| 2 ᠰᠠᠷ᠎ᠠ ᠶᠢᠨ 13 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠢᠦᠢ ᠬᠠᠢ ᠢᠦᠢ ᠬᠤᠲᠠ ᠶᠢᠨ ᠵᠠᠰᠠᠭ ᠤᠨ | ᠣᠷᠳᠣᠨ ᠤ ᠪᠠᠶᠢᠩᠭᠤ ᠶᠢᠨ ᠬᠤᠷᠠᠯ ᠵᠢᠴᠢ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠭᠢᠷᠢᠨ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ | ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ︽ᠳᠦᠷᠪᠡᠨ | ᠳᠡᠯᠡᠬᠡᠢ ᠶᠢᠨ ᠳᠡᠰ ᠤᠨ ᠠᠵᠤ ᠦᠢᠯᠡᠰ︾ ᠢ ᠪᠣᠳᠠᠲᠠᠶᠢᠵᠢᠭᠤᠯᠵᠤ ᠬᠦᠴᠦᠷᠭᠡᠭᠵᠢᠭᠦᠯᠦᠨ ᠰᠢᠯᠢᠳᠡᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ | ᠣᠳᠣᠬᠢᠴᠢᠯᠠᠯᠲᠠ ᠶᠢ ᠶᠡᠬᠡᠪᠡᠷ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠡᠯ᠎ᠡ ᠵᠦᠢᠯ ᠤᠨ ᠠᠵᠢᠯ ᠳᠤ ᠰᠢᠨ᠎ᠡ | ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ︽ᠭᠡᠷ ᠪᠦᠯᠢ᠂ ᠭᠡᠷ ᠤᠨ ᠰᠤᠷᠭᠠᠯ᠂ ᠭᠡᠷ ᠤᠨ ᠰᠤᠷᠲᠠᠯ ᠢ ᠴᠢᠬᠤᠯᠠᠴᠢᠯᠠᠬᠤ︾ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠤᠯᠤᠰ ᠤᠨ ᠬᠤᠳᠠ ᠶᠢᠨ ᠪᠣᠯᠪᠠᠰᠤᠨ ᠤ ᠠᠵᠢᠯ ᠤᠨ ᠬᠡᠪ ᠳᠠᠭᠤᠷᠢᠶᠠᠯ ᠢ ᠪᠠᠶᠢᠭᠤᠯᠬᠤ ᠪᠠᠷ ᠭᠠᠷᠳᠠᠴᠠ ᠪᠣᠯᠭᠠᠵᠤ᠂ ᠳᠤᠮᠳᠠᠳᠤ ᠶᠢᠨ | ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠢᠳᠡᠪᠬᠢᠲᠡᠢ ᠬᠥᠮᠥᠵᠢᠭᠦᠯᠵᠦ᠂ ᠰᠢᠯᠢᠳᠡᠭ ᠰᠠᠶᠢᠨ ᠭᠡᠷ ᠤᠨ | ᠰᠤᠷᠲᠠᠯ ᠢᠶᠠᠷ ᠠᠷᠢᠭᠤᠨ ᠴᠢᠬᠡᠴᠢ ᠰᠤᠷᠲᠠᠯ ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠰᠧᠴᠤᠸᠠᠨ ᠮᠤᠵᠢ ᠶᠢᠨ ᠢᠪᠢᠨ ᠬᠤᠳᠠ ᠶᠢᠨ ᠵᠢᠶᠦ᠋ᠨ ᠯᠢᠶᠠᠨ ᠰᠢᠶᠠᠨ ᠤ ᠠᠭᠤᠯᠠ ᠶᠡᠭᠦᠷᠡᠭᠰᠡᠨ ᠬᠡᠷᠡᠭ | ᠲᠠᠬᠢ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠣᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠡᠯ᠎ᠡ | ᠲᠦᠷᠦᠯ ᠤᠨ ᠭᠠᠮᠰᠢᠭ ᠢ ᠬᠢᠨᠠᠨ ᠪᠠᠶᠢᠴᠠᠭᠠᠵᠤ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠪᠠᠶᠢᠴᠠᠭᠠᠨ | ᠴᠡᠭᠴᠡᠯᠡᠨ ᠵᠠᠰᠠᠬᠤ ᠪᠠ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠢ ᠰᠠᠶᠢᠲᠤᠷ ᠬᠢᠵᠦ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ | ᠠᠪᠤᠷᠠᠬᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠠᠶᠤᠯᠭᠦᠢ ᠦᠢᠯᠡᠳᠪᠦᠷᠢᠯᠡᠯ ᠤᠨ ᠠᠵᠢᠯ ᠢ ᠰᠤᠳᠤᠯᠤᠨ ᠪᠠᠶᠢᠷᠢᠯᠠᠭᠤᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ | ᠪᠢᠴᠢᠭ ᠮᠠᠲ᠋ᠧᠷᠢᠶᠠᠯ ᠪᠣᠯᠣᠨ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠭᠤᠷᠪᠠ ᠶᠢ ᠬᠠᠮᠢᠶᠠᠷᠬᠤ | ᠳᠥᠪᠰᠢᠨ ᠭᠤᠷᠪᠠᠨ ᠡᠷᠬᠡᠪᠰᠢ ᠶᠢ ᠪᠠᠷᠢᠮᠲᠠᠯᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠨ ᠬᠠᠮᠢᠶᠠᠷᠴᠦ ᠬᠠᠤᠯᠢ ᠬᠡᠷᠡᠭᠵᠢᠭᠦᠯᠬᠦ ᠶᠠᠰᠤ ᠴᠢᠨᠠᠷ ᠢ | ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠭᠡᠮ ᠰᠣᠭᠤᠭ ᠢ ᠪᠠᠶᠢᠴᠠᠭᠠᠬᠤ ᠪᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠬᠦ | ᠬᠦᠴᠦᠨ ᠢᠶᠠᠷ ᠰᠠᠶᠢᠲᠤᠷ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠦᠬᠦ ᠬᠤᠳᠠ ᠶᠢᠨ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠵᠠᠬᠢᠳᠠᠯ | ᠰᠣᠷᠪᠤᠯᠵᠢᠯᠠᠭ᠎ᠠ ᠶᠢᠨ ᠠᠵᠢᠯ ᠤᠨ ᠬᠠᠤᠯᠢᠵᠢᠯ ᠤᠨ ᠠᠬᠢᠴᠠ ᠶᠢ ᠭᠦᠨᠵᠡᠭᠡᠢ ᠠᠬᠢᠭᠤᠯᠵᠤ᠂ ᠡᠬᠢ ᠦᠨᠳᠦᠰᠦ ᠠᠴᠠ ᠨᠢ ᠵᠠᠰᠠᠬᠤ ᠴᠢᠳᠠᠪᠤᠷᠢ ᠲᠦᠪᠰᠢᠨ ᠢ | ᠳᠡᠭᠡᠭᠰᠢᠯᠡᠭᠦᠯᠵᠦ᠂ ᠴᠢᠬᠤᠯᠠ ᠵᠠᠩᠭᠢᠯᠠᠭ᠎ᠠ ᠶᠢᠨ ᠴᠡᠭ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠨᠢᠭᠲᠠ ᠠᠩᠬᠠᠷᠴᠤ᠂ ᠵᠠᠬᠢᠳᠠᠯ ᠰᠣᠷᠪᠤᠯᠵᠢᠯᠠᠭ᠎ᠠ ᠲᠣᠭᠲᠠᠭᠤᠨ ᠢ | ᠬᠠᠮᠠᠭᠠᠯᠠᠬᠤ ᠠᠵᠢᠯ ᠢ ᠪᠣᠳᠠᠲᠠᠶᠢᠵᠢᠭᠤᠯᠤᠨ ᠨᠠᠷᠢᠯᠢᠭᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠭᠤᠣᠯᠳᠠᠯᠭ᠎ᠠ ᠲᠠᠢ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠬᠢᠨᠠᠨ ᠵᠥᠪᠯᠡᠵᠦ | ᠪᠠᠲᠤᠯᠠᠭᠠᠳ᠂ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠡᠯ᠎ᠡ ᠵᠦᠢᠯ ᠤᠨ | ᠡᠭᠦᠷᠭᠡ ᠶᠢ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠡᠮᠦᠨ᠎ᠡ ᠬᠠᠮᠲᠤ ᠪᠠᠷ ᠬᠠᠤᠯᠢ ᠰᠤᠷᠤᠯᠴᠠᠵᠤ᠂ ᠳᠤᠮᠳᠠᠳᠤ ᠤᠯᠤᠰ ᠤᠨ ᠠᠭᠤᠷᠬᠠᠢ ᠶᠢᠨ ᠦᠢᠯᠡᠰ ᠤᠨ ᠶᠡᠭᠡ ᠰᠤᠷᠭᠠᠭᠤᠯᠢ ︵ᠪᠡᠭᠡᠵᠢᠩ︶ ᠶᠢᠨ | ᠰᠢᠶᠠᠩ ᠬᠦᠶ ᠱᠧᠩ ᠫᠷᠤᠹᠧᠰᠰᠤᠷ ᠢ ᠤᠷᠢᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ | ᠦᠢᠯᠡᠳᠪᠦᠷᠢᠯᠡᠯ ᠤᠨ ᠬᠠᠤᠯᠢ︾ ᠶᠢᠨ ᠲᠣᠭᠤᠷᠢᠨ ᠳᠤ ᠲᠤᠰᠬᠠᠢ ᠰᠡᠳᠦᠪᠲᠦ ᠲᠠᠶᠢᠯᠤᠮᠵᠢ ᠬᠢᠪᠡ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃ | |