ᠯᠢ ᠯᠢ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠵᠡᠷᠭᠡ ᠪᠠᠶᠢᠭᠤᠯᠭ᠎ᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/2/14
      ᠣᠶᠢᠷ᠎ᠠ ᠶᠢᠨ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠯᠢ ᠯᠢ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠵᠠᠰᠠᠭ ᠤᠨ ᠶᠠᠪᠤᠳᠠᠯ ᠦᠢᠯᠡᠴᠢᠯᠡᠭᠡ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠰᠣᠶᠣᠯ ᠵᠤᠭᠠᠴᠠᠯ ᠤᠨ ᠲᠣᠪᠴᠢᠶ᠎ᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠭᠰᠡᠨ ᠤ ᠬᠠᠮᠲᠤ ᠤᠳᠤᠷᠢᠳᠬᠤ ᠪᠠᠭ ᠤᠨ ᠪᠦᠷᠢᠯᠳᠦᠬᠦᠨ ᠨᠠᠷ ᠲᠠᠢ ᠲᠣᠰ ᠲᠣᠰ ᠶᠠᠷᠢᠯᠴᠠᠵᠤ᠂ ᠡᠨᠡ ᠵᠢᠯ ᠤᠨ ᠠᠵᠢᠯ ᠤᠨ ᠲᠣᠬᠢᠷᠠᠭᠤᠯᠤᠯᠲᠠ ᠶᠢ ᠰᠤᠨᠤᠰᠴᠦ᠂ ᠨᠢᠳᠤᠨᠤᠨ ᠤ ᠠᠮᠵᠢᠯᠲᠠ ᠪᠦᠲᠦᠮᠵᠢ ᠶᠢ ᠭᠦᠢᠴᠡᠳ ᠨᠤᠲᠠᠯᠠᠪᠠ᠃ ᠲᠡᠷᠡ᠂ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ  ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾᠎ ᠶᠢᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠡᠯ᠎ᠡ ᠲᠥᠷᠥᠯ ᠤᠨ ᠠᠵᠢᠯ ᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠴᠢᠷᠮᠠᠶᠢᠨ ᠠᠬᠢᠭᠤᠯᠬᠤ ᠬᠡᠷᠡᠭᠲᠡᠢ ᠭᠡᠪᠡ᠃      ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ᠂ ᠯᠢ ᠯᠢ ᠣᠷᠳᠣᠰ ᠤᠨ ᠠᠵᠤ ᠠᠬᠤᠢ ᠶᠢᠨ ᠶᠡᠭᠡ ᠲᠠᠷᠢᠬᠢ᠂ ᠨᠡᠭᠦᠷᠡᠰᠦᠲᠥ᠋ᠷᠥᠭᠴᠢ ᠶᠢᠨ ᠲᠣᠭᠠᠴᠢᠯᠠᠭᠰᠠᠨ ᠰᠢᠰᠲ᠋ᠧᠮ᠂ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠥᠮᠥᠷᠭᠡ ᠶᠢᠨ ᠠᠵᠢᠯᠯᠠᠭᠠᠨ ᠤ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠪᠠ᠃ ᠲᠡᠷᠡ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠦᠨ᠂ ︽ᠠᠷᠪᠠᠨ ᠲᠠᠪᠤᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ︽ᠭᠤᠷᠪᠠᠨ ᠳᠥᠷᠪᠡ︾᠎ ᠶᠢᠨ ᠠᠵᠢᠯ ᠤᠨ ᠡᠭᠦᠷᠭᠡ᠂ ᠰᠠᠭᠤᠷᠢ ᠳᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠳᠤ ᠠᠩᠬᠠᠷᠤᠯ ᠢᠶᠠᠨ ᠲᠥᠪᠯᠡᠷᠡᠭᠦᠯᠦᠨ᠂ ᠬᠥᠲᠥᠯᠥᠨ ᠳᠠᠭᠠᠭᠤᠯᠬᠤ ᠴᠢᠨᠠᠷᠲᠠᠢ᠂ ᠲᠤᠯᠭᠠᠭᠤᠷᠢᠯᠠᠬᠤ ᠴᠢᠨᠠᠷᠲᠠᠢ ᠨᠢᠭᠡ ᠪᠦᠯᠦᠭ ᠲᠥᠷᠥᠯ ᠵᠦᠢᠯ ᠢ ᠲᠥᠯᠥᠪᠵᠢᠭᠦᠯᠦᠨ ᠬᠡᠷᠡᠭᠵᠢᠭᠦᠯᠵᠦ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤ ᠬᠦᠷᠭᠡᠬᠦ ᠲᠤᠷᠰᠢᠯᠲᠠ ᠶᠢᠨ ᠴᠡᠭ ᠤᠨ ᠬᠤᠲᠠ ᠶᠢ ᠥᠨᠳᠥᠷ ᠳᠥᠪᠰᠢᠨ ᠢᠶᠠᠷ ᠪᠦᠲᠦᠭᠡᠨ ᠪᠠᠶᠢᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠲᠣᠭᠲᠠᠭᠤᠨ ᠤ ᠳᠤᠮᠳᠠ ᠰᠠᠶᠢᠵᠢᠷᠠᠬᠤ ᠶᠢ ᠠᠬᠢᠭᠤᠯᠬᠤ ᠬᠡᠷᠡᠭᠲᠡᠢ ᠭᠡᠪᠡ᠃      ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ᠂ ᠯᠢ ᠯᠢ ᠤᠯᠤᠰ ᠤᠨ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠤᠨ ᠰᠢᠨ᠎ᠡ ᠶᠢ ᠡᠭᠦᠳᠬᠦ ᠳᠠᠭᠤᠷᠢᠶᠠᠯ ᠦᠵᠡᠭᠦᠯᠬᠦ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠦᠵᠡᠭᠦᠯᠭᠡ ᠶᠢ ᠲᠣᠭᠤᠷᠢᠨ ᠦᠵᠡᠪᠡ᠃ ᠲᠡᠷᠡ᠂ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠡᠯᠡ ᠣᠷᠤᠭᠤᠯᠤᠯᠲᠠ ᠶᠢ ᠨᠡᠮᠡᠭᠳᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠬᠦᠴᠦᠯᠡᠨ ᠬᠡᠷᠡᠭᠵᠢᠭᠦᠯᠵᠦ᠂ ᠭᠤᠣᠯᠳᠠᠯᠭ᠎ᠠ ᠲᠠᠢ ᠳᠠᠪᠴᠠᠩ᠂ ᠭᠤᠣᠯᠳᠠᠯᠭ᠎ᠠ ᠲᠠᠢ ᠠᠵᠤ ᠦᠢᠯᠡᠰ᠂ ᠬᠤᠰᠢᠭᠤᠷᠠᠯ ᠴᠢᠭᠯᠡᠯ ᠤᠨ ᠲᠣᠭᠤᠷᠢᠨ ᠳᠤ ᠭᠤᠣᠯᠳᠠᠯᠭ᠎ᠠ ᠲᠠᠢ ᠰᠢᠪᠲᠤᠯᠤᠯᠲᠠ ᠬᠢᠬᠦ ᠶᠢ ᠠᠬᠢᠭᠤᠯᠤᠨ᠂ ᠪᠠᠶᠢᠭᠤᠯᠤᠮᠵᠢ ᠲᠣᠭᠲᠠᠴᠠ ᠶᠢ ᠴᠢᠨᠠᠭᠰᠢᠳᠠ ᠲᠡᠭᠦᠯᠳᠡᠷᠵᠢᠭᠦᠯᠵᠦ᠂ ᠳᠠᠪᠠᠭᠤᠯᠢᠭ ᠬᠦᠴᠦᠨ ᠢᠶᠠᠨ ᠲᠥᠪᠯᠡᠷᠡᠭᠦᠯᠦᠨ ᠨᠢᠭᠡ ᠪᠦᠯᠦᠭ ᠴᠢᠬᠤᠯᠠ ᠶᠡᠭᠡ ᠪᠡᠯᠭᠡ ᠲᠡᠮᠲᠡᠭ ᠤᠨ ᠴᠢᠨᠠᠷᠲᠠᠢ ᠦᠷ᠎ᠡ ᠪᠦᠲᠦᠭᠡᠯ ᠢ ᠡᠭᠦᠳᠬᠦ ᠬᠡᠷᠡᠭᠲᠡᠢ ᠭᠡᠪᠡ᠃      ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠳᠤ᠂ ᠯᠢ ᠯᠢ ᠦᠢᠯᠡᠴᠢᠯᠡᠭᠡᠨ ᠤ ᠴᠣᠩᠬᠤᠪᠴᠢ ᠪᠠ 12345 ᠬᠠᠯᠠᠮᠰᠢᠯ ᠤᠲᠠᠰᠤᠨ ᠤ ᠠᠵᠢᠯᠯᠠᠭᠠᠨ ᠤ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠠᠵᠤ ᠠᠬᠤᠶᠢᠯᠠᠯ᠂ ᠣᠯᠠᠨ ᠲᠦᠮᠡᠨ ᠤ ᠣᠶᠢᠯᠠᠭᠠᠯᠲᠠ ᠲᠥᠷᠥᠭᠳᠡᠯ ᠢᠶᠠᠷ ᠭᠤᠣᠯᠳᠠᠯᠭ᠎ᠠ ᠪᠣᠯᠭᠠᠨ ᠦᠢᠯᠡᠴᠢᠯᠡᠭᠡᠨ ᠤ ᠬᠢᠷᠢ ᠳᠥᠪᠰᠢᠨ ᠢᠶᠠᠨ ᠳᠡᠭᠡᠭᠰᠢᠭᠦᠯᠬᠦ ᠶᠢ ᠪᠠᠷᠢᠮᠲᠠᠯᠠᠵᠤ᠂ ᠬᠦᠰᠡᠯ ᠱᠠᠭᠠᠷᠳᠠᠯᠭ᠎ᠠ ᠶᠢ ᠬᠦᠯᠢᠶᠡᠨ ᠠᠪᠤᠮᠠᠭᠴᠠ ᠳᠠᠷᠤᠢ ᠳᠤᠨᠢ ᠰᠢᠢᠳᠪᠦᠷᠢᠯᠡᠬᠦ ᠳᠠᠪᠴᠠᠩ ᠢ ᠭᠦᠢᠴᠡᠳ ᠬᠡᠷᠡᠭᠯᠡᠨ ᠣᠯᠠᠨ ᠲᠦᠮᠡᠨ ᠤ ᠬᠦᠴᠢᠷᠳᠡᠯ ᠪᠠ ᠠᠰᠠᠭᠤᠳᠠᠯ ᠢ ᠰᠠᠶᠢᠲᠤᠷ ᠰᠢᠢᠳᠪᠦᠷᠢᠯᠡᠵᠤ᠂ ᠬᠤᠲᠠ ᠶᠢᠨ ᠶᠡᠭᠡ ᠲᠠᠷᠢᠬᠢ ᠶᠢ ᠲᠦᠷᠭᠡᠳᠬᠡᠨ ᠪᠠᠶᠢᠭᠤᠯᠵᠤ᠂ ︽ᠵᠣᠬᠢᠶᠠᠮᠠᠯ ᠣᠶᠣᠨ ᠴᠢᠳᠠᠪᠤᠷᠢ +︾᠎ ᠶᠢ ᠬᠥᠭᠵᠢᠭᠦᠯᠦᠨ᠂ ᠠᠵᠤ ᠦᠢᠯᠡᠰ ᠤᠨ ᠲᠣᠭᠠᠴᠢᠯᠠᠯᠲᠠ᠂ ᠲᠣᠭᠠᠴᠢᠯᠠᠭᠰᠠᠨ ᠠᠵᠤ ᠦᠢᠯᠡᠰᠵᠢᠯᠲᠡ ᠶᠢ ᠠᠬᠢᠭᠤᠯᠬᠤ ᠬᠡᠷᠡᠭᠲᠡᠢ ᠭᠡᠪᠡ᠃      ᠬᠤᠲᠠ ᠶᠢᠨ ᠰᠣᠶᠣᠯ ᠵᠤᠭᠠᠴᠠᠯ ᠤᠨ ᠲᠣᠪᠴᠢᠶ᠎ᠠ ᠳᠤ᠂ ᠯᠢ ᠯᠢ ᠣᠶᠤᠨᠴᠢ ᠰᠣᠶᠣᠯ ᠵᠤᠭᠠᠴᠠᠯ ᠤᠨ ᠳᠠᠪᠴᠠᠩ ᠤᠨ ᠠᠵᠢᠯᠯᠠᠭᠠᠨ ᠤ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠪᠠ᠃ ᠲᠡᠷᠡ᠂ ᠤᠮᠠᠷᠠᠳᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠤ᠂ ᠭᠦᠨᠵᠡᠭᠡᠢ ᠠᠭᠤᠳᠠᠯᠬᠤ᠂ ᠰᠣᠳᠣᠨ ᠪᠦᠲᠦᠭᠡᠯ ᠢ ᠡᠭᠦᠳᠬᠦ᠂ ᠭᠠᠳᠠᠭᠰᠢ ᠭᠠᠷᠬᠤ᠂ ᠣᠷᠣᠭᠤᠯᠵᠤ ᠠᠪᠴᠢᠷᠠᠬᠤ᠂ ᠦᠢᠯᠡᠴᠢᠯᠡᠭᠡ ᠶᠢ ᠰᠢᠯᠢᠳᠡᠭᠵᠢᠭᠦᠯᠬᠦ᠂ ᠬᠤᠷᠢᠭ᠎ᠠ ᠱᠤᠭᠤᠮ ᠢ ᠰᠠᠬᠢᠬᠤ ᠶᠢ ᠪᠠᠷᠢᠮᠲᠠᠯᠠᠵᠤ᠂ ᠰᠣᠳᠣᠨ ᠪᠦᠲᠦᠭᠡᠯ ᠢ ᠲᠠᠨᠢᠯᠴᠠᠭᠤᠯᠵᠤ᠂ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠵᠤ᠂ ᠰᠣᠶᠣᠯ ᠤᠨ ᠵᠥᠭᠡᠯᠡᠨ ᠪᠣᠳᠠᠲᠤ ᠬᠦᠴᠦᠨ ᠢ ᠳᠡᠭᠡᠭᠰᠢᠯᠡᠬᠦᠯᠬᠦ ᠬᠡᠷᠡᠭᠲᠡᠢ ᠭᠡᠪᠡ᠃      ᠬᠤᠲᠠ ᠶᠢᠨ ᠤᠳᠤᠷᠢᠳᠤᠯᠭ᠎ᠠ ᠯᠢᠤ ᠹᠧᠩ ᠶᠦᠡ᠂ ᠡᠷᠳᠡᠨᠢᠪᠢᠯᠢᠭ᠂ ᠬᠤᠸᠠᠩ ᠶᠠᠨ ᠵᠠᠩ᠂ ᠡᠦ ᠵᠢᠶᠠᠨ ᠰᠢᠶᠦ᠋ᠨ᠂ ᠵᠠᠩ ᠰᠢᠦ ᠯᠢᠩ ᠲᠣᠰ ᠲᠣᠰ ᠣᠷᠣᠯᠴᠠᠪᠠ᠃ 
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ