢᠨ ᠳᠠᠮᠵᠢᠭᠤᠯᠬᠤ ᠲᠣᠭᠲᠠᠴᠠ ᠶᠢ ᠰᠢᠯᠤᠭᠤᠳᠬᠠᠨ᠂ ᠦᠯᠡᠳᠡᠭᠡᠯ ᠬᠢᠭᠡᠳ ᠨᠡᠮᠡᠭᠳᠡᠯ ᠤᠨ ᠬᠠᠷᠢᠴᠠᠭ᠎ᠠ ᠶᠢ ᠨᠡᠩ ᠰᠠᠶᠢᠲᠤᠷ | ᠡᠵᠡᠮᠰᠢᠵᠦ᠂ ᠮᠥᠩᠭᠦᠨ ᠭᠦᠢᠯᠭᠡᠭᠡᠨ ᠤ ᠦᠯᠡᠳᠡᠭᠡᠯ ᠡᠬᠢ ᠪᠠᠶᠠᠯᠢᠭ ᠢ ᠰᠡᠷᠭᠦᠭᠡᠬᠦ ᠶᠢ ᠴᠢᠬᠤᠯᠠᠴᠢᠯᠠᠨ᠂ ᠪᠡᠯᠡ ᠮᠥᠩᠭᠦᠨ ᠤ ᠬᠡᠷᠡᠭᠯᠡᠯᠲᠡ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ | ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠪᠠ ᠰᠠᠭᠤᠭᠠᠯᠢ ᠠᠷᠠᠳ ᠤᠨ ᠵᠢᠭᠡᠯᠡᠯᠭᠡ ᠶᠢᠨ ᠥᠪᠡᠷ ᠤᠨ ᠦᠷᠲᠡᠭ ᠢ ᠪᠠᠭᠤᠷᠠᠭᠤᠯᠬᠤ ᠶᠢ ᠠᠬᠢᠭᠤᠯᠤᠨ᠎ᠠ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠬᠡᠷᠡᠭᠯᠡᠭᠡ ᠶᠢ ᠠᠬᠢᠭᠤᠯᠬᠤ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢᠶᠠᠨ ᠤᠯᠠᠮ | ᠨᠢᠭᠡ ᠠᠯᠬᠤᠮ ᠴᠢᠩᠭᠠᠷᠠᠭᠤᠯᠤᠨ᠎ᠠ | ᠭᠤᠪᠢᠭᠤᠯᠭ᠎ᠠ ᠶᠢᠨ ᠨᠣᠷᠮ᠎ᠠ ᠳᠤ ᠬᠡᠳᠦ ᠲᠣᠬᠢᠷᠠᠭᠤᠯᠭ᠎ᠠ ᠬᠢᠬᠦ ᠶᠢᠨ ᠲᠦᠭᠰᠢᠭᠦᠷᠢ ᠶᠢ ᠡᠷᠡᠰ ᠰᠡᠷᠭᠡᠶᠢᠯᠡᠵᠦ᠂ ᠠᠷᠠᠳ ᠤᠨ ᠵᠣᠭᠤᠰᠤᠨ ᠤ ᠭᠤᠪᠢᠭᠤᠯᠭ᠎ᠠ ᠶᠢᠨ | ᠨᠣᠷᠮ᠎ᠠ ᠶᠢ ᠵᠦᠢ ᠵᠣᠬᠢᠰᠲᠠᠢ ᠪᠥᠭᠡᠳ ᠲᠡᠩᠴᠡᠭᠦᠷᠢᠲᠡᠢ ᠬᠢᠷᠢ ᠲᠦᠪᠰᠢᠨ ᠳᠤ ᠦᠨᠳᠦᠰᠦᠨ ᠳᠤ ᠪᠠᠨ ᠲᠣᠭᠲᠠᠭᠤᠨ ᠪᠠᠶᠢᠯᠭᠠᠬᠤ ᠶᠢ ᠪᠠᠲᠤᠯᠠᠨ᠎ᠠ | |